ᠯᠢᠶᠠᠩᠴᠧᠩ ᠰᠢᠶᠠᠨ ᠤ ᠲᠤᠶᠢᠮᠦ ᠪᠠᠶᠢᠳᠠᠯ
ᠨᠡᠶᠢᠲᠡᠯᠡᠭᠰᠡᠨ ᠴᠠᠭ᠄
2018-05-30
    ᠯᠢᠶᠠᠩᠴᠧᠩ ᠰᠢᠶᠠᠨ ᠦᠪᠦᠷ ᠮᠤᠩᠭᠤᠯ ᠤᠨ ᠲᠤᠮᠳᠠ ᠡᠮᠦᠨ᠎ᠡ ᠬᠡᠰᠡᠭ᠂ ᠤᠯᠠᠭᠠᠨᠴᠠᠪ ᠬᠤᠳᠠ ᠶᠢᠨ ᠡᠮᠦᠨ᠎ᠡ ᠬᠡᠰᠡᠭ᠂ ᠦᠪᠦᠷ ᠮᠤᠩᠭᠤᠯ᠂ ᠱᠠᠨ ᠰᠢ᠂ ᠡᠾᠧᠪᠸᠢ ᠵᠡᠷᠭᠡ ᠭᠤᠷᠪᠠᠨ ᠮᠤᠵᠢ ᠤᠷᠤᠨ ᠤ ᠠᠭᠤᠯᠵᠠᠷ ᠤᠨ ᠲᠦᠪ ᠲᠤ ᠪᠠᠶᠢᠷᠢᠰᠢᠵᠦ᠂ ᠵᠡᠭᠦᠨ ᠲᠠᠯ᠎ᠠ ᠪᠠᠷ ᠢᠶᠠᠨ ᠹᠧᠩᠵᠧᠨ ᠬᠤᠳᠠ᠂ ᠡᠮᠦᠨᠡᠭᠦᠷ ᠵᠶ᠋ᠡᠨ‌‍ᠱᠠᠨ‌‍ᠰᠢ ᠮᠤᠵᠢ ᠶᠢᠨ ᠽᠦᠸᠧ ᠶᠦᠨ ᠰᠢᠶᠠᠨ᠂ ᠶᠢᠥ ᠢᠦᠢ ᠰᠢᠶᠠᠨ ᠯᠤᠭ᠎ᠠ ᠬᠦᠷᠰᠢᠯᠠᠨ᠂ ᠬᠤᠶᠢᠭᠤᠷ ᠢᠶᠠᠨ ᠵᠦᠸᠧᠽᠢ ᠰᠢᠶᠠᠨ ᠯᠤᠭ᠎ᠠ ᠬᠢᠯᠢ ᠨᠡᠶᠢᠯᠡᠵᠦ᠂ ᠪᠠᠷᠠᠭᠤᠨ ᠲᠠᠯ᠎ᠠ ᠪᠠᠷ ᠢᠶᠠᠨ ᠬᠦᠬᠡᠬᠤᠳᠠ᠂ ᠬᠤᠷᠢᠨᠭᠡᠷ ᠰᠢᠶᠠᠨ ᠲᠠᠢ ᠵᠠᠯᠭᠠᠯᠳᠤᠵᠦ ᠪᠤᠢ᠃     ᠯᠢᠶᠠᠩᠴᠧᠩ ᠰᠢᠶᠠᠨ ᠤ ᠬᠠᠷᠢᠶᠠᠨ ᠳᠤ ᠨᠡᠶᠢᠳᠡ‌‍ᠲ᠋ᠠᠪᠤᠨ ᠪᠠᠯᠭᠠᠰᠤ ︵ᠲᠠᠭ᠎ᠠ ᠶᠢᠨ ᠨᠠᠭᠤᠷ ᠪᠠᠯᠭᠠᠰᠤ᠂ ᠮᠠᠶᠢᠬᠠᠨᠳᠤ ᠪᠠᠯᠭᠠᠰᠤ᠂ ᠵᠢᠷᠭᠤᠳᠤᠭᠠᠷ ᠰᠤᠮᠤ ᠪᠠᠯᠭᠠᠰᠤ᠂ ᠶᠦᠩ ᠰᠢᠩ ᠪᠠᠯᠭᠠᠰᠤ᠂ ᠮᠠᠩᠬᠠᠨ ᠪᠠᠯᠭᠠᠰᠤ︶᠂ ᠭᠤᠷᠪᠠᠨ ᠰᠢᠶᠠᠩ ︵ᠲᠢᠶᠠᠨᠴᠧᠩ ᠰᠢᠶᠠᠩ᠂ ᠴᠠᠩ ᠬᠠᠨ‌ᠢᠩ ᠰᠢᠶᠠᠩ᠂ ᠼᠤᠤ ᠨᠢᠶᠠᠨ ᠮᠠᠨᠵᠦ ᠦᠨᠳᠦᠰᠦᠳᠡᠨ ᠤ ᠰᠢᠶᠠᠩ︶᠂ ᠨᠢᠭᠡ  ᠬᠡᠷᠡᠭ ᠡᠷᠬᠢᠯᠡᠬᠦ ᠭᠠᠵᠠᠷ ︵ᠲᠠᠭ᠎ᠠ ᠶᠢᠨ ᠨᠠᠭᠤᠷ ᠵᠤᠭᠠᠴᠠᠯ ᠤᠨ ᠤᠷᠤᠨ ᠤ ᠬᠡᠷᠡᠭ ᠡᠷᠬᠢᠯᠡᠬᠦ ᠭᠠᠵᠠᠷ︶᠂132 ᠲᠤᠰᠬᠤᠨ ᠤ ᠵᠦᠪᠯᠡᠯ᠂10 ᠰᠠᠭᠤᠭᠠᠯᠢ ᠠᠷᠠᠳ ᠤᠨ ᠵᠦᠪᠯᠡᠯ᠂898 ᠲᠤᠰᠬᠤᠨ ᠠᠷᠠᠳ ᠤᠨ ᠪᠠᠭ᠎ᠠ ᠲᠤᠭᠤᠶᠢᠯᠠᠩ᠂ 49 ᠰᠠᠭᠤᠭᠠᠯᠢ ᠠᠷᠠᠳ ᠤᠨ ᠪᠠᠭ᠎ᠠ ᠲᠤᠭᠤᠶᠢᠯᠠᠩ ᠪᠠᠶᠢᠳᠠᠭ᠃     ᠪᠦᠬᠦ ᠰᠢᠶᠠᠨ ᠤ ᠶᠡᠷᠦᠩᠬᠡᠢ ᠬᠦᠮᠦᠨ ᠠᠮᠠ ᠨᠢ 24 ·38 ᠲᠦᠮᠡ᠂ ᠪᠠᠶᠢᠩᠭᠤ ᠰᠠᠭᠤᠭ᠎ᠠ ᠬᠦᠮᠦᠨ ᠠᠮᠠ  ᠨᠢ18·1 ᠲᠦᠮᠡ᠂ ᠨᠡᠭᠦᠳᠡᠯ ᠬᠦᠮᠦᠨ ᠠᠮᠠ ᠨᠢ 3·6 ᠲᠦᠮᠡ ᠪᠠᠶᠢᠵᠦ᠂ ᠡᠷᠡᠭᠳᠠᠢ ᠡᠮᠡᠭᠳᠠᠢ ᠶᠢᠨ ᠴᠢᠨᠠᠷ ᠤᠨ ᠢᠯᠭᠠᠯ ᠤᠨ ᠬᠠᠷᠢᠴᠠᠯ ᠨᠢ117᠄100 ᠪᠠᠶᠢᠳᠠᠭ᠃ ᠪᠦᠬᠦ ᠰᠢᠶᠠᠨ ᠤ ᠬᠦᠳᠡᠭᠡ ᠲᠤᠰᠬᠤᠨ ᠤ ᠡᠷᠦᠬᠡ ᠠᠮᠠ ᠶᠢᠨ ᠲᠤᠭ᠎ᠠ ᠨᠢ21 ᠲᠦᠮᠡ᠂ ᠲᠠᠷᠢᠶᠠᠯᠠᠩ ᠤᠨ ᠪᠠᠶᠢᠩᠭᠤ ᠰᠠᠭᠤᠭ᠎ᠠ ᠪᠤᠳᠠᠳᠤ ᠬᠦᠮᠦᠨ ᠠᠮᠠ ᠨᠢ17·2 ᠲᠦᠮᠡ᠂ ᠬᠤᠳᠠ ᠪᠠᠯᠭᠠᠰᠤ ︵ᠲᠠᠭ᠎ᠠ ᠶᠢᠨ ᠨᠠᠭᠤᠷ ᠪᠠᠯᠭᠠᠰᠤ︶ ᠶᠢᠨ ᠡᠷᠤᠬᠡ ᠠᠮᠠ ᠶᠢᠨ ᠲᠤᠭ᠎ᠠ ᠨᠢ 3·8 ᠲᠦᠮᠡ᠂ ᠪᠠᠶᠢᠩᠭᠤ ᠰᠠᠭᠤᠭ᠎ᠠ ᠪᠤᠳᠠᠳᠤ ᠬᠦᠮᠦᠨ ᠠᠮᠠ ᠨᠢ7·9 ᠲᠦᠮᠡ᠂ ᠨᠡᠭᠦᠳᠡᠯ ᠬᠦᠮᠦᠨ ᠠᠮᠠ ᠨᠢ 4·1 ᠲᠦᠮᠡ᠃    ᠪᠦᠬᠦ ᠰᠢᠶᠠᠨ ᠤ ᠨᠤᠳᠤᠭ ᠳᠡᠪᠢᠰᠭᠡᠷ ᠨᠢ 3458·3 ᠳᠡᠭᠰᠢ ᠲᠦᠷᠪᠡᠯᠵᠢᠨ ᠺᠢᠯᠤᠮᠧᠲᠷ ︵518 ᠲᠦᠮᠡᠨ ᠮᠦ︶᠃ ᠦᠪᠡᠷᠳᠡᠭᠡᠨ ᠵᠠᠰᠠᠬᠤ ᠤᠷᠤᠨ ᠤ ᠶᠡᠷᠦᠩᠬᠡᠢ ᠲᠠᠯᠠᠪᠠᠢ ᠶᠢᠨ0·3% ᠢ ᠡᠵᠡᠯᠡᠨ᠂ ᠰᠢᠶᠠᠨ ᠤ ᠲᠤᠳᠤᠷ᠎ᠠ ᠵᠡᠭᠦᠨ ᠪᠠᠷᠠᠭᠤᠨ ᠢᠶᠠᠨ ᠬᠠᠮᠤᠭ ᠤᠨ ᠤᠷᠳᠤ ᠳᠠᠭᠠᠨ82 ᠺᠢᠯᠤᠮᠧᠲᠷ ᠪᠠᠶᠢᠵᠦ᠂ ᠡᠮᠦᠨ᠎ᠡ ᠬᠤᠶᠢᠨ᠎ᠠ ᠪᠠᠨ ᠬᠠᠮᠤᠭ ᠦᠷᠭᠡᠨ ᠳᠡᠭᠡᠨ73 ᠺᠢᠯᠤᠮᠧᠲᠷ ᠪᠠᠶᠢᠳᠠᠭ᠃ ᠭᠠᠵᠠᠷ ᠤᠨ ᠪᠠᠶᠢᠷᠢᠰᠢᠯ ᠨᠢ ᠶᠡᠷᠦᠩᠬᠡᠢ ᠳᠡᠭᠡᠨ ᠲᠦᠷᠪᠡᠨ ᠲᠠᠯ᠎ᠠ ᠪᠠᠷ ᠢᠶᠠᠨ ᠠᠭᠤᠯᠠ ᠬᠦᠷᠢᠶᠡᠯᠡᠵᠦ᠂ ᠬᠤᠶᠢᠭᠤᠷ ᠨᠢ ᠮᠠᠩᠬᠠᠨ ᠠᠭᠤᠯᠠ ︵ᠬᠢᠳᠠᠳ ᠢᠶᠠᠷ ᠮᠠᠨ ᠬᠠᠨ ᠱᠠᠨ︶᠂ ᠡᠮᠦᠨᠡᠭᠦᠷ ᠨᠢ ᠮᠠ ᠲᠸᠦ ᠱᠠᠨ ᠠᠭᠤᠯᠠ᠂ ᠲᠤᠮᠳᠠᠭᠤᠷ ᠨᠢ ᠳᠠᠭ᠎ᠠ ᠶᠢᠨ ᠨᠠᠭᠤᠷ ᠤᠨ ᠲᠠᠩ ᠤᠨ ᠬᠤᠳᠤᠭᠤᠷ ᠭᠠᠵᠠᠷ ᠪᠤᠯᠤᠨ᠎ᠠ᠃ ᠪᠦᠬᠦ ᠰᠢᠶᠠᠨ ᠤ ᠲᠠᠷᠢᠶᠠᠨ ᠭᠠᠵᠠᠷ 95 ᠲᠦᠮᠡᠨ ᠮᠦ᠂ ᠡᠭᠦᠨ ᠳᠤ ᠤᠰᠤᠨ ᠲᠠᠷᠢᠶ᠎ᠠ 24·02 ᠲᠦᠮᠡᠨ ᠮᠦ ᠪᠠᠶᠢᠵᠦ᠂ ᠪᠦᠬᠦ ᠲᠠᠷᠢᠶᠠᠨ ᠭᠠᠵᠠᠷ ᠤᠨ ᠲᠠᠯᠠᠪᠠᠢ ᠶᠢᠨ25·28%  ᠶᠢ ᠡᠵᠡᠯᠡᠨ᠂ ᠬᠠᠭᠤᠷᠠᠢ ᠭᠠᠵᠠᠷ 70·98 ᠲᠦᠮᠡᠨ ᠮᠦ᠂ ᠪᠦᠬᠦ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ ᠶᠢᠨ74·72% ᠶᠢ ᠡᠵᠡᠯᠡᠨ᠎ᠡ᠃ ᠬᠦᠮᠦᠨ ᠪᠦᠷᠢ ᠳᠡᠭᠰᠢᠳᠭᠡᠭᠰᠡᠨ ᠲᠠᠷᠢᠶᠠᠨ‌ᠭᠠᠵᠠᠷ 3·99 ᠮᠦ ᠳᠤ ᠬᠦᠷᠦᠨ᠎ᠡ᠃ ᠠᠵᠦ ᠠᠬᠤᠢ ᠨᠢ ᠲᠠᠷᠢᠶᠠᠯᠠᠩ ᠢᠶᠠᠷ ᠭᠤᠤᠯᠯᠠᠭᠤᠯᠵᠦ᠂ ᠲᠠᠷᠢᠮᠠᠯ ᠨᠢ ᠪᠤᠭᠤᠳᠠᠢ᠂ ᠶᠤᠤᠮᠠᠢ᠂ ᠨᠠᠷᠢᠮᠦ᠂ ᠲᠦᠮᠦᠰᠦ ᠪᠠᠷ ᠭᠤᠤᠯᠯᠠᠭᠤᠯᠤᠨ᠎ᠠ ᠃ ᠠᠵᠦ ᠠᠬᠤᠢ ᠲᠠᠷᠢᠮᠠᠯ ᠳᠤᠨᠢ ᠲᠤᠰᠤᠳᠤ ᠤᠷᠭᠤᠮᠠᠯ᠂ ᠰᠢᠬᠢᠷ ᠯᠤᠤᠪᠠᠩ᠂ ᠡᠭᠡᠭᠡᠮᠡᠯ ᠲᠠᠮᠠᠬᠢ ᠵᠡᠷᠭᠡ ᠪᠤᠢ᠃      ᠭᠠᠩ ᠬᠠᠭᠤᠷᠠᠢ ᠬᠠᠭᠠᠰ ᠭᠠᠩ ᠬᠠᠭᠤᠷᠠᠢ ᠰᠡᠷᠢᠭᠦᠨ ᠪᠦᠰᠡᠨ ᠤ ᠤᠯᠠᠷᠢᠯ ᠤᠨ ᠰᠠᠯᠬᠢᠨ ᠠᠭᠤᠷ ᠠᠮᠢᠰᠬᠤᠯ  ᠲᠠᠢ᠃ ᠵᠢᠯ ᠤᠨ ᠲᠤᠮᠳᠠᠴᠢ ᠲᠤᠯᠠᠭᠠᠨ ᠤ ᠬᠡᠮᠵᠢᠶ᠎ᠡ5℃᠂ ᠪᠦᠬᠦ ᠵᠢᠯ ᠤᠨ ᠬᠠᠮᠤᠭ ᠲᠤᠤᠷ᠎ᠠ ᠲᠤᠯᠠᠭᠠᠨ ᠤ ᠬᠡᠮᠵᠢᠶ᠎ᠡ -34·3℃᠂ ᠬᠠᠮᠤᠭ ᠦᠨᠳᠦᠷ ᠲᠤᠯᠠᠭᠠᠨ ᠤ ᠬᠡᠮᠵᠢᠶ᠎ᠡ 39·3℃᠃ ᠨᠢᠭᠡᠳᠦᠭᠡᠷ ᠰᠠᠷ᠎ᠠ ᠬᠠᠮᠤᠭ ᠬᠦᠢᠳᠡᠨ᠂ ᠲᠤᠮᠳᠠᠴᠢ ᠲᠤᠯᠠᠭᠠᠨ ᠤ ᠬᠡᠮᠵᠢᠶ᠎ᠡ -13℃᠂ ᠲᠤᠯᠤᠳᠤᠭᠠᠷ ᠰᠠᠷ᠎ᠠ ᠬᠠᠮᠤᠭ ᠤᠨ ᠬᠠᠯᠠᠭᠤᠨ᠂ ᠲᠤᠮᠳᠠᠴᠢ ᠲᠤᠯᠠᠭᠠᠨ ᠤ ᠬᠡᠮᠵᠢᠶ᠎ᠡ 20·5℃ ᠪᠤᠯᠤᠨ᠎ᠠ᠃ ᠰᠠᠯᠬᠢ ᠤᠯᠠᠨ᠂ ᠬᠤᠷ᠎ᠠ ᠴᠦᠬᠡᠨ᠂ ᠬᠠᠭᠤᠷᠠᠢ᠂ ᠬᠦᠢᠳᠡᠨ ᠪᠠᠶᠢᠳᠠᠭ  ᠂  ᠬᠢᠷᠠᠭᠤ ᠦᠭᠡᠢ ᠬᠤᠭᠤᠴᠠᠭ᠎ᠠ ᠨᠢ120 ᠡᠳᠦᠷ᠃     ᠤᠳᠤᠬᠠᠨ ᠳᠤ ᠯᠢᠶᠠᠩᠴᠧᠩ ᠰᠢᠶᠠᠨ ᠨᠢ ᠠᠷᠠᠳ ᠢᠶᠠᠷ ᠦᠨᠳᠦᠰᠦ ᠪᠤᠯᠭᠠᠬᠤ ᠵᠠᠰᠠᠭ ᠤᠨ ᠰᠡᠳᠬᠢᠴᠡ ᠪᠠᠨ ᠡᠷᠡᠰ ᠪᠠᠷᠢᠮᠳᠠᠯᠠᠵᠦ᠂ ︽ᠬᠠᠮᠳᠤ ᠪᠠᠷ ᠪᠦᠯᠬᠦᠮᠳᠡᠨ ᠳᠡᠮᠡᠴᠡᠵᠦ᠂ ᠬᠠᠮᠳᠤ ᠪᠠᠷ ᠴᠡᠴᠡᠭᠯᠡᠨ ᠬᠦᠭᠵᠢᠬᠦ︾ ᠦᠨᠳᠦᠰᠦᠳᠡᠨ ᠤ ᠠᠵᠢᠯ ᠤᠨ ᠭᠤᠤᠯ ᠰᠡᠳᠤᠪ ᠪᠤᠯᠤᠨ ᠱᠠᠰᠢᠨ ᠰᠤᠷᠳᠠᠬᠤᠨ ᠤ ᠠᠵᠢᠯ ᠤᠨ ᠦᠨᠳᠦᠰᠦᠨ ᠴᠢᠭᠯᠡᠯ ᠤᠨ ᠲᠤᠭᠤᠷᠢᠨ ᠳᠤ᠂ ᠨᠡᠶᠢᠭᠡᠮ ᠤᠨ ᠡᠶ᠎ᠡ ᠵᠤᠬᠢᠴᠠᠯ ᠢ ᠤᠯᠠᠮ ᠨᠢᠭᠡ ᠠᠯᠬᠤᠮ ᠪᠠᠳᠤᠳᠬᠠᠵᠦ᠂ ᠪᠦᠬᠦ ᠰᠢᠶᠠᠨ ᠳᠤ ᠦᠨᠳᠦᠰᠦᠳᠡᠨ ᠪᠦᠯᠬᠦᠮᠳᠡᠭᠰᠡᠨ᠂ ᠱᠠᠰᠢᠨ ᠰᠤᠷᠳᠠᠬᠤᠨ ᠡᠶ᠎ᠡ ᠵᠤᠬᠢᠴᠠᠯᠳᠤᠭᠰᠠᠨ᠂ ᠨᠡᠶᠢᠭᠡᠮ ᠡᠶ᠎ᠡ ᠨᠠᠶᠢᠷᠠᠮᠳᠠᠭᠤ ᠠᠵᠦ ᠠᠬᠤᠢ ᠬᠦᠭᠵᠢᠭᠰᠡᠨ ᠰᠠᠶᠢᠬᠠᠨ ᠪᠠᠶᠢᠳᠠᠯ ᠢᠯᠡᠷᠡᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2