ᠯᠢᠶᠠᠩᠴᠧᠩ ᠰᠢᠶᠠᠨ ᠪᠤᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠳᠡᠭᠡ ᠠᠵᠦ ᠠᠬᠤᠢ ᠶᠢᠨ | ᠤᠶᠢᠯᠡᠳᠪᠤᠷᠢᠯᠡᠯ ᠤᠨ ᠨᠦᠬᠦᠴᠡᠯ ᠬᠠᠷᠢᠴᠠᠩᠭᠤᠢ ᠲᠠᠪᠠᠭᠤᠯᠢᠭ ᠭᠠᠵᠠᠷ ᠤᠷᠤᠨ ᠤ ᠨᠢᠭᠡ ᠮᠦᠨ᠃ ᠵᠢᠯ ᠤᠨ ᠠᠮᠦ | ᠪᠤᠳᠠᠭᠠᠨ ᠤ ᠤᠨᠠᠯᠳᠠ ᠶᠢᠨ ᠬᠡᠮᠵᠢᠶ᠎ᠡ ᠨᠢ ᠲᠤᠭᠳᠠᠭᠤᠨ ᠢᠶᠠᠷ4 ᠳ᠋ᠦᠩᠰᠢᠭᠤᠷ ᠵᠢᠩ ᠠᠴᠠ ᠲᠡᠭᠡᠭᠰᠢ ᠭᠠᠷᠳᠠᠭ᠃ | ᠤᠶᠢᠷ᠎ᠡ ᠶᠢᠨ ᠵᠢᠯ ᠠᠴᠠ ᠯᠢᠶᠠᠩᠴᠧᠩ ᠰᠢᠶᠠᠨ ᠨᠢ ᠬᠦᠳᠡᠭᠡ ᠲᠤᠰᠬᠤᠨ ᠤ ᠠᠵᠦ ᠤᠶᠢᠯᠡᠰ ᠤᠨ ᠪᠦᠳᠦᠴᠡ ᠶᠢ | ᠶᠡᠬᠡᠪᠡᠷ ᠲᠤᠬᠢᠷᠠᠭᠤᠯᠤᠨ᠂ ᠲᠠᠷᠢᠶᠠᠯᠠᠩ ᠮᠠᠯ ᠠᠵᠦ ᠠᠬᠤᠢ ᠶᠢᠨ ᠦᠨᠳᠦᠰᠦᠨ ᠪᠠᠶᠢᠷᠢ ᠰᠠᠭᠤᠷᠢ ᠶᠢ ᠲᠠᠰᠤᠷᠠᠯᠳᠠ | ᠦᠭᠡᠢ ᠪᠠᠬᠢᠵᠢᠭᠦᠯᠵᠦ᠂ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠢ ᠶᠡᠬᠡᠪᠡᠷ ᠬᠦᠭᠵᠢᠭᠦᠯᠵᠡᠢ᠃ ᠡᠷᠳᠡᠨᠢ | ᠰᠢᠰᠢ᠂ ᠲᠦᠮᠦᠰᠦ᠂ ᠬᠤᠯᠢᠰᠢᠨ ᠠᠮᠦ ᠬᠤᠯᠢᠰᠢᠨ ᠪᠤᠷᠴᠠᠭ ᠵᠡᠷᠭᠡ ᠪᠠᠷ ᠭᠤᠤᠯ ᠪᠤᠯᠭᠠᠭᠰᠠᠨ ᠲᠤᠮᠦ ᠬᠦᠳᠡᠭᠡ ᠠᠵᠦ | ᠠᠬᠤᠢ ᠪᠤᠯᠤᠨ ᠬᠦᠯᠡᠮᠵᠢ ᠶᠢᠨ ᠢᠳᠡᠰᠢᠨ ᠨᠤᠭᠤᠭ᠎ᠠ᠂ ᠤᠳᠤᠭᠰᠠᠨ ᠲᠠᠮᠠᠬᠢ᠂ ᠰᠢᠬᠢᠷ ᠯᠤᠤᠪᠠᠩ ᠢᠶᠠᠷ ᠭᠤᠤᠯ | ᠪᠤᠯᠭᠠᠭᠰᠠᠨ ᠤᠨᠴᠠᠯᠢᠭᠳᠤ ᠲᠠᠷᠢᠶᠠᠯᠠᠩ ᠤᠨ ᠲᠠᠷᠢᠮᠠᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠭᠰᠡᠨ | ᠪᠠᠶᠢᠨ᠎ᠠ᠃ ᠡᠯᠪᠡᠭ ᠪᠠᠶᠠᠯᠢᠭ ᠡᠪᠡᠰᠤᠨ ᠤ ᠡᠬᠢ ᠪᠠᠶᠠᠯᠢᠭ ᠲᠤ ᠲᠦᠰᠢᠭᠯᠡᠨ᠂ ᠦᠨᠳᠦᠷ ᠦᠷ᠎ᠡ ᠪᠦᠳᠦᠮᠵᠢᠳᠠᠢ ᠮᠠᠯ | ᠠᠵᠦ ᠠᠬᠤᠢ ᠶᠢ ᠶᠡᠬᠡᠪᠡᠷ ᠬᠦᠭᠵᠢᠭᠦᠯᠵᠦ᠂ ᠦᠨᠢᠶᠡᠨ ᠰᠦ᠂ ᠠᠯᠠᠰᠢᠨ ᠬᠤᠨᠢ ᠪᠠᠷ ᠭᠤᠤᠯ ᠪᠤᠯᠭᠠᠭᠰᠠᠨ ᠲᠤᠯᠭᠠᠭᠤᠷᠢ | ᠠᠵᠦ ᠤᠶᠢᠯᠡᠰ ᠠᠯᠬᠤᠮ ᠠᠯᠬᠤᠮ ᠢᠶᠠᠷ ᠪᠦᠷᠢᠯᠳᠦᠵᠠᠢ᠃ 2011ᠤᠨ ᠤ 6 ᠰᠠᠷ᠎ᠠ ᠵᠢᠨᠡᠴᠦᠰ ᠬᠦᠷᠳᠡᠯ᠎ᠡ᠂ ᠪᠦᠬᠦ | ᠰᠢᠶᠠᠨ ᠤ ᠭᠡᠷ ᠤᠨ ᠲᠡᠵᠢᠭᠡᠪᠤᠷᠢ ᠶᠢᠨ ᠶᠡᠷᠦᠩᠬᠡᠢ ᠲᠤᠭ᠎ᠠ 86·1 ᠲᠦᠮᠡᠨ ᠲᠤᠯᠤᠭᠠᠢ ᠳᠤ ᠬᠦᠷᠴᠠᠢ᠃ ᠡᠭᠦᠨ ᠳᠤ | ᠪᠤᠳᠠ ᠮᠠᠯ ᠤᠨ ᠲᠤᠭ᠎ᠠ 10·7 ᠲᠦᠮᠡᠨ ᠲᠤᠯᠤᠭᠠᠢ᠂ ᠪᠤᠭ ᠮᠠᠯ ᠤᠨ ᠲᠤᠭ᠎ᠠ67·1 ᠲᠦᠮᠡᠨ ᠲᠤᠯᠤᠭᠠᠢ᠂ | ᠠᠮᠢᠳᠤ ᠭᠠᠭ᠋ᠠᠢ 8·3 ᠲᠦᠮᠡᠨ ᠲᠤᠯᠤᠭᠠᠢ ᠪᠤᠢ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ | ᠲᠤᠭᠤᠷᠢᠭ ᠢ5 ᠭᠠᠵᠠᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠤᠭᠤᠷᠢᠭ ᠢ 5 ᠭᠠᠵᠠᠷ᠂ | ᠪᠠᠷᠢᠮᠵᠢᠶᠠᠵᠢᠭᠰᠠᠨ ᠭᠠᠭ᠋ᠠᠢ ᠲᠡᠵᠢᠭᠡᠬᠦ ᠲᠠᠯᠠᠪᠠᠢ ᠶᠢ ᠨᠡᠶᠢᠳᠡ12 ᠦᠭᠡᠷᠡᠴᠢᠯᠡᠨ ᠪᠠᠶᠢᠭᠤᠯᠤᠭᠰᠠᠨ ᠪᠠ ᠦᠷᠭᠡᠳᠭᠡᠨ | ᠪᠠᠶᠢᠭᠤᠯᠵᠠᠢ᠃ | | | |