ᠲᠤᠮᠳᠠᠳᠤ ᠤᠯᠤᠰ ᠤᠨ ᠡᠪ ᠬᠠᠮᠳᠤ ᠨᠠᠮ ᠤᠨ ᠤᠯᠠᠭᠠᠨᠴᠠᠪ ᠬᠤᠳᠠ ᠶᠢᠨ ᠨᠠᠮ ᠤᠨ  ᠬᠤᠷᠢᠶᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2018-06-29
     ᠲᠤᠮᠳᠠᠳᠤ ᠤᠯᠤᠰ ᠤᠨ ᠡᠪ ᠬᠠᠮᠳᠤ ᠨᠠᠮ ᠤᠨ ᠤᠯᠠᠭᠠᠨᠴᠠᠪ ᠬᠤᠳᠠ ᠶᠢᠨ ᠨᠠᠮ ᠤᠨ ᠬᠤᠷᠢᠶᠠᠨ ᠤ ᠨᠢᠭᠡᠳᠦᠯᠳᠡᠢ ᠪᠠᠶᠢᠷᠢᠯᠠᠭᠤᠯᠤᠯᠳᠠ ᠶᠤᠰᠤᠭᠠᠷ᠂ ᠨᠠᠮ ᠤᠨ ᠬᠤᠷᠢᠶ᠎ᠠ ᠵᠢᠨ‌ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠬᠤ ᠲᠤᠭᠤᠶᠢᠯᠠᠩ 2018 ᠤᠨ ᠤ 6 ᠰᠠᠷ᠎ᠠ ᠶᠢᠨ28 ᠤ ᠡᠳᠦᠷ ᠠᠴᠠ7 ᠰᠠᠷ᠎ᠠ ᠶᠢᠨ31 ᠤ ᠡᠳᠦᠷ ᠬᠦᠷᠳᠡᠯ᠎ᠡ᠂ ᠪᠦᠬᠦ ᠬᠤᠳᠠ ᠶᠢᠨ11 ᠬᠤᠰᠢᠭᠤ ᠰᠢᠶᠠᠨ ᠬᠤᠳᠠ ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠳᠤ ᠳᠡᠰ ᠦᠰᠭᠡᠬᠦ᠂ ᠰᠤᠯᠪᠢᠴᠠᠭ᠎ᠠ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠬᠤ ᠠᠵᠢᠯᠯᠠᠭ᠎ᠠ ᠦᠷᠨᠢᠭᠦᠯᠦᠨ᠎ᠡ᠃     ᠲᠤᠰ ᠤᠳᠠᠭᠠᠨ ᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠬᠤ ᠭᠤᠤᠯ ᠡᠭᠦᠷᠭᠡ ᠪᠤᠯ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠢ ᠦᠷᠨᠢᠭᠦᠯᠦᠭᠰᠡᠨ ᠪᠠᠶᠢᠳᠠᠯ ᠳᠤ ᠲᠦᠪᠯᠡᠷᠡᠭᠦᠯᠵᠤ᠂ ᠨᠠᠮ ᠤᠨ ᠭᠡᠰᠢᠭᠦᠳ ᠺᠠᠳ᠋ᠷ ᠪᠠ ᠬᠠᠮᠢᠶ᠎ᠠ ᠪᠦᠬᠦᠢ ᠠᠯᠪᠠᠨ ᠤ ᠡᠷᠬᠡ ᠮᠡᠳᠡᠯ ᠢ ᠬᠡᠷᠡᠭᠵᠢᠭᠦᠯᠵᠦ ᠪᠠᠶᠢᠭ᠎ᠠ ᠠᠯᠪᠠᠨ ᠲᠤᠰᠢᠶᠠᠯᠳᠠᠳ ᠲᠤ ᠬᠤᠯᠪᠤᠭᠳᠠᠬᠤ ᠲᠤᠤᠷᠠᠬᠢ12 ᠲᠠᠯ᠎ᠠ ᠶᠢᠨ ᠠᠰᠠᠭᠤᠳᠠᠯ ᠢ ᠬᠦᠴᠦᠯᠡᠨ ᠢᠯᠡᠷᠡᠭᠦᠯᠦᠨ᠎ᠡ᠃     ᠨᠢᠭᠡ᠂ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠰᠦᠯᠪᠡᠭᠡᠯᠡᠨ ᠲᠤᠷ᠎ᠠ ᠲᠠᠪᠠ ᠪᠠᠷ ᠨᠢ ᠲᠠᠯᠪᠢᠬᠤ ᠦᠮᠦᠭᠯᠡᠬᠦ ᠂ ᠬᠠᠷ᠎ᠠ ᠪᠦᠯᠦᠭᠳᠡᠨ ᠬᠠᠷᠬᠢᠰ ᠬᠦᠴᠦᠨ ᠤ ᠠᠵᠢᠯᠯᠠᠭ᠎ᠠ ᠳᠤ ᠤᠷᠤᠯᠴᠠᠬᠤ᠂ ᠬᠠᠷ᠎ᠠ ᠪᠦᠯᠦᠭᠳᠡᠨ ᠬᠠᠷᠬᠢᠰ ᠬᠦᠴᠦᠨ ᠤ ︽ ᠬᠠᠮᠠᠭᠠᠯᠠᠭᠴᠢ︾ ᠪᠤᠯᠵᠤ ᠪᠠᠶᠢᠭ᠎ᠠ     ᠬᠤᠶᠠᠷ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠠᠵᠢᠯ ᠳᠤ ᠢᠳᠡᠪᠬᠢ ᠪᠤᠰᠤ᠂ ᠤᠪᠤᠷ ᠨᠢ ᠡᠷᠡᠰ ᠰᠢᠭᠤᠷᠬᠠᠢ ᠪᠢᠰᠢ᠂ ᠠᠵᠢᠯ ᠳᠠᠭᠠᠨ ᠯᠡᠪᠳᠠᠭᠤᠨ ᠦᠭᠡᠢ᠂ ᠬᠠᠰᠢ ᠶᠠᠰᠢ ᠪᠠᠷ ᠠᠵᠢᠯ ᠭᠦᠢᠴᠡᠳᠭᠡᠬᠦ᠂ ᠬᠠᠷ᠎ᠠ ᠪᠦᠯᠦᠭᠳᠡᠨ ᠬᠠᠷᠬᠢᠰ ᠬᠦᠴᠦᠨ  ᠳᠤ ᠪᠠᠶᠢᠴᠠᠭᠠᠯᠳᠠ ᠬᠢᠬᠦ ᠦᠬᠡᠢ ᠰᠢᠢᠳᠪᠤᠷᠢᠯᠡᠬᠦ ᠦᠬᠡᠢ ᠵᠡᠷᠭᠡ ᠲᠤᠰᠬᠠᠢ ᠲᠡᠮᠡᠴᠡᠯ ᠤᠨ ᠠᠵᠢᠯ ᠢ ᠠᠬᠢᠭᠤᠯᠬᠤ ᠳᠤ ᠠᠰᠢᠭ ᠦᠭᠡᠢ ᠪᠠᠶᠢᠳᠠᠯ ᠵᠡᠷᠭᠡ      ᠭᠤᠷᠪᠠ ᠂ ᠬᠠᠷ᠎ᠠ ᠪᠦᠯᠦᠭᠳᠡᠨ ᠬᠠᠷᠬᠢᠰ ᠬᠦᠴᠦᠨ  ᠳᠤ ᠬᠤᠯᠪᠤᠭᠳᠠᠭᠰᠠᠨ ᠬᠡᠷᠡᠭ ᠵᠠᠷᠭᠤ ᠶᠢ ᠪᠠᠶᠢᠴᠠᠭᠠᠨ ᠰᠢᠢᠳᠪᠤᠷᠢᠯᠡᠬᠦ ᠳᠤ ᠨᠦᠯᠦᠭᠡᠯᠡᠬᠦ ᠪᠠ ᠬᠠᠷᠰᠢᠯᠠᠵᠤ ᠪᠠᠶᠢᠭ᠎ᠠ     ᠲᠦᠷᠪᠡ᠂ ᠦᠨᠳᠦᠰᠦᠨ ᠱᠠᠳᠤᠨ ᠤ ︵ ᠲᠦᠷᠦ ᠶᠢᠨ ᠡᠷᠬᠡ︶ ᠵᠠᠰᠠᠭ ᠤᠨ ᠡᠷᠬᠡ ᠶᠢ ᠡᠵᠡᠮᠳᠡᠵᠦ᠂ᠦᠨᠳᠦᠰᠦᠨ ᠱᠠᠳᠤᠨ ᠤ  ᠰᠤᠩᠭᠤᠭᠤᠯᠢ ᠶᠢᠨ ᠠᠵᠢᠯ ᠢ ᠵᠢᠯᠤᠭᠤᠳᠤᠨ ᠡᠪᠳᠡᠬᠦ᠂ ᠶᠠᠳᠠᠭᠤ ᠶᠢ ᠲᠡᠳᠭᠦᠬᠦ ᠮᠦᠩᠬᠦ ᠶᠢ ᠡᠵᠡᠯᠡᠨ ᠬᠡᠷᠡᠭᠯᠡᠬᠦ᠂ ᠬᠦᠳᠡᠭᠡ ᠲᠤᠰᠬᠤᠨ ᠤ ᠡᠬᠢ ᠪᠠᠶᠠᠯᠢᠭ ᠢ ᠭᠠᠭᠴᠠᠭᠠᠷ ᠡᠵᠡᠮᠰᠢᠬᠦ᠂ ᠬᠠᠮᠳᠤ ᠶᠢᠨ ᠡᠳ᠋ ᠬᠦᠷᠦᠩᠭᠡ ᠶᠢ ᠡᠵᠡᠯᠡᠨ ᠵᠠᠯᠬᠢᠬᠤ ᠵᠡᠷᠭᠡ ᠠᠰᠠᠭᠤᠳᠠᠯ    ᠲᠠᠪᠤ᠂ ᠭᠠᠵᠠᠷ ᠲᠠᠳᠠᠪᠤᠷᠢᠯᠠᠬᠤ᠂ ᠭᠠᠵᠠᠷ ᠲᠦᠷᠢᠶᠡᠰᠦᠯᠡᠬᠦ᠂ ᠭᠡᠷ ᠪᠠᠶᠢᠰᠢᠩ  ᠨᠤᠷᠠᠭᠠᠬᠤ᠂ ᠤᠯᠤᠰ ᠤᠨ ᠦᠮᠴᠢᠯᠡᠯᠳᠦ ᠭᠠᠵᠠᠷ ᠰᠢᠷᠦᠢ ᠶᠢ ᠬᠢᠮᠳᠡ  ᠪᠠᠷ ᠬᠤᠳᠠᠯᠳᠤᠬᠤ᠂ ᠢᠨᠵᠧᠨᠧᠷᠢᠩ ᠤᠨ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢᠨ ᠶᠠᠪᠤᠴᠠ ᠳᠤ᠂ ᠬᠠᠷ᠎ᠠ ᠪᠦᠯᠦᠭᠳᠡᠨ ᠬᠠᠷᠬᠢᠰ ᠬᠦᠴᠦᠨ ᠲᠠᠢ ᠰᠦᠯᠪᠡᠭᠡᠯᠡᠨ ᠠᠷᠠᠳ ᠲᠦᠮᠡᠨ ᠤ ᠠᠰᠢᠭ ᠲᠤᠰᠠ ᠳᠤ ᠬᠤᠬᠢᠷᠠᠯ ᠤᠴᠠᠷᠠᠭᠤᠯᠵᠤ ᠪᠠᠶᠢᠭ᠎ᠠ     ᠵᠢᠷᠭᠤᠭ᠎ᠠ᠂ ᠬᠠᠷ᠎ᠠ ᠪᠦᠯᠦᠭᠳᠡᠨ ᠬᠠᠷᠬᠢᠰ ᠬᠦᠴᠦᠨ ᠢ ᠵᠢᠭᠠᠨ ᠵᠢᠯᠤᠭᠤᠳᠴᠤ᠂ ᠠᠶᠤᠯᠭᠠᠨ ᠰᠦᠷᠳᠡᠭᠦᠯᠬᠦ ᠬᠤᠤᠷᠯᠠᠬᠤ ᠵᠡᠷᠭᠡ ᠠᠷᠭ᠎ᠠ ᠠᠪᠴᠢᠯ ᠢᠶᠠᠷ ᠠᠰᠢᠭ ᠲᠤᠰᠠ ᠲᠠᠢ ᠬᠤᠯᠪᠤᠭᠳᠠᠭᠰᠠᠨ ᠬᠠᠮᠢᠶ᠎ᠠ ᠪᠦᠬᠦᠢ ᠬᠦᠮᠦᠰ ᠲᠤ ᠴᠤᠬᠢᠯᠳᠠ ᠦᠭᠴᠦ ᠦᠰᠢᠶ᠎ᠡ ᠠᠪᠬᠤ ᠪᠠᠶᠢᠳᠠᠯ     ᠲᠤᠯᠤᠭ᠎ᠠ᠂ ᠭᠡᠷ ᠪᠦᠯᠢ᠂ ᠤᠪᠤᠭ ᠲᠦᠷᠦᠯ ᠤᠨ ᠰᠦᠷ ᠬᠦᠴᠦᠨ ᠢᠶᠠᠷ ᠨᠢᠭᠡ ᠲᠠᠯ᠎ᠠ ᠶᠢ ᠡᠵᠡᠷᠬᠡᠨ᠂ ᠠᠷᠠᠳ ᠢ ᠲᠠᠷᠤᠯᠠᠬᠤ ᠪᠠ ᠬᠤᠤᠷ ᠬᠦᠨᠦᠭᠡᠯ ᠤᠴᠠᠷᠠᠭᠤᠯᠳᠠᠭ ︽ ᠲᠤᠰᠬᠤᠨ ᠤ ᠡᠵᠡᠷᠬᠡᠭᠴᠢᠳ︾ ‍ᠦᠨ‌ᠬᠠᠷ᠎ᠠ ᠪᠦᠯᠦᠭᠳᠡᠨ ᠬᠠᠷᠬᠢᠰ ᠬᠦᠴᠦᠨ ᠤ ︽ ᠬᠠᠮᠠᠭᠠᠯᠠᠭᠴᠢ︾ ᠪᠤᠯᠵᠤ ᠪᠠᠶᠢᠭ᠎ᠠ     ᠨᠠᠢᠮᠠ᠂ ᠪᠠᠷᠢᠯᠭ᠎ᠠ ᠵᠢᠨ‌ᠢᠨᠵᠧᠨᠧᠷᠢᠩ ᠂ ᠵᠠᠮ ᠬᠠᠷᠢᠯᠴᠠᠭ᠎ᠠ ᠶᠢᠨ ᠳᠡᠭᠡᠭᠡᠪᠦᠷᠢ᠂ ᠠᠭᠤᠷᠬᠠᠢ ᠶᠢᠨ ᠡᠬᠢ ᠪᠠᠶᠠᠯᠢᠭ ᠂ ᠵᠢᠭᠠᠰᠤᠨ ᠤ ᠤᠶᠢᠯᠡᠰ ᠠᠩᠨᠠᠵᠤ ᠰᠢᠭᠦᠬᠦ᠂ ᠲᠠᠷᠢᠶᠠᠯᠠᠩ ᠤᠨ ᠤᠢ ᠰᠢᠭᠤᠢ ᠵᠡᠷᠭᠡ ᠬᠦᠷᠢᠶ᠎ᠡ ᠴᠠᠷ᠎ᠠ ᠳᠤ ᠬᠠᠷ᠎ᠠ ᠪᠦᠯᠦᠭᠳᠡᠨ ᠬᠠᠷᠬᠢᠰ ᠬᠦᠴᠦᠨ ᠤ ᠢᠨᠵᠧᠨᠧᠷᠢᠩ ᠢ ᠬᠦᠴᠦᠷᠬᠡᠭᠯᠡᠨ ᠲᠠᠭᠠᠭᠠᠴᠢᠯᠠᠬᠤ᠂ ᠮᠠᠭᠤ ᠰᠠᠨᠠᠭ᠎ᠠ ᠪᠠᠷ ᠦᠷᠢᠰᠦᠯᠳᠦᠬᠦ᠂ ᠬᠠᠤᠯᠢ ᠪᠤᠰᠤ ᠪᠠᠷ ᠭᠠᠵᠠᠷ ᠡᠵᠡᠯᠡᠬᠦ᠂ ᠲᠤᠷ᠎ᠠ ᠪᠠᠷ ᠢᠶᠠᠨ ᠠᠳᠠᠷ ᠬᠠᠭᠠᠯᠪᠤᠷᠢᠯᠠᠬᠤ ᠪᠠ ᠠᠭᠤᠷᠬᠠᠢ ᠮᠠᠯᠳᠠᠬᠤ ᠳᠤ ᠨᠦᠬᠦᠴᠡᠯ ᠬᠠᠩᠭᠠᠵᠤ ᠦᠭᠭᠦᠭᠰᠡᠨ ᠶᠠᠯᠠᠳᠤ ᠠᠵᠢᠯᠯᠠᠭ᠎ᠠ     ᠶᠢᠰᠤ᠂ ᠬᠠᠷ᠎ᠠ ᠪᠦᠯᠦᠭᠳᠡᠨ ᠬᠠᠷᠬᠢᠰ ᠬᠦᠴᠦᠨ ᠤ ᠠᠷᠠᠯᠵᠢᠶ᠎ᠠ ᠬᠤᠳᠠᠯᠳᠤᠭᠠᠨ ᠤ ᠴᠤᠭᠯᠠᠭ᠎ᠠ ᠮᠠᠶᠢᠮᠠᠢ᠂ ᠪᠤᠷᠤᠯᠠᠭᠤᠯᠬᠤ ᠵᠠᠬ᠎ᠠ ᠲᠡᠯᠭᠡᠭᠦᠷ᠂ ᠵᠤᠭᠠᠴᠠᠯ ᠦᠵᠡᠮᠵᠢ ᠶᠢᠨ ᠤᠷᠤᠨ ᠵᠡᠷᠭᠡ ᠲᠠᠯᠠᠪᠤᠷ ᠲᠤ᠂ ᠠᠵᠢᠯ  ᠨᠢᠭᠡᠳᠡᠨ ᠢᠶᠠᠨ ᠲᠠᠷᠤᠯᠠᠵᠤ ᠵᠠᠬ᠎ᠠ ᠲᠡᠯᠭᠡᠭᠦᠷ  ᠢ ᠡᠵᠡᠷᠬᠡᠬᠦ᠂ ᠬᠦᠴᠦᠷᠬᠡᠭᠯᠡᠯ ᠢᠶᠠᠷ ᠠᠪᠬᠤ ᠪᠠ ᠬᠤᠳᠠᠯᠳᠤᠬᠤ᠂ ᠬᠠᠮᠠᠭᠠᠯᠠᠯᠳᠠ ᠲᠠᠢ ᠰᠤᠶᠢᠳᠭᠡᠯ ᠬᠤᠷᠢᠶᠠᠳᠠᠭ ᠵᠠᠬ᠎ᠠ ᠲᠡᠯᠭᠡᠭᠦᠷ ᠤᠨ ᠡᠵᠡᠷᠬᠡᠭᠴᠢᠳ᠂ ᠠᠵᠢᠯ‌ᠨᠢᠭᠡᠳᠡᠨ ᠤ ᠡᠵᠡᠷᠬᠡᠭᠴᠢᠳ ᠵᠡᠷᠭᠡ ᠳᠤ ᠨᠦᠬᠦᠴᠡᠯ ᠪᠠ ᠬᠠᠪᠰᠤᠷᠤᠯᠭ᠎ᠠ ᠬᠠᠩᠭᠠᠳᠠᠭ ᠶᠠᠯᠠᠳᠤ ᠠᠵᠢᠯᠯᠠᠭ᠎ᠠ     ᠠᠷᠪᠠ᠂ ᠱᠠᠯᠢᠭ ᠵᠠᠪᠬᠠᠢ ᠬᠤᠤᠷ ᠳᠠᠲᠠᠬᠤ᠂ ᠵᠤᠭᠤᠰ  ᠨᠠᠭᠠᠳᠬᠤ ᠬᠠᠮᠢᠶ᠎ᠠ ᠪᠦᠬᠦᠢ ᠠᠵᠢᠯᠯᠠᠭ᠎ᠠ ᠶᠢ ᠡᠵᠡᠮᠳᠡᠨ ᠡᠵᠡᠩᠨᠡᠬᠦ᠂ ᠬᠠᠤᠯᠢ ᠪᠤᠰᠤ ᠪᠠᠷ ᠦᠨᠳᠦᠷ ᠬᠦᠦ ᠲᠠᠢ ᠵᠢᠭᠡᠯᠡᠯᠭᠡ ᠲᠠᠯᠪᠢᠬᠤ᠂ ᠬᠦᠴᠦᠷᠬᠡᠭᠯᠡᠯ ᠢᠶᠠᠷ ᠦᠷ᠎ᠡ ᠨᠡᠬᠡᠭᠴᠢ ᠵᠡᠷᠭᠡ ᠬᠠᠤᠯᠢ ᠠᠴᠠ ᠵᠦᠷᠢᠴᠡᠨ ᠶᠠᠯ᠎ᠠ ᠬᠢᠬᠦ ᠠᠵᠢᠯᠯᠠᠭ᠎ᠠ     ᠠᠷᠪᠠᠨ ᠨᠢᠭᠡ᠂ ᠬᠠᠷ᠎ᠠ ᠪᠦᠯᠦᠭᠳᠡᠨ ᠬᠠᠷᠬᠢᠰ ᠬᠦᠴᠦᠨ ᠳᠤ ᠤᠷᠤᠯᠴᠠᠨ ᠠᠷᠠᠳ ᠤᠨ  ᠬᠤᠭᠤᠷᠤᠨᠳᠤᠬᠢ ᠵᠢᠭᠤᠷᠠᠭᠠᠨ ᠳᠤ ᠭᠠᠷ ᠲᠦᠷᠦᠬᠦ᠂ ︽ ᠨᠢᠭᠤᠴᠠ ᠬᠠᠤᠯᠢ ᠶᠢ ᠬᠡᠷᠡᠭᠵᠢᠭᠦᠯᠬᠦ ᠠᠩᠬᠢ︾ ᠪᠤᠯᠵᠤ ᠪᠠᠶᠢᠭ᠎ᠠ ᠶᠠᠯᠠᠳᠤ ᠠᠵᠢᠯᠯᠠᠭ᠎ᠠ     ᠠᠷᠪᠠᠨ ᠬᠤᠶᠠᠷ᠂ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠬᠦᠷᠢᠶ᠎ᠡ ᠴᠠᠷ᠎ᠠ ᠳᠤ ᠬᠤᠯᠪᠤᠭᠳᠠᠭᠰᠠᠨ ᠪᠤᠰᠤᠳ ᠴᠢᠬᠤᠯᠠ ᠶᠡᠭᠡ ᠠᠰᠠᠭᠤᠳᠠᠯ᠃    ᠦᠷᠭᠡᠨ ᠤᠯᠠᠨ ᠲᠦᠮᠡᠨ  ᠵᠠᠬᠢᠳᠠᠯ ᠢᠷᠡᠭᠦᠯᠬᠦ᠂ ᠤᠳᠠᠰᠤᠳᠠᠬᠤ ᠵᠡᠷᠭᠡ ᠬᠡᠯᠪᠡᠷᠢ ᠪᠠᠷ ᠲᠤᠭᠤᠷᠢᠨ ᠪᠠᠶᠢᠴᠠᠭᠠᠬᠤ ᠲᠤᠭᠤᠶᠢᠯᠠᠩ ᠳᠤ ᠪᠠᠶᠢᠳᠠᠯ ᠲᠤᠰᠬᠠᠵᠤ ᠪᠤᠯᠤᠨ᠎ᠠ᠃ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠠᠢ ᠬᠠᠮᠢᠶ᠎ᠠ ᠦᠭᠡᠢ᠂ ᠭᠦᠢᠴᠡᠳᠭᠡᠬᠦ ᠬᠦᠷᠢᠶ᠎ᠡ ᠬᠡᠪᠴᠢᠶᠡᠨ ᠳᠤ ᠪᠠᠭᠳᠠᠬᠤ ᠦᠭᠡᠢ ᠠᠰᠠᠭᠤᠳᠠᠯ ᠢ ᠢᠯᠡᠴᠢᠯᠡᠨ ᠮᠡᠳᠡᠭᠦᠯᠬᠦ ᠳᠤ ᠲᠤᠭᠳᠠᠭᠠᠯ ᠶᠤᠰᠤᠭᠠᠷ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠰᠢᠢᠳᠪᠤᠷᠢᠯᠠᠨ᠎ᠠ᠃     ᠨᠢᠭᠡᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ     ᠲᠤᠭᠤᠷᠢᠨ ᠪᠠᠶᠢᠴᠠᠭᠠᠬᠤ ᠪᠠᠶᠢᠭᠤᠯᠤᠯᠭ᠎ᠠ᠄ ᠪᠦᠬᠦ ᠬᠤᠳᠠ ᠶᠢᠨ11 ᠬᠤᠰᠢᠭᠤ ᠰᠢᠶᠠᠨ ᠬᠤᠳᠠ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ    ᠢᠮᠧᠯ᠄ wlcbshce1@163.com    ᠬᠠᠷᠢᠯᠴᠠᠬᠤ ᠤᠳᠠᠰᠤ᠄15048442271 ︵ ᠦᠷᠯᠦᠭᠡ 8᠄00— ᠤᠷᠤᠢ ᠶᠢᠨ10᠄00︶    ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ    ᠲᠤᠭᠤᠷᠢᠨ ᠪᠠᠶᠢᠴᠠᠭᠠᠬᠤ ᠪᠠᠶᠢᠭᠤᠯᠤᠯᠭ᠎ᠠ᠄ ᠪᠦᠬᠦ ᠬᠤᠳᠠ ᠶᠢᠨ11 ᠬᠤᠰᠢᠭᠤ ᠰᠢᠶᠠᠨ ᠬᠤᠳᠠ ᠲᠤᠭᠤᠷᠢᠭ ‍ᠤᠨ‌ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ    ᠬᠠᠷᠢᠯᠴᠠᠬᠤ ᠤᠳᠠᠰᠤ᠄15048441306 ︵ ᠦᠷᠯᠦᠭᠡ 8᠄00— ᠤᠷᠤᠢ ᠶᠢᠨ10᠄00︶    ᠢᠮᠧᠯ᠄wlcbshce2@163.com    ᠭᠤᠷᠪᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ    ᠲᠤᠭᠤᠷᠢᠨ ᠪᠠᠶᠢᠴᠠᠭᠠᠬᠤ ᠪᠠᠶᠢᠭᠤᠯᠤᠯᠭ᠎ᠠ᠄ ᠪᠦᠬᠦ ᠬᠤᠳᠠ ᠶᠢᠨ11 ᠬᠤᠰᠢᠭᠤ ᠰᠢᠶᠠᠨ ᠬᠤᠳᠠ ᠲᠤᠭᠤᠷᠢᠭ ‍ᠤᠨ‌‍ᠲ᠋ᠤᠳᠤᠭᠠᠳᠤ ᠶᠢ ᠬᠠᠮᠠᠭᠠᠯᠠᠬᠤ ᠲᠤᠪᠴᠢᠶ᠎ᠠ   ᠬᠠᠷᠢᠯᠴᠠᠬᠤ ᠤᠳᠠᠰᠤ᠄15048442676 ︵ ᠦᠷᠯᠦᠭᠡ 8᠄00— ᠤᠷᠤᠢ ᠶᠢᠨ10᠄00︶   ᠢᠮᠧᠯ᠄wlcbshce3@163.com    ᠲᠦᠷᠪᠡᠳᠦᠭᠡᠷ ᠲᠤᠭᠤᠷᠢᠨ ᠪᠠᠶᠢᠴᠠᠭᠠᠬᠤ ᠲᠤᠭᠤᠶᠢᠯᠠᠩ   ᠲᠤᠭᠤᠷᠢᠨ ᠪᠠᠶᠢᠴᠠᠭᠠᠬᠤ ᠪᠠᠶᠢᠭᠤᠯᠤᠯᠭ᠎ᠠ᠄ ᠪᠦᠬᠦ ᠬᠤᠳᠠ ᠶᠢᠨ11 ᠬᠤᠰᠢᠭᠤ ᠰᠢᠶᠠᠨ ᠬᠤᠳᠠ ᠲᠤᠭᠤᠷᠢᠭ ᠤᠨ ᠪᠠᠶᠢᠴᠠᠭᠠᠬᠤ ᠬᠤᠷᠢᠶ᠎ᠠ   ᠬᠠᠷᠢᠯᠴᠠᠬᠤ ᠤᠳᠠᠰᠤ᠄15048435503 ︵ ᠦᠷᠯᠦᠭᠡ 8᠄00— ᠤᠷᠤᠢ ᠶᠢᠨ10᠄00︶   ᠢᠮᠧᠯ᠄wlcbshce4@163.com   ᠢᠯᠡᠴᠢᠯᠡᠨ ᠮᠡᠳᠡᠭᠦᠯᠬᠦ ᠢᠮᠧᠯ᠄ ᠤᠯᠠᠭᠠᠨᠴᠠᠪ ᠬᠤᠳᠠ ᠶᠢᠨ ᠨᠠᠮ ᠤᠨ  ᠬᠤᠷᠢᠶᠠᠨ ᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠬᠤ  ᠢᠯᠡᠴᠢᠯᠡᠨ ᠮᠡᠳᠡᠭᠦᠯᠬᠦ ᠢᠮᠧᠯ    ᠬᠠᠶᠠᠭ᠄ ᠤᠯᠠᠭᠠᠨᠴᠠᠪ ᠬᠤᠳᠠ ᠶᠢᠨ  ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠶᠡᠭᠡ ᠲᠢᠩᠭᠢᠮ᠂   ᠰᠢᠤᠳᠠᠨ ᠤ ᠨᠤᠮᠧᠷ᠄ 012000       ︵ ᠵᠠᠬᠢᠳᠠᠯ ᠤᠨ ᠲᠤᠭᠳᠤᠢ ᠳᠡᠭᠡᠷ᠎ᠡ ︽ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ     ︵ᠳ᠋ᠤᠭᠠᠷ ᠪᠤᠶᠤ ᠳ᠋ᠦ᠋ᠭᠡᠷ︶ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠬᠤ ᠲᠤᠭᠤᠶᠢᠯᠡᠩ  ︾ ᠭᠡᠵᠦ ᠲᠤᠳᠤᠷᠬᠠᠶᠢᠯᠠᠨ᠎ᠠ᠂ ᠢᠷᠡᠭᠦᠯᠦᠭᠰᠡᠨ ᠵᠠᠬᠢᠳᠠᠯ ᠢ ᠤᠯᠤᠭᠰᠠᠨ ᠤ ᠲᠠᠷᠠᠭ᠎ᠠ᠂  ᠬᠤᠳᠠ ᠶᠢᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠯᠪᠠᠨ ᠭᠡᠷ ᠠᠴᠠ ᠲᠤᠭᠤᠶᠢᠯᠡᠩ ᠤᠨ ᠨᠤᠮᠧᠷ ᠢᠶᠠᠷ ᠨᠢ ᠲᠤᠭᠤᠷᠢᠨ ᠪᠠᠶᠢᠴᠠᠭᠠᠬᠤ ᠲᠤᠭᠤᠶᠢᠯᠡᠩ ᠳᠤ ᠰᠢᠯᠵᠢᠭᠦᠯᠦᠨ ᠦᠭᠭᠦᠨ᠎ᠡ︶      ᠲᠤᠮᠳᠠᠳᠤ ᠤᠯᠤᠰ ᠤᠨ ᠡᠪ ᠬᠠᠮᠳᠤ ᠨᠠᠮ ᠤᠨ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ                                                                                                                        2018ᠤᠨ ᠤ6 ᠰᠠᠷ᠎ᠠ ᠶᠢᠨ28 ᠤ ᠡᠳᠦᠷ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2