︽2019 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠰᠤᠶᠢᠳᠭᠡᠯ ᠲᠤᠰᠢᠶᠠᠬᠤ ᠠᠵᠢᠯ︾ ᠢ ᠰᠠᠶᠢᠳᠤᠷ ᠬᠢᠬᠦ ᠲᠤᠬᠠᠢ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2018-12-14
    ︽2019 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠰᠤᠶᠢᠳᠭᠡᠯ ᠲᠤᠰᠢᠶᠠᠬᠤ ᠠᠵᠢᠯ︾ ᠢ ᠰᠠᠶᠢᠳᠤᠷ ᠬᠢᠬᠦ ᠲᠤᠬᠠᠢ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯᠡᠯ᠎ᠡ ᠬᠤᠰᠢᠭᠤ ᠰᠢᠶᠠᠨ᠂ ᠬᠤᠳᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠬᠤᠳᠠ ᠶᠢᠨ ᠰᠢᠭᠤᠳ ᠬᠠᠷᠢᠶ᠎ᠠ ᠬᠤᠯᠪᠤᠭᠳᠠᠯ ᠪᠦᠬᠦᠢ ᠨᠢᠭᠡᠴᠡ᠄    2019 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠤᠶᠢᠳᠭᠡᠯ ᠢ ᠲᠠᠳᠠᠪᠤᠷᠢᠯᠠᠵᠤ ᠲᠤᠰᠢᠶᠠᠬᠤ ᠠᠵᠢᠯ ᠢ ᠦᠨᠡᠨᠬᠦ ᠰᠠᠶᠢᠳᠤᠷ ᠬᠢᠵᠦ᠂ ᠬᠤᠳᠠ‌‍ᠬᠦ᠋ᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠪᠡᠯᠡ ᠴᠤᠭᠯᠠᠭᠤᠯᠬᠤ ᠲᠤᠭᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠲᠦᠯᠦᠭᠡ᠂ ᠤᠯᠤᠰ ‍ᠤᠨ‌ᠡᠮ ᠡᠮᠨᠡᠯᠭᠡ ᠶᠢᠨ ᠲᠠᠭᠠᠳᠬᠠᠯ ᠤᠨ ᠲᠤᠪᠴᠢᠶ᠎ᠠ ᠵᠡᠷᠭᠡ ᠰᠠᠯᠠᠭ᠎ᠠ ᠮᠦᠴᠢᠷ ᠤᠳ ᠤᠨ ᠬᠤᠯᠪᠤᠭᠠᠯᠠᠨ ᠪᠠᠭᠤᠯᠭᠠᠭᠰᠠᠨ ︽2018 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾ ︵ᠡᠮ ᠲᠠᠭᠠᠳᠬᠠᠯ ᠲᠠᠷᠬᠠᠭᠠᠭᠰᠠᠨ ﹇2018﹈ 2 ᠲᠤᠭᠠᠳᠤ︶ ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠮᠠᠨ ᠤ ᠬᠤᠳᠠ ᠶᠢᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠰᠠᠭᠤᠷᠢ ᠮᠦᠩᠭᠦᠨ ᠤ ᠪᠤᠳᠠᠳᠠᠢ ᠬᠡᠷᠡᠭᠵᠢᠭᠦᠯᠦᠯᠳᠡ ᠲᠠᠢ ᠤᠶᠠᠯᠳᠤᠭᠤᠯᠵᠤ᠂ 2018ᠤᠨ ᠤ 52 ᠳ᠋ᠤᠭᠠᠷ ᠤᠳᠠᠭᠠᠨ ᠤ ᠬᠤᠳᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠬᠤᠷᠢᠶᠠᠨ ᠤ ᠬᠤᠷᠠᠯᠳᠤᠭᠠᠨ᠂ 2018 ᠤᠨ ᠤ12 ᠳ᠋ᠤᠭᠠᠷ ᠤᠳᠠᠭᠠᠨ ᠤ ᠵᠠᠰᠠᠭ ᠤᠨ ᠤᠷᠳᠤᠨ ᠤ ᠪᠠᠶᠢᠩᠭᠤ ᠶᠢᠨ ᠠᠵᠢᠯ ᠤᠨ ᠬᠤᠷᠠᠯᠳᠤᠭᠠᠨ ᠤ ᠬᠢᠨᠠᠨ ᠪᠠᠳᠤᠯᠠᠬᠤ ᠪᠠᠷ ᠲᠠᠮᠵᠢᠨ᠂ ᠤᠳᠤ 2019 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ‌ᠡᠮ ᠡᠮᠨᠡᠯᠭᠡ ᠶᠢᠨ ᠲᠠᠭᠠᠳᠬᠠᠯ ᠤᠨ ᠬᠤᠪᠢ ᠬᠦᠮᠦᠨ ᠤ ᠰᠤᠶᠢᠳᠭᠡᠯ ᠲᠤᠰᠢᠶᠠᠬᠤ ᠬᠤᠯᠪᠤᠭᠳᠠᠯ ᠪᠦᠬᠦᠢ ᠤᠴᠢᠷ ᠢ ᠲᠤᠤᠷᠠᠬᠢ ᠮᠡᠳᠦ ᠮᠡᠳᠡᠭᠳᠡᠶ᠎ᠡ︕ ᠨᠢᠭᠡ᠂ ᠲᠠᠭᠠᠳᠬᠠᠯ ᠳᠤ ᠤᠷᠤᠯᠴᠠᠬᠤ ᠬᠦᠷᠢᠶ᠎ᠡ ᠬᠡᠪᠴᠢᠶ᠎ᠡ   ᠲᠤᠰ ᠬᠤᠳᠠ ᠶᠢᠨ ᠡᠷᠤᠬᠡ ᠠᠮᠠ ᠶᠢᠨ ᠲᠠᠩᠰᠠ ᠲᠠᠢ ᠡᠰᠡᠭᠦᠯ᠎ᠡ ᠲᠤᠰ ᠬᠤᠳᠠ ᠳᠤ ᠪᠦᠬᠦᠯᠢ ᠨᠢᠭᠡ ᠵᠢᠯ ᠠᠴᠠ ᠲᠡᠭᠡᠭᠰᠢ ᠰᠠᠭᠤᠷᠢᠰᠢᠭᠰᠠᠨ ᠪᠦᠭᠡᠳ ᠬᠤᠳᠠ ᠪᠠᠯᠭᠠᠰᠤᠨ ᠤ ᠠᠵᠢᠯᠳᠡᠨ‌ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠲᠠᠭᠠᠳᠬᠠᠯ ᠳᠤ ᠤᠷᠤᠯᠴᠠᠭᠰᠠᠨ ᠦᠭᠡᠢ ᠬᠤᠳᠠ‌‍ᠬᠦ᠋ᠳᠡᠭᠡ ᠶᠢᠨ ᠰᠠᠭᠤᠭᠠᠯᠢ ᠠᠷᠠᠳ᠂ ᠭᠤᠤᠯᠳᠠᠭᠤ ᠮᠠᠯᠵᠢᠬᠤ ᠲᠠᠷᠢᠶᠠᠯᠠᠬᠤ ᠤᠷᠤᠨ ᠤ ᠰᠠᠭᠤᠭᠠᠯᠢ ᠠᠷᠠᠳ᠂ ᠬᠤᠳᠠ ᠪᠠᠯᠭᠠᠰᠤᠨ ᠤ ᠠᠵᠢᠯ ᠦᠭᠡᠢ ᠰᠠᠭᠤᠭᠠᠯᠢ ᠠᠷᠠᠳ᠂ ᠡᠯ᠎ᠡ ᠲᠦᠷᠦᠯ ᠤᠨ ᠪᠦᠬᠦᠯᠢ ᠡᠳᠦᠷ ᠤᠨ ᠲᠦᠷᠢᠮᠳᠤ ᠰᠤᠷᠭᠠᠭᠤᠯᠢ ᠳᠤ ᠰᠠᠭᠤᠭ᠎ᠠ ᠰᠤᠷᠤᠭᠴᠢ᠂ ᠰᠤᠷᠬᠤ ᠨᠠᠰᠤᠨ ᠠᠴᠠ ᠡᠮᠦᠨᠡᠬᠢ ᠬᠡᠤᠬᠡᠳ᠂ ᠤᠯᠤᠰ ᠪᠠ ᠦᠪᠡᠷᠳᠡᠭᠡᠨ ᠵᠠᠰᠠᠬᠤ ᠤᠷᠤᠨ ᠠᠴᠠ ᠲᠤᠭᠳᠠᠭᠠᠭᠰᠠᠨ ᠪᠤᠰᠤᠳ ᠬᠦᠮᠦᠰ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠳᠤ ᠤᠷᠤᠯᠴᠠᠬᠤ ᠬᠡᠷᠡᠭᠳᠡᠢ᠃ ᠬᠤᠶᠠᠷ᠂ ᠰᠤᠶᠢᠳᠭᠡᠯ ᠲᠤᠰᠢᠶᠠᠬᠤ ᠪᠠᠷᠢᠮᠵᠢᠶ᠎ᠠ   ︵ ᠨᠢᠭᠡ︶ 2019 ᠤᠨ ᠤ ᠬᠤᠪᠢ ᠬᠦᠮᠦᠨ ᠤ ᠰᠤᠶᠢᠳᠭᠡᠯ ᠲᠤᠰᠢᠶᠠᠬᠤ ᠪᠠᠷᠢᠮᠵᠢᠶ᠎ᠠ   1  ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠤᠳᠤᠷᠠᠬᠢ ᠨᠠᠰᠤᠨ ᠳᠤ ᠬᠦᠷᠦᠭᠰᠡᠳ ᠬᠦᠮᠦᠨ ᠪᠦᠷᠢ ᠵᠢᠯ ᠪᠦᠷᠢ ᠳᠤ260 ᠲᠦᠭᠦᠷᠢᠭ ᠲᠤᠰᠢᠶᠠᠨ᠎ᠠ᠃   2 ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠲᠤᠳᠤᠷᠠᠬᠢ ᠰᠤᠷᠤᠭᠴᠢ᠂ ᠬᠡᠤᠬᠡᠳ ᠨᠢᠭᠡᠪᠤᠷᠢ ᠵᠢᠯ ᠪᠦᠷᠢ ᠳᠤ160 ᠲᠦᠭᠦᠷᠢᠭ ᠲᠤᠰᠢᠶᠠᠨ᠎ᠠ᠃   3 ᠰᠤᠷᠭᠠᠭᠤᠯᠢ ᠶᠢᠨ ᠪᠤᠰᠤ ᠬᠦᠮᠦᠰ ᠢ18 ᠪᠦᠬᠦᠯᠢ ᠨᠠᠰᠤ ᠪᠠᠷ ᠬᠢᠵᠠᠭᠠᠷᠯᠠᠵᠤ᠂18 ᠪᠦᠬᠦᠯᠢ ᠨᠠᠰᠤᠨ ᠠᠴᠠ ᠲᠤᠷᠤᠭᠰᠢ  ᠨᠢ160 ᠲᠦᠭᠦᠷᠢᠭ ᠲᠤᠰᠢᠶᠠᠵᠤ᠂18 ᠪᠦᠬᠦᠯᠢ ᠨᠠᠰᠤᠨ ᠠᠴᠠ ᠲᠡᠭᠡᠭᠰᠢ ᠨᠢ ᠨᠠᠰᠤᠨ ᠳᠤ ᠬᠦᠷᠦᠭᠰᠡᠳ ᠤᠨ ᠪᠠᠷᠢᠮᠵᠢᠶ᠎ᠠ ᠪᠠᠷ ᠰᠤᠶᠢᠳᠭᠡᠯ ᠲᠤᠰᠢᠶᠠᠨ᠎ᠠ᠃     ︵ ᠬᠤᠶᠠᠷ︶ ᠶᠠᠳᠠᠭᠤ ᠬᠦᠴᠢᠷᠳᠡᠯᠳᠡᠢ ᠬᠦᠮᠦᠰ ᠤᠨ ᠰᠤᠶᠢᠳᠭᠡᠯ ᠲᠤᠰᠢᠶᠠᠬᠤ ᠠᠷᠭ᠎ᠠ  1 ᠬᠤᠳᠠ ᠪᠠᠯᠭᠠᠰᠤ ᠶᠢᠨ︽ᠭᠤᠷᠪᠠ ᠦᠭᠡᠢ︾ ᠭᠦᠮᠦᠰ᠂ ᠬᠦᠳᠡᠭᠡ ᠲᠤᠰᠬᠤᠨ ᠤ ︽ᠲᠠᠪᠤᠨ ᠪᠠᠳᠤᠯᠠᠭᠠᠳᠤ︾ ᠡᠷᠦᠬᠡ᠂ ᠦᠨᠦᠴᠢᠨ ᠵᠡᠮᠳᠡᠭ ᠬᠡᠤᠬᠡᠳ ᠪᠠᠭᠠᠴᠤᠳ ᠤᠨ ᠤᠷᠤᠯᠴᠠᠬᠤ ᠬᠤᠳᠠ‌‍ᠬᠦ᠋ᠳᠡᠭᠡ ᠵᠢᠨ‌‍ᠰᠠᠭᠤᠭᠠᠯᠢ ᠠᠷᠠᠳ ‍ᠤᠨ‌ᠡᠮ‌ᠡᠮᠨᠡᠯᠭᠡ ᠶᠢᠨ ᠲᠠᠭᠠᠳᠬᠠᠯ ᠤᠨ ᠬᠤᠪᠢ ᠬᠦᠮᠦᠨ ᠤ ᠲᠤᠰᠢᠶᠠᠬᠤ ᠰᠤᠶᠢᠳᠭᠡᠯ ᠢ ᠪᠦᠬᠦᠨ ᠢ ᠬᠡᠯᠳᠦᠷᠡᠭᠦᠯᠦᠨ᠎ᠡ᠃ᠠᠷᠠᠳ ᠤᠨ ᠶᠠᠪᠤᠳᠠᠯ ᠤᠨ ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠪᠡᠯᠡ ᠮᠦᠩᠬᠦ ᠶᠢ ᠦᠨ᠎ᠡ ᠶᠢᠨ ᠲᠤᠭ᠎ᠠ ᠶᠤᠰᠤᠭᠠᠷ ᠢᠶᠠᠷ ᠨᠢ ᠵᠤᠭᠤᠰ ᠢᠶᠠᠷ ᠲᠤᠰᠠᠯᠠᠨ᠎ᠠ᠃  2 ᠲᠠᠩᠰᠠᠯᠠᠵᠤ ᠺᠠᠷᠲ᠋ᠠᠯᠠᠭᠰᠠᠨ ᠤᠨᠢᠨ ᠲᠡᠭᠡᠷ᠎ᠡ ᠨᠢ ᠶᠠᠳᠠᠭᠤ ᠶᠢ ᠳᠡᠳᠭᠦᠬᠦ ᠡᠳᠡᠭᠡᠳ ᠤᠨ ᠲᠤᠳᠤᠷᠠᠬᠢ ᠨᠠᠰᠤᠨ ᠳᠤ ᠬᠦᠷᠦᠭᠰᠡᠳ ᠤᠨ ᠬᠤᠳᠠ‌‍ᠬᠦ᠋ᠳᠡᠭᠡ ᠵᠢᠨ‌‍ᠰᠠᠭᠤᠭᠠᠯᠢ ᠠᠷᠠᠳ ‍ᠤᠨ‌ᠡᠮ‌ᠡᠮᠨᠡᠯᠭᠡ ᠵᠢᠨ‌‍ᠲ᠋ᠠᠭᠠᠳᠬᠠᠯ ᠳᠤ ᠤᠷᠤᠯᠴᠠᠬᠤ ᠳᠤ᠂ ᠡᠳ᠋ ᠤᠨ ᠵᠠᠰᠠᠭ ᠠᠴᠠ110 ᠲᠦᠭᠦᠷᠢᠭ ᠤᠨ ᠨᠦᠬᠦᠪᠤᠷᠢ ᠦᠭᠴᠦ᠂ ᠰᠤᠷᠤᠭᠴᠢ ᠪᠠ ᠬᠡᠤᠬᠡᠳ ᠲᠤ100 ᠲᠦᠭᠦᠷᠢᠭ ᠤᠨ ᠨᠦᠬᠦᠪᠦᠷᠢ ᠦᠭᠭᠦᠨ᠎ᠡ᠃  3 ᠠᠮᠢᠳᠤᠷᠠᠯ ᠤᠨ ᠬᠠᠮᠤᠭ ᠤᠨ ᠲᠤᠤᠷ᠎ᠠ ᠪᠠᠳᠤᠯᠠᠭ᠎ᠠ ᠶᠢ ᠬᠦᠷᠳᠡᠵᠦ ᠪᠠᠶᠢᠭ᠎ᠠ ᠬᠤᠳᠠ ᠬᠦᠳᠡᠭᠡ ᠶᠢᠨ ᠰᠠᠭᠤᠭᠠᠯᠢ ᠠᠷᠠᠳ ‍ᠤᠨ‌ᠡᠮ‌ᠡᠮᠨᠡᠯᠭᠡ ᠵᠢᠨ‌‍ᠲ᠋ᠠᠭᠠᠳᠬᠠᠯ ᠳᠤ ᠤᠷᠤᠯᠴᠠᠭᠰᠠᠨ ᠰᠠᠭᠤᠭᠠᠯᠢ ᠠᠷᠠᠳ ᠬᠤᠪᠢ ᠬᠦᠮᠦᠨ ᠤ ᠲᠤᠰᠢᠶᠠᠬᠤ ᠵᠠᠷᠤᠳᠠᠯ ᠢ ᠮᠦᠨ ᠯᠡ 60 ᠲᠦᠭᠦᠷᠢᠭ ᠤᠨ ᠪᠠᠷᠢᠮᠵᠢᠶ᠎ᠠ ᠪᠠᠷ ᠠᠷᠠᠳ ᠤᠨ ᠶᠠᠪᠤᠳᠠᠯ ᠤᠨ ᠡᠮ ᠡᠮᠨᠡᠯᠭᠡ ᠶᠢᠨ ᠲᠤᠰᠠᠯᠠᠮᠵᠢ ᠶᠢᠨ ᠪᠡᠯᠡ ᠮᠦᠩᠬᠦ ᠪᠠᠷ ᠲᠠᠮᠵᠢᠭᠤᠯᠤᠨ ᠨᠦᠬᠦᠪᠦᠷᠢ ᠤᠯᠭᠤᠬᠤ ᠬᠡᠷᠡᠭᠳᠡᠢ᠃ ᠲᠤᠤᠷ᠎ᠠ ᠪᠠᠳᠤᠯᠠᠭᠠᠳᠤ ᠬᠦᠮᠦᠰ ᠤᠨ ᠲᠤᠳᠤᠷᠠᠬᠢ ᠤᠨᠢᠨ ᠲᠡᠭᠡᠷ᠎ᠡ ᠨᠢ ᠶᠠᠳᠠᠭᠤ ᠶᠢ ᠳᠡᠳᠭᠦᠬᠦ ᠡᠳᠡᠭᠡᠳ ᠲᠤ ᠪᠠᠭᠳᠠᠬᠤ ᠶᠢ ᠨᠢ ᠤᠨᠢᠨ ᠲᠡᠭᠡᠷ᠎ᠡ ᠨᠢ ᠶᠠᠳᠠᠭᠤ ᠶᠢ ᠳᠡᠳᠭᠦᠬᠦ ᠡᠳᠡᠭᠡᠳ ᠤᠨ ᠪᠠᠷᠢᠮᠵᠢᠶ᠎ᠠ ᠪᠠᠷ ᠨᠦᠬᠦᠪᠤᠷᠢ ᠤᠯᠭᠤᠨ᠎ᠠ᠃ᠭᠤᠷᠪᠠ᠂ ᠰᠤᠶᠢᠳᠭᠡᠯ ᠲᠤᠰᠢᠶᠠᠬᠤ ᠴᠠᠭ   2019 ᠤᠨ ᠤ ᠬᠤᠳᠠ ᠬᠦᠳᠡᠭᠡ ᠶᠢᠨ ᠰᠠᠭᠤᠭᠠᠯᠢ ᠠᠷᠠᠳ ‍ᠤᠨ‌ᠡᠮ‌ᠡᠮᠨᠡᠯᠭᠡ ᠵᠢᠨ‌‍ᠲ᠋ᠠᠭᠠᠳᠬᠠᠯ ‍ᠤᠨ‌‍ᠰᠤᠶᠢᠳᠭᠡᠯ ᠲᠤᠰᠢᠶᠠᠬᠤ ᠬᠤᠭᠤᠴᠠᠭ᠎ᠠ᠄2018 ᠤᠨ ᠤ11 ᠰᠠᠷ᠎ᠠ ᠶᠢᠨ7 ᠤ ᠡᠳᠦᠷ  ᠠᠴᠠ2019 ᠤᠨ ᠤ3 ᠰᠠᠷ᠎ᠠ ᠶᠢᠨ31 ᠤ ᠡᠳᠦᠷ ᠬᠦᠷᠳᠡᠯ᠎ᠡ ᠃ ᠲᠤᠭᠳᠠᠭᠰᠠᠨ ᠬᠤᠭᠤᠴᠠᠭ᠎ᠠ ᠠᠴᠠ ᠬᠡᠳᠦᠷᠡᠪᠡᠯ ᠬᠤᠪᠢ ᠬᠦᠮᠦᠨ ᠤ ᠰᠤᠶᠢᠳᠭᠡᠯ ᠲᠤᠰᠢᠶᠠᠬᠤ ᠭᠠᠷ ᠭᠦᠢᠴᠡᠳᠭᠡᠯ ᠬᠢᠬᠦ ᠶᠢ ᠬᠠᠷᠢᠭᠤᠴᠠᠬᠤ ᠦᠭᠡᠢ᠃ᠲᠦᠷᠪᠡ᠂ ᠬᠠᠷᠠᠭᠠᠯᠵᠠᠯ ᠡᠳ᠋ᠯᠡᠬᠦ  ᠬᠤᠭᠤᠴᠠᠭ᠎ᠠ᠄   ᠲᠠᠭᠠᠳᠬᠠᠯ ᠳᠤ ᠤᠷᠤᠯᠴᠠᠭᠰᠠᠨ ᠰᠠᠭᠤᠭᠠᠯᠢ ᠠᠷᠠᠳ ᠤᠨ ᠬᠤᠳᠠ ᠬᠦᠳᠡᠭᠡ ᠶᠢᠨ ᠰᠠᠭᠤᠭᠠᠯᠢ ᠠᠷᠠᠳ ‍ᠤᠨ‌ᠡᠮ‌ᠡᠮᠨᠡᠯᠭᠡ ᠵᠢᠨ‌‍ᠲ᠋ᠠᠭᠠᠳᠬᠠᠯ ᠤᠨ ᠬᠠᠷᠠᠭᠠᠯᠵᠠᠯ ᠬᠦᠷᠳᠡᠬᠦ ᠬᠤᠭᠤᠴᠠᠭ᠎ᠠ᠄2019 ᠤᠨ ᠤ1 ᠰᠠᠷ᠎ᠠ ᠶᠢᠨ1 ᠤ ᠡᠳᠦᠷ ᠠᠴᠠ2019 ᠤᠨ ᠤ12 ᠰᠠᠷ᠎ᠠ ᠶᠢᠨ31 ᠤ ᠡᠳᠦᠷ ᠬᠦᠷᠳᠡᠯ᠎ᠡ᠃ ᠲᠠᠪᠤ᠂ ᠲᠠᠳᠠᠪᠤᠷᠢᠯᠡᠵᠦ ᠲᠤᠰᠢᠶᠠᠬᠤ ᠠᠷᠭ᠎ᠠ ᠮᠠᠶ᠋ᠢᠭ    ᠲᠤᠰ ᠤᠳᠠᠭᠠᠨ ᠤ ᠲᠠᠳᠠᠪᠤᠷᠢᠯᠠᠵᠤ ᠲᠤᠰᠢᠶᠠᠬᠤ ᠨᠢ ᠮᠦᠨ ᠴᠦ ᠤᠤᠯ ᠤᠨ ᠠᠷᠭ᠎ᠠ ᠠᠪᠴᠠᠯ ᠢᠶᠠᠷ ᠲᠠᠳᠠᠪᠤᠷᠢᠯᠠᠵᠤ ᠲᠤᠰᠢᠶᠠᠨ᠎ᠠ᠃ᠵᠢᠷᠭᠤᠭ᠎ᠠ᠂ ᠪᠤᠰᠤᠳ ᠵᠤᠶᠢᠯ    ᠲᠤᠰ ᠮᠡᠳᠡᠭᠳᠡᠯ ᠢ ᠨᠡᠶᠢᠳᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠤᠯᠤᠨ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ᠲᠤᠰ ᠮᠡᠳᠡᠭᠳᠡᠯ ᠳᠤ ᠲᠤᠷᠠᠳᠤᠭᠰᠠᠨ ᠦᠭᠡᠢ ᠵᠤᠶᠢᠯ ᠵᠤᠷᠪᠤᠰ ᠢ ︽ ᠤᠯᠠᠭᠠᠨᠴᠠᠪ ᠬᠤᠳᠠ ᠵᠢᠨ‌ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ‌ᠡᠮᠨᠡᠯᠭᠡ ᠵᠢᠨ‌‍ᠲ᠋ᠠᠭᠠᠳᠬᠠᠯ ᠤᠨ ᠬᠠᠮᠢᠶᠠᠷᠤᠯᠳᠠ ᠶᠢᠨ ᠲᠦᠷ ᠬᠡᠷᠡᠭᠵᠢᠭᠦᠯᠬᠦ  ᠠᠷᠭ᠎ᠠ︾ ︵ ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ   ﹇2017﹈14 ᠲᠤᠭᠠᠳᠤ︶ ᠪᠢᠴᠢᠭ ᠮᠠᠲ᠋ᠧᠷᠢᠶᠠᠯ ᠢᠶᠠᠷ ᠬᠡᠷᠡᠭᠵᠢᠭᠦᠯᠬᠦ ᠬᠡᠷᠡᠭᠳᠡᠢ᠃                                                                      2018ᠤᠨ ᠤ11 ᠰᠠᠷ᠎ᠠ ᠶᠢᠨ8 ᠤ ᠡᠳᠦᠷ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2