ᠯᠢᠶᠠᠩᠴᠧᠩ ᠰᠢᠶᠠᠨ ᠦᠪᠦᠷ ᠮᠤᠩᠭᠤᠯ ᠤᠨ ᠲᠤᠮᠳᠠ ᠡᠮᠦᠨ᠎ᠡ ᠬᠡᠰᠡᠭ᠂ ᠤᠯᠠᠭᠠᠨᠴᠠᠪ ᠬᠤᠳᠠ ᠶᠢᠨ ᠡᠮᠦᠨ᠎ᠡ | ᠬᠡᠰᠡᠭ᠂ ᠦᠪᠦᠷ ᠮᠤᠩᠭᠤᠯ᠂ ᠱᠠᠨ ᠰᠢ᠂ ᠡᠾᠧᠪᠸᠢ ᠵᠡᠷᠭᠡ ᠭᠤᠷᠪᠠᠨ ᠮᠤᠵᠢ ᠤᠷᠤᠨ ᠤ ᠠᠭᠤᠯᠵᠠᠷ ᠤᠨ ᠲᠦᠪ ᠲᠤ | ᠪᠠᠶᠢᠷᠢᠰᠢᠵᠦ᠂ ᠵᠡᠭᠦᠨ ᠲᠠᠯ᠎ᠠ ᠪᠠᠷ ᠢᠶᠠᠨ ᠹᠧᠩᠵᠧᠨ ᠬᠤᠳᠠ᠂ ᠡᠮᠦᠨᠡᠭᠦᠷ ᠵᠶ᠋ᠡᠨᠱᠠᠨᠰᠢ ᠮᠤᠵᠢ ᠶᠢᠨ ᠽᠦᠸᠧ ᠶᠦᠨ | ᠰᠢᠶᠠᠨ᠂ ᠶᠢᠥ ᠢᠦᠢ ᠰᠢᠶᠠᠨ ᠯᠤᠭ᠎ᠠ ᠬᠦᠷᠰᠢᠯᠠᠨ᠂ ᠬᠤᠶᠢᠭᠤᠷ ᠢᠶᠠᠨ ᠵᠦᠸᠧᠽᠢ ᠰᠢᠶᠠᠨ ᠯᠤᠭ᠎ᠠ ᠬᠢᠯᠢ ᠨᠡᠶᠢᠯᠡᠵᠦ᠂ | ᠪᠠᠷᠠᠭᠤᠨ ᠲᠠᠯ᠎ᠠ ᠪᠠᠷ ᠢᠶᠠᠨ ᠬᠦᠬᠡᠬᠤᠳᠠ᠂ ᠬᠤᠷᠢᠨᠭᠡᠷ ᠰᠢᠶᠠᠨ ᠲᠠᠢ ᠵᠠᠯᠭᠠᠯᠳᠤᠵᠦ ᠪᠤᠢ᠃ | ᠯᠢᠶᠠᠩᠴᠧᠩ ᠰᠢᠶᠠᠨ ᠤ ᠬᠠᠷᠢᠶᠠᠨ ᠳᠤ ᠨᠡᠶᠢᠳᠡᠲ᠋ᠠᠪᠤᠨ ᠪᠠᠯᠭᠠᠰᠤ ︵ᠲᠠᠭ᠎ᠠ ᠶᠢᠨ ᠨᠠᠭᠤᠷ ᠪᠠᠯᠭᠠᠰᠤ᠂ | ᠮᠠᠶᠢᠬᠠᠨᠳᠤ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ᠂ ᠶᠦᠩ ᠰᠢᠩ ᠪᠠᠯᠭᠠᠰᠤ᠂ ᠮᠠᠩᠬᠠᠨ ᠪᠠᠯᠭᠠᠰᠤ︶᠂ ᠭᠤᠷᠪᠠᠨ | ᠰᠢᠶᠠᠩ ︵ᠲᠢᠶᠠᠨᠴᠧᠩ ᠰᠢᠶᠠᠩ᠂ ᠴᠠᠩ ᠬᠠᠨᠢᠩ ᠰᠢᠶᠠᠩ᠂ ᠼᠤᠤ ᠨᠢᠶᠠᠨ ᠮᠠᠨᠵᠦ ᠦᠨᠳᠦᠰᠦᠳᠡᠨ ᠤ ᠰᠢᠶᠠᠩ︶᠂ | ᠨᠢᠭᠡ ᠬᠡᠷᠡᠭ ᠡᠷᠬᠢᠯᠡᠬᠦ ᠭᠠᠵᠠᠷ ︵ᠲᠠᠭ᠎ᠠ ᠶᠢᠨ ᠨᠠᠭᠤᠷ ᠵᠤᠭᠠᠴᠠᠯ ᠤᠨ ᠤᠷᠤᠨ ᠤ ᠬᠡᠷᠡᠭ ᠡᠷᠬᠢᠯᠡᠬᠦ ᠭᠠᠵᠠᠷ︶᠂132 | ᠲᠤᠰᠬᠤᠨ ᠤ ᠵᠦᠪᠯᠡᠯ᠂10 ᠰᠠᠭᠤᠭᠠᠯᠢ ᠠᠷᠠᠳ ᠤᠨ ᠵᠦᠪᠯᠡᠯ᠂898 ᠲᠤᠰᠬᠤᠨ ᠠᠷᠠᠳ ᠤᠨ ᠪᠠᠭ᠎ᠠ ᠲᠤᠭᠤᠶᠢᠯᠠᠩ᠂ | 49 ᠰᠠᠭᠤᠭᠠᠯᠢ ᠠᠷᠠᠳ ᠤᠨ ᠪᠠᠭ᠎ᠠ ᠲᠤᠭᠤᠶᠢᠯᠠᠩ ᠪᠠᠶᠢᠳᠠᠭ᠃ | ᠪᠦᠬᠦ ᠰᠢᠶᠠᠨ ᠤ ᠶᠡᠷᠦᠩᠬᠡᠢ ᠬᠦᠮᠦᠨ ᠠᠮᠠ ᠨᠢ 24 ·38 ᠲᠦᠮᠡ᠂ ᠪᠠᠶᠢᠩᠭᠤ ᠰᠠᠭᠤᠭ᠎ᠠ ᠬᠦᠮᠦᠨ ᠠᠮᠠ | ᠨᠢ18·1 ᠲᠦᠮᠡ᠂ ᠨᠡᠭᠦᠳᠡᠯ ᠬᠦᠮᠦᠨ ᠠᠮᠠ ᠨᠢ 3·6 ᠲᠦᠮᠡ ᠪᠠᠶᠢᠵᠦ᠂ ᠡᠷᠡᠭᠳᠠᠢ ᠡᠮᠡᠭᠳᠠᠢ ᠶᠢᠨ ᠴᠢᠨᠠᠷ ᠤᠨ | ᠢᠯᠭᠠᠯ ᠤᠨ ᠬᠠᠷᠢᠴᠠᠯ ᠨᠢ117᠄100 ᠪᠠᠶᠢᠳᠠᠭ᠃ ᠪᠦᠬᠦ ᠰᠢᠶᠠᠨ ᠤ ᠬᠦᠳᠡᠭᠡ ᠲᠤᠰᠬᠤᠨ ᠤ ᠡᠷᠦᠬᠡ ᠠᠮᠠ ᠶᠢᠨ | ᠲᠤᠭ᠎ᠠ ᠨᠢ21 ᠲᠦᠮᠡ᠂ ᠲᠠᠷᠢᠶᠠᠯᠠᠩ ᠤᠨ ᠪᠠᠶᠢᠩᠭᠤ ᠰᠠᠭᠤᠭ᠎ᠠ ᠪᠤᠳᠠᠳᠤ ᠬᠦᠮᠦᠨ ᠠᠮᠠ ᠨᠢ17·2 ᠲᠦᠮᠡ᠂ | ᠬᠤᠳᠠ ᠪᠠᠯᠭᠠᠰᠤ ︵ᠲᠠᠭ᠎ᠠ ᠶᠢᠨ ᠨᠠᠭᠤᠷ ᠪᠠᠯᠭᠠᠰᠤ︶ ᠶᠢᠨ ᠡᠷᠤᠬᠡ ᠠᠮᠠ ᠶᠢᠨ ᠲᠤᠭ᠎ᠠ ᠨᠢ 3·8 ᠲᠦᠮᠡ᠂ | ᠪᠠᠶᠢᠩᠭᠤ ᠰᠠᠭᠤᠭ᠎ᠠ ᠪᠤᠳᠠᠳᠤ ᠬᠦᠮᠦᠨ ᠠᠮᠠ ᠨᠢ7·9 ᠲᠦᠮᠡ᠂ ᠨᠡᠭᠦᠳᠡᠯ ᠬᠦᠮᠦᠨ ᠠᠮᠠ ᠨᠢ 4·1 ᠲᠦᠮᠡ᠃ | ᠪᠦᠬᠦ ᠰᠢᠶᠠᠨ ᠤ ᠨᠤᠳᠤᠭ ᠳᠡᠪᠢᠰᠭᠡᠷ ᠨᠢ 3458·3 ᠳᠡᠭᠰᠢ ᠲᠦᠷᠪᠡᠯᠵᠢᠨ ᠺᠢᠯᠤᠮᠧᠲᠷ ︵518 ᠲᠦᠮᠡᠨ | ᠮᠦ︶᠃ ᠦᠪᠡᠷᠳᠡᠭᠡᠨ ᠵᠠᠰᠠᠬᠤ ᠤᠷᠤᠨ ᠤ ᠶᠡᠷᠦᠩᠬᠡᠢ ᠲᠠᠯᠠᠪᠠᠢ ᠶᠢᠨ0·3% ᠢ ᠡᠵᠡᠯᠡᠨ᠂ ᠰᠢᠶᠠᠨ ᠤ ᠲᠤᠳᠤᠷ᠎ᠠ | ᠵᠡᠭᠦᠨ ᠪᠠᠷᠠᠭᠤᠨ ᠢᠶᠠᠨ ᠬᠠᠮᠤᠭ ᠤᠨ ᠤᠷᠳᠤ ᠳᠠᠭᠠᠨ82 ᠺᠢᠯᠤᠮᠧᠲᠷ ᠪᠠᠶᠢᠵᠦ᠂ ᠡᠮᠦᠨ᠎ᠡ ᠬᠤᠶᠢᠨ᠎ᠠ ᠪᠠᠨ ᠬᠠᠮᠤᠭ | ᠦᠷᠭᠡᠨ ᠳᠡᠭᠡᠨ73 ᠺᠢᠯᠤᠮᠧᠲᠷ ᠪᠠᠶᠢᠳᠠᠭ᠃ ᠭᠠᠵᠠᠷ ᠤᠨ ᠪᠠᠶᠢᠷᠢᠰᠢᠯ ᠨᠢ ᠶᠡᠷᠦᠩᠬᠡᠢ ᠳᠡᠭᠡᠨ ᠲᠦᠷᠪᠡᠨ | ᠲᠠᠯ᠎ᠠ ᠪᠠᠷ ᠢᠶᠠᠨ ᠠᠭᠤᠯᠠ ᠬᠦᠷᠢᠶᠡᠯᠡᠵᠦ᠂ ᠬᠤᠶᠢᠭᠤᠷ ᠨᠢ ᠮᠠᠩᠬᠠᠨ ᠠᠭᠤᠯᠠ ︵ᠬᠢᠳᠠᠳ ᠢᠶᠠᠷ ᠮᠠᠨ ᠬᠠᠨ ᠱᠠᠨ︶᠂ | ᠡᠮᠦᠨᠡᠭᠦᠷ ᠨᠢ ᠮᠠ ᠲᠸᠦ ᠱᠠᠨ ᠠᠭᠤᠯᠠ᠂ ᠲᠤᠮᠳᠠᠭᠤᠷ ᠨᠢ ᠳᠠᠭ᠎ᠠ ᠶᠢᠨ ᠨᠠᠭᠤᠷ ᠤᠨ ᠲᠠᠩ ᠤᠨ ᠬᠤᠳᠤᠭᠤᠷ ᠭᠠᠵᠠᠷ | ᠪᠤᠯᠤᠨ᠎ᠠ᠃ ᠪᠦᠬᠦ ᠰᠢᠶᠠᠨ ᠤ ᠲᠠᠷᠢᠶᠠᠨ ᠭᠠᠵᠠᠷ 95 ᠲᠦᠮᠡᠨ ᠮᠦ᠂ ᠡᠭᠦᠨ ᠳᠤ ᠤᠰᠤᠨ ᠲᠠᠷᠢᠶ᠎ᠠ 24·02 | ᠲᠦᠮᠡᠨ ᠮᠦ ᠪᠠᠶᠢᠵᠦ᠂ ᠪᠦᠬᠦ ᠲᠠᠷᠢᠶᠠᠨ ᠭᠠᠵᠠᠷ ᠤᠨ ᠲᠠᠯᠠᠪᠠᠢ ᠶᠢᠨ25·28% ᠶᠢ ᠡᠵᠡᠯᠡᠨ᠂ ᠬᠠᠭᠤᠷᠠᠢ ᠭᠠᠵᠠᠷ | 70·98 ᠲᠦᠮᠡᠨ ᠮᠦ᠂ ᠪᠦᠬᠦ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ ᠶᠢᠨ74·72% ᠶᠢ ᠡᠵᠡᠯᠡᠨ᠎ᠡ᠃ | ᠬᠦᠮᠦᠨ ᠪᠦᠷᠢ ᠳᠡᠭᠰᠢᠳᠭᠡᠭᠰᠡᠨ ᠲᠠᠷᠢᠶᠠᠨᠭᠠᠵᠠᠷ 3·99 ᠮᠦ ᠳᠤ ᠬᠦᠷᠦᠨ᠎ᠡ᠃ ᠠᠵᠦ ᠠᠬᠤᠢ ᠨᠢ | ᠲᠠᠷᠢᠶᠠᠯᠠᠩ ᠢᠶᠠᠷ ᠭᠤᠤᠯᠯᠠᠭᠤᠯᠵᠦ᠂ ᠲᠠᠷᠢᠮᠠᠯ ᠨᠢ ᠪᠤᠭᠤᠳᠠᠢ᠂ ᠶᠤᠤᠮᠠᠢ᠂ ᠨᠠᠷᠢᠮᠦ᠂ ᠲᠦᠮᠦᠰᠦ ᠪᠠᠷ ᠭᠤᠤᠯᠯᠠᠭᠤᠯᠤᠨ᠎ᠠ | ᠃ ᠠᠵᠦ ᠠᠬᠤᠢ ᠲᠠᠷᠢᠮᠠᠯ ᠳᠤᠨᠢ ᠲᠤᠰᠤᠳᠤ ᠤᠷᠭᠤᠮᠠᠯ᠂ ᠰᠢᠬᠢᠷ ᠯᠤᠤᠪᠠᠩ᠂ ᠡᠭᠡᠭᠡᠮᠡᠯ ᠲᠠᠮᠠᠬᠢ ᠵᠡᠷᠭᠡ ᠪᠤᠢ᠃ | ᠭᠠᠩ ᠬᠠᠭᠤᠷᠠᠢ ᠬᠠᠭᠠᠰ ᠭᠠᠩ ᠬᠠᠭᠤᠷᠠᠢ ᠰᠡᠷᠢᠭᠦᠨ ᠪᠦᠰᠡᠨ ᠤ ᠤᠯᠠᠷᠢᠯ ᠤᠨ ᠰᠠᠯᠬᠢᠨ ᠠᠭᠤᠷ ᠠᠮᠢᠰᠬᠤᠯ | ᠲᠠᠢ᠃ ᠵᠢᠯ ᠤᠨ ᠲᠤᠮᠳᠠᠴᠢ ᠲᠤᠯᠠᠭᠠᠨ ᠤ ᠬᠡᠮᠵᠢᠶ᠎ᠡ5℃᠂ ᠪᠦᠬᠦ ᠵᠢᠯ ᠤᠨ ᠬᠠᠮᠤᠭ ᠲᠤᠤᠷ᠎ᠠ ᠲᠤᠯᠠᠭᠠᠨ ᠤ ᠬᠡᠮᠵᠢᠶ᠎ᠡ | -34·3℃᠂ ᠬᠠᠮᠤᠭ ᠦᠨᠳᠦᠷ ᠲᠤᠯᠠᠭᠠᠨ ᠤ ᠬᠡᠮᠵᠢᠶ᠎ᠡ 39·3℃᠃ ᠨᠢᠭᠡᠳᠦᠭᠡᠷ ᠰᠠᠷ᠎ᠠ ᠬᠠᠮᠤᠭ ᠬᠦᠢᠳᠡᠨ᠂ | ᠲᠤᠮᠳᠠᠴᠢ ᠲᠤᠯᠠᠭᠠᠨ ᠤ ᠬᠡᠮᠵᠢᠶ᠎ᠡ -13℃᠂ ᠲᠤᠯᠤᠳᠤᠭᠠᠷ ᠰᠠᠷ᠎ᠠ ᠬᠠᠮᠤᠭ ᠤᠨ ᠬᠠᠯᠠᠭᠤᠨ᠂ ᠲᠤᠮᠳᠠᠴᠢ | ᠲᠤᠯᠠᠭᠠᠨ ᠤ ᠬᠡᠮᠵᠢᠶ᠎ᠡ 20·5℃ ᠪᠤᠯᠤᠨ᠎ᠠ᠃ ᠰᠠᠯᠬᠢ ᠤᠯᠠᠨ᠂ ᠬᠤᠷ᠎ᠠ ᠴᠦᠬᠡᠨ᠂ ᠬᠠᠭᠤᠷᠠᠢ᠂ ᠬᠦᠢᠳᠡᠨ | ᠪᠠᠶᠢᠳᠠᠭ ᠂ ᠬᠢᠷᠠᠭᠤ ᠦᠭᠡᠢ ᠬᠤᠭᠤᠴᠠᠭ᠎ᠠ ᠨᠢ120 ᠡᠳᠦᠷ᠃ | ᠤᠳᠤᠬᠠᠨ ᠳᠤ ᠯᠢᠶᠠᠩᠴᠧᠩ ᠰᠢᠶᠠᠨ ᠨᠢ ᠠᠷᠠᠳ ᠢᠶᠠᠷ ᠦᠨᠳᠦᠰᠦ ᠪᠤᠯᠭᠠᠬᠤ ᠵᠠᠰᠠᠭ ᠤᠨ ᠰᠡᠳᠬᠢᠴᠡ ᠪᠠᠨ | ᠡᠷᠡᠰ ᠪᠠᠷᠢᠮᠳᠠᠯᠠᠵᠦ᠂ ︽ᠬᠠᠮᠳᠤ ᠪᠠᠷ ᠪᠦᠯᠬᠦᠮᠳᠡᠨ ᠳᠡᠮᠡᠴᠡᠵᠦ᠂ ᠬᠠᠮᠳᠤ ᠪᠠᠷ ᠴᠡᠴᠡᠭᠯᠡᠨ ᠬᠦᠭᠵᠢᠬᠦ︾ | ᠦᠨᠳᠦᠰᠦᠳᠡᠨ ᠤ ᠠᠵᠢᠯ ᠤᠨ ᠭᠤᠤᠯ ᠰᠡᠳᠤᠪ ᠪᠤᠯᠤᠨ ᠱᠠᠰᠢᠨ ᠰᠤᠷᠳᠠᠬᠤᠨ ᠤ ᠠᠵᠢᠯ ᠤᠨ ᠦᠨᠳᠦᠰᠦᠨ ᠴᠢᠭᠯᠡᠯ ᠤᠨ | ᠲᠤᠭᠤᠷᠢᠨ ᠳᠤ᠂ ᠨᠡᠶᠢᠭᠡᠮ ᠤᠨ ᠡᠶ᠎ᠡ ᠵᠤᠬᠢᠴᠠᠯ ᠢ ᠤᠯᠠᠮ ᠨᠢᠭᠡ ᠠᠯᠬᠤᠮ ᠪᠠᠳᠤᠳᠬᠠᠵᠦ᠂ ᠪᠦᠬᠦ ᠰᠢᠶᠠᠨ ᠳᠤ | ᠦᠨᠳᠦᠰᠦᠳᠡᠨ ᠪᠦᠯᠬᠦᠮᠳᠡᠭᠰᠡᠨ᠂ ᠱᠠᠰᠢᠨ ᠰᠤᠷᠳᠠᠬᠤᠨ ᠡᠶ᠎ᠡ ᠵᠤᠬᠢᠴᠠᠯᠳᠤᠭᠰᠠᠨ᠂ ᠨᠡᠶᠢᠭᠡᠮ ᠡᠶ᠎ᠡ ᠨᠠᠶᠢᠷᠠᠮᠳᠠᠭᠤ ᠠᠵᠦ | ᠠᠬᠤᠢ ᠬᠦᠭᠵᠢᠭᠰᠡᠨ ᠰᠠᠶᠢᠬᠠᠨ ᠪᠠᠶᠢᠳᠠᠯ ᠢᠯᠡᠷᠡᠵᠠᠢ᠃ |