ᠰᠤᠷᠪᠤᠯᠵᠢᠯᠠᠭᠴᠢ ᠦᠪᠦᠷ ᠮᠤᠩᠭᠤᠯ ᠤᠨ ᠡᠮᠨᠡᠯᠭᠡ ᠶᠢᠨ ᠬᠤᠷᠢᠶ᠎ᠠ ᠠᠴᠠ ᠤᠢᠢᠯᠠᠭᠠᠭᠰᠠᠨ ᠢᠶᠠᠷ᠂ | ᠦᠪᠡᠷᠲᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠂ ᠦᠪᠡᠷᠲᠡᠭᠡᠨ ᠵᠠᠰᠠᠬᠤ ᠤᠷᠤᠨ ᠤ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ ᠠᠴᠠ ᠬᠠᠮᠲᠤᠷᠠᠨ ᠰᠡᠳᠦᠨ ᠤᠬᠠᠭᠠᠯᠠᠵᠤ᠂ ᠦᠪᠦᠷ ᠮᠤᠩᠭᠤᠯ ᠤᠨ | ᠡᠮᠨᠡᠯᠭᠡ ᠶᠢᠨ ᠬᠤᠷᠢᠶ᠎ᠠ ᠠᠴᠠ ᠲᠠᠭᠠᠭᠠᠴᠢᠯᠠᠨ ᠭᠦᠢᠴᠡᠳᠬᠡᠵᠦ ᠪᠠᠶᠢᠭ᠎ᠠ ᠦᠪᠦᠷ ᠮᠤᠩᠭᠤᠯ ᠤᠨ ︽ᠡᠷᠡᠭᠦᠯ ᠮᠡᠨᠳᠦ | ᠵᠢᠷᠦᠬᠡ︾ ᠶᠠᠳᠠᠭᠤ ᠬᠦᠴᠢᠷᠳᠡᠯᠲᠡᠢ ᠭᠡᠷ ᠪᠦᠯᠢ ᠶᠢᠨ ᠲᠦᠷᠦᠯᠬᠢ ᠵᠢᠷᠦᠬᠡᠨ ᠡᠪᠡᠳᠴᠢᠨ ᠲᠠᠢ ᠬᠡᠦᠬᠡᠳ ᠢ ᠠᠪᠤᠷᠠᠨ | ᠲᠤᠰᠠᠯᠠᠬᠤ ᠠᠵᠢᠯᠯᠠᠭ᠎ᠠ ᠶᠠᠭ ᠯᠠᠪᠳᠠᠭᠤᠨ ᠪᠠᠳᠤᠳᠠᠢ ᠠᠬᠢᠵᠤ᠂ ᠲᠦᠷᠦᠬᠦᠦ ᠪᠦᠯᠦᠭ 9 ᠨᠡᠷᠡᠰ ᠲᠦᠷᠦᠯᠬᠢ ᠵᠢᠷᠦᠬᠡᠨ | ᠡᠪᠡᠳᠴᠢᠨ ᠲᠠᠢ ᠬᠡᠦᠬᠡᠳ ᠨᠢᠭᠡᠨᠲᠡ ᠡᠮᠨᠡᠯᠭᠡ ᠠᠴᠠ ᠭᠠᠷᠪᠠ᠃ | 4 ᠰᠠᠷ᠎ᠠ ᠶᠢᠨ 24 ᠤ ᠡᠳᠦᠷ ᠠᠴᠠ ᠡᠬᠢᠯᠡᠵᠦ᠂ ᠤᠯᠠᠭᠠᠨᠴᠠᠪ ᠬᠤᠲᠠ ᠠᠴᠠ ᠢᠷᠡᠭᠰᠡᠨ 17 ᠲᠦᠷᠦᠯᠬᠢ | ᠵᠢᠷᠦᠬᠡᠨ ᠡᠪᠡᠳᠴᠢᠨ ᠲᠠᠢ ᠬᠡᠦᠬᠡᠳ ᠨᠢᠬᠡᠨᠳᠡ ᠦᠪᠦᠷ ᠮᠤᠩᠭᠤᠯ ᠤᠨ ᠡᠮᠨᠡᠯᠭᠡ ᠶᠢᠨ ᠬᠤᠷᠢᠶ᠎ᠠ ᠶᠢᠨ ᠵᠢᠷᠦᠬᠡᠨ ᠤ | ᠭᠠᠳᠠᠷ ᠰᠠᠯᠠᠭ᠎ᠠ ᠶᠢᠨ ᠡᠪᠡᠳᠴᠢᠲᠡᠨ ᠤ ᠦᠷᠦᠭᠡ ᠳᠤ ᠰᠠᠭᠤᠨ ᠡᠮᠨᠡᠭᠦᠯᠵᠦ᠂ ᠤᠳᠤᠬᠠᠨ ᠳᠤ᠂ 9 ᠡᠪᠡᠳᠴᠢᠲᠡᠨ | ᠦᠨ᠎ᠡ ᠲᠦᠯᠦᠪᠦᠷᠢ ᠦᠭᠡᠢ ᠮᠡᠰᠡ ᠵᠠᠰᠠᠯ ᠬᠢᠯᠭᠡᠵᠦ᠂ ᠨᠢᠭᠡᠨᠲᠡ ᠡᠷᠡᠭᠦᠯᠵᠢᠵᠦ ᠡᠮᠨᠡᠯᠭᠡ ᠠᠴᠠ ᠭᠠᠷᠪᠠ᠃ ᠪᠤᠰᠤᠳ 8 | ᠡᠪᠡᠳᠴᠢᠲᠡᠨ ᠵᠢᠷᠦᠬᠡ ᠴᠢᠰᠦᠨ ᠰᠤᠳᠠᠯ ᠤᠨ ᠭᠠᠳᠠᠷ ᠰᠠᠯᠠᠭ᠎ᠠ ᠶᠢᠨ ᠡᠪᠡᠳᠴᠢᠲᠡᠨ ᠤ ᠦᠷᠦᠭᠡ ᠳᠤ ᠰᠠᠭᠤᠵᠤ᠂ ᠮᠡᠰᠡ | ᠵᠠᠰᠠᠯ ᠠᠴᠠ ᠡᠮᠦᠨᠡᠬᠢ ᠬᠠᠮᠢᠶ᠎ᠠ ᠪᠦᠬᠦᠢ ᠪᠠᠶᠢᠴᠠᠭᠠᠯᠲᠠ ᠶᠢ ᠨᠢᠭᠡᠨᠲᠡ ᠳᠠᠭᠤᠰᠬᠠᠵᠤ᠂ ᠤᠢᠢᠷ᠎ᠠ ᠶᠢᠨ ᠡᠳᠦᠷ ᠲᠤ ᠮᠡᠰᠡ | ᠵᠠᠰᠠᠯ ᠬᠢᠯᠭᠡᠵᠦ ᠡᠮᠨᠡᠭᠦᠯᠬᠦ ᠪᠠᠷ ᠪᠠᠶᠢᠨ᠎ᠠ᠃ | ᠵᠣᠬᠢᠶᠠᠭᠴᠢ᠄ ᠤᠯᠠᠭᠠᠨᠲᠤᠶᠠᠭ᠎ᠠ | ᠨᠠᠶᠢᠷᠠᠭᠤᠯᠤᠭᠴᠢ᠄ ᠠᠭᠤᠯᠠ | |