ᠡᠬᠢ ᠪᠠᠶᠠᠯᠢᠭ ᠤᠨ ᠨᠡᠭᠡᠭᠡᠨ ᠠᠰᠢᠬᠯᠠᠯᠳᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠠᠯ ᠎ᠠ ᠪᠠᠷ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ ᠳᠤ ᠶᠠᠭᠤ ᠭᠡᠵᠤ ᠲᠤᠭᠲᠠᠭᠠᠭᠰᠠᠨ ᠪᠤᠢ︖
ᠨᠡᠶᠢᠲᠡᠯᠡᠭᠰᠡᠨ ᠴᠠᠭ᠄
2018-06-07
      ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ ᠶᠢᠨ ᠵᠢᠷᠠᠨ ᠲᠠᠪᠤᠳᠤᠭᠠᠷ ᠵᠤᠷᠪᠤᠰ ᠲᠤ᠂ ᠤᠯᠤᠰ ᠠᠴᠠ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠡᠬᠢ ᠪᠠᠶᠠᠯᠢᠭ ᠢ ᠨᠡᠭᠡᠭᠡᠨ ᠠᠰᠢᠬᠯᠠᠨ ᠪᠦᠲᠦᠭᠡᠨ ᠪᠠᠶᠢᠭᠤᠯᠬᠤ ᠦᠶᠡᠰ᠂ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠡᠷᠬᠡ ᠠᠰᠢᠭ ᠢ ᠬᠠᠷᠠᠭᠠᠯᠵᠠᠵᠤ᠂ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠠᠰᠢᠭᠲᠠᠢ ᠲᠤᠬᠢᠷᠠᠭᠤᠯᠤᠯᠲᠠ ᠬᠢᠵᠤ᠂ ᠲᠤᠬᠠᠢ ᠶᠢᠨ ᠭᠠᠵᠠᠷ ᠤᠨ ᠴᠦᠭᠡᠨ ᠲᠤᠭᠠᠲᠤ ᠦᠨᠳᠦᠰᠦᠲᠡᠨ ᠤ ᠦᠢᠯᠡᠳᠪᠦᠷᠢᠯᠡᠯ ᠪᠠ ᠠᠮᠢᠳᠤᠷᠠᠯ ᠢ ᠬᠠᠷᠠᠭᠠᠯᠵᠠᠬᠤ ᠬᠡᠷᠡᠭᠲᠠᠢ᠃ ᠪᠠᠶᠢᠭᠠᠯᠢ ᠶᠢᠨ ᠡᠬᠢ ᠪᠠᠶᠠᠯᠢᠭ ᠢ ᠭᠠᠳᠠᠭᠠᠳᠤ ᠳᠤ ᠭᠠᠷᠭᠠᠵᠤ ᠪᠠᠶᠢᠭ᠋ ᠎ᠠ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠳᠤ ᠤᠯᠤᠰ ᠠᠴᠠ ᠡᠷᠭᠡᠪᠰᠢ ᠵᠤᠬᠢᠬᠤ ᠬᠡᠮᠵᠢᠶᠡᠨ ᠤ ᠨᠦᠬᠦᠪᠦᠷᠢ ᠤᠯᠭᠤᠬᠤ ᠠᠷᠭ᠋ ᠎ᠠ ᠬᠡᠮᠵᠢᠶ ᠎ᠠ ᠠᠪᠬᠤ ᠬᠡᠷᠡᠭᠲᠡᠢ ᠭᠡᠵᠤ ᠲᠤᠭᠲᠠᠭᠠᠵᠠᠢ᠃      ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ ᠶᠢᠨ ᠵᠢᠷᠠᠨ ᠵᠢᠷᠭᠤᠳᠤᠭᠠᠷ ᠵᠤᠷᠪᠤᠰ ᠲᠤ᠂ ᠳᠡᠭᠡᠳᠤ ᠵᠡᠷᠭᠡ ᠶᠢᠨ ᠲᠦᠷᠦ ᠶᠢᠨ ᠪᠠᠶᠢᠭᠤᠯᠤᠯᠭ᠋ ᠎ᠠ ᠠᠴᠠ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠤ ᠠᠮᠢ ᠠᠬᠤᠢ ᠶᠢᠨ ᠲᠡᠩᠴᠡᠬᠦᠷᠢ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠢ ᠡᠷᠬᠡᠪᠰᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠭᠦᠯᠭᠡ ᠳᠤ ᠤᠷᠤᠭᠤᠯᠤᠨ ᠨᠢᠭᠡᠳᠤᠯᠲᠡᠢ ᠨᠠᠶᠢᠳᠠᠪᠤᠷᠢᠵᠢᠭᠤᠯᠤᠨ᠎ᠠ᠃ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠠᠴᠠ ᠤᠯᠤᠰ ᠤᠨ ᠠᠮᠢ ᠠᠬᠤᠢ ᠶᠢᠨ ᠲᠡᠩᠴᠡᠬᠦᠷᠢ᠂ ᠤᠷᠴᠢᠨ ᠳᠤᠭᠤᠷᠢᠨ ᠤ ᠬᠠᠮᠠᠭᠠᠯᠠᠯᠲᠠ ᠳᠤ ᠬᠤᠪᠢ ᠨᠡᠮᠡᠷᠢ ᠦᠵᠡᠭᠦᠯᠦᠭᠰᠡᠨ ᠪᠤᠯ ᠤᠯᠤᠰ ᠠᠴᠠ ᠵᠤᠬᠢᠬᠤ ᠬᠡᠮᠵᠢᠶᠡᠨ ᠤ ᠡᠷᠬᠡ ᠠᠰᠢᠭ ᠤᠨ ᠨᠦᠬᠦᠪᠦᠷᠢ ᠤᠯᠭᠤᠨ᠎ᠠ᠃ ᠶᠠᠮᠠᠷᠪᠠ ᠵᠤᠬᠢᠶᠠᠨ ᠪᠠᠶᠢᠭᠤᠯᠤᠯᠲᠠ ᠵᠢᠴᠢ ᠬᠤᠪᠢ ᠬᠦᠮᠦᠨ ᠠᠴᠠ ᠦᠨᠳᠦᠰᠦᠲᠡᠨ ᠤ ᠦᠪᠡᠷᠲᠡᠭᠡᠨ ᠵᠠᠰᠠᠬᠤ ᠭᠠᠵᠠᠷ ᠤᠷᠤᠨ ᠳᠤ ᠡᠬᠢ ᠪᠠᠶᠠᠯᠢᠭ ᠢ ᠨᠡᠭᠡᠭᠡᠨ ᠠᠰᠢᠬᠯᠠᠨ ᠪᠦᠲᠦᠭᠡᠨ ᠪᠠᠶᠢᠭᠤᠯᠬᠤ ᠦᠶᠡᠰ᠂ ᠵᠤᠬᠢᠰᠲᠠᠢ ᠠᠷᠭ᠎ᠠ ᠬᠡᠮᠵᠢᠶ᠎ᠠ ᠠᠪᠴᠤ᠂ ᠲᠤᠬᠠᠢ ᠶᠢᠨ ᠭᠠᠵᠠᠷ ᠤᠨ ᠠᠮᠢᠳᠤᠷᠠᠯ ᠤᠨ ᠤᠷᠴᠢᠨ ᠲᠤᠭᠤᠷᠢᠨ ᠪᠠ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠪᠠ ᠰᠠᠶᠢᠵᠢᠷᠠᠭᠤᠯᠵᠤ᠂ ᠪᠤᠬᠢᠷᠳᠤᠯ ᠪᠠ ᠨᠡᠶᠢᠲᠡ ᠶᠢᠨ ᠬᠦᠨᠦᠭᠡᠯ ᠠᠴᠠ ᠰᠡᠷᠭᠡᠶᠢᠯᠡᠨ ᠵᠠᠰᠠᠬᠤ ᠬᠡᠷᠡᠭᠲᠡᠢ ᠭᠡᠵᠤ ᠲᠤᠭᠲᠠᠭᠠᠵᠠᠢ᠃                                                    ᠨᠠᠶᠢᠷᠠᠭᠤᠯᠤᠭᠴᠢ᠄ ᠰᠠᠴᠣᠷᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2