ᠯᠢᠶᠠᠩᠴᠧᠩ ᠰᠢᠶᠠᠨ ᠨᠢ ᠨᠡᠯᠢᠶᠡᠳ ᠡᠯᠪᠡᠭ ᠪᠠᠶᠠᠯᠢᠭ ᠪᠠᠶᠢᠭᠠᠯᠢ ᠶᠢᠨ ᠤᠰᠤᠨ ᠤ ᠤᠷᠤᠨ ᠲᠠᠯᠠᠪᠠᠢ ᠲᠠᠢ᠃ | ᠤᠰᠤᠨ ᠤ ᠲᠠᠯᠠᠪᠠᠢ ᠨᠢ1·65 ᠭᠠᠷᠦᠢ ᠲᠦᠮᠡᠨ ᠡᠾᠧᠺᠲ᠋ᠠᠷ ᠲᠤ ᠬᠦᠷᠴᠦ᠂ ᠡᠭᠦᠨ ᠤ ᠲᠤᠳᠤᠷ᠎ᠠ ᠲᠠᠭ᠎ᠠ ᠶᠢᠨ | ᠨᠠᠭᠤᠷ ᠤᠰᠤᠨ ᠤ ᠲᠠᠯᠠᠪᠠᠢ ᠨᠢ160 ᠺᠦᠸᠠᠳ᠋ ᠺᠢᠯᠤᠮᠧᠲᠷ ᠢ ᠡᠵᠡᠯᠡᠵᠦ᠂ ᠤᠰᠤᠨ ᠤ ᠬᠠᠳᠠᠭᠠᠯᠠᠭᠳᠠᠴᠠ ᠶᠢᠨ | ᠬᠡᠮᠵᠢᠶ᠎ᠡ ᠨᠢ 13 ᠳ᠋ᠦᠩᠰᠢᠭᠤᠷ ᠪᠤᠰᠤᠭ᠎ᠠ ᠲᠦᠷᠪᠡᠯᠵᠢᠨ ᠮᠧᠲᠷ ᠢ ᠡᠵᠡᠯᠡᠨ᠎ᠡ᠃ ᠤᠰᠤᠨ ᠤ ᠲᠤᠯᠠᠭᠠᠨ ᠨᠢ | ᠲᠤᠬᠢᠷᠠᠮᠵᠢᠳᠠᠢ᠂ ᠤᠰᠤᠨ ᠤ ᠴᠢᠨᠠᠷ ᠲᠤᠩᠭᠠᠯᠠᠭ᠂ ᠤᠰᠤᠨ ᠴᠤᠭᠴᠠ ᠨᠢ ᠪᠤᠬᠢᠷᠳᠤᠯ ᠦᠭᠡᠢ᠃ ᠡᠷᠬᠢᠨ | ᠲᠤᠭᠤᠷᠢᠨ ᠤ ᠠᠮᠢ ᠠᠬᠤᠢ ᠶᠢᠨ ᠤᠷᠴᠢᠨ ᠲᠤᠭᠤᠷᠢᠨ ᠨᠢ ᠲᠤᠬᠢᠯᠢᠭ ᠰᠠᠶᠢᠨ᠂ ᠤᠨᠴᠠᠭᠠᠶᠢᠯᠠᠨ ᠤᠯᠠᠨ ᠵᠤᠶᠢᠯ ᠤᠨ | ᠠᠮᠢᠳᠤ ᠪᠤᠳᠠᠰ ᠪᠠ ᠵᠢᠭᠠᠰᠤᠨ ᠤ ᠲᠦᠷᠦᠯ ᠤᠨ ᠦᠰᠦᠨ ᠪᠤᠶᠢᠵᠢᠯᠳᠡ ᠳᠤ ᠠᠰᠢᠭᠳᠠᠢ᠂ ᠡᠨᠡ ᠲᠠᠯ᠎ᠠ ᠪᠠᠷ ᠮᠠᠨ ᠤ | ᠦᠪᠦᠷ ᠮᠤᠩᠭᠤᠯ ᠤᠷᠤᠨ ᠳᠠᠭᠠᠨ ᠨᠡᠷ᠎ᠡ ᠠᠯᠳᠠᠷᠰᠢᠵᠠᠢ᠃ ᠵᠢᠭᠠᠰᠤᠨ ᠠᠵᠦ ᠠᠬᠤᠢ ᠶᠢᠨ ᠤᠶᠢᠯᠡᠳᠪᠤᠷᠢᠯᠡᠯ ᠤᠨ | ᠰᠠᠭᠤᠷᠢᠨ ᠭᠠᠵᠠᠷ ᠪᠠ ᠮᠠᠨ ᠤ ᠤᠯᠤᠰ ᠤᠨ ᠤᠮᠠᠷᠠᠳᠤ ᠤᠷᠤᠨ ᠤ ᠵᠠᠷᠢᠮ ᠰᠠᠭᠤᠷᠢᠨ ᠳᠠᠬᠢ ᠭᠤᠤᠯ | ᠤᠶᠢᠯᠡᠳᠪᠤᠷᠢᠯᠡᠯ ᠤᠨ ᠰᠠᠭᠤᠷᠢᠨ ᠭᠠᠵᠠᠷ ᠤᠨ ᠨᠢᠭᠡᠨ᠂ ᠤᠳᠤ ᠲᠡᠭᠡᠷ᠎ᠡ ᠲᠠᠭ᠎ᠠ ᠶᠢᠨ ᠨᠠᠭᠤᠷ ᠤᠨ ᠠᠮᠢᠳᠤ ᠵᠢᠭᠠᠰᠤ | ᠶᠢᠨ ᠲᠦᠷᠦᠯ ᠵᠤᠶᠢᠯ ᠨᠢ ᠬᠤᠷᠢ ᠭᠠᠷᠤᠢ ᠪᠠᠶᠢᠵᠦ᠂ ᠵᠢᠯ ᠤᠨ ᠭᠠᠷᠤᠯᠳᠠ ᠨᠢ 230 ᠲᠤᠨ ᠳᠤ ᠬᠦᠷᠴᠠᠢ᠃ | ᠭᠤᠤᠯ ᠪᠤᠯᠬᠤ ᠲᠦᠷᠦᠯ ᠵᠤᠶᠢᠯ ᠭᠡᠪᠡᠯ᠄ ᠮᠦᠷᠭᠦ ᠵᠢᠭᠠᠰᠤ᠂ ᠬᠡᠯᠳᠡᠭᠡ ᠵᠢᠭᠠᠰᠤ᠂ ᠠᠯᠠᠭᠠᠨ᠎ᠠ᠂ ᠠᠮᠦᠷᠠ | ᠵᠢᠭᠠᠰᠤ᠂ ᠠᠳᠤᠬᠠ᠂ ᠨᠠᠢᠮᠠᠯᠵᠢ ᠵᠡᠷᠭᠡ ᠪᠤᠢ᠃ ᠤᠯᠠᠭᠠᠨ ᠰᠡᠭᠦᠯᠳᠦ ᠮᠦᠷᠭᠦ ᠵᠢᠭᠠᠰᠤ ᠪᠤᠯᠤᠨ ᠲᠤᠮᠤ ᠢᠴᠡ ᠵᠢᠭᠠᠰᠤ | ᠨᠢ ᠲᠡᠭᠡᠳᠦ ᠵᠡᠷᠭᠡᠯᠡᠯ ᠤᠨ ᠡᠳ᠋ ᠪᠤᠯᠵᠦ᠂ ᠬᠤᠯᠠ ᠳᠠᠭᠠᠨ ᠡᠸᠦ᠋ᠷᠦᠫᠡ᠂ ᠠᠮᠧᠷᠢᠺᠠ᠂ ᠶᠠᠫᠤᠨ ᠵᠡᠷᠭᠡ ᠤᠯᠤᠰ ᠲᠤ | ᠪᠤᠷᠤᠯᠠᠭᠤᠯᠵᠤ ᠪᠠᠶᠢᠨ᠎ᠠ᠃ | | | |