︽2019 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ | ᠰᠤᠶᠢᠳᠭᠡᠯ ᠲᠤᠰᠢᠶᠠᠬᠤ ᠠᠵᠢᠯ︾ ᠢ ᠰᠠᠶᠢᠳᠤᠷ ᠬᠢᠬᠦ ᠲᠤᠬᠠᠢ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ | ᠤᠷᠳᠤᠨ ᠤ ᠠᠯᠪᠠᠨ ᠭᠡᠷ ᠤᠨ ᠮᠡᠳᠡᠭᠳᠡᠯ | ᠡᠯ᠎ᠡ ᠬᠤᠰᠢᠭᠤ ᠰᠢᠶᠠᠨ᠂ ᠬᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠳᠠ ᠶᠢᠨ ᠰᠢᠭᠤᠳ ᠬᠠᠷᠢᠶ᠎ᠠ | ᠬᠤᠯᠪᠤᠭᠳᠠᠯ ᠪᠦᠬᠦᠢ ᠨᠢᠭᠡᠴᠡ᠄ | 2019 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠤᠶᠢᠳᠭᠡᠯ ᠢ | ᠲᠠᠳᠠᠪᠤᠷᠢᠯᠠᠵᠤ ᠲᠤᠰᠢᠶᠠᠬᠤ ᠠᠵᠢᠯ ᠢ ᠦᠨᠡᠨᠬᠦ ᠰᠠᠶᠢᠳᠤᠷ ᠬᠢᠵᠦ᠂ ᠬᠤᠳᠠᠬᠦ᠋ᠳᠡᠭᠡ ᠶᠢᠨ ᠰᠠᠭᠤᠭᠠᠯᠢ ᠠᠷᠠᠳ ᠤᠨ ᠡᠮ | ᠡᠮᠨᠡᠯᠭᠡ ᠶᠢᠨ ᠲᠠᠭᠠᠳᠬᠠᠯ ᠤᠨ ᠪᠡᠯᠡ ᠴᠤᠭᠯᠠᠭᠤᠯᠬᠤ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠲᠦᠯᠦᠭᠡ᠂ | ᠤᠯᠤᠰ ᠤᠨᠡᠮ ᠡᠮᠨᠡᠯᠭᠡ ᠶᠢᠨ ᠲᠠᠭᠠᠳᠬᠠᠯ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠤᠳ ᠤᠨ ᠬᠤᠯᠪᠤᠭᠠᠯᠠᠨ ᠪᠠᠭᠤᠯᠭᠠᠭᠰᠠᠨ | ︽2018 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ | ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾ ︵ᠡᠮ ᠲᠠᠭᠠᠳᠬᠠᠯ ᠲᠠᠷᠬᠠᠭᠠᠭᠰᠠᠨ ﹇2018﹈ 2 ᠲᠤᠭᠠᠳᠤ︶ ᠪᠢᠴᠢᠭ | ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠬᠤᠳᠠ ᠶᠢᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠩᠭᠦᠨ ᠤ ᠪᠤᠳᠠᠳᠠᠢ ᠬᠡᠷᠡᠭᠵᠢᠭᠦᠯᠦᠯᠳᠡ ᠲᠠᠢ ᠤᠶᠠᠯᠳᠤᠭᠤᠯᠵᠤ᠂ | 2018ᠤᠨ ᠤ 52 ᠳ᠋ᠤᠭᠠᠷ ᠤᠳᠠᠭᠠᠨ ᠤ ᠬᠤᠳᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯᠳᠤᠭᠠᠨ᠂ | 2018 ᠤᠨ ᠤ12 ᠳ᠋ᠤᠭᠠᠷ ᠤᠳᠠᠭᠠᠨ ᠤ ᠵᠠᠰᠠᠭ ᠤᠨ ᠤᠷᠳᠤᠨ ᠤ ᠪᠠᠶᠢᠩᠭᠤ ᠶᠢᠨ ᠠᠵᠢᠯ ᠤᠨ ᠬᠤᠷᠠᠯᠳᠤᠭᠠᠨ ᠤ ᠬᠢᠨᠠᠨ | ᠪᠠᠳᠤᠯᠠᠬᠤ ᠪᠠᠷ ᠲᠠᠮᠵᠢᠨ᠂ ᠤᠳᠤ 2019 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨᠡᠮ | ᠡᠮᠨᠡᠯᠭᠡ ᠶᠢᠨ ᠲᠠᠭᠠᠳᠬᠠᠯ ᠤᠨ ᠬᠤᠪᠢ ᠬᠦᠮᠦᠨ ᠤ ᠰᠤᠶᠢᠳᠭᠡᠯ ᠲᠤᠰᠢᠶᠠᠬᠤ ᠬᠤᠯᠪᠤᠭᠳᠠᠯ ᠪᠦᠬᠦᠢ ᠤᠴᠢᠷ ᠢ ᠲᠤᠤᠷᠠᠬᠢ | ᠮᠡᠳᠦ ᠮᠡᠳᠡᠭᠳᠡᠶ᠎ᠡ︕ | ᠨᠢᠭᠡ᠂ ᠲᠠᠭᠠᠳᠬᠠᠯ ᠳᠤ ᠤᠷᠤᠯᠴᠠᠬᠤ ᠬᠦᠷᠢᠶ᠎ᠡ ᠬᠡᠪᠴᠢᠶ᠎ᠡ | ᠲᠤᠰ ᠬᠤᠳᠠ ᠶᠢᠨ ᠡᠷᠤᠬᠡ ᠠᠮᠠ ᠶᠢᠨ ᠲᠠᠩᠰᠠ ᠲᠠᠢ ᠡᠰᠡᠭᠦᠯ᠎ᠡ ᠲᠤᠰ ᠬᠤᠳᠠ ᠳᠤ ᠪᠦᠬᠦᠯᠢ ᠨᠢᠭᠡ ᠵᠢᠯ ᠠᠴᠠ ᠲᠡᠭᠡᠭᠰᠢ | ᠰᠠᠭᠤᠷᠢᠰᠢᠭᠰᠠᠨ ᠪᠦᠭᠡᠳ ᠬᠤᠳᠠ ᠪᠠᠯᠭᠠᠰᠤᠨ ᠤ ᠠᠵᠢᠯᠳᠡᠨᠠᠵᠢᠯᠴᠢᠨ ᠤ ᠦᠨᠳᠦᠰᠦᠨ ᠡᠮ ᠡᠮᠨᠡᠯᠭᠡ ᠶᠢᠨ ᠲᠠᠭᠠᠳᠬᠠᠯ ᠳᠤ | ᠤᠷᠤᠯᠴᠠᠭᠰᠠᠨ ᠦᠭᠡᠢ ᠬᠤᠳᠠᠬᠦ᠋ᠳᠡᠭᠡ ᠶᠢᠨ ᠰᠠᠭᠤᠭᠠᠯᠢ ᠠᠷᠠᠳ᠂ ᠭᠤᠤᠯᠳᠠᠭᠤ ᠮᠠᠯᠵᠢᠬᠤ ᠲᠠᠷᠢᠶᠠᠯᠠᠬᠤ ᠤᠷᠤᠨ ᠤ | ᠰᠠᠭᠤᠭᠠᠯᠢ ᠠᠷᠠᠳ᠂ ᠬᠤᠳᠠ ᠪᠠᠯᠭᠠᠰᠤᠨ ᠤ ᠠᠵᠢᠯ ᠦᠭᠡᠢ ᠰᠠᠭᠤᠭᠠᠯᠢ ᠠᠷᠠᠳ᠂ ᠡᠯ᠎ᠡ ᠲᠦᠷᠦᠯ ᠤᠨ ᠪᠦᠬᠦᠯᠢ ᠡᠳᠦᠷ ᠤᠨ | ᠲᠦᠷᠢᠮᠳᠤ ᠰᠤᠷᠭᠠᠭᠤᠯᠢ ᠳᠤ ᠰᠠᠭᠤᠭ᠎ᠠ ᠰᠤᠷᠤᠭᠴᠢ᠂ ᠰᠤᠷᠬᠤ ᠨᠠᠰᠤᠨ ᠠᠴᠠ ᠡᠮᠦᠨᠡᠬᠢ ᠬᠡᠤᠬᠡᠳ᠂ ᠤᠯᠤᠰ ᠪᠠ | ᠦᠪᠡᠷᠳᠡᠭᠡᠨ ᠵᠠᠰᠠᠬᠤ ᠤᠷᠤᠨ ᠠᠴᠠ ᠲᠤᠭᠳᠠᠭᠠᠭᠰᠠᠨ ᠪᠤᠰᠤᠳ ᠬᠦᠮᠦᠰ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠡᠮ ᠡᠮᠨᠡᠯᠭᠡ ᠶᠢᠨ ᠲᠠᠭᠠᠳᠬᠠᠯ ᠳᠤ ᠤᠷᠤᠯᠴᠠᠬᠤ ᠬᠡᠷᠡᠭᠳᠡᠢ᠃ | ᠬᠤᠶᠠᠷ᠂ ᠰᠤᠶᠢᠳᠭᠡᠯ ᠲᠤᠰᠢᠶᠠᠬᠤ ᠪᠠᠷᠢᠮᠵᠢᠶ᠎ᠠ | ︵ ᠨᠢᠭᠡ︶ 2019 ᠤᠨ ᠤ ᠬᠤᠪᠢ ᠬᠦᠮᠦᠨ ᠤ ᠰᠤᠶᠢᠳᠭᠡᠯ ᠲᠤᠰᠢᠶᠠᠬᠤ ᠪᠠᠷᠢᠮᠵᠢᠶ᠎ᠠ | 1 ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠤᠳᠤᠷᠠᠬᠢ ᠨᠠᠰᠤᠨ ᠳᠤ ᠬᠦᠷᠦᠭᠰᠡᠳ ᠬᠦᠮᠦᠨ ᠪᠦᠷᠢ ᠵᠢᠯ | ᠪᠦᠷᠢ ᠳᠤ260 ᠲᠦᠭᠦᠷᠢᠭ ᠲᠤᠰᠢᠶᠠᠨ᠎ᠠ᠃ | 2 ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠤᠳᠤᠷᠠᠬᠢ ᠰᠤᠷᠤᠭᠴᠢ᠂ ᠬᠡᠤᠬᠡᠳ ᠨᠢᠭᠡᠪᠤᠷᠢ ᠵᠢᠯ ᠪᠦᠷᠢ ᠳᠤ160 | ᠲᠦᠭᠦᠷᠢᠭ ᠲᠤᠰᠢᠶᠠᠨ᠎ᠠ᠃ | 3 ᠰᠤᠷᠭᠠᠭᠤᠯᠢ ᠶᠢᠨ ᠪᠤᠰᠤ ᠬᠦᠮᠦᠰ ᠢ18 ᠪᠦᠬᠦᠯᠢ ᠨᠠᠰᠤ ᠪᠠᠷ ᠬᠢᠵᠠᠭᠠᠷᠯᠠᠵᠤ᠂18 ᠪᠦᠬᠦᠯᠢ ᠨᠠᠰᠤᠨ ᠠᠴᠠ ᠲᠤᠷᠤᠭᠰᠢ | ᠨᠢ160 ᠲᠦᠭᠦᠷᠢᠭ ᠲᠤᠰᠢᠶᠠᠵᠤ᠂18 ᠪᠦᠬᠦᠯᠢ ᠨᠠᠰᠤᠨ ᠠᠴᠠ ᠲᠡᠭᠡᠭᠰᠢ ᠨᠢ ᠨᠠᠰᠤᠨ ᠳᠤ ᠬᠦᠷᠦᠭᠰᠡᠳ ᠤᠨ | ᠪᠠᠷᠢᠮᠵᠢᠶ᠎ᠠ ᠪᠠᠷ ᠰᠤᠶᠢᠳᠭᠡᠯ ᠲᠤᠰᠢᠶᠠᠨ᠎ᠠ᠃ | ︵ ᠬᠤᠶᠠᠷ︶ ᠶᠠᠳᠠᠭᠤ ᠬᠦᠴᠢᠷᠳᠡᠯᠳᠡᠢ ᠬᠦᠮᠦᠰ ᠤᠨ ᠰᠤᠶᠢᠳᠭᠡᠯ ᠲᠤᠰᠢᠶᠠᠬᠤ ᠠᠷᠭ᠎ᠠ | 1 ᠬᠤᠳᠠ ᠪᠠᠯᠭᠠᠰᠤ ᠶᠢᠨ︽ᠭᠤᠷᠪᠠ ᠦᠭᠡᠢ︾ ᠭᠦᠮᠦᠰ᠂ ᠬᠦᠳᠡᠭᠡ ᠲᠤᠰᠬᠤᠨ ᠤ ︽ᠲᠠᠪᠤᠨ ᠪᠠᠳᠤᠯᠠᠭᠠᠳᠤ︾ ᠡᠷᠦᠬᠡ᠂ | ᠦᠨᠦᠴᠢᠨ ᠵᠡᠮᠳᠡᠭ ᠬᠡᠤᠬᠡᠳ ᠪᠠᠭᠠᠴᠤᠳ ᠤᠨ ᠤᠷᠤᠯᠴᠠᠬᠤ ᠬᠤᠳᠠᠬᠦ᠋ᠳᠡᠭᠡ ᠵᠢᠨᠰᠠᠭᠤᠭᠠᠯᠢ ᠠᠷᠠᠳ ᠤᠨᠡᠮᠡᠮᠨᠡᠯᠭᠡ ᠶᠢᠨ | ᠲᠠᠭᠠᠳᠬᠠᠯ ᠤᠨ ᠬᠤᠪᠢ ᠬᠦᠮᠦᠨ ᠤ ᠲᠤᠰᠢᠶᠠᠬᠤ ᠰᠤᠶᠢᠳᠭᠡᠯ ᠢ ᠪᠦᠬᠦᠨ ᠢ ᠬᠡᠯᠳᠦᠷᠡᠭᠦᠯᠦᠨᠡ᠃ᠠᠷᠠᠳ ᠤᠨ ᠶᠠᠪᠤᠳᠠᠯ ᠤᠨ | ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠪᠡᠯᠡ ᠮᠦᠩᠬᠦ ᠶᠢ ᠦᠨ᠎ᠡ ᠶᠢᠨ ᠲᠤᠭ᠎ᠠ ᠶᠤᠰᠤᠭᠠᠷ ᠢᠶᠠᠷ ᠨᠢ ᠵᠤᠭᠤᠰ ᠢᠶᠠᠷ | ᠲᠤᠰᠠᠯᠠᠨ᠎ᠠ᠃ | 2 ᠲᠠᠩᠰᠠᠯᠠᠵᠤ ᠺᠠᠷᠲ᠋ᠠᠯᠠᠭᠰᠠᠨ ᠤᠨᠢᠨ ᠲᠡᠭᠡᠷ᠎ᠡ ᠨᠢ ᠶᠠᠳᠠᠭᠤ ᠶᠢ ᠳᠡᠳᠭᠦᠬᠦ ᠡᠳᠡᠭᠡᠳ ᠤᠨ ᠲᠤᠳᠤᠷᠠᠬᠢ ᠨᠠᠰᠤᠨ ᠳᠤ | ᠬᠦᠷᠦᠭᠰᠡᠳ ᠤᠨ ᠬᠤᠳᠠᠬᠦ᠋ᠳᠡᠭᠡ ᠵᠢᠨᠰᠠᠭᠤᠭᠠᠯᠢ ᠠᠷᠠᠳ ᠤᠨᠡᠮᠡᠮᠨᠡᠯᠭᠡ ᠵᠢᠨᠲ᠋ᠠᠭᠠᠳᠬᠠᠯ ᠳᠤ ᠤᠷᠤᠯᠴᠠᠬᠤ ᠳᠤ᠂ ᠡᠳ᠋ ᠤᠨ | ᠵᠠᠰᠠᠭ ᠠᠴᠠ110 ᠲᠦᠭᠦᠷᠢᠭ ᠤᠨ ᠨᠦᠬᠦᠪᠤᠷᠢ ᠦᠭᠴᠦ᠂ ᠰᠤᠷᠤᠭᠴᠢ ᠪᠠ ᠬᠡᠤᠬᠡᠳ ᠲᠤ100 ᠲᠦᠭᠦᠷᠢᠭ ᠤᠨ ᠨᠦᠬᠦᠪᠦᠷᠢ | ᠦᠭᠭᠦᠨ᠎ᠡ᠃ | 3 ᠠᠮᠢᠳᠤᠷᠠᠯ ᠤᠨ ᠬᠠᠮᠤᠭ ᠤᠨ ᠲᠤᠤᠷ᠎ᠠ ᠪᠠᠳᠤᠯᠠᠭ᠎ᠠ ᠶᠢ ᠬᠦᠷᠳᠡᠵᠦ ᠪᠠᠶᠢᠭ᠎ᠠ ᠬᠤᠳᠠ ᠬᠦᠳᠡᠭᠡ ᠶᠢᠨ ᠰᠠᠭᠤᠭᠠᠯᠢ | ᠠᠷᠠᠳ ᠤᠨᠡᠮᠡᠮᠨᠡᠯᠭᠡ ᠵᠢᠨᠲ᠋ᠠᠭᠠᠳᠬᠠᠯ ᠳᠤ ᠤᠷᠤᠯᠴᠠᠭᠰᠠᠨ ᠰᠠᠭᠤᠭᠠᠯᠢ ᠠᠷᠠᠳ ᠬᠤᠪᠢ ᠬᠦᠮᠦᠨ ᠤ ᠲᠤᠰᠢᠶᠠᠬᠤ ᠵᠠᠷᠤᠳᠠᠯ ᠢ | ᠮᠦᠨ ᠯᠡ 60 ᠲᠦᠭᠦᠷᠢᠭ ᠤᠨ ᠪᠠᠷᠢᠮᠵᠢᠶ᠎ᠠ ᠪᠠᠷ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠲᠤᠰᠠᠯᠠᠮᠵᠢ ᠶᠢᠨ ᠪᠡᠯᠡ | ᠮᠦᠩᠬᠦ ᠪᠠᠷ ᠲᠠᠮᠵᠢᠭᠤᠯᠤᠨ ᠨᠦᠬᠦᠪᠦᠷᠢ ᠤᠯᠭᠤᠬᠤ ᠬᠡᠷᠡᠭᠳᠡᠢ᠃ ᠲᠤᠤᠷ᠎ᠠ ᠪᠠᠳᠤᠯᠠᠭᠠᠳᠤ ᠬᠦᠮᠦᠰ ᠤᠨ ᠲᠤᠳᠤᠷᠠᠬᠢ ᠤᠨᠢᠨ | ᠲᠡᠭᠡᠷ᠎ᠡ ᠨᠢ ᠶᠠᠳᠠᠭᠤ ᠶᠢ ᠳᠡᠳᠭᠦᠬᠦ ᠡᠳᠡᠭᠡᠳ ᠲᠤ ᠪᠠᠭᠳᠠᠬᠤ ᠶᠢ ᠨᠢ ᠤᠨᠢᠨ ᠲᠡᠭᠡᠷ᠎ᠡ ᠨᠢ ᠶᠠᠳᠠᠭᠤ ᠶᠢ ᠳᠡᠳᠭᠦᠬᠦ | ᠡᠳᠡᠭᠡᠳ ᠤᠨ ᠪᠠᠷᠢᠮᠵᠢᠶ᠎ᠠ ᠪᠠᠷ ᠨᠦᠬᠦᠪᠤᠷᠢ ᠤᠯᠭᠤᠨ᠎ᠠ᠃ | ᠭᠤᠷᠪᠠ᠂ ᠰᠤᠶᠢᠳᠭᠡᠯ ᠲᠤᠰᠢᠶᠠᠬᠤ ᠴᠠᠭ | 2019 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨᠡᠮᠡᠮᠨᠡᠯᠭᠡ ᠵᠢᠨᠲ᠋ᠠᠭᠠᠳᠬᠠᠯ ᠤᠨᠰᠤᠶᠢᠳᠭᠡᠯ ᠲᠤᠰᠢᠶᠠᠬᠤ | ᠬᠤᠭᠤᠴᠠᠭ᠎ᠠ᠄2018 ᠤᠨ ᠤ11 ᠰᠠᠷ᠎ᠠ ᠶᠢᠨ7 ᠤ ᠡᠳᠦᠷ ᠠᠴᠠ2019 ᠤᠨ ᠤ3 ᠰᠠᠷ᠎ᠠ ᠶᠢᠨ31 ᠤ ᠡᠳᠦᠷ ᠬᠦᠷᠳᠡᠯ᠎ᠡ | ᠃ ᠲᠤᠭᠳᠠᠭᠰᠠᠨ ᠬᠤᠭᠤᠴᠠᠭ᠎ᠠ ᠠᠴᠠ ᠬᠡᠳᠦᠷᠡᠪᠡᠯ ᠬᠤᠪᠢ ᠬᠦᠮᠦᠨ ᠤ ᠰᠤᠶᠢᠳᠭᠡᠯ ᠲᠤᠰᠢᠶᠠᠬᠤ ᠭᠠᠷ ᠭᠦᠢᠴᠡᠳᠭᠡᠯ ᠬᠢᠬᠦ ᠶᠢ | ᠬᠠᠷᠢᠭᠤᠴᠠᠬᠤ ᠦᠭᠡᠢ᠃ | ᠲᠦᠷᠪᠡ᠂ ᠬᠠᠷᠠᠭᠠᠯᠵᠠᠯ ᠡᠳ᠋ᠯᠡᠬᠦ ᠬᠤᠭᠤᠴᠠᠭ᠎ᠠ᠄ | ᠲᠠᠭᠠᠳᠬᠠᠯ ᠳᠤ ᠤᠷᠤᠯᠴᠠᠭᠰᠠᠨ ᠰᠠᠭᠤᠭᠠᠯᠢ ᠠᠷᠠᠳ ᠤᠨ ᠬᠤᠳᠠ ᠬᠦᠳᠡᠭᠡ ᠶᠢᠨ ᠰᠠᠭᠤᠭᠠᠯᠢ | ᠠᠷᠠᠳ ᠤᠨᠡᠮᠡᠮᠨᠡᠯᠭᠡ ᠵᠢᠨᠲ᠋ᠠᠭᠠᠳᠬᠠᠯ ᠤᠨ ᠬᠠᠷᠠᠭᠠᠯᠵᠠᠯ ᠬᠦᠷᠳᠡᠬᠦ ᠬᠤᠭᠤᠴᠠᠭ᠎ᠠ᠄2019 ᠤᠨ ᠤ1 ᠰᠠᠷ᠎ᠠ ᠶᠢᠨ1 ᠤ | ᠡᠳᠦᠷ ᠠᠴᠠ2019 ᠤᠨ ᠤ12 ᠰᠠᠷ᠎ᠠ ᠶᠢᠨ31 ᠤ ᠡᠳᠦᠷ ᠬᠦᠷᠳᠡᠯ᠎ᠡ᠃ | ᠲᠠᠪᠤ᠂ ᠲᠠᠳᠠᠪᠤᠷᠢᠯᠡᠵᠦ ᠲᠤᠰᠢᠶᠠᠬᠤ ᠠᠷᠭ᠎ᠠ ᠮᠠᠶ᠋ᠢᠭ | ᠲᠤᠰ ᠤᠳᠠᠭᠠᠨ ᠤ ᠲᠠᠳᠠᠪᠤᠷᠢᠯᠠᠵᠤ ᠲᠤᠰᠢᠶᠠᠬᠤ ᠨᠢ ᠮᠦᠨ ᠴᠦ ᠤᠤᠯ ᠤᠨ ᠠᠷᠭ᠎ᠠ ᠠᠪᠴᠠᠯ ᠢᠶᠠᠷ ᠲᠠᠳᠠᠪᠤᠷᠢᠯᠠᠵᠤ | ᠲᠤᠰᠢᠶᠠᠨ᠎ᠠ᠃ | ᠵᠢᠷᠭᠤᠭ᠎ᠠ᠂ ᠪᠤᠰᠤᠳ ᠵᠤᠶᠢᠯ | ᠲᠤᠰ ᠮᠡᠳᠡᠭᠳᠡᠯ ᠢ ᠨᠡᠶᠢᠳᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠳᠠ ᠶᠢᠨ ᠬᠦᠮᠦᠨ ᠤ ᠬᠦᠴᠦᠨ ᠤ ᠡᠬᠢ | ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ᠲᠤᠰ ᠮᠡᠳᠡᠭᠳᠡᠯ ᠳᠤ | ᠲᠤᠷᠠᠳᠤᠭᠰᠠᠨ ᠦᠭᠡᠢ ᠵᠤᠶᠢᠯ ᠵᠤᠷᠪᠤᠰ ᠢ ︽ ᠤᠯᠠᠭᠠᠨᠴᠠᠪ ᠬᠤᠳᠠ ᠵᠢᠨᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠦᠨᠳᠦᠰᠦᠨ ᠡᠮᠡᠮᠨᠡᠯᠭᠡ ᠵᠢᠨᠲ᠋ᠠᠭᠠᠳᠬᠠᠯ ᠤᠨ ᠬᠠᠮᠢᠶᠠᠷᠤᠯᠳᠠ ᠶᠢᠨ ᠲᠦᠷ ᠬᠡᠷᠡᠭᠵᠢᠭᠦᠯᠬᠦ ᠠᠷᠭ᠎ᠠ︾ ︵ ᠤᠯᠠᠭᠠᠨᠴᠠᠪ ᠵᠠᠰᠠᠭ | ᠠᠯᠪᠠᠨ ᠲᠠᠷᠬᠠᠭᠠᠭᠰᠠᠨ ﹇2017﹈14 ᠲᠤᠭᠠᠳᠤ︶ ᠪᠢᠴᠢᠭ ᠮᠠᠲ᠋ᠧᠷᠢᠶᠠᠯ ᠢᠶᠠᠷ ᠬᠡᠷᠡᠭᠵᠢᠭᠦᠯᠬᠦ ᠬᠡᠷᠡᠭᠳᠡᠢ᠃ | | 2018ᠤᠨ ᠤ11 ᠰᠠᠷ᠎ᠠ ᠶᠢᠨ8 ᠤ ᠡᠳᠦᠷ | | |