ᠵᠠᠷᠢᠮ ᠪᠠᠷᠠᠭ᠎ᠠ ᠶᠢ ᠵᠢᠷᠭᠢᠶ᠎ᠡ ᠶᠢᠨ ︽ᠨᠠᠶᠢᠵᠠ ᠶᠢᠨ ᠲᠤᠭᠤᠷᠢᠭ︾ ᠲᠤ ᠬᠤᠳᠠᠯᠳᠤᠭᠠᠯᠠᠵᠦ ᠪᠤᠯᠬᠤ ᠦᠭᠡᠢ
ᠨᠡᠶᠢᠲᠡᠯᠡᠭᠰᠡᠨ ᠴᠠᠭ᠄
2018-10-11
    ᠵᠢᠷᠭᠢᠶ᠎ᠡ ᠶᠢᠨ ᠲᠦᠭᠡᠮᠡᠯᠵᠢᠯᠳᠡ ᠶᠢ ᠲᠠᠭᠠᠯᠳᠤᠨ᠂ ᠵᠢᠷᠭᠢᠶ᠎ᠡ ᠶᠢᠨ ᠠᠷᠠᠯᠵᠢᠶ᠎ᠠ ᠶᠠᠪᠤᠬᠤ ᠲᠤᠰᠤᠮ ᠬᠦᠭᠵᠢᠶᠡᠨ ᠲᠠᠢ ᠪᠤᠯᠵᠦ ᠪᠠᠶᠢᠨ᠎ᠠ᠃ ᠤᠯᠠᠨ ᠬᠦᠮᠦᠰ ᠰᠤᠯᠠ ᠰᠡᠯᠡᠭᠦᠦ ᠴᠠᠭ ᠢᠶᠠᠨ ᠠᠰᠢᠭᠯᠠᠨ ᠵᠢᠷᠭᠢᠶ᠎ᠡ ᠶᠢᠨ ᠠᠷᠠᠯᠵᠢᠶ᠎ᠠ ᠡᠷᠬᠢᠯᠡᠵᠦ ᠵᠤᠬᠢᠬᠤ ᠬᠡᠮᠵᠢᠶᠡᠨ ᠤ ᠤᠷᠤᠯᠭ᠎ᠠ ᠤᠯᠬᠤ ᠪᠤᠯᠪᠠ᠃ ᠡᠨᠡᠬᠦ ᠠᠵᠢᠯᠯᠠᠭ᠎ᠠ ᠨᠢ ᠠᠪᠤᠨ ᠦᠵᠡᠬᠦ ᠳᠤ ᠬᠢᠯᠪᠡᠷ ᠲᠦᠭᠦᠮ ᠪᠤᠯᠪᠠᠴᠤ ᠡᠭᠦᠨ ᠤ ᠲᠤᠮᠳᠠ ᠬᠠᠤᠯᠢ ᠴᠠᠭᠠᠵᠠ ᠠᠴᠠ ᠵᠦᠷᠢᠴᠡᠬᠦ ᠠᠰᠠᠭᠤᠳᠠᠯ ᠵᠦᠩᠳᠡᠭᠡᠨ ᠭᠠᠷᠳᠠᠭ᠂ ᠤᠴᠢᠷ ᠨᠢ ᠪᠠᠷᠠᠭ᠎ᠠ ᠪᠤᠯᠭᠠᠨ ᠢ ᠵᠢᠷᠭᠢᠶ᠎ᠡ ᠪᠠᠷ ᠲᠠᠮᠵᠢᠨ ᠬᠤᠳᠠᠯᠳᠤᠵᠦ ᠪᠤᠯᠬᠤ ᠦᠭᠡᠢ᠃ ᠲᠡᠭᠡᠪᠡᠯ ᠴᠤᠬᠤᠮ ᠶᠠᠮᠠᠷᠰᠢᠦ ᠪᠠᠷᠠᠭ᠎ᠠ ᠶᠢ ᠵᠢᠷᠭᠢᠶ᠎ᠡ ᠲᠠᠪᠴᠠᠩ ᠢᠶᠠᠷ ᠬᠤᠳᠠᠯᠳᠤᠭᠠᠯᠠᠵᠦ ᠪᠤᠯᠬᠤ ᠦᠭᠡᠢ ᠪᠤᠢ︖     ᠨᠢᠭᠡ᠂ ᠲᠠᠮᠠᠬᠢ᠃ ᠶᠠᠮᠠᠷᠴᠤ ᠠᠷᠠᠳ ᠢᠷᠭᠡᠨ᠂ ᠬᠠᠤᠯᠢ ᠶᠢᠨ ᠡᠷᠬᠡᠳᠡᠨ ᠪᠤᠶᠤ ᠵᠤᠬᠢᠶᠠᠨ ᠪᠠᠶᠢᠭᠤᠯᠤᠯᠳᠠ ᠭᠡᠰᠡᠨ ᠦᠭᠡᠢ ᠵᠢᠷᠭᠢᠶ᠎ᠡ ᠪᠤᠯᠤᠨ ᠰᠦᠯᠵᠢᠶ᠎ᠡ ᠪᠠᠷ ᠲᠠᠮᠵᠢᠨ ᠲᠠᠮᠠᠬᠢ ᠶᠢ ᠰᠤᠯᠠ ᠪᠠᠷ ᠪᠤᠷᠤᠯᠠᠭᠤᠯᠵᠦ ᠪᠤᠯᠬᠤ ᠦᠭᠡᠢ᠃ ᠲᠠᠮᠠᠬᠢ ᠨᠢ ᠨᠢᠭᠡ ᠵᠦᠢᠯ ᠤᠨ ᠤᠨᠴᠠᠭᠠᠢ ᠲᠠᠸᠠᠷ ᠪᠤᠯᠤᠭᠰᠠᠨ ᠤ ᠬᠤᠪᠢ ᠳᠤ ᠵᠠᠪᠠᠯ ᠤᠨᠴᠠᠭᠠᠢ ᠬᠢᠨᠠᠨ ᠵᠦᠪᠰᠢᠶᠡᠷᠡᠬᠦ ᠭᠠᠷ ᠭᠦᠢᠴᠡᠳᠭᠡᠯ ᠢ ᠲᠠᠮᠵᠢᠬᠤ ᠬᠡᠷᠡᠭᠳᠡᠢ ᠪᠦᠭᠡᠳ ᠲᠠᠮᠠᠬᠢ ᠬᠤᠳᠠᠯᠳᠤᠬᠤ ᠲᠤᠰᠬᠠᠢ ᠦᠨᠡᠮᠯᠡᠯ ᠪᠠᠶᠢᠬᠤ ᠴᠢᠬᠤᠯᠠᠳᠠᠢ᠂ ᠦᠭᠡᠢ ᠪᠤᠯ ᠬᠤᠳᠠᠯᠳᠤᠵᠦ ᠪᠠᠶᠢᠭ᠎ᠠ ᠲᠠᠮᠠᠬᠢ ᠴᠢᠨᠢ ᠵᠢᠩᠬᠢᠨᠢ ᠪᠠᠷᠠᠭ᠎ᠠ ᠪᠠᠶᠢᠭᠰᠠᠨ ᠴᠤ ᠲᠤᠰᠬᠠᠢ ᠦᠨᠡᠮᠯᠡᠯ ᠦᠭᠡᠢ ᠪᠠᠷ ᠬᠤᠳᠠᠯᠳᠤᠭᠰᠠᠨ ᠲᠠᠮᠠᠬᠢ ᠴᠢᠨᠢ ᠬᠠᠤᠯᠢ ᠳᠤ ᠲᠤᠭᠳᠠᠭᠰᠠᠨ ᠲᠤᠭ᠎ᠠ ᠬᠡᠮᠵᠢᠶᠡᠨ ᠳᠤ ᠬᠦᠷᠪᠡᠯ ᠬᠠᠤᠯᠢ ᠪᠤᠰᠤ ᠡᠵᠡᠩᠨᠡᠯᠳᠡ ᠶᠢᠨ ᠶᠠᠯ᠎ᠠ ᠳᠤ ᠤᠷᠢᠶᠠᠭᠳᠠᠬᠤ ᠪᠤᠯᠤᠨ᠎ᠠ᠃     ᠬᠤᠶᠠᠷ᠂ ᠵᠠᠭᠠᠨ ᠤ ᠰᠤᠶᠤᠭ᠎ᠠ᠂ ᠴᠢᠨ᠋ᠸ᠎ᠠ ᠶᠢᠨ ᠰᠢᠳᠦ᠂ ᠴᠢᠨ᠋ᠸ᠎ᠠ ᠶᠢᠨ ᠠᠷᠠᠰᠦ ᠵᠡᠷᠭᠡ ᠤᠯᠤᠰ ᠤᠨ ᠬᠠᠮᠠᠭᠠᠯᠠᠯᠳᠠ ᠶᠢᠨ ᠭᠡᠭᠡᠷ᠎ᠡ ᠶᠢᠨ ᠠᠮᠢᠳᠠᠨ ᠢᠶᠠᠷ ᠬᠢᠭᠰᠡᠨ ᠪᠦᠳᠦᠭᠡᠭᠳᠡᠭᠦᠨ᠃ ᠵᠢᠷᠭᠢᠶ᠎ᠡ ᠲᠠᠪᠴᠠᠩ ᠲᠡᠭᠡᠷ᠎ᠡ ᠤᠯᠤᠰ ᠤᠨ ᠬᠠᠮᠠᠭᠠᠯᠠᠯᠳᠠ ᠶᠢᠨ ᠭᠡᠭᠡᠷ᠎ᠡ ᠶᠢᠨ ᠠᠮᠢᠳᠠᠨ ᠢᠶᠠᠷ ᠬᠢᠭᠰᠡᠨ ᠪᠦᠳᠦᠭᠡᠭᠳᠡᠭᠦᠨ ᠢ ᠬᠤᠳᠠᠯᠳᠤᠪᠠᠯ ᠬᠤᠪᠤᠷ ᠴᠤᠬᠠᠭ᠂ ᠤᠰᠠᠳᠬᠤ ᠠᠶᠤᠯᠳᠠᠢ ᠪᠠᠶᠢᠭ᠎ᠠ ᠭᠡᠭᠡᠷ᠎ᠡ ᠶᠢᠨ ᠠᠮᠢᠳᠠᠨ ᠢᠶᠠᠷ ᠬᠢᠭᠰᠡᠨ ᠪᠦᠳᠦᠭᠡᠭᠳᠡᠭᠦᠨ ᠢ ᠬᠤᠳᠠᠯᠳᠤᠭᠰᠠᠨ ᠶᠠᠯ᠎ᠠ ᠳᠤ ᠤᠷᠢᠶᠠᠭᠳᠠᠬᠤ ᠪᠤᠯᠤᠨ᠎ᠠ᠃     ᠭᠤᠷᠪᠠ᠂ ᠭᠠᠳᠠᠭᠠᠳᠦ ᠠᠴᠠ ᠤᠷᠤᠭᠤᠯᠤᠭᠰᠠᠨ ᠮᠠᠷᠢᠶ᠎ᠠ ᠰᠢᠭᠤᠷᠠᠭᠤᠯᠬᠤ ᠡᠮ᠃ ᠵᠦᠪᠰᠢᠶᠡᠷᠡᠯ ᠦᠭᠡᠢ ᠪᠠᠷ ᠭᠠᠳᠠᠭᠠᠳᠦ ᠠᠴᠠ ᠤᠷᠤᠭᠤᠯᠤᠭᠰᠠᠨ ᠮᠠᠷᠢᠶ᠎ᠠ ᠰᠢᠭᠤᠷᠠᠭᠤᠯᠬᠤ ᠡᠮ ᠢ ᠵᠢᠷᠭᠢᠶ᠎ᠡ ᠪᠠᠷ ᠬᠤᠳᠠᠯᠳᠤᠭᠠᠯᠠᠪᠠᠯ ᠡᠮ ᠤᠨ ᠵᠦᠢᠯᠡᠰ ᠤᠨ ᠬᠠᠮᠢᠶᠠᠷᠦᠯᠳᠠ ᠶᠢᠨ ᠬᠠᠤᠯᠢ ᠶᠢᠨ ᠲᠤᠭᠳᠠᠭᠠᠯ ᠶᠤᠰᠤᠭᠠᠷ ᠬᠠᠭᠤᠷᠮᠠᠭ ᠡᠮ ᠳᠤ ᠲᠤᠭᠠᠴᠠᠭᠳᠠᠵᠦ᠂ ᠬᠠᠭᠤᠷᠮᠠᠭ ᠡᠮ ᠪᠤᠷᠤᠯᠠᠭᠤᠯᠤᠭᠰᠠᠨ ᠶᠠᠯ᠎ᠠ ᠳᠤ ᠤᠨᠠᠬᠤ ᠪᠤᠯᠤᠨ᠎ᠠ᠃     ᠲᠦᠷᠪᠡ᠂ ᠬᠠᠭᠤᠷᠮᠠᠭ ᠪᠤᠭᠴᠤ᠃ ᠬᠠᠭᠤᠷᠮᠠᠭ ᠲᠠᠩᠰᠠᠯᠠᠭᠤᠯᠤᠭᠰᠠᠨ ᠲᠠᠸᠠᠷ ᠤᠨ ᠲᠠᠮᠳᠡᠭᠳᠦ ᠭᠡᠰᠡᠨ ᠢ ᠮᠡᠳᠡᠵᠦ ᠪᠠᠶᠢᠭᠠᠳ ᠵᠤᠷᠢᠭᠤᠳᠠ ᠬᠤᠳᠠᠯᠳᠤᠵᠦ᠂ ᠠᠷᠠᠯᠵᠢᠶᠠᠯᠠᠭᠰᠠᠨ ᠵᠤᠭᠤᠰ ᠨᠢ ᠨᠡᠯᠢᠶᠡᠳ ᠤᠯᠠᠨ ᠪᠠᠶᠢᠪᠠᠯ ᠬᠠᠭᠤᠷᠮᠠᠭ ᠲᠠᠩᠰᠠᠯᠠᠭᠤᠯᠤᠭᠰᠠᠨ ᠲᠠᠸᠠᠷ ᠤᠨ ᠲᠡᠮᠳᠡᠭᠳᠦ ᠪᠠᠷᠠᠭ᠎ᠠ ᠶᠢ ᠬᠤᠳᠠᠯᠳᠤᠭᠰᠠ ᠶᠠᠯ᠎ᠠ ᠳᠤ ᠤᠨᠠᠬᠤ ᠪᠤᠯᠤᠨ᠎ᠠ᠃     ᠲᠠᠪᠦ᠂ ᠦᠨᠡᠳᠦ ᠲᠡᠮᠳᠡᠭᠳᠦ᠃ ᠲᠤᠮᠳᠠᠳᠤ ᠤᠯᠤᠰ ᠤᠨ ᠦᠨᠡᠳᠦ ᠲᠡᠮᠳᠡᠭᠳᠦ ᠲᠠᠷᠬᠠᠭᠠᠨ ᠬᠠᠮᠢᠶᠠᠷᠬᠤ ᠲᠦᠪ ᠠᠴᠠ ᠡᠷᠬᠡ ᠤᠯᠭᠤᠭᠰᠠᠨ ᠪᠠᠶᠢᠳᠠᠯ ᠲᠤᠤᠷ᠎ᠠ ᠰᠠᠶ᠋ᠢ ᠦᠨᠡᠳᠦ ᠲᠡᠮᠳᠡᠭᠳᠦ ᠶᠢ ᠬᠤᠳᠠᠯᠳᠤᠵᠦ ᠪᠤᠯᠨ᠎ᠠ᠃ ᠬᠡᠷᠪᠡ ᠦᠨᠡᠳᠦ ᠲᠡᠮᠳᠡᠭᠳᠦ ᠬᠤᠳᠠᠯᠳᠤᠬᠤ ᠡᠷᠬᠡ ᠤᠯᠤᠭᠰᠠᠨ ᠦᠭᠡᠢ ᠪᠠᠷ ᠵᠢᠷᠭᠢᠶ᠎ᠡ ᠪᠠᠷ ᠬᠤᠳᠠᠯᠳᠤᠭᠠᠯᠠᠪᠠᠯ ᠵᠠᠬ᠎ᠠ ᠲᠡᠯᠭᠡᠭᠦᠷ ᠤᠨ ᠠᠵᠦ ᠠᠬᠤᠢ ᠶᠢᠨ ᠡᠮᠬᠢ ᠲᠢᠭᠯᠢᠮ ᠢ ᠰᠠᠮᠠᠷᠠᠭᠤᠯᠬᠤ ᠪᠤᠶᠤ ᠦᠢᠯᠡ ᠪᠠᠶᠢᠳᠠᠯ ᠨᠢ ᠬᠦᠨᠳᠦ ᠨᠤᠴᠢᠳᠠᠢ ᠪᠤᠯ ᠬᠠᠤᠯᠢ ᠪᠤᠰᠤ ᠡᠵᠡᠩᠨᠡᠯᠳᠡ ᠶᠢᠨ ᠶᠠᠯ᠎ᠠ ᠤᠯᠬᠤ ᠪᠤᠯᠤᠨ᠎ᠠ᠃      ᠵᠢᠷᠭᠤᠭ᠎ᠠ᠂ ᠡᠮ ᠡᠮᠨᠡᠯᠭᠡ ᠶᠢᠨ ᠮᠠᠰᠢᠨ ᠲᠤᠨᠤᠭ᠃ ᠡᠮ ᠡᠮᠨᠡᠯᠭᠡ ᠶᠢᠨ ᠪᠦᠳᠦᠭᠡᠭᠳᠡᠭᠦᠨ ᠨᠢ ᠬᠦᠮᠦᠨ ᠤ ᠠᠮᠢ ᠨᠠᠰᠦ ᠡᠷᠡᠭᠦᠯ ᠮᠡᠨᠳᠦ ᠲᠠᠢ ᠰᠢᠭᠤᠳ ᠬᠤᠯᠪᠤᠭᠳᠠᠵᠦ ᠪᠠᠶᠢᠳᠠᠭ ᠤᠨ ᠤᠴᠢᠷ ᠡᠮ ᠡᠮᠨᠡᠯᠭᠡ ᠶᠢᠨ ᠮᠠᠰᠢᠨ ᠲᠤᠨᠤᠭ ᠢ ᠬᠤᠳᠠᠯᠳᠤᠬᠤ ᠭᠡᠪᠡᠯ ᠵᠠᠪᠠᠯ ︽ᠡᠮ ᠡᠮᠨᠡᠯᠭᠡ ᠶᠢᠨ ᠮᠠᠰᠢᠨ ᠲᠤᠨᠤᠭ ᠬᠤᠳᠠᠯᠳᠤᠬᠤ ᠵᠦᠪᠰᠢᠶᠡᠷᠡᠯ ᠤᠨ ᠦᠨᠡᠮᠯᠡᠯ︾ ᠤᠯᠤᠭᠰᠠᠨ ᠪᠠᠶᠢᠬᠤ ᠬᠡᠷᠡᠭᠳᠡᠢ᠃ ᠦᠭᠡᠢ ᠪᠤᠯ ᠬᠠᠮᠢᠶ᠎ᠠ ᠪᠦᠬᠦᠢ ᠬᠠᠤᠯᠢ ᠴᠠᠭᠠᠵᠠ ᠶᠢᠨ ᠰᠢᠢᠳᠭᠡᠯ ᠤᠯᠬᠤ ᠪᠤᠯᠤᠨ᠎ᠠ᠃     ᠲᠤᠯᠤᠭ᠎ᠠ᠂ ᠱᠠᠯᠢᠭ ᠵᠠᠪᠬᠠᠢ ᠲᠦᠷᠰᠦ ᠰᠢᠩᠭᠡᠭᠡᠯᠳᠡ᠂ ᠬᠠᠭᠤᠷᠮᠠᠭ ᠲᠠᠸᠠᠷ ᠤᠨ ᠪᠦᠳᠦᠭᠡᠭᠳᠡᠭᠦᠨ ᠵᠡᠷᠭᠡ ᠬᠠᠤᠯᠢ ᠴᠠᠭᠠᠵᠠ ᠲᠦᠷᠢᠮ ᠲᠤᠭᠳᠠᠭᠠᠯ ᠢᠶᠠᠷ ᠴᠠᠭᠠᠵᠠᠯᠠᠵᠦ ᠪᠠᠶᠢᠭ᠎ᠠ ᠵᠦᠢᠯᠡᠰ ᠢ ᠬᠤᠳᠠᠯᠳᠤᠪᠠᠯ ᠬᠠᠤᠯᠢ ᠴᠠᠭᠠᠵᠠ ᠶᠢᠨ ᠴᠢᠩᠭ᠎ᠠ ᠰᠢᠢᠳᠭᠡᠯ ᠢ ᠤᠯᠬᠤ ᠪᠤᠯᠤᠨ᠎ᠠ᠃ ᠵᠢᠷᠭᠢᠶ᠎ᠡ ᠨᠢ ᠬᠤᠷᠳᠤᠨ ᠲᠦᠷᠭᠡᠨ᠂ ᠲᠦᠭᠦᠮ ᠲᠦᠳᠡ ᠠᠷᠠᠯᠵᠢᠶᠠᠨ ᠤ ᠲᠠᠪᠴᠠᠩ ᠪᠠᠶᠢᠵᠦ᠂ ᠡᠭᠦᠨ ᠢᠶᠠᠷ ᠲᠠᠮᠵᠢᠨ ᠬᠤᠳᠠᠯᠳᠤᠭ᠎ᠠ ᠬᠢᠬᠦ ᠨᠢ ᠮᠠᠰᠢ ᠰᠠᠶᠢᠨ ᠰᠤᠩᠭᠤᠯᠳᠠ ᠪᠤᠯᠬᠤ ᠶᠤᠮ᠃ ᠭᠡᠪᠡᠴᠤ ︽ᠨᠠᠶᠢᠵᠠ ᠶᠢᠨ ᠲᠤᠭᠤᠷᠢᠭ︾ ᠲᠠᠭᠠᠨ ᠬᠤᠳᠠᠯᠳᠤᠵᠦ ᠪᠠᠶᠢᠭ᠎ᠠ ᠪᠠᠷᠠᠭ᠎ᠠ ᠲᠠᠸᠠᠷ ᠴᠢᠨᠢ ᠬᠠᠤᠯᠢ ᠲᠦᠷᠢᠮ ᠳᠤ ᠨᠡᠶᠢᠴᠡᠬᠦ ᠡᠰᠡᠬᠦ ᠶᠢ ᠨᠠᠷᠢᠪᠴᠢᠯᠠᠵᠦ᠂ ᠰᠠᠨᠠᠭᠠᠨ ᠳᠤ ᠦᠭᠡᠢ ᠪᠠᠷ ᠬᠠᠤᠯᠢ ᠠᠴᠠ ᠵᠦᠷᠢᠴᠡᠬᠦ ᠠᠴᠠ ᠪᠤᠯᠭᠤᠮᠵᠢᠯᠠᠭᠠᠷᠠᠢ︕                                   ᠵᠤᠬᠢᠶᠠᠭᠴᠢ᠄ ᠨᠠᠬᠢᠶ᠎ᠠ                                   ᠨᠠᠶᠢᠷᠠᠭᠤᠯᠤᠭᠴᠢ᠄ ᠠᠭᠤᠯᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2