| — 2017ᠤᠨ ᠤ12 ᠰᠠᠷ᠎ᠠ ᠶᠢᠨ5 ᠤ ᠡᠳᠦᠷ ᠯᠢᠶᠠᠩᠴᠧᠩ ᠰᠢᠶᠠᠨ ᠤ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠤᠳᠠᠭᠠᠨ ᠤ ᠬᠤᠷᠠᠯᠳᠤᠭᠠᠨ | ᠲᠡᠭᠡᠷ᠎ᠡ | ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠰᠢᠶᠠᠨ ᠤ ᠲᠠᠷᠤᠭ᠎ᠠ | ᠢᠦᠢ ᠳ᠋ᠠᠢ ᠴᠢᠩ | ᠲᠦᠯᠦᠭᠡᠯᠡᠭᠴᠢᠳ ᠡ᠄ | ᠤᠳᠤ ᠪᠢ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠡᠮᠦᠨ᠎ᠡ ᠠᠴᠠ ᠶᠡᠭᠡ | ᠬᠤᠷᠠᠯ ᠳᠤ ᠠᠵᠢᠯ ᠤᠨ ᠮᠡᠳᠡᠭᠦᠯᠦᠯᠳᠡ ᠬᠢᠶ᠎ᠡ᠂ ᠬᠢᠨᠠᠨ ᠵᠦᠪᠯᠡᠬᠦ ᠪᠤᠯᠪᠠᠦ︕ ᠰᠢᠶᠠᠨ ᠤ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠳ ᠪᠤᠯᠤᠨ ᠰᠤᠯᠠ ᠤᠷᠤᠯᠴᠠᠭᠴᠢ ᠰᠠᠨᠠᠯ ᠢᠶᠠᠨ ᠲᠤᠷᠠᠳᠬᠤ ᠪᠤᠯᠪᠠᠦ︕ | ᠦᠩᠭᠡᠷᠡᠭᠰᠡᠨ ᠲᠠᠪᠤᠨ ᠵᠢᠯ ᠤᠨ ᠡᠷᠬᠢᠴᠡᠭᠦᠯᠦᠯ | ᠦᠩᠭᠡᠷᠡᠭᠰᠡᠨ ᠲᠠᠪᠤᠨ ᠵᠢᠯ ᠪᠤᠯ ᠮᠠᠨ ᠤ ᠰᠢᠶᠠᠨ ᠤ ᠠᠵᠦ ᠠᠬᠤᠢ ᠨᠡᠶᠢᠭᠡᠮ ᠤᠨ ᠪᠦᠬᠦ ᠲᠠᠯ᠎ᠠ ᠶᠢᠨ | ᠬᠦᠭᠵᠢᠯᠳᠡ ᠶᠢᠨ ᠲᠠᠪᠤᠨ ᠵᠢᠯ ᠮᠦᠨ᠃ ᠮᠦᠨᠴᠦ ᠤᠯᠠᠨ ᠲᠦᠮᠡᠨ ᠤ ᠤᠯᠤᠯᠳᠠ ᠪᠤᠯᠤᠨ ᠵᠤᠯ ᠵᠢᠷᠭᠠᠯ ᠤᠨ | ᠰᠡᠳᠬᠢᠴᠡ ᠮᠡᠳᠡᠭᠳᠡᠮ᠎ᠡ ᠳᠡᠭᠡᠭᠰᠢᠯᠡᠭᠰᠡᠨ ᠲᠠᠪᠤᠨ ᠵᠢᠯ ᠮᠦᠨ᠃ ᠲᠠᠪᠤᠨ ᠵᠢᠯ ᠤᠨ ᠲᠤᠷᠰᠢ᠂ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠵᠠᠰᠠᠭ ᠤᠨ ᠤᠷᠳᠤᠨ᠂ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠪᠤᠯᠤᠨ ᠰᠢᠶᠠᠨ ᠤ ᠨᠠᠮ ᠤᠨ | ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠰᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠪᠤᠯᠤᠨ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠲᠠᠯᠪᠢᠬᠤ ᠪᠠ ᠳᠡᠮᠵᠢᠯᠭᠡ ᠲᠤᠤᠷ᠎ᠠ᠂ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ | ᠵᠤᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠪᠦᠬᠦ ᠰᠢᠶᠠᠨ ᠤ ᠦᠨᠳᠦᠰᠦᠳᠡᠨ ᠨᠦᠭᠦᠳ ᠤᠨ ᠠᠷᠠᠳ ᠲᠦᠮᠡᠨ | ᠰᠠᠬᠢᠨ ᠪᠠᠷᠠᠯᠠᠵᠤ᠂ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠳᠡᠮᠡᠴᠡᠵᠦ᠂ ︽ᠠᠷᠪᠠᠨ ᠬᠤᠶᠠᠳᠤᠭᠠᠷ ᠲᠠᠪᠤᠨ ᠵᠢᠯ | ︾ ᠤᠨ ᠲᠦᠯᠦᠪᠵᠢᠭᠦᠯᠭᠡ ᠶᠢᠨ ᠬᠠᠷᠠᠯᠳᠠ ᠶᠢ ᠳᠡᠭᠦᠰ ᠠᠮᠵᠢᠯᠳᠠ ᠲᠠᠢ ᠪᠡᠶᠡᠯᠡᠭᠦᠯᠵᠠᠢ᠃ ᠲᠠᠪᠤᠨ ᠵᠢᠯ ᠤᠨ ᠲᠤᠷᠰᠢ᠂ | ᠪᠢᠳᠡ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠶᠢ ᠨᠢᠭᠡᠳᠤᠯᠳᠠᠢ ᠲᠦᠯᠦᠪᠯᠡᠨ | ᠠᠬᠢᠭᠤᠯᠬᠤ ᠪᠠ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠵᠢᠨᠪᠠᠶᠢᠷᠢᠯᠠᠭᠤᠯᠤᠯᠳᠠ ᠶᠢ | ᠵᠤᠬᠢᠴᠠᠭᠤᠯᠤᠨ ᠠᠬᠢᠭᠤᠯᠵᠤ᠂ ︽ᠪᠦᠬᠦ ᠤᠯᠤᠰ ᠤᠨ ᠰᠤᠶᠤᠯ ᠵᠤᠭᠠᠴᠠᠯ ᠤᠨ ᠠᠯᠳᠠᠷ ᠲᠠᠢ ᠬᠦᠴᠦᠷᠬᠡᠭ ᠰᠢᠶᠠᠨ︾ | ᠶᠢ ᠡᠭᠦᠳᠦᠨ ᠪᠠᠶᠢᠭᠤᠯᠬᠤ ᠪᠠᠷ ᠵᠤᠷᠢᠯᠭ᠎ᠠ ᠪᠤᠯᠭᠠᠵᠤ᠂ ᠦᠨᠡᠨ ᠢ ᠪᠠᠷᠢᠮᠳᠠᠯᠠᠵᠤ ᠪᠤᠳᠠᠳᠠᠢ ᠪᠠᠷ ᠠᠵᠢᠯᠯᠠᠨ᠂ ᠡᠷᠡᠰ | ᠵᠤᠷᠢᠭᠯᠠᠨ ᠤᠷᠤᠭᠰᠢᠯᠠᠨ ᠲᠠᠪᠰᠢᠵᠤ᠂ ︽ ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ | ᠠᠮᠵᠢᠯᠳᠠ ᠲᠠᠢ ᠬᠡᠷᠡᠭᠵᠢᠭᠦᠯᠦᠨ ᠠᠵᠦ ᠠᠬᠤᠢ ᠨᠡᠶᠢᠭᠡᠮ ᠤᠨ ᠲᠤᠭᠳᠠᠭᠤᠨ ᠢᠶᠠᠷ ᠬᠦᠭᠵᠢᠬᠦ ᠶᠢ ᠪᠠᠳᠤᠯᠠᠪᠠ᠃ | —ᠲᠠᠪᠤᠨ ᠵᠢᠯ ᠤᠨ ᠲᠤᠷᠰᠢ᠂ ᠪᠢᠳᠡ ᠭᠤᠤᠯ ᠨᠢ ᠬᠡᠯᠪᠡᠷᠢ ᠪᠠᠨ ᠬᠤᠪᠢᠷᠠᠭᠤᠯᠬᠤ ᠰᠢᠪᠳᠤᠯᠤᠯᠳᠠ ᠲᠡᠭᠡᠷ᠎ᠡ | ᠬᠦᠴᠦ ᠪᠠᠨ ᠲᠠᠯᠪᠢᠨ᠂ ᠰᠢᠶᠠᠨ ᠤ ᠠᠵᠦ ᠠᠬᠤᠢ ᠶᠢᠨ ᠪᠤᠳᠠᠳᠤ ᠬᠦᠴᠤᠨ ᠲᠠᠰᠤᠷᠠᠯᠳᠠ ᠦᠭᠡᠢ ᠴᠢᠩᠭᠠᠷᠠᠪᠠ᠃ | ᠬᠦᠨᠳᠦ ᠨᠦᠰᠡᠷ ᠬᠡᠯᠪᠡᠷᠢ ᠪᠠᠨ ᠬᠤᠪᠢᠷᠠᠭᠤᠯᠬᠤ ᠦᠭᠡᠷᠡᠴᠢᠯᠡᠯᠳᠡ ᠶᠢᠨ ᠡᠭᠦᠷᠭᠡ ᠪᠤᠯᠤᠨ ᠠᠵᠦ ᠠᠬᠤᠢ ᠶᠢᠨ | ᠤᠷᠤᠭᠤᠳᠠᠯ ᠲᠠᠷᠤᠯᠳᠠ ᠶᠢᠨ ᠡᠮᠦᠨ᠎ᠡ᠂ ᠪᠦᠬᠦ ᠬᠦᠴᠦ ᠪᠠᠷ ᠢᠶᠠᠨ ᠬᠦᠭᠵᠢᠯᠳᠡ ᠶᠢᠨ ᠲᠡᠷᠢᠭᠦᠨ ᠴᠢᠬᠤᠯᠠ ᠡᠭᠦᠷᠭᠡ ᠶᠢ | ᠴᠢᠩᠭ᠎ᠠ ᠠᠳᠬᠤᠵᠤ᠂ ᠨᠡᠮᠡᠭᠳᠡᠯ ᠢ ᠲᠤᠭᠳᠠᠪᠤᠷᠢᠵᠢᠭᠤᠯᠵᠤ᠂ ᠰᠢᠨ᠎ᠡ ᠬᠡᠪ ᠪᠠᠶᠢᠳᠠᠯ ᠲᠤᠤᠷᠠᠬᠢ ᠰᠢᠨ᠎ᠡ ᠬᠦᠭᠵᠢᠯᠳᠡ ᠶᠢ | ᠪᠡᠶᠡᠯᠡᠭᠦᠯᠪᠡ᠃ | 2017 ᠤᠨ ᠲᠦᠰᠦᠪᠯᠡᠭᠰᠡᠨ ᠢᠶᠠᠷ ᠪᠦᠬᠦ ᠰᠢᠶᠠᠨ ᠤ ᠭᠠᠵᠠᠷ ᠤᠷᠤᠨ ᠤ ᠤᠶᠢᠯᠡᠳᠪᠦᠷᠢᠯᠡᠯ ᠤᠨ ᠶᠡᠷᠦᠩᠬᠡᠢ | ᠦᠷᠳᠡᠭ 80 ᠳ᠋ᠦᠩᠰᠢᠭᠤᠷ ᠲᠦᠭᠦᠷᠢᠭ ᠲᠤ ᠬᠦᠷᠴᠦ᠂ 2012 ᠤᠨ ᠤ ᠬᠢᠨ ᠠᠴᠠ1·05 ᠲᠠᠬᠢᠨ ᠪᠤᠯᠪᠠ᠃ | ᠲᠦᠰᠦᠪᠯᠡᠭᠰᠡᠨ ᠢᠶᠠᠷ ᠬᠡᠪᠴᠢᠶᠡᠵᠢᠭᠦᠯᠦᠭᠰᠡᠨ ᠠᠵᠦ ᠤᠶᠢᠯᠡᠳᠪᠦᠷᠢ ᠵᠢᠨᠶᠡᠷᠦᠩᠬᠡᠢ ᠦᠷᠳᠡᠭ ᠨᠢ 33ᠳ᠋ᠦᠩᠰᠢᠭᠤᠷ | ᠲᠦᠭᠦᠷᠢᠭ ᠲᠤ ᠬᠦᠷᠴᠦ᠂2012 ᠤᠨ ᠤ ᠬᠢᠨ ᠠᠴᠠ1·34 ᠲᠠᠬᠢᠨ ᠪᠤᠯᠪᠠ᠃ ᠨᠡᠶᠢᠭᠡᠮ ᠤᠨ ᠬᠡᠷᠡᠭᠯᠡᠭᠡᠨ ᠤ | ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 22·3ᠳ᠋ᠦᠩᠰᠢᠭᠤᠷ ᠲᠦᠭᠦᠷᠢᠭ ᠲᠤ ᠬᠦᠷᠴᠦ᠂ | 2012 ᠤᠨ ᠤ ᠬᠢᠨ ᠠᠴᠠ1·61 ᠲᠠᠬᠢᠨ ᠪᠤᠯᠪᠠ᠃ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ29 | ᠳ᠋ᠦᠩᠰᠢᠭᠤᠷ ᠲᠦᠭᠦᠷᠢᠭ ᠲᠤ ᠬᠦᠷᠴᠦ᠂ 2012 ᠤᠨ ᠤ ᠬᠢᠨ ᠠᠴᠠ1·74 ᠲᠠᠬᠢᠨ ᠪᠤᠯᠪᠠ᠃ ᠬᠤᠳᠠ | ᠰᠢᠶᠠᠩ ᠤᠨ ᠰᠠᠭᠤᠭᠠᠯᠢ ᠠᠷᠠᠳ ᠤᠨ ᠬᠦᠮᠦᠨ ᠪᠦᠷᠢ ᠳᠡᠭᠰᠢᠳᠭᠡᠭᠰᠡᠨ ᠤᠷᠤᠯᠭ᠎ᠠ ᠨᠢ ᠲᠤᠰ ᠲᠤᠰ 2012 ᠤᠨ ᠤ | 1·55 ᠪᠠ1·7 ᠲᠠᠬᠢᠨ ᠪᠤᠯᠪᠠ᠃ ᠭᠤᠷᠪᠠᠨ ᠠᠵᠦ ᠤᠶᠢᠯᠡᠰ ᠤᠨ ᠪᠦᠳᠦᠴᠡ19᠄54᠄27 ᠠᠴᠠ21·5 | ᠄47᠄31·5 ᠪᠠᠷ ᠰᠢᠯᠢᠳᠡᠭᠵᠢᠵᠦ᠂ ᠭᠤᠷᠪᠠᠳᠤᠭᠠᠷ ᠠᠵᠦ ᠤᠶᠢᠯᠡᠰ ᠤᠨ ᠬᠦᠨᠳᠦ ᠶᠢᠨ ᠬᠠᠷᠢᠴᠡᠯ ᠮᠡᠳᠡᠭᠳᠡᠮ᠎ᠡ | ᠳᠡᠭᠡᠭᠰᠢᠯᠡᠵᠦ᠂ ᠠᠵᠦ ᠤᠶᠢᠯᠡᠰ ᠤᠨ ᠪᠦᠳᠦᠴᠡ ᠨᠢ ᠨᠡᠩ ᠶᠤᠰᠤᠨ ᠳᠠᠭᠠᠨ ᠨᠡᠶᠢᠴᠡᠵᠠᠢ᠃ ᠨᠢᠭᠡ ᠪᠦᠯᠦᠭ | ᠰᠠᠭᠤᠷᠢ ᠪᠠᠷ ᠪᠠᠬᠢ᠂ ᠬᠦᠴᠦᠨ ᠴᠢᠳᠠᠯ ᠨᠡᠮᠡᠷᠢᠯᠡᠭᠰᠡᠨ᠂ ᠦᠷᠬᠦᠯᠵᠢᠯᠡᠬᠦᠶᠢᠴᠡ ᠴᠢᠭᠯᠡᠯ ᠲᠠᠢ ᠲᠤᠮᠤ ᠶᠡᠭᠡ ᠲᠦᠷᠦᠯ | ᠵᠤᠶᠢᠯ ᠦᠳᠳᠡᠷ ᠲᠦᠷᠭᠡᠨ ᠪᠤᠶᠢᠵᠢᠵᠤ᠂ ᠲᠦᠮᠡᠨ ᠲᠦᠭᠦᠷᠢᠭ ᠠᠴᠠ ᠲᠡᠭᠡᠭᠰᠢᠬᠢ ᠬᠡᠷᠡᠭᠵᠢᠭᠦᠯᠦᠭᠰᠡᠨ ᠲᠦᠷᠦᠯ | ᠵᠤᠶᠢᠯ ᠨᠡᠶᠢᠳᠡ57 ᠲᠦᠷᠦᠯ ᠪᠠᠶᠢᠵᠤ᠂ ᠨᠡᠶᠢᠳᠡ ᠪᠡᠯᠡ ᠤᠷᠤᠭᠤᠯᠤᠯᠳᠠ75ᠳ᠋ᠦᠩᠰᠢᠭᠤᠷ ᠲᠦᠭᠦᠷᠢᠭ ᠲᠤ ᠬᠦᠷᠴᠦ᠂ | ᠲᠠᠷᠢᠶᠠᠯᠠᠩ ᠮᠠᠯ ᠠᠵᠦ ᠠᠬᠤᠢ ᠶᠢᠨ ᠤᠳᠤᠬᠢᠴᠢᠯᠠᠯᠳᠠ᠂ ᠰᠤᠶᠤᠯ ᠵᠤᠭᠠᠴᠠᠯ᠂ ᠵᠠᠮ ᠬᠠᠷᠢᠯᠴᠠᠭ᠎ᠠ᠂ ᠠᠮᠢ ᠠᠬᠤᠢ | ᠤᠷᠴᠢᠨ ᠲᠤᠭᠤᠷᠢᠨ ᠤ ᠬᠠᠮᠠᠭᠠᠯᠠᠯᠳᠠ ᠵᠡᠷᠭᠡ ᠬᠦᠷᠢᠶ᠎ᠡ ᠴᠠᠷᠠᠭ᠎ᠠ ᠨᠢ ᠰᠢᠪᠳᠤᠯᠤᠯᠳᠠ ᠶᠢᠨ ᠴᠢᠨᠠᠷ ᠲᠠᠢ ᠠᠬᠢᠴᠠ ᠶᠢ | ᠤᠯᠵᠦ ᠂ ᠦᠳᠳᠡᠷ ᠲᠦᠷᠭᠡᠨ ᠬᠦᠭᠵᠢᠪᠡ᠃ | —ᠲᠠᠪᠤᠨ ᠵᠢᠯ ᠤᠨ ᠲᠤᠷᠰᠢ᠂ ᠪᠢᠳᠡ ᠪᠦᠬᠦ ᠬᠦᠴᠦᠨ ᠢᠶᠠᠨ ᠲᠦᠪᠯᠡᠷᠡᠭᠦᠯᠦᠨ ᠵᠤᠭᠠᠴᠠᠯ ᠤᠨ ᠤᠶᠢᠯᠡᠰ ᠢ | ᠬᠦᠭᠵᠢᠭᠦᠯᠵᠦ᠂ ᠰᠤᠶᠤᠯ ᠵᠤᠭᠠᠴᠠᠯ ᠤᠨ ᠬᠦᠴᠦᠷᠭᠡᠭ ᠰᠢᠶᠠᠨ ᠢ ᠪᠦᠳᠦᠭᠡᠨ ᠪᠠᠶᠢᠭᠤᠯᠬᠤ ᠬᠠᠳᠠᠭᠤ ᠪᠡᠷᠬᠡ | ᠠᠯᠬᠤᠭ᠎ᠠ ᠶᠢ ᠲᠤᠭᠤᠯᠵᠠᠢ᠃ ᠲᠦᠯᠦᠪᠵᠢᠭᠦᠯᠭᠡ ᠪᠠᠷ ᠤᠳᠤᠷᠢᠳᠤᠮᠵᠢ ᠪᠤᠯᠭᠠᠪᠠ᠃ ︽ ᠯᠢᠶᠠᠩᠴᠧᠩ ᠰᠢᠶᠠᠨ ᠤ | ᠵᠤᠭᠠᠴᠠᠯ ᠤᠨ ᠤᠶᠢᠯᠡᠰ ᠢ ᠬᠦᠭᠵᠢᠭᠦᠯᠬᠦ ᠶᠡᠷᠦᠩᠬᠡᠢ ᠲᠦᠯᠦᠪᠵᠢᠭᠦᠯᠭᠡ ︾᠂ ︽ ᠯᠢᠶᠠᠩᠴᠧᠩ ᠰᠢᠶᠠᠨ ᠤ | ᠵᠤᠭᠠᠴᠠᠯ ᠤᠨ ᠭᠤᠤᠯᠳᠠᠯᠭᠠᠳᠤ ᠲᠦᠷᠦᠯ ᠵᠤᠶᠢᠯ ᠶᠢ ᠲᠡᠭᠡᠭᠰᠢᠯᠡᠭᠦᠯᠬᠦ ᠲᠦᠯᠦᠪᠵᠢᠭᠦᠯᠭᠡ︾ ᠶᠢ ᠲᠤᠭᠳᠠᠭᠠᠵᠤ᠂ | ᠰᠤᠶᠤᠯ ᠵᠤᠭᠠᠴᠠᠯ ᠤᠨ ᠬᠦᠴᠦᠷᠬᠡᠭ ᠰᠢᠶᠠᠨ ᠢ ᠬᠦᠭᠵᠢᠭᠦᠯᠬᠦ ᠳᠤ ᠵᠤᠷᠢᠯᠭ᠎ᠠ ᠨᠢ ᠨᠡᠩ ᠲᠤᠳᠤᠷᠬᠠᠢ᠂ ᠪᠦᠬᠦ | ᠰᠢᠶᠠᠨ ᠠᠴᠠ ᠵᠤᠭᠠᠴᠠᠯ ᠢ ᠠᠳᠬᠤᠬᠤ ᠰᠡᠳᠭᠢᠮᠵᠢ ᠨᠢ ᠨᠡᠩ ᠲᠤᠳᠤᠷᠬᠠᠢ᠂ ᠬᠦᠴᠦᠨ ᠢᠶᠠᠨ ᠲᠦᠪᠯᠡᠷᠡᠭᠦᠯᠦᠨ | ᠵᠤᠭᠠᠴᠠᠯ ᠤᠨ ᠤᠶᠢᠯᠡᠰ ᠢ ᠬᠦᠭᠵᠢᠭᠦᠯᠬᠦ ᠶᠢᠨ ᠬᠠᠮᠳᠤ ᠲᠠᠨᠢᠯᠳᠠ ᠪᠠᠨ ᠨᠡᠩ ᠨᠢᠭᠳᠠᠷᠠᠭᠤᠯᠵᠠᠢ᠃ ᠵᠤᠭᠠᠴᠠᠯ ᠤᠨ | ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠨᠢ ᠰᠢᠨ᠎ᠡ ᠰᠢᠪᠳᠤᠯᠤᠯᠳᠠ ᠶᠢ ᠤᠯᠵᠠᠢ᠃ ᠲᠠᠪᠤᠨ ᠵᠢᠯ ᠤᠨ ᠲᠤᠷᠰᠢ | ᠂ ᠨᠡᠶᠢᠳᠡ ᠪᠡᠶᠡᠯᠡᠭᠦᠯᠦᠭᠰᠡᠨ ᠪᠡᠯᠡ ᠤᠷᠤᠭᠤᠯᠤᠯᠳᠠ25·6ᠳ᠋ᠦᠩᠰᠢᠭᠤᠷ ᠲᠦᠭᠦᠷᠢᠭ ᠲᠤ ᠬᠦᠷᠴᠠᠢ᠃ ᠲᠠᠭ᠎ᠠ ᠶᠢᠨ | ᠨᠠᠭᠤᠷ ᠬᠠᠯᠠᠭᠤᠨ ᠷᠠᠰᠢᠶᠠᠨ ᠤ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠳᠠ᠂ ᠰᠦᠢ | ᠮᠧᠩ ᠤᠨ ᠬᠤᠪᠢᠰᠬᠠᠯ ᠤᠨ ᠲᠤᠷᠠᠰᠬᠠᠯ ᠤᠨ ᠬᠦᠷᠢᠶᠡᠯᠡᠩ᠂ ᠯᠢᠶᠠᠩᠴᠧᠩ ᠤᠨ ᠮᠦᠽᠸᠢ᠂ ᠡᠾᠦ᠋ᠢ ᠰᠢᠶᠠᠩ ᠽᠢ | ᠱᠠᠰᠢᠨ ᠰᠤᠷᠳᠠᠬᠤᠨ ᠰᠤᠶᠤᠯ ᠢ ᠤᠶᠢᠯᠠᠭᠠᠬᠤ ᠲᠤᠭᠤᠷᠢᠭ ︵ᠤᠷᠤᠨ︶ ᠵᠡᠷᠭᠡ ᠨᠢ ᠵᠠᠯᠭᠠᠯᠳᠤᠭ᠎ᠠ ᠪᠠᠷ | ᠠᠰᠢᠭᠯᠠᠯᠳᠠ ᠳᠤ ᠤᠷᠤᠵᠦ᠂ ᠲᠠᠭ᠎ᠠ ᠶᠢᠨ ᠨᠠᠭᠤᠷ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠤᠷ ᠴᠦ | ᠤᠳᠠᠯ ᠦᠭᠡᠢ ᠠᠰᠢᠭᠯᠠᠯᠳᠠ ᠳᠤ ᠤᠷᠤᠮᠠᠷ ᠪᠠᠶᠢᠨ᠎ᠠ᠃ ᠦᠵᠡᠮᠵᠢ ᠶᠢᠨ ᠤᠷᠤᠨ ᠤ ᠤᠶᠢᠯᠡᠴᠢᠯᠡᠭᠡ ᠵᠢᠴᠢ | ᠴᠢᠳᠠᠪᠬᠢ ᠶᠢᠨ ᠠᠴᠢᠶᠠᠯᠠᠭᠴᠢ ᠶᠡᠬᠡᠪᠡᠷ ᠲᠡᠭᠡᠭᠰᠢᠯᠡᠵᠡᠢ᠃ ᠦᠪᠦᠷ ᠮᠤᠩᠭᠤᠯ ᠤᠨ ᠯᠢᠶᠠᠨ ᠢᠦᠢ ᠵᠤᠭᠠᠴᠠᠯ ᠤᠨ ᠪᠡᠯᠡ | ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠶᠢ ᠵᠤᠬᠢᠶᠠᠨ ᠪᠠᠶᠢᠭᠤᠯᠵᠤ᠂ ᠵᠤᠭᠠᠴᠠᠯ ᠤᠨ ᠬᠠᠮᠢᠶᠠᠷᠤᠯᠳᠠ ᠶᠢᠨ ᠠᠯᠪᠠᠨ | ᠭᠡᠷ ᠪᠠᠶᠢᠭᠤᠯᠤᠭᠳᠠᠵᠤ᠂ ᠵᠤᠭᠠᠴᠠᠯ ᠤᠨ ᠲᠦᠷᠦᠯ ᠵᠤᠶᠢᠯ ᠳᠤ ᠪᠡᠯᠡ ᠤᠷᠤᠭᠤᠯᠬᠤ ᠪᠤᠯᠤᠨ ᠦᠵᠡᠮᠵᠢ ᠶᠢᠨ | ᠲᠠᠪᠴᠠᠩ ᠳᠤ ᠲᠠᠪᠴᠠᠩ ᠪᠠᠶᠢᠭᠤᠯᠬᠤ ᠶᠢᠨ ᠲᠦᠯᠦᠭᠡ ᠪᠠᠳᠤᠯᠠᠭ᠎ᠠ ᠬᠠᠩᠭᠠᠵᠠᠢ᠃ ᠲᠠᠭ᠎ᠠ ᠶᠢᠨ ᠨᠠᠭᠤᠷ ᠵᠢᠴᠢ | ᠬᠠᠯᠠᠭᠤᠨ ᠷᠠᠰᠢᠶᠠᠨ ᠤ ᠦᠵᠡᠮᠵᠢ ᠶᠢᠨ ᠤᠷᠤᠨ ᠤ ᠡᠬᠢ ᠪᠠᠶᠠᠯᠢᠭ ᠢ ᠴᠡᠭᠴᠡᠯᠡᠨ ᠨᠡᠶᠢᠳᠭᠡᠬᠦ ᠶᠢ ᠪᠡᠶᠡᠯᠡᠭᠦᠯᠵᠦ᠂ | ᠲᠠᠭ᠎ᠠ ᠶᠢᠨ ᠨᠠᠭᠤᠷ ᠦᠵᠡᠮᠵᠢ ᠶᠢᠨ ᠤᠷᠤᠨ ᠲᠠᠰ ᠲᠠᠪᠰᠢᠬᠤ ᠦᠭᠡᠷᠡᠴᠢᠯᠡᠯᠳᠡ ᠶᠢ ᠪᠡᠶᠡᠯᠡᠭᠦᠯᠵᠦ᠂ ᠬᠠᠯᠠᠭᠤᠨ | ᠷᠠᠰᠢᠶᠠᠨ ᠮᠦᠰᠦ ᠴᠠᠰᠤᠨ ᠪᠠᠭ᠎ᠠ ᠪᠠᠯᠭᠠᠰᠤ ᠨᠢ ᠬᠤᠶᠠᠷ ᠭᠤᠤᠯᠳᠤ ᠨᠢᠭᠡ ᠬᠦᠨᠳᠡᠯᠡᠨ ᠵᠠᠮ ᠤᠨ ᠲᠤᠤᠷ᠂ ᠮᠠᠩᠬᠠᠨ | ᠠᠭᠤᠯᠠ ᠶᠢᠨ ᠦᠵᠡᠮᠵᠢ ᠶᠢᠨ ᠤᠷᠤᠨ ᠤ ᠨᠡᠪᠳᠡᠷᠡᠭᠦᠯᠭᠡ ᠶᠢᠨ ᠱᠤᠭᠤᠮ ᠵᠠᠮ ᠨᠡᠪᠳᠡᠷᠡᠵᠤ᠂ ᠲᠠᠭ᠎ᠠ ᠶᠢᠨ ᠨᠠᠭᠤᠷ | ᠦᠵᠡᠮᠵᠢ ᠶᠢᠨ ᠤᠷᠤᠨ ᠤ ᠵᠤᠴᠢᠳ ᠤᠨ ᠤᠶᠢᠯᠡᠴᠢᠯᠡᠭᠡᠨ ᠤ ᠲᠦᠪ ᠠᠰᠢᠭᠯᠠᠯᠳᠠ ᠳᠤ ᠤᠷᠤᠵᠤ᠂ ᠠᠭᠤᠯᠠ ᠤᠰᠤᠨ | ᠪᠤᠯᠠᠭ ᠤᠨ ᠬᠤᠳᠠ ᠶᠢᠨ ᠵᠤᠭᠠᠴᠠᠯ ᠬᠤᠯᠪᠤᠭᠠᠯᠠᠭᠰᠠᠨ ᠪᠦᠳᠦᠴᠡ ᠶᠢᠨ ᠮᠠᠶ᠋ᠢᠭ ᠠᠩᠬ᠎ᠠ ᠠᠯᠬᠤᠮ ᠪᠠᠶᠢᠭᠤᠯᠤᠭᠳᠠᠪᠠ᠃ | ᠰᠤᠶᠤᠯ ᠵᠤᠭᠠᠴᠠᠯ ᠤᠨ ᠨᠡᠷ᠎ᠡ ᠲᠡᠮᠳᠡᠭᠳᠦ ᠶᠢᠨ ᠴᠤᠭᠴᠠᠯᠠᠯᠳᠠ ᠮᠡᠳᠡᠭᠳᠡᠮ᠎ᠡ ᠠᠮᠵᠢᠯᠳᠠ ᠤᠯᠪᠠ᠃ ᠳᠡᠤᠬᠡ ᠰᠤᠶᠤᠯ᠂ | ᠬᠤᠪᠢᠰᠬᠠᠯ ᠤᠨ ᠰᠤᠶᠤᠯ᠂ ᠠᠷᠠᠳ ᠤᠨ ᠵᠠᠩ ᠤᠶᠢᠯᠡ ᠵᠡᠷᠭᠡ ᠯᠢᠶᠠᠩᠴᠧᠩ ᠤᠨ ᠨᠤᠳᠤᠭ ᠲᠤ ᠦᠷᠨᠢᠨ ᠬᠦᠭᠵᠢᠵᠦ᠂ | ᠰᠦᠢ ᠮᠧᠩ ᠤᠨ ᠬᠤᠪᠢᠰᠬᠠᠯ ᠤᠨ ᠲᠤᠷᠠᠰᠬᠠᠯ ᠤᠨ ᠬᠦᠷᠢᠶᠡᠯᠡᠩ ᠨᠢ ᠪᠦᠬᠦ ᠤᠷᠤᠨ ᠤ20 ᠭᠤᠤᠯ ᠬᠤᠪᠢᠰᠬᠠᠯ ᠤᠨ | ᠵᠤᠭᠠᠴᠠᠯ ᠤᠨ ᠦᠵᠡᠮᠵᠢ ᠶᠢᠨ ᠤᠷᠤᠨ ᠤ ᠲᠤᠳᠤᠷ᠎ᠠ ᠵᠢᠭᠰᠠᠭᠠᠭᠳᠠᠵᠠᠢ᠃ ᠬᠤᠩ ᠮᠤᠤ ᠡᠮ ᠤᠨ ᠠᠷᠢᠬᠢ ᠶᠢ ᠨᠡᠷᠡᠬᠦ | ᠤᠷᠠᠯᠠᠯ ᠨᠢ ᠤᠯᠤᠰ ᠤᠨ ᠳᠡᠰ ᠤᠨ ᠪᠤᠳᠠᠰ ᠤᠨ ᠪᠤᠰᠤ ᠬᠠᠮᠠᠭᠠᠯᠠᠯᠳᠠ ᠶᠢᠨ ᠨᠡᠷᠡᠰ ᠤᠨ ᠬᠦᠷᠢᠶᠡᠨ ᠳᠤ ᠠᠮᠵᠢᠯᠳᠠ | ᠲᠠᠢ ᠤᠷᠤᠵᠦ᠂ ᠬᠤᠤᠰ ᠠᠭᠤᠯᠠ ᠬᠤᠯᠤᠰᠤᠨ ᠬᠡᠩᠭᠡᠷᠭᠡᠳᠦ ᠲᠠᠭᠤᠯᠠᠯ᠂ ᠪᠦᠰ ᠵᠢᠷᠤᠭ ᠲᠠᠩᠭ᠎ᠠ ᠤᠷᠠᠯᠢᠭ ︵ | ᠲᠠᠩᠭ᠎ᠠ ᠪᠤᠯ ᠲᠦᠪᠡᠳ ᠦᠨᠳᠦᠰᠦᠳᠡᠨ ᠤ ᠰᠤᠶᠤᠯ ᠤᠨ ᠤᠨᠴᠠᠯᠢᠭ ᠢᠶᠠᠷ ᠪᠢᠯᠬᠠᠮ᠎ᠠ ᠨᠢᠭᠡ ᠵᠤᠶᠢᠯ ᠤᠨ ᠤᠷᠠᠨ | ᠵᠢᠷᠤᠭ ᠤᠨ ᠬᠡᠯᠪᠡᠷᠢ ᠮᠦᠨ᠂ ᠲᠦᠪᠡᠳ ᠸᠠᠩᠳᠤ ᠲᠦᠷᠦ ᠮᠠᠨᠳᠤᠭᠰᠠᠨ ᠠᠴᠠ ᠡᠬᠢᠯᠡᠨ ᠤᠳᠤ ᠪᠤᠯᠳᠠᠯ᠎ᠠ | ᠨᠢᠭᠡᠨᠳᠡ1300 ᠭᠠᠷᠦᠢ ᠵᠢᠯ ᠤᠨ ᠳᠡᠤᠬᠡ ᠲᠠᠢ ᠪᠤᠯᠵᠦ᠂ ᠴᠠᠰᠤᠳᠤ ᠦᠨᠳᠦᠷᠯᠢᠭ ᠤᠨ ᠰᠤᠶᠤᠯ ᠤᠨ ᠭᠠᠶᠢᠬᠠᠮᠰᠢᠭᠳᠤ | ᠡᠷᠳᠡᠨᠢ ᠪᠤᠯᠤᠭᠰᠠᠨ ᠶᠤᠮ᠃ ᠳᠡᠭᠦᠨ ᠤ ᠰᠡᠳᠤᠪᠯᠡᠯ ᠳᠤ ᠱᠠᠰᠢᠨ ᠰᠤᠷᠳᠠᠬᠤᠨ ᠠᠴᠠ ᠤᠨᠳᠤᠤ ᠪᠠᠰᠠ ᠳᠡᠤᠬᠡ ᠪᠠ | ᠵᠠᠩ ᠤᠶᠢᠯᠡ ᠶᠢᠨ ᠠᠭᠤᠯᠭ᠎ᠠ ᠪᠠᠶᠢᠳᠠᠭ ᠠᠴᠠ ᠪᠠᠰᠠ ᠲᠦᠪᠡᠳ ᠢ ᠤᠶᠢᠯᠠᠭᠠᠬᠤ ︽ᠨᠡᠪᠳᠡᠷᠬᠡᠢ ᠲᠤᠯᠢ︾ ᠭᠡᠵᠦ | ᠨᠡᠷᠡᠯᠡᠭᠳᠡᠳᠡᠭ ᠃︶ ᠵᠡᠷᠭᠡ ᠨᠢ ᠦᠪᠡᠷᠳᠡᠭᠡᠨ ᠵᠠᠰᠠᠬᠤ ᠤᠷᠤᠨ ᠤ ᠳᠡᠰ ᠤᠨ ᠬᠠᠮᠠᠭᠠᠯᠠᠯᠳᠠ ᠶᠢᠨ ᠨᠡᠷᠡᠰ ᠤᠨ | ᠰᠢᠯᠭᠠᠭᠤᠯᠢ ᠳᠤ ᠤᠷᠤᠪᠠ᠃ ᠲᠠᠭ᠎ᠠ ᠶᠢᠨ ᠨᠠᠭᠤᠷ ᠵᠤᠭᠠᠴᠠᠯ ᠤᠨ ᠤᠷᠤᠨ ᠨᠢ2015 ᠤᠨ ᠤ ᠪᠦᠬᠦ ᠤᠯᠤᠰ ᠤᠨ | ᠰᠢᠯᠢᠳᠡᠭ ᠵᠤᠭᠠᠴᠠᠯ ᠤᠨ ᠲᠦᠷᠦᠯ ᠵᠤᠶᠢᠯ ᠤᠨ ᠨᠡᠷᠡᠰ ᠤᠨ ᠰᠤᠩᠭᠤᠭᠤᠯᠢ ᠳᠤ ᠤᠷᠤᠵᠤ᠂ ᠮᠠᠩᠬᠠᠨ ᠠᠭᠤᠯᠠ | ᠦᠪᠡᠷᠳᠡᠭᠡᠨ ᠵᠠᠰᠠᠬᠤ ᠤᠷᠤᠨ ᠤ ᠳᠡᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠦᠨᠡᠯᠡᠭᠳᠡᠵᠡᠢ᠃ ᠵᠤᠭᠠᠴᠠᠯ ᠤᠨ | ᠦᠷ᠎ᠡ ᠠᠰᠢᠭ ᠲᠠᠰᠤᠷᠠᠯᠳᠠ ᠦᠭᠡᠢ ᠲᠡᠭᠡᠭᠰᠢᠯᠡᠵᠡᠢ᠃ ᠠᠩᠬᠠᠳᠤᠭᠠᠷ ᠬᠤᠭᠤᠴᠠᠭᠠᠨ ᠤ ︽ ᠲᠠᠭ᠎ᠠ ᠶᠢᠨ ᠨᠠᠭᠤᠷ ᠤᠨ | ᠬᠠᠪᠤᠷ︾᠂ ︽ ᠲᠠᠭ᠎ᠠ ᠶᠢᠨ ᠨᠠᠭᠤᠷ ᠤᠨ ᠵᠤᠨ︾᠂ ︽ ᠲᠠᠭ᠎ᠠ ᠶᠢᠨ ᠨᠠᠭᠤᠷ ᠤᠨ ᠨᠠᠮᠦᠷ︾ ᠵᠡᠷᠭᠡ ᠪᠠᠶᠠᠷ ᠢ | ᠪᠡᠯᠭᠡᠯᠡᠬᠦ ᠬᠦᠳᠡᠯᠭᠡᠭᠡᠨ ᠦᠷᠨᠢᠭᠦᠯᠵᠦ᠂ ᠪᠦᠬᠦ ᠰᠢᠶᠠᠨ ᠤ ᠵᠤᠭᠠᠴᠠᠭᠰᠠᠳ ᠢ ᠬᠦᠯᠢᠶᠠᠨ ᠠᠪᠤᠭᠰᠠᠨ ᠲᠤᠭ᠎ᠠ2012 | ᠤᠨ ᠤ86 ᠳ᠋ᠦᠩᠰᠢᠭᠤᠷ ᠬᠦᠮᠦᠨ ᠤ ᠲᠤᠭ᠎ᠠ ᠠᠴᠠ118 ᠲᠦᠮᠡᠨ ᠬᠦᠮᠦᠨ ︵ ᠤᠳᠠᠭ᠎ᠠ︶ ᠳᠤ ᠬᠦᠷᠴᠦ᠂ | ᠵᠤᠭᠠᠴᠠᠯ ᠤᠨ ᠶᠡᠷᠦᠩᠬᠡᠢ ᠤᠷᠤᠯᠭ᠎ᠠ ᠨᠢ2·5ᠳ᠋ᠦᠩᠰᠢᠭᠤᠷ ᠲᠦᠭᠦᠷᠢᠭ ᠠᠴᠠ3·5ᠳ᠋ᠦᠩᠰᠢᠭᠤᠷ ᠲᠦᠭᠦᠷᠢᠭ ᠲᠤ | ᠬᠦᠷᠴᠦ᠂ ᠵᠢᠯ ᠪᠦᠷᠢ ᠶᠢᠨ ᠲᠤᠮᠳᠠᠴᠢ ᠨᠡᠮᠡᠭᠳᠡᠯ ᠤᠨ ᠬᠡᠮᠵᠢᠶ᠎ᠡ ᠨᠢ6·5% ᠳᠤ ᠬᠦᠷᠴᠦ᠂ ᠵᠤᠭᠠᠴᠠᠯ ᠤᠨ ᠠᠵᠢᠯ | ᠤᠶᠢᠯᠡᠰ ᠢ ᠡᠷᠬᠢᠯᠡᠭᠰᠡᠨ ᠬᠦᠮᠦᠨ5500 ᠳᠤ ᠬᠦᠷᠴᠠᠢ᠃ | —ᠲᠠᠪᠤᠨ ᠵᠢᠯ ᠤᠨ ᠲᠤᠷᠰᠢ᠂ ᠪᠢᠳᠡ ᠪᠦᠳᠦᠴᠡ ᠪᠠᠨ ᠰᠢᠯᠢᠳᠡᠭᠵᠢᠭᠦᠯᠦᠨ ᠲᠤᠬᠢᠷᠠᠭᠤᠯᠬᠤ ᠳᠤ ᠬᠦᠴᠦᠯᠡᠵᠦ᠂ | ᠠᠵᠦ ᠤᠶᠢᠯᠡᠰ ᠤᠨ ᠠᠭᠤᠰᠤᠯᠴᠠᠯ ᠬᠦᠭᠵᠢᠯ ᠤᠨ ᠠᠬᠢᠴᠠ ᠮᠡᠳᠡᠭᠳᠡᠮ᠎ᠡ ᠲᠦᠷᠭᠡᠳᠴᠠᠢ᠃ ︽ ᠪᠤᠬᠢᠷᠳᠤᠯ ᠦᠭᠡᠢ︾ | ᠬᠦᠭᠵᠢᠯᠳᠡ ᠶᠢᠨ ᠤᠶᠢᠯᠠᠭᠠᠭᠳᠠᠬᠤᠨ ᠢᠶᠠᠷ ᠤᠳᠤᠷᠢᠳᠤᠮᠵᠢ ᠪᠤᠯᠭᠠᠨ᠂ ᠵᠤᠭᠠᠴᠠᠯ ᠤᠨ ᠤᠶᠢᠯᠡᠰ ᠤᠨ | ᠲᠤᠭᠤᠷᠢᠨ ᠳ᠋ᠤ᠋ᠠᠵᠦ ᠤᠶᠢᠯᠡᠰ ᠤᠨ ᠪᠦᠳᠦᠴᠡ ᠶᠢ ᠲᠤᠬᠢᠷᠠᠭᠤᠯᠤᠨ ᠰᠢᠯᠢᠳᠡᠭᠵᠢᠭᠦᠯᠵᠡᠢ᠃ ᠤᠳᠤᠬᠢᠴᠢᠯᠠᠭᠰᠠᠨ | ᠲᠠᠷᠢᠶᠠᠯᠠᠩ ᠮᠠᠯ ᠠᠵᠦ ᠠᠬᠤᠢ ᠶᠢᠨ ᠴᠢᠨᠠᠷ ᠴᠢᠨᠰᠠᠭ᠎ᠠ ᠲᠡᠭᠡᠭᠰᠢᠯᠡᠵᠦ ᠦᠷ᠎ᠡ ᠠᠰᠢᠭ ᠨᠡᠮᠡᠭᠳᠡᠵᠡᠢ᠃ | ᠤᠳᠤᠬᠢᠴᠢᠯᠠᠭᠰᠠᠨ ᠲᠠᠷᠢᠶᠠᠯᠠᠩ ᠤᠨ ᠲᠠᠷᠢᠮᠠᠯ ᠤᠨ ᠲᠠᠯᠠᠪᠠᠢ ᠲᠠᠰᠤᠷᠠᠯᠳᠠ ᠦᠭᠡᠢ ᠨᠡᠮᠡᠭᠳᠡᠨ᠂ ᠵᠠᠬᠢᠶᠠᠯᠠᠭ᠎ᠠ ᠶᠢᠨ | ᠮᠠᠶ᠋ᠢᠭ ᠤᠨ ᠲᠠᠷᠢᠶᠠᠯᠠᠩ ᠢ ᠬᠦᠭᠵᠢᠭᠦᠯᠪᠡ᠃35 ᠲᠦᠮᠡᠨ ᠮᠦ ᠦᠵᠡᠭᠦᠯᠦᠯᠭᠡ ᠶᠢᠨ ᠲᠠᠷᠢᠶᠠᠯᠠᠩ᠂ 6 ᠲᠦᠮᠡᠨ ᠮᠦ | ᠲᠦᠬᠦᠭᠡᠷᠦᠮᠵᠢᠳᠦ ᠲᠠᠷᠢᠶᠠᠯᠠᠩ᠂ 1ᠲᠦᠮᠡᠨ ᠮᠦ ᠭᠠᠵᠠᠷ ᠲᠠᠷᠢᠶ᠎ᠠ ᠡᠭᠡᠯᠵᠢᠯᠡᠨ ᠲᠠᠷᠢᠬᠤ ᠲᠠᠢ ᠤᠶᠠᠯᠳᠤᠭᠤᠯᠵᠤ᠂ | ᠠᠪᠴᠢᠮᠠᠯ ᠦᠷᠡᠳᠦ ᠡᠷᠳᠡᠨᠢ ᠰᠢᠰᠢ ᠶᠢ10 ᠲᠦᠮᠡᠨ ᠮᠦ ᠲᠠᠷᠢᠵᠠᠢ᠃ ᠨᠡᠷ᠎ᠡ ᠳᠡᠮᠳᠡᠭᠳᠦ ᠭᠡᠷᠡᠴᠢᠯᠡᠬᠦ ᠬᠦᠷᠢᠶ᠎ᠡ | ᠬᠡᠪᠴᠢᠶ᠎ᠡ ᠲᠠᠰᠤᠷᠠᠯᠳᠠ ᠦᠭᠡᠢ ᠦᠷᠭᠡᠳᠴᠦ᠂ ᠪᠦᠬᠦ ᠰᠢᠶᠠᠨ ᠤ 96 ᠲᠦᠮᠡᠨ ᠮᠦ ᠬᠠᠭᠠᠯᠪᠤᠷᠢᠯᠠᠭᠰᠠᠨ ᠲᠠᠷᠢᠶ᠎ᠠ ᠨᠢ | ᠲᠠᠷᠢᠶᠠᠯᠠᠩ ᠤᠨ ᠬᠡᠯᠳᠡᠰ ᠤᠨ ᠨᠡᠶᠢᠳᠡ ᠶᠢᠨ ᠬᠦᠨᠦᠭᠡᠯ ᠦᠭᠡᠢ ᠭᠠᠷᠤᠯᠳᠠ ᠶᠢᠨ ᠤᠷᠤᠨ ᠤ ᠦᠨᠡᠯᠡᠯ ᠢᠶᠠᠷ | ᠪᠠᠳᠤᠯᠠᠭᠳᠠᠪᠠ᠃ 9600 ᠮᠦ ᠬᠠᠭᠠᠯᠪᠤᠷᠢᠯᠠᠭᠰᠠᠨ ᠲᠠᠷᠢᠶ᠎ᠠ ᠨᠢ ᠤᠯᠤᠰ ᠤᠨ ᠤᠷᠭᠠᠨᠢᠭ ᠭᠠᠷᠤᠯᠳᠠ ᠶᠢᠨ ᠤᠷᠤᠨ | ᠪᠤᠯᠤᠨ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠤ ᠭᠠᠷᠤᠯᠳᠠ ᠶᠢᠨ ᠤᠷᠤᠨ ᠤ ᠦᠨᠡᠯᠡᠯ ᠢᠶᠠᠷ | ᠪᠠᠳᠤᠯᠠᠭᠳᠠᠵᠤ᠂ 20 ᠢᠯᠡᠭᠦᠦ ᠲᠠᠷᠢᠶᠠᠯᠠᠩ ᠤᠨ ᠪᠦᠳᠦᠭᠡᠭᠳᠡᠭᠦᠨ ᠨᠢ ᠤᠯᠤᠰ ᠤᠨ ᠤᠷᠭᠠᠨᠢᠭ ᠲᠠᠷᠢᠶᠠᠯᠠᠩ ᠤᠨ | ᠪᠦᠳᠦᠭᠡᠭᠳᠡᠭᠦᠨ ᠪᠤᠯᠤᠨ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠤ ᠦᠨᠡᠯᠡᠯ ᠢᠶᠠᠷ ᠪᠠᠳᠤᠯᠠᠭᠳᠠᠪᠠ᠃ | ᠮᠠᠯ ᠠᠵᠦ ᠠᠬᠤᠢ ᠶᠢᠨ ᠬᠦᠭᠵᠢᠯᠳᠡ ᠶᠢᠨ ᠠᠬᠢᠴᠠ ᠨᠢ ᠤᠯᠠᠮ ᠨᠢᠭᠡ ᠠᠯᠬᠤᠮ ᠲᠦᠷᠭᠡᠳᠴᠠᠢ᠃ ᠦᠨᠢᠶ᠎ᠡ᠂ ᠮᠢᠬᠠᠨ | ᠦᠬᠡᠷ᠂ ᠮᠢᠬᠠᠨ ᠬᠤᠨᠢ᠂ ᠠᠮᠢᠳᠤ ᠭᠠᠭ᠋ᠠᠢ᠂ ᠦᠨᠳᠡᠭᠡᠨ ᠲᠠᠬᠢᠶ᠎ᠠ ᠵᠡᠷᠭᠡ ᠲᠠᠪᠤᠨ ᠶᠡᠭᠡ ᠲᠤᠯᠤᠭᠠᠶᠢᠯᠠᠭᠴᠢ ᠠᠵᠦ | ᠤᠶᠢᠯᠡᠰ ᠲᠤᠭᠳᠠᠭᠤᠨ ᠢᠶᠠᠷ ᠬᠦᠭᠵᠢᠵᠦ᠂ ᠬᠡᠪᠴᠢᠶᠡᠵᠢᠭᠦᠯᠬᠦ ᠳᠡᠵᠢᠭᠡᠨ ᠦᠷᠡᠵᠢᠭᠦᠯᠬᠦ ᠬᠦᠷᠢᠶᠡᠯᠡᠩ ᠤᠨ ᠲᠤᠭᠤᠷᠢᠭ | ᠨᠢ 77 ᠳᠤ ᠬᠦᠷᠴᠦ᠂ ᠭᠡᠷ ᠤᠨ ᠳᠡᠵᠢᠭᠡᠪᠦᠷᠢ ᠶᠢᠨ ᠶᠡᠷᠦᠩᠬᠡᠢ ᠲᠤᠭ᠎ᠠ ᠲᠤᠯᠤᠭᠠᠢ ᠨᠢ83 ᠲᠦᠮᠡ ᠳᠤ ᠬᠦᠷᠪᠡ᠃ | ᠪᠤᠬᠢᠷᠳᠤᠯ ᠦᠬᠡᠢ ᠤᠷᠴᠢᠨ ᠲᠤᠭᠤᠷᠢᠨ ᠢ ᠬᠠᠮᠠᠭᠠᠯᠠᠬᠤ ᠠᠵᠦ ᠤᠶᠢᠯᠡᠰ ᠨᠢ ᠬᠡᠯᠪᠡᠷᠢ ᠶᠢᠨ ᠬᠤᠪᠢᠷᠠᠯᠳᠠ ᠶᠢᠨ | ᠬᠦᠭᠵᠢᠯᠳᠡ ᠶᠢ ᠪᠡᠶᠡᠯᠡᠭᠦᠯᠵᠡᠢ᠃ ᠡᠨᠧᠷᠬᠢ ᠠᠷᠪᠢᠯᠠᠨ᠂ ᠭᠠᠳᠠᠭᠰᠢᠯᠠᠬᠤ ᠶᠢ ᠪᠠᠭᠠᠰᠬᠠᠬᠤ ᠢᠶᠠᠷ ᠭᠤᠤᠯᠳᠠᠯᠭ᠎ᠠ | ᠪᠤᠯᠭᠠᠵᠤ᠂ ᠲᠠᠭ᠎ᠠ ᠶᠢᠨ ᠨᠠᠭᠤᠷ ᠴᠠᠬᠢᠯᠭᠠᠨ ᠤᠶᠢᠯᠡᠳᠪᠤᠷᠢ ᠶᠢᠨ ᠤᠰᠤᠨ ᠤ ᠬᠦᠢᠳᠡᠨ ᠠᠴᠠ ᠠᠭᠠᠷ ᠤᠨ ᠬᠦᠢᠳᠡᠨ ᠤ | ᠦᠭᠡᠷᠡᠴᠢᠯᠡᠬᠦ ᠨᠢᠭᠡᠳᠦᠭᠡᠷ ᠬᠤᠭᠤᠴᠠᠭᠠᠨ ᠤ ᠮᠡᠷᠭᠡᠵᠢᠯ ᠤᠨ ᠦᠭᠡᠷᠡᠴᠢᠯᠡᠯᠳᠡ ᠶᠢ ᠡᠬᠢᠯᠡᠭᠦᠯᠵᠦ᠂ ᠳᠡᠭᠡᠳᠦ ᠬᠡᠮᠵᠢᠶᠡᠨ ᠤ | ᠤᠰᠤᠨ ᠤ ᠬᠤᠷᠤᠭᠳᠠᠯ ᠤᠨ ᠳᠡᠤᠬᠡ ᠶᠢ ᠡᠴᠦᠰᠯᠡᠭᠦᠯᠵᠡᠢ᠃ ᠴᠡᠪᠡᠷ ᠡᠨᠧᠷᠭᠢ ᠶᠢ ᠬᠦᠭᠵᠢᠬᠦᠯᠬᠦ ᠪᠤᠯᠤᠨ ᠪᠤᠬᠢᠷᠳᠤᠯ | ᠦᠭᠡᠢ ᠲᠠᠷᠢᠶᠠᠯᠠᠩ ᠮᠠᠯ ᠠᠵᠦ ᠠᠬᠤᠢ ᠶᠢᠨ ᠪᠦᠳᠦᠭᠡᠭᠳᠡᠭᠦᠨ ᠢ ᠤᠶᠢᠯᠡᠳᠪᠤᠷᠢᠯᠡᠬᠦ ᠤᠶᠢᠯᠡᠰ ᠢᠶᠠᠷ ᠭᠤᠤᠯᠳᠠᠯᠭ᠎ᠠ | ᠪᠤᠯᠭᠠᠵᠤ᠂ ᠵᠢᠩ ᠨᠡᠩ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠨᠢᠭᠡᠳᠦᠭᠡᠷ ᠬᠤᠭᠤᠴᠠᠭ᠎ᠠ᠂ ᠴᠧᠩ ᠳ᠋ᠠ | ᠨᠠᠷᠠᠨᠡᠨᠧᠷᠭᠢ᠂ ᠵᠢᠩ ᠵᠤᠤ ᠯᠠᠢ ᠭᠡᠷᠡᠯ ᠴᠠᠬᠢᠯᠭᠠᠨ ᠢᠶᠠᠷ ᠴᠠᠬᠢᠯᠭᠠᠨ ᠭᠠᠷᠭᠠᠬᠤ ᠲᠦᠷᠦᠯ ᠵᠤᠶᠢᠯ ᠵᠡᠷᠭᠡ ᠨᠢ | ᠰᠦᠯᠵᠢᠶ᠎ᠡ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠠᠮᠵᠢᠯᠳᠠ ᠲᠠᠢ ᠪᠡᠶᠡᠯᠡᠭᠦᠯᠵᠠᠢ᠃ ᠬᠤᠩ ᠮᠤᠤ ᠤᠯᠤᠰ ᠤᠨ | ᠭᠠᠵᠠᠷ ᠵᠦᠢ ᠶᠢᠨ ᠪᠡᠯᠭᠡ ᠲᠡᠮᠳᠡᠭᠳᠦ ᠪᠦᠳᠦᠭᠡᠭᠳᠡᠭᠦᠨ ᠢᠶᠠᠷ ᠬᠠᠮᠠᠭᠠᠯᠠᠨ ᠦᠨᠡᠯᠡᠭᠳᠡᠬᠦ ᠪᠠᠷ ᠲᠠᠮᠵᠢᠨ᠂ ︽CCTV | ᠤᠯᠤᠰ ᠤᠨ ᠨᠡᠷ᠎ᠡ ᠲᠡᠮᠳᠡᠭᠳᠦ ᠶᠢᠨ ᠲᠦᠯᠦᠪᠵᠢᠭᠦᠯᠭᠡ︾ ᠳᠤ ᠰᠤᠩᠭᠤᠭᠳᠠᠵᠤ᠂ ᠪᠦᠳᠦᠭᠡᠭᠳᠡᠭᠦᠨ ᠤ | ᠪᠤᠷᠤᠯᠠᠭᠤᠯᠤᠯᠳᠠ ᠶᠢᠨ ᠬᠡᠮᠵᠢᠶ᠎ᠡ ᠨᠢ1800 ᠲᠦᠮᠡᠨ ᠯᠤᠩᠬᠤ ᠳᠤ ᠬᠦᠷᠴᠦ᠂ ᠵᠠᠬ᠎ᠠ ᠲᠡᠯᠭᠡᠭᠦᠷ ᠤᠨ ᠵᠢᠵᠢᠭᠯᠡᠨ | ᠬᠤᠳᠠᠯᠳᠤᠬᠤ ᠬᠡᠪᠴᠢᠶ᠎ᠡ᠂ ᠲᠡᠭᠡᠭᠰᠢ ᠲᠤᠰᠢᠶᠠᠬᠤ ᠭᠠᠶᠢᠯᠢ ᠶᠢᠨ ᠤᠷᠤᠯᠭ᠎ᠠ ᠨᠢ ᠲᠤᠰ ᠲᠤᠰ50 ᠳ᠋ᠦᠩᠰᠢᠭᠤᠷ | ᠲᠦᠭᠦᠷᠢᠭ ᠪᠤᠯᠤᠨ2·4ᠳ᠋ᠦᠩᠰᠢᠭᠤᠷ ᠲᠦᠭᠦᠷᠢᠭ ᠲᠤ ᠬᠦᠷᠪᠡ᠃ ᠡᠯᠧᠺᠲᠷᠣᠨ ᠬᠤᠳᠠᠯᠳᠤᠭ᠎ᠠ ᠲᠦᠷᠭᠡᠨ | ᠬᠦᠭᠵᠢᠪᠡ᠃ ᠪᠦᠬᠦ ᠤᠯᠤᠰ ᠤᠨᠡᠯᠧᠺᠲᠷᠣᠨ ᠬᠤᠳᠠᠯᠳᠤᠭ᠎ᠠ ᠬᠦᠳᠡᠭᠡ ᠲᠤᠰᠬᠤᠨ ᠳᠤ ᠤᠷᠤᠬᠤ ᠶᠡᠷᠦᠩᠬᠡᠶᠢᠯᠡᠭᠰᠡᠨ | ᠵᠢᠱᠢᠶ᠎ᠡ ᠦᠵᠡᠭᠦᠯᠬᠦ ᠰᠢᠶᠠᠨ ᠤ ᠲᠦᠷᠦᠯ ᠵᠤᠶᠢᠯ ᠤᠷᠤᠭᠰᠢᠳᠠᠢ ᠠᠬᠢᠴᠠ ᠲᠠᠢ ᠪᠠᠶᠢᠵᠦ᠂ᠡᠯᠧᠺᠲᠷᠣᠨ | ᠬᠤᠳᠠᠯᠳᠤᠭ᠎ᠠ ᠶᠢᠨ ᠤᠯᠠᠨ ᠨᠡᠶᠢᠳᠡ ᠶᠢᠨ ᠤᠶᠢᠯᠡᠴᠡᠯᠡᠭᠡᠨ ᠤ ᠲᠦᠪ᠂ ᠤᠶᠢᠯᠡᠰ ᠪᠦᠳᠦᠭᠡᠬᠦ ᠨᠡᠪᠴᠢᠭᠦᠯᠬᠦ ᠰᠠᠭᠤᠷᠢᠨ | ᠭᠠᠵᠠᠷ᠂ ᠡᠳ᠋ ᠪᠠᠷᠠᠭ᠎ᠠ ᠭᠦᠢᠯᠭᠡᠭᠡ ᠶᠢᠨ ᠬᠦᠮᠦᠷᠭᠡᠯᠡᠨ ᠬᠠᠳᠠᠭᠠᠯᠠᠯᠳᠠ ᠶᠢ ᠲᠤᠬᠢᠷᠠᠭᠤᠯᠤᠨ ᠬᠦᠷᠭᠡᠬᠦ ᠲᠦᠪ ᠶᠢᠨ | ᠡᠷᠭᠢᠯᠳᠡ ᠨᠢ ᠮᠠᠰᠢ ᠰᠠᠶᠢᠨ᠂8 ᠪᠠᠯᠭᠠᠰᠤᠨ ᠲᠠᠰ ᠤᠨ ᠤᠶᠢᠯᠡᠴᠢᠯᠡᠭᠡᠨ ᠤ ᠦᠷᠳᠡᠭᠡ᠂64 ᠲᠤᠰᠬᠤᠨ ᠲᠠᠰ ᠤᠨ | ᠤᠶᠢᠯᠡᠴᠢᠯᠡᠭᠡᠨ ᠤ ᠴᠢᠭ ᠨᠢ ᠤᠳᠠᠭ᠎ᠠ ᠲᠠᠷᠠᠭ᠎ᠠ ᠪᠠᠷ ᠠᠰᠢᠭᠯᠠᠨ ᠬᠡᠷᠡᠭᠯᠡᠭᠳᠡᠵᠦ᠂ ᠨᠡᠶᠢᠳᠡ ᠪᠤᠷᠤᠯᠠᠭᠤᠯᠬᠤ ᠨᠤᠷᠮ᠎ᠠ | ᠨᠢ7000 ᠲᠦᠮᠡᠨ ᠲᠦᠭᠦᠷᠢᠭ ᠲᠤ ᠬᠦᠷᠴᠦ᠂ ᠲᠠᠸᠠᠷ ᠤᠨ ᠭᠦᠢᠯᠭᠡᠭᠡᠨ ᠤ ᠠᠷᠭ᠎ᠠ ᠵᠠᠮ ᠪᠦᠳᠦᠮᠵᠢ ᠲᠠᠢ | ᠦᠷᠭᠡᠳᠪᠡ᠃ | —ᠲᠠᠪᠤᠨ ᠵᠢᠯ ᠤᠨ ᠲᠤᠷᠰᠢ᠂ ᠪᠢᠳᠡ ᠬᠤᠳᠠ ᠬᠦᠳᠡᠭᠡ ᠶᠢᠨ ᠠᠭᠤᠰᠤᠯᠴᠠᠯ ᠳᠤ ᠬᠦᠴᠦᠯᠡᠵᠦ᠂ ᠤᠷᠤᠨ | ᠰᠠᠭᠤᠴᠠ ᠶᠢᠨ ᠤᠷᠴᠢᠨ ᠲᠤᠭᠤᠷᠢᠨ ᠮᠡᠳᠡᠭᠳᠡᠮ᠎ᠡ ᠰᠠᠶᠢᠵᠢᠷᠠᠵᠠᠢ᠃ ᠵᠤᠭᠠᠴᠠᠬᠤ ᠳᠤ ᠲᠤᠬᠢᠯᠢᠭ᠂ ᠬᠦᠮᠦᠨᠰᠠᠭᠤᠷᠢᠰᠢᠯ | ᠤᠨᠤᠷᠴᠢᠨᠲ᠋ᠤᠭᠤᠷᠢᠨᠲ᠋ᠤᠬᠢᠳᠠᠢ᠂ ᠠᠵᠢᠯᠤᠶᠢᠯᠡᠰ ᠵᠤᠬᠢᠰᠳᠠᠢ ᠬᠤᠳᠠ ᠪᠠᠯᠭᠠᠰᠤ ᠶᠢ ᠴᠤᠭᠴᠠᠯᠠᠨ ᠪᠠᠶᠢᠭᠤᠯᠬᠤ ᠶᠢᠨ | ᠲᠤᠭᠤᠷᠢᠨ ᠳᠤ᠂ ᠬᠤᠳᠠ ᠰᠢᠶᠠᠩ ᠤᠨ ᠪᠦᠳᠦᠭᠡᠨ ᠪᠠᠶᠢᠭᠤᠯᠤᠯᠳᠠ ᠶᠢ ᠨᠢᠭᠡᠳᠦᠯᠲᠠᠢ ᠲᠦᠯᠦᠪᠵᠢᠭᠦᠯᠦᠨ ᠠᠬᠢᠭᠤᠯᠵᠤ᠂ | ᠬᠤᠳᠠ ᠰᠢᠶᠠᠩ ᠤᠨ ᠶᠡᠷᠦᠩᠬᠡᠶᠢᠯᠡᠭᠰᠡᠨ ᠤᠶᠢᠯᠡᠴᠢᠯᠡᠭᠡᠨ ᠤ ᠴᠢᠳᠠᠮᠵᠢ ᠶᠢ ᠤᠯᠠᠮ ᠨᠢᠭᠡ ᠠᠯᠬᠤᠮ ᠲᠡᠭᠡᠭᠰᠢᠯᠡᠭᠦᠯᠵᠡᠢ | ᠃ ︽ ᠲᠠᠪᠤᠨ ᠬᠤᠳᠠ ᠶᠢ ᠬᠠᠮᠳᠤ ᠳᠤᠨᠢ ᠡᠭᠦᠳᠤᠨ ᠪᠠᠶᠢᠭᠤᠯᠬᠤ︾ ᠠᠵᠢᠯ ᠮᠡᠳᠡᠭᠳᠡᠮ᠎ᠡ ᠠᠮᠵᠢᠯᠳᠠ ᠤᠯᠪᠠ᠃ | ᠲᠠᠪᠤᠨ ᠵᠢᠯ ᠨᠡᠶᠢᠳᠡ 52 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂25 ᠲᠦᠮᠡᠨ ᠲᠡᠭᠰᠢ ᠲᠦᠷᠪᠡᠯᠵᠢᠨ | ᠮᠧᠲᠷ ᠤᠨ ᠬᠢᠮᠳᠠ ᠲᠦᠷᠢᠶᠡᠰᠤᠨ ᠭᠡᠷ᠂ ᠨᠡᠶᠢᠳᠡ ᠶᠢᠨ ᠲᠦᠷᠢᠶᠡᠰᠤᠨ ᠭᠡᠷ᠂ ᠲᠦᠭᠦᠮ ᠪᠦᠳᠦᠴᠡᠳᠦ ᠤᠷᠤᠨ | ᠲᠤᠭᠤᠷᠢᠭ ᠤᠨ ᠦᠭᠡᠷᠡᠴᠢᠯᠡᠯᠳᠡ ᠶᠢ ᠪᠡᠶᠡᠯᠡᠭᠦᠯᠵᠦ᠂ ᠪᠠᠶᠢᠭᠤᠯᠤᠭᠳᠠᠭᠰᠠᠨ ᠤᠷᠤᠨ ᠤ ᠲᠠᠯᠠᠪᠠᠢ ᠨᠢ7·5 ᠲᠡᠭᠰᠢ | ᠲᠦᠷᠪᠡᠯᠵᠢᠨ ᠮᠧᠲᠷ ᠠᠴᠠ10·5 ᠲᠡᠭᠰᠢ ᠲᠦᠷᠪᠡᠯᠵᠢᠨ ᠮᠧᠲᠷ ᠬᠦᠷᠳᠡᠯ᠎ᠡ ᠦᠷᠭᠡᠳᠴᠠᠢ᠃ ᠴᠡᠴᠡᠷᠯᠢᠭ ᠤᠨ | ᠨᠤᠭᠤᠭᠠᠷᠠᠭᠤᠯᠤᠯᠳᠠ ᠶᠢᠨ ᠲᠠᠯᠠᠪᠠᠢ ᠨᠢ150 ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ᠂ ᠬᠦᠮᠦᠨ | ᠪᠦᠷᠢ ᠶᠢᠨ ᠲᠡᠭᠰᠢᠳᠭᠡᠭᠰᠡᠨ ᠲᠠᠯᠠᠪᠠᠢ ᠨᠢ12·8 ᠲᠡᠭᠰᠢ ᠲᠦᠷᠪᠡᠯᠵᠢᠨ ᠮᠧᠲᠷ ᠲᠤ ᠬᠦᠷᠴᠦ᠂ | ᠨᠤᠭᠤᠭᠠᠷᠠᠭᠤᠯᠤᠯᠳᠠ ᠶᠢᠨ ᠭᠠᠵᠠᠷ ᠤᠨ ᠨᠤᠷᠮ᠎ᠠ ᠨᠢ34% ᠳᠤ ᠬᠦᠷᠪᠡ᠃ ᠪᠠᠭ᠎ᠠ ᠵᠡᠭᠡᠯᠢ ᠭᠤᠳᠤᠮᠵᠢ ᠶᠢᠨ | ᠬᠠᠳᠠᠭᠤᠷᠠᠯᠳᠠ᠂ ᠭᠤᠤᠯ ᠵᠠᠮ ᠤᠨ ᠲᠡᠰ ᠲᠠᠪᠰᠢᠬᠤ ᠦᠭᠡᠷᠡᠴᠢᠯᠡᠯᠳᠡ ᠵᠡᠷᠭᠡ ᠨᠢ ᠨᠡᠶᠢᠳᠡ65 ᠲᠦᠮᠡᠨ ᠲᠡᠭᠰᠢ | ᠲᠦᠷᠪᠡᠯᠵᠢᠨ ᠮᠧᠲᠷ ᠢ ᠪᠡᠶᠡᠯᠡᠭᠦᠯᠦᠨ᠂17 ᠺᠢᠯᠦᠮᠧᠲᠷ ᠤᠨ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠠᠢ | ᠲᠤᠤᠷ ᠢ ᠲᠡᠪᠢᠰᠤᠨ ᠲᠤᠬᠢᠷᠠᠭᠤᠯᠪᠠ᠃ ᠬᠤᠳᠠ ᠪᠠᠯᠭᠠᠰᠤ ᠶᠢᠨ ᠰᠠᠭᠤᠷᠢ ᠲᠦᠬᠦᠭᠡᠷᠦᠮᠵᠢ ᠤᠯᠠᠮ ᠨᠢᠭᠡ ᠠᠯᠬᠤᠮ | ᠲᠡᠭᠦᠯᠳᠡᠷᠵᠢᠵᠠᠢ᠃ ᠵᠡᠭᠦᠨ ᠪᠠᠷᠠᠭᠤᠨ ᠮᠦᠸᠧ ᠯᠢ ᠡᠾᠧ ᠶᠢᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠡᠮᠬᠢ | ᠴᠡᠭᠴᠡᠳᠡᠢ ᠶᠠᠪᠤᠭᠳᠠᠪᠠ᠃ ᠲᠦᠸᠧ ᠪᠠ ᠭᠦᠢ ᠴᠡᠴᠡᠷᠯᠢᠭ ᠨᠢ ᠴᠢᠳᠠᠮᠵᠢ ᠪᠠᠷ ᠪᠦᠷᠢᠨ ᠳᠡᠭᠦᠯᠳᠡᠷ ᠶᠡᠷᠦᠩᠬᠡᠶᠢᠯᠡᠭᠰᠡᠨ | ᠴᠢᠨᠠᠷᠳᠠᠢ ᠴᠡᠴᠡᠷᠯᠢᠭ ᠢᠶᠠᠷ ᠴᠤᠭᠴᠠᠯᠠᠨ ᠪᠠᠶᠢᠭᠤᠯᠤᠭᠳᠠᠪᠠ᠃ ᠦᠪᠦᠷ ᠮᠤᠩᠭᠤᠯ ᠤᠨ ᠴᠡᠴᠡᠷᠯᠢᠭ ᠰᠢᠶᠠᠨ ᠬᠤᠳᠠ | ᠪᠤᠯᠤᠨ ᠢᠳᠡᠭᠡᠨ ᠤ ᠵᠤᠶᠢᠯᠡᠰ ᠡᠮ ᠤᠨ ᠵᠤᠶᠢᠯᠡᠰ ᠤᠨ ᠠᠮᠦᠷ ᠠᠮᠤᠭᠤᠯᠠᠩ ᠯᠢᠶᠠᠩᠴᠧᠩ ᠢ ᠠᠮᠵᠢᠯᠳᠠ ᠲᠠᠢ | ᠪᠦᠳᠦᠭᠡᠵᠦ᠂ ᠦᠪᠦᠷ ᠮᠤᠩᠭᠤᠯ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠢᠶᠠᠷ ᠦᠨᠡᠯᠡᠭᠳᠡᠨ᠂ ᠤᠷᠴᠢᠨ | ᠲᠤᠭᠤᠷᠢᠨ ᠢ ᠬᠠᠮᠠᠭᠠᠯᠠᠬᠤ ᠵᠢᠱᠢᠶᠡᠴᠢ ᠬᠤᠳᠠ ᠤᠷᠤᠭᠰᠢᠳᠠᠢ ᠪᠠᠶᠢᠵᠦ᠂ ᠪᠤᠯᠪᠠᠰᠤᠨ ᠬᠤᠳᠠ ᠨᠢ | ᠬᠤᠳᠠ ᠶᠢᠨ2017—2019 ᠬᠤᠭᠤᠴᠠᠭᠠᠨ ᠤ ᠦᠪᠡᠷᠳᠡᠭᠡᠨ ᠵᠠᠰᠠᠬᠤ ᠤᠷᠤᠨ ᠤ ᠬᠦᠷᠢᠶ᠎ᠡ ᠬᠡᠪᠴᠢᠶᠡᠨ ᠳᠤ | ᠠᠮᠵᠢᠯᠳᠠ ᠲᠠᠢ ᠤᠷᠤᠵᠠᠢ᠃ᠬᠤᠩ ᠮᠤᠤ ᠪᠠᠯᠭᠠᠰᠤ ᠨᠢ ᠪᠦᠬᠦ ᠤᠯᠤᠰ ᠤᠨ ᠭᠤᠤᠯᠳᠠᠯᠭᠠᠳᠤ ᠪᠠᠯᠭᠠᠰᠤ ᠶᠢᠨ | ᠡᠩᠨᠡᠭᠡᠨ ᠤ ᠰᠢᠯᠭᠠᠭᠤᠯᠢ ᠳᠤ ᠤᠷᠤᠵᠦ᠂ ᠲᠠᠭ᠎ᠠ ᠶᠢᠨ ᠨᠠᠭᠤᠷ ᠪᠠᠯᠭᠠᠰᠤ ᠪᠦᠬᠦ ᠤᠯᠤᠰ ᠤᠨ ᠬᠤᠶᠠᠳᠤᠭᠠᠷ ᠪᠦᠯᠦᠭ | ᠤᠨᠴᠠᠯᠢᠭᠳᠤ ᠵᠢᠵᠢᠭ ᠪᠠᠯᠭᠠᠰᠤᠨ ᠳᠤ ᠰᠤᠩᠭᠤᠭᠳᠠᠨ ᠤᠷᠤᠵᠠᠢ᠃ ᠬᠦᠳᠡᠭᠡ ᠲᠤᠰᠬᠤᠨ ᠤ ᠰᠠᠭᠤᠷᠢ ᠲᠦᠬᠦᠭᠡᠷᠦᠮᠵᠢ | ᠪᠤᠯᠤᠨ ᠨᠡᠶᠢᠳᠡ ᠶᠢᠨ ᠤᠶᠢᠯᠡᠴᠢᠯᠡᠭᠡᠨ ᠤ ᠲᠤᠳᠠᠭᠤᠳᠠᠯ ᠢ ᠤᠯᠠᠮ ᠨᠢᠭᠡ ᠠᠯᠬᠤᠮ ᠨᠦᠬᠦᠵᠠᠢ᠃ ᠵᠡᠭᠡᠯᠢ | ᠭᠤᠳᠤᠮᠵᠢ ᠶᠢᠨ ᠬᠠᠳᠠᠭᠤᠷᠠᠯᠳᠠ1522 ᠺᠢᠯᠦᠮᠧᠲᠷ᠂ ᠲᠤᠰᠬᠤᠨ ᠳᠤ ᠨᠡᠪᠳᠡᠷᠡᠬᠦ ᠲᠤᠰᠤᠨ ᠵᠠᠮ478 ᠺᠢᠯᠦᠮᠧᠲᠷ ᠢ | ᠪᠡᠶᠡᠯᠡᠭᠦᠯᠵᠠᠢ᠃ 1·9 ᠲᠦᠮᠡ ᠢᠯᠡᠭᠦᠦ ᠡᠷᠦᠬᠡ ᠶᠢᠨ ᠬᠦᠳᠡᠭᠡ ᠲᠤᠰᠬᠤᠨ ᠤ ᠨᠤᠷᠠᠬᠤ ᠠᠶᠤᠯᠳᠠᠢ ᠭᠡᠷ | ᠪᠠᠶᠢᠰᠢᠩ ᠤᠨ ᠦᠭᠡᠷᠡᠴᠢᠯᠡᠨ ᠰᠢᠨᠡᠳᠭᠡᠬᠦ ᠠᠵᠢᠯ ᠢ ᠪᠡᠶᠡᠯᠡᠭᠦᠯᠵᠠᠢ᠃ 600 ᠢᠯᠡᠭᠦᠦ ᠠᠶᠢᠯ ᠲᠤᠰᠬᠤᠨ ᠤ ᠲᠦᠷᠢ | ᠲᠦᠷᠬᠦ ᠶᠢ ᠴᠡᠭᠴᠡᠯᠡᠨ ᠵᠠᠰᠠᠨ᠂ ᠲᠤᠰᠬᠤᠨ ᠠᠷᠠᠳ ᠤᠨ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠪᠠ᠃ | ᠰᠤᠶᠤᠯ ᠤᠨ ᠦᠷᠦᠭᠡ᠂ ᠡᠷᠡᠭᠦᠯ ᠬᠠᠮᠠᠭᠠᠯᠠᠯ ᠤᠨ ᠲᠠᠰᠤᠭ᠂ ᠠᠷᠠᠳ ᠲᠤ ᠲᠦᠭᠦᠮ ᠦᠵᠡᠭᠦᠯᠬᠦ ᠬᠤᠯᠪᠤᠭᠠᠯᠠᠭᠰᠠᠨ | ᠬᠡᠳᠦ ᠲᠡᠯᠭᠡᠭᠦᠷ ᠵᠡᠷᠭᠡ ᠬᠦᠳᠡᠭᠡ ᠲᠤᠰᠬᠤᠨ ᠤ ᠨᠡᠶᠢᠳᠡ ᠶᠢᠨ ᠤᠶᠢᠯᠡᠴᠢᠯᠡᠭᠡᠨ ᠤ ᠲᠦᠬᠦᠭᠡᠷᠦᠮᠵᠢ ᠵᠡᠷᠭᠡ ᠨᠢ | ᠬᠦᠳᠡᠭᠡ ᠲᠤᠰᠬᠤᠨ ᠤ ᠪᠦᠬᠦ ᠪᠦᠷᠬᠦᠯᠳᠡ ᠶᠢ ᠪᠡᠶᠡᠯᠡᠭᠦᠯᠵᠠᠢ᠃ ᠴᠢᠤᠸᠠᠨ ᠪᠦᠸᠧ ᠽᠢ᠂ ᠵᠤᠤ ᠵᠢᠶᠠ ᠲᠤᠰᠬᠤᠨ | ᠵᠡᠷᠭᠡ ᠤᠨᠴᠠᠯᠢᠭᠳᠤ ᠵᠤᠭᠠᠴᠠᠯ ᠤᠨ ᠨᠡᠷᠡᠳᠤ ᠲᠤᠰᠬᠤᠨ᠂ ᠵᠢᠩ ᠭᠸᠦ ᠲᠤᠰᠬᠤᠨ᠂ ᠳ᠋ᠦ᠋ ᠵᠢᠶᠠ ᠲᠤᠰᠬᠤᠨ ᠵᠡᠷᠭᠡ | ᠳᠡᠤᠬᠡ ᠰᠤᠶᠤᠯ ᠤᠨᠨᠡᠷᠡᠳᠤ ᠲᠤᠰᠬᠤᠨ ᠵᠡᠷᠭᠡ ᠶᠢ ᠴᠤᠭᠴᠠᠯᠠᠨ ᠪᠠᠶᠢᠭᠤᠯᠵᠤ᠂ ᠵᠤᠭᠠᠴᠠᠯ ᠠᠶᠢᠯ ᠤᠨ ᠪᠠᠶᠠᠰᠤᠯ᠂ | ᠵᠢᠭᠠᠰᠤᠨ ᠠᠶᠢᠯ ᠤᠨ ᠪᠠᠶᠠᠰᠤᠯ ᠵᠡᠷᠭᠡ100 ᠭᠠᠷᠦᠢ ᠰᠢᠨ᠎ᠡ ᠬᠦᠳᠡᠭᠡ ᠲᠤᠰᠬᠤᠨ ᠨᠡᠮᠡᠭᠳᠡᠵᠦ᠂ ᠦᠵᠡᠰᠭᠦᠯᠡᠩᠳᠤ | ᠰᠠᠶᠢᠬᠠᠨ ᠬᠦᠳᠡᠭᠡ ᠲᠤᠰᠬᠤᠨ ᠨᠢ ᠰᠢᠨ᠎ᠡ ᠠᠮᠢᠵᠢᠷᠠᠯ ᠤᠨ ᠬᠦᠴᠤᠨ ᠢᠶᠠᠷ ᠪᠢᠯᠬᠠᠨ᠎ᠠ᠃ ᠵᠠᠮ ᠱᠤᠭᠤᠮ ᠤᠨ | ᠨᠡᠪᠳᠡᠷᠡᠭᠦᠯᠭᠡ ᠶᠢᠨ ᠪᠦᠳᠦᠭᠡᠨ ᠪᠠᠶᠢᠭᠤᠯᠤᠯᠳᠠ ᠰᠢᠨ᠎ᠡ ᠠᠬᠢᠴᠠ ᠲᠠᠢ ᠪᠤᠯᠵᠠᠢ᠃ ᠬᠦᠬᠡᠬᠤᠳᠠ ᠯᠢᠶᠠᠩᠴᠧᠩ | ᠹᠧᠩᠵᠧᠨ ᠨᠢᠭᠡᠳᠦᠭᠡᠷ ᠲᠡᠰ ᠤᠨ ᠵᠠᠰᠠᠮᠠᠯ ᠵᠠᠮ ᠤᠨ ᠯᠢᠶᠠᠩᠴᠧᠩ ᠤᠨ ᠬᠡᠰᠡᠭ ᠲᠤ ᠨᠢᠭᠡᠨᠳᠡ ᠲᠡᠷᠭᠡ ᠨᠡᠪᠳᠡᠷᠡᠵᠦ᠂ | ᠮᠤᠵᠢ ᠶᠢᠨ ᠲᠡᠰ ᠤᠨ ᠵᠠᠮ209 ᠱᠤᠭᠤᠮ ᠵᠢᠨᠢᠩ ᠠᠴᠠ ᠯᠢᠶᠠᠩᠴᠧᠩ ᠬᠦᠷᠬᠦ ᠵᠤᠭᠠᠴᠠᠯ ᠤᠨ ᠦᠨᠳᠦᠷ | ᠬᠤᠷᠳᠤᠴᠠᠳᠤ ᠵᠠᠰᠠᠮᠠᠯ ᠵᠠᠮ ᠪᠠᠷᠢᠯᠭ᠎ᠠ ᠶᠢᠨ ᠠᠵᠢᠯ ᠢᠶᠠᠨ ᠡᠬᠢᠯᠡᠭᠦᠯᠵᠦ᠂ ᠨᠡᠶᠢᠳᠡᠮ ᠬᠡᠷᠡᠭᠯᠡᠭᠳᠡᠬᠦ ᠨᠢᠰᠭᠡᠯ ᠤᠨ | ᠪᠠᠭᠤᠳᠠᠯ ᠪᠤᠯᠤᠨ ᠠᠭᠠᠷ ᠤᠨ ᠠᠶᠠᠯᠠᠯ ᠤᠨ ᠤᠢ ᠰᠢᠭᠤᠢ ᠶᠢ ᠬᠠᠮᠠᠭᠠᠯᠠᠬᠤ ᠦᠷᠳᠡᠭᠡ ᠶᠢ ᠪᠦᠳᠦᠭᠡᠨ ᠪᠠᠶᠢᠭᠤᠯᠬᠤ | ᠲᠦᠷᠦᠯ ᠵᠤᠶᠢᠯ ᠨᠢ ᠵᠦᠪᠰᠢᠶᠡᠷᠡᠯ ᠤᠯᠵᠦ᠂ ᠰᠢᠶᠠᠨ ᠤ ᠵᠡᠭᠦᠨ ᠪᠠᠷᠠᠭᠤᠨ ᠬᠤᠶᠢᠨ᠎ᠠ ︽ ᠭᠤᠷᠪᠠᠨ ᠶᠡᠭᠡ ᠭᠠᠷᠬᠤ | ᠠᠮᠠᠰᠠᠷ︾ ᠢ ᠦᠷᠭᠡᠳᠭᠡᠨ ᠦᠭᠡᠷᠡᠴᠢᠯᠡᠨ᠂ ᠮᠠᠨ ᠤ ᠰᠢᠶᠠᠨ ᠤ ᠭᠤᠤᠯ ᠵᠠᠮ ᠱᠤᠭᠤᠮ ᠢ ᠨᠦᠯᠦᠭᠡᠯᠡᠨ ᠬᠢᠵᠠᠭᠠᠷᠯᠠᠵᠤ | ᠪᠠᠶᠢᠭ᠎ᠠ ᠪᠤᠶᠢᠳᠠ ᠭᠠᠵᠠᠷ ᠨᠢᠭᠡᠨᠳᠡ ᠰᠢᠢᠳᠪᠤᠷᠢᠯᠡᠭᠳᠡᠵᠡᠢ᠃ | —ᠲᠠᠪᠤᠨ ᠵᠢᠯ ᠤᠨ ᠲᠤᠷᠰᠢ᠂ ᠪᠤᠬᠢᠷᠳᠤᠯ ᠦᠭᠡᠢ ᠬᠦᠭᠵᠢᠯᠳᠡ ᠳᠤ ᠬᠦᠴᠦᠯᠡᠵᠦ᠂ ᠠᠮᠢ ᠠᠬᠤᠢ ᠶᠢᠨ | ᠪᠦᠳᠦᠭᠡᠨ ᠪᠠᠶᠢᠭᠤᠯᠤᠯᠳᠠ ᠮᠡᠳᠡᠭᠳᠡᠮ᠎ᠡ ᠠᠮᠵᠢᠯᠳᠠ ᠤᠯᠵᠠᠢ᠃ ᠨᠤᠮᠢᠨ ᠲᠠᠩᠰᠤᠭ ᠠᠭᠤᠯᠠ ᠤᠰᠤ ᠪᠤᠯ ᠦᠨᠢ | ᠮᠦᠩᠭᠡ ᠶᠢᠨ ᠦᠪ ᠬᠦᠷᠦᠩᠭᠡ ᠮᠦᠨ ᠭᠡᠬᠦ ᠤᠶᠢᠯᠠᠭᠠᠭᠳᠠᠬᠤᠨ ᠢ ᠴᠢᠩᠭ᠎ᠠ ᠪᠠᠷᠢᠮᠳᠠᠯᠠᠵᠤ᠂ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢᠨ ᠠᠬᠢᠴᠠᠮᠡᠳᠡᠭᠳᠡᠮᠡ ᠲᠦᠷᠭᠡᠳᠪᠡ᠃ ᠠᠮᠢ ᠠᠬᠤᠢ ᠶᠢᠨ | ᠰᠢᠯᠢᠳᠡᠭᠵᠢᠯᠳᠡᠮᠡᠳᠡᠭᠳᠡᠮᠡ ᠰᠠᠶᠢᠵᠢᠷᠠᠪᠠ᠃ ᠲᠠᠪᠤᠨ ᠵᠢᠯ ᠤᠨ ᠲᠤᠷᠰᠢ᠂ ᠤᠯᠤᠰ ᠤᠨ ᠭᠤᠤᠯᠳᠠᠯᠭᠠᠳᠤ | ᠨᠤᠭᠤᠭᠠᠷᠠᠭᠤᠯᠤᠯᠳᠠ ᠶᠢᠨ ᠢᠨᠵᠧᠨᠧᠷᠢᠩ ᠢ ᠨᠡᠶᠢᠳᠡ36·9 ᠲᠦᠮᠡᠨ ᠮᠦ᠂ ᠤᠷᠤᠨ ᠤ ᠭᠤᠤᠯᠳᠠᠯᠭᠠᠳᠤ | ᠨᠤᠭᠤᠭᠠᠷᠠᠭᠤᠯᠤᠯᠳᠠ ᠶᠢᠨ ᠢᠨᠵᠧᠨᠧᠷᠢᠩ ᠢ 33 ᠲᠦᠮᠡᠨ ᠮᠦ ᠪᠡᠶᠡᠯᠡᠭᠦᠯᠵᠦ᠂ ᠪᠦᠬᠦ ᠰᠢᠶᠠᠨ ᠤ ᠤᠢ ᠰᠢᠭᠤᠢ ᠶᠢᠨ | ᠪᠦᠷᠬᠦᠯᠳᠡ ᠶᠢᠨ ᠨᠤᠷᠮ᠎ᠠ 35·6% ᠳᠤ ᠬᠦᠷᠴᠦ᠂ ︽ ᠪᠦᠬᠦ ᠤᠯᠤᠰ ᠤᠨᠨᠤᠭᠤᠭᠠᠷᠠᠭᠤᠯᠤᠯᠳᠠ ᠶᠢᠨ ᠵᠢᠱᠢᠶᠡᠴᠢ | ᠰᠢᠶᠠᠨ︾ ᠤ ᠢᠷᠠᠭᠤ ᠠᠯᠳᠠᠷ ᠢ ᠬᠦᠷᠳᠡᠵᠠᠢ᠃ ᠲᠠᠭ᠎ᠠ ᠶᠢᠨ ᠨᠠᠭᠤᠷ ᠤᠨ ᠬᠠᠮᠠᠭᠠᠯᠠᠯᠳᠠ ᠶᠢ ᠪᠦᠬᠦ ᠬᠦᠴᠦᠨ ᠢᠶᠠᠷ | ᠲᠦᠯᠬᠢᠨ ᠠᠬᠢᠭᠤᠯᠪᠠ᠃ ᠵᠢᠯ ᠪᠦᠷᠢ ᠰᠢᠶᠠᠨ ᠤ ᠡᠳ᠋ ᠤᠨ ᠵᠠᠰᠠᠭ ᠤᠨ ᠲᠤᠪᠴᠢᠶ᠎ᠠ ᠠᠴᠠ ᠨᠢᠭᠡ ᠳ᠋ᠦᠩᠰᠢᠭᠤᠷ | ᠲᠦᠭᠦᠷᠢᠭ ᠭᠠᠷᠭᠠᠵᠤ᠂ ᠲᠠᠭ᠎ᠠ ᠶᠢᠨ ᠨᠠᠭᠤᠷ ᠤᠨ ᠡᠷᠭᠢᠨ ᠲᠤᠭᠤᠷᠢᠨ ᠤ16 ᠲᠦᠮᠡᠨ ᠮᠦ ᠲᠠᠷᠢᠶᠠᠨ ᠭᠠᠵᠠᠷ ᠢ | ᠤᠰᠤᠯᠠᠬᠤ ᠪᠠᠨ ᠵᠤᠭᠰᠤᠭᠠᠨ᠂ ᠤᠰᠤ ᠨᠦᠬᠦᠪᠦᠷᠢᠯᠡᠵᠦ᠂495 ᠨᠦᠬᠡᠨ ᠬᠤᠳᠳᠤᠭ ᠢ ᠪᠢᠳᠡᠭᠦᠮᠵᠢᠯᠡᠨ ᠵᠤᠭᠰᠤᠭᠠᠪᠠ | ᠃ ᠲᠠᠭ᠎ᠠ ᠶᠢᠨ ᠨᠠᠭᠤᠷ ᠤᠨ ᠴᠠᠬᠢᠯᠭᠠᠨ ᠤᠶᠢᠯᠡᠳᠪᠦᠷᠢ ᠶᠢᠨ ᠨᠢᠭᠡᠳᠦᠭᠡᠷ ᠬᠤᠭᠤᠴᠠᠭᠠᠨ ᠤ ᠮᠡᠷᠭᠡᠵᠢᠯ ᠤᠨ | ᠦᠭᠡᠷᠡᠴᠢᠯᠡᠯᠳᠡ ᠶᠢᠨ ᠠᠵᠢᠯ ᠤᠷᠤᠭᠰᠢᠳᠠᠢ ᠶᠠᠪᠤᠭᠳᠠᠪᠠ᠃ ︽ ᠭᠤᠤᠯ ᠤᠨ ᠲᠠᠷᠤᠭ᠎ᠠ ᠶᠢᠨ ᠲᠦᠷᠢᠮ︾ ᠪᠦᠬᠦ | ᠲᠠᠯ᠎ᠠ ᠪᠠᠷ ᠪᠠᠶᠢᠭᠤᠯᠤᠭᠳᠠᠵᠤ᠂33 ᠵᠤᠷᠪᠤᠰ ᠭᠤᠤᠯ ᠮᠦᠷᠡᠨ ᠨᠢ ᠭᠤᠤᠯ ᠤᠨ ᠲᠠᠷᠤᠭ᠎ᠠ ᠶᠢᠨ ᠪᠦᠬᠦ ᠪᠦᠷᠬᠦᠯᠳᠡ ᠶᠢ | ᠪᠡᠶᠡᠯᠡᠭᠦᠯᠦᠨ᠂14 ᠵᠤᠷᠪᠤᠰ55 ᠺᠢᠯᠤᠮᠧᠲᠷ ᠤᠨ ᠤᠷᠳᠤ ᠤᠰᠤᠨ ᠵᠠᠮ ᠯᠠᠶᠢᠳᠠᠬᠤ ᠶᠢ ᠪᠡᠶᠡᠯᠡᠭᠦᠯᠵᠠᠢ᠃ ᠶᠦᠩ | ᠰᠢᠩ ᠨᠠᠭᠤᠷ ᠤᠨ ᠤᠰᠤ ᠶᠢ ᠲᠠᠳᠠᠨ ᠲᠠᠭ᠎ᠠ ᠶᠢᠨ ᠨᠠᠭᠤᠷ ᠲᠤ ᠠᠮᠵᠢᠯᠳᠠ ᠲᠠᠢ ᠤᠰᠤ ᠨᠦᠬᠦᠪᠦᠷᠢᠯᠡᠵᠦ᠂ ᠡᠨᠡ ᠨᠢ | ᠲᠠᠭ᠎ᠠ ᠶᠢᠨ ᠨᠠᠭᠤᠷ ᠳᠡᠤᠭᠡᠨ ᠠᠴᠠ ᠨᠠᠰᠢ ᠠᠩᠬᠠᠳᠤᠭᠠᠷ ᠤᠳᠠᠭᠠᠨ ᠤ ᠰᠠᠪᠠ ᠭᠠᠵᠠᠷ ᠠᠯᠤᠰᠯᠠᠨ ᠤᠰᠤ ᠲᠠᠳᠠᠪᠠ᠃ | ᠤᠰᠤᠨ ᠤ ᠴᠢᠨᠠᠷ ᠢ ᠦᠪᠡᠷᠳᠡᠭᠡᠨ ᠬᠢᠨᠠᠨ ᠰᠢᠯᠭᠠᠬᠤ ᠦᠷᠳᠡᠭᠡ ᠶᠢ 4 ᠪᠠᠶᠢᠭᠤᠯᠵᠤ᠂ ᠭᠦᠩ ᠪᠠ ᠡᠾᠧ ᠠᠮᠢᠳᠤ | ᠪᠤᠳᠠᠰ ᠤᠨ ᠴᠡᠪᠡᠷᠰᠢᠭᠦᠯᠬᠦ ᠦᠷᠳᠡᠭᠡ ᠪᠤᠯᠤᠨ ᠬᠤᠩ ᠮᠤᠤ ᠪᠠᠯᠭᠠᠰᠤ ᠶᠢᠨ ᠲᠤᠮᠳᠠ ᠤᠰᠤᠨ ᠤ ᠪᠤᠴᠠᠨ ᠡᠷᠬᠢᠭᠦ | ᠢᠨᠵᠧᠨᠧᠷᠢᠩ ᠤᠨ ᠪᠠᠷᠢᠯᠭ᠎ᠠ ᠶᠢᠨ ᠠᠵᠢᠯ ᠢ ᠡᠬᠢᠯᠡᠭᠦᠯᠵᠡᠢ᠃4 ᠲᠦᠮᠡᠨ ᠮᠦ ᠶᠢᠨ ᠬᠤᠯᠤᠰᠤᠨ ᠲᠠᠷᠢᠮᠠᠯ ᠤᠨ | ᠭᠠᠵᠠᠷ ᠢ ᠪᠡᠶᠡᠯᠡᠭᠦᠯᠵᠦ᠂ ︽ᠬᠤᠶᠠᠷ ᠢ ᠠᠷᠪᠢᠯᠠᠬᠤ᠂ ᠬᠤᠶᠠᠷ ᠢ ᠨᠦᠬᠦᠬᠦ᠂ ᠬᠤᠶᠠᠷ ᠢ ᠰᠡᠷᠭᠦᠭᠡᠬᠦ︾ ᠨᠢ ᠠᠩᠬᠠᠨ ᠤ | ᠦᠷ᠎ᠡ ᠪᠦᠳᠦᠮᠵᠢ ᠶᠢ ᠤᠯᠵᠦ᠂ ᠲᠠᠭ᠎ᠠ ᠶᠢᠨ ᠨᠠᠭᠤᠷ ᠤᠨ ᠲᠠᠯᠠᠪᠠᠢ ᠪᠠᠭᠠᠰᠬᠤ᠂ ᠨᠤᠭᠤ ᠭᠠᠵᠠᠷ ᠤᠨ ᠮᠠᠭᠤᠳᠠᠬᠤ ᠵᠡᠷᠭᠡ | ᠪᠠᠶᠢᠳᠠᠯ ᠨᠢ ᠪᠦᠳᠦᠮᠵᠢᠳᠠᠢ ᠰᠢᠢᠳᠪᠤᠷᠢᠯᠡᠭᠳᠡᠵᠡᠢ᠃ | —ᠲᠠᠪᠤᠨ ᠵᠢᠯ ᠤᠨ ᠲᠤᠷᠰᠢ᠂ ᠪᠢᠳᠡ ᠲᠤᠳᠠᠭᠤᠳᠠᠯ ᠢᠶᠠᠨ ᠨᠦᠬᠦᠪᠦᠷᠢᠯᠡᠬᠦ ᠳᠤ ᠬᠦᠴᠦᠯᠡᠵᠦ᠂ ᠠᠷᠠᠳ | ᠲᠦᠮᠡᠨ ᠤ ᠠᠮᠢᠳᠤᠷᠠᠯ ᠠᠬᠤᠢ ᠮᠡᠳᠡᠭᠳᠡᠮ᠎ᠡ ᠰᠠᠶᠢᠵᠢᠷᠠᠪᠠ᠃ ᠦᠷᠬᠦᠯᠵᠢ ᠠᠷᠠᠳ ᠤᠨ ᠠᠮᠢᠳᠤᠷᠠᠯ ᠢ ᠲᠠᠷᠢᠭᠦᠨ | ᠪᠠᠶᠢᠷᠢᠨ ᠳᠤ ᠲᠠᠯᠪᠢᠨ᠂ ᠲᠠᠪᠤᠨ ᠵᠢᠯ ᠳᠤ ᠠᠷᠠᠳ ᠤᠨ ᠠᠮᠢᠳᠤᠷᠠᠯ ᠳᠤ ᠨᠡᠶᠢᠳᠡ65 ᠳ᠋ᠦᠩᠰᠢᠭᠤᠷ ᠲᠦᠭᠦᠷᠢᠭ ᠤᠨ | ᠪᠡᠯᠡ ᠤᠷᠤᠭᠤᠯᠵᠤ᠂ ᠠᠷᠠᠳ ᠲᠦᠮᠡᠨ ᠤ ᠰᠠᠭᠤᠬᠤ ᠳᠤ ᠬᠦᠴᠢᠷ᠂ ᠡᠪᠡᠳᠴᠢᠨ ᠦᠵᠡᠭᠦᠯᠬᠦ ᠳᠤ ᠬᠦᠴᠢᠷ᠂ | ᠰᠤᠷᠭᠠᠭᠤᠯᠢ ᠰᠠᠭᠤᠬᠤ ᠳᠤ ᠬᠦᠴᠢᠷ ᠵᠡᠷᠭᠡ ᠲᠤᠪᠤᠶᠢᠮ᠎ᠠ ᠠᠰᠠᠭᠤᠳᠠᠯ ᠤᠳ ᠢ ᠴᠢᠷᠮᠡᠶᠢᠨ ᠰᠢᠢᠳᠪᠤᠷᠢᠯᠡᠪᠡ᠃ | ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠲᠠᠶᠢᠯᠠᠯᠳᠤᠭᠠᠨ ᠮᠡᠳᠡᠭᠳᠡᠮ᠎ᠡ ᠦᠷ᠎ᠡ ᠪᠦᠳᠦᠮᠵᠢ | ᠤᠯᠪᠠ᠃2014 ᠤᠨ ᠡᠴᠠᠲ᠋ᠠᠩᠰᠠᠯᠠᠵᠤ ᠺᠠᠷᠲᠯᠠᠭᠰᠠᠨ ᠠᠴᠠ ᠨᠠᠰᠢ᠂ ᠭᠤᠤᠯᠳᠠᠭᠤ ᠠᠵᠦ ᠤᠶᠢᠯᠡᠰ ᠢ ᠬᠦᠭᠵᠢᠭᠦᠯᠬᠦ | ᠂ ᠡᠷᠡᠭᠦᠯ ᠮᠡᠨᠳᠤ ᠪᠠᠷ ᠶᠠᠳᠠᠭᠤ ᠶᠢ ᠳᠡᠳᠭᠦᠬᠦ᠂ ᠨᠤᠷᠠᠬᠤ ᠠᠶᠤᠯᠳᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ᠂ | ᠤᠨᠳᠤᠤ ᠭᠠᠵᠠᠷ ᠲᠤ ᠨᠡᠭᠦᠯᠭᠡᠨ ᠰᠢᠯᠵᠢᠭᠦᠯᠬᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠭᠦᠬᠦ ᠵᠡᠷᠭᠡ10 | ᠲᠦᠷᠦᠯ ᠦᠨᠶᠠᠳᠠᠭᠤ ᠶᠢ ᠳᠡᠳᠭᠦᠬᠦ ᠢᠨᠵᠧᠨᠧᠷᠢᠩ ᠢ ᠨᠠᠶᠢᠳᠠᠪᠤᠷᠢᠵᠢᠭᠤᠯᠤᠨ ᠬᠦᠭᠵᠢᠭᠦᠯᠵᠡᠢ᠃ ᠡᠯ᠎ᠡ ᠲᠦᠷᠦᠯ ᠤᠨ | ᠶᠠᠳᠠᠭᠤ ᠶᠢ ᠳᠡᠳᠭᠦᠬᠦ ᠪᠡᠯᠡ ᠮᠦᠩᠬᠦ ᠶᠢ ᠨᠡᠶᠢᠳᠡ8·6 ᠳ᠋ᠦᠩᠰᠢᠭᠤᠷ ᠲᠦᠭᠦᠷᠢᠭ ᠴᠡᠭᠴᠡᠯᠡᠨ ᠨᠡᠶᠢᠳᠭᠡᠵᠦ᠂ | 1·8 ᠲᠦᠮᠡᠨ ᠬᠦᠮᠦᠨ ᠢ ᠠᠵᠦ ᠤᠶᠢᠯᠡᠰ ᠢᠶᠠᠷ ᠬᠠᠪᠰᠤᠷᠤᠨ ᠲᠡᠳᠭᠦᠨ᠂ 3600 ᠬᠦᠮᠦᠨ ᠢ ᠤᠨᠳᠤᠤ | ᠭᠠᠵᠠᠷ ᠲᠤ ᠨᠡᠭᠦᠯᠭᠡᠨᠰᠢᠯᠵᠢᠭᠦᠯᠵᠦ᠂ 6077 ᠬᠦᠮᠦᠨ ᠢ ᠰᠤᠷᠭᠠᠨ ᠬᠦᠮᠦᠵᠢᠯ ᠢᠶᠠᠷ ᠬᠠᠪᠰᠤᠷᠤᠨ ᠲᠡᠳᠭᠦᠵᠦ᠂ | ᠬᠦᠳᠡᠯᠮᠦᠷᠢ ᠠᠵᠢᠯ ᠤᠯᠭᠤᠯᠳᠠ ᠶᠢᠨ ᠬᠦᠮᠦᠨ ᠤ ᠲᠤᠭ᠎ᠠ ᠨᠢ 656 ᠬᠦᠮᠦᠨ ᠳᠤ ᠬᠦᠷᠴᠦ᠂ ᠠᠮᠢ ᠠᠬᠤᠢ ᠶᠢᠨ | ᠨᠦᠬᠦᠪᠦᠷᠢ ᠪᠠᠷ ᠶᠠᠳᠠᠭᠤ ᠶᠢ ᠲᠡᠳᠭᠦᠭᠰᠡᠨ ᠡᠷᠦᠬᠡ392᠂ ᠪᠦᠬᠦ ᠲᠠᠯ᠎ᠠ ᠶᠢᠨ ᠨᠡᠶᠢᠭᠡᠮ ᠤᠨ ᠪᠠᠳᠤᠯᠠᠭ᠎ᠠ ᠪᠠᠷ | ᠶᠠᠳᠠᠭᠤ ᠶᠢ ᠲᠡᠳᠭᠦᠭᠰᠡᠨ ᠬᠦᠮᠦᠨ 5265 ᠳᠤ ᠬᠦᠷᠪᠡ᠃ ᠲᠠᠩᠰᠠ ᠲᠠᠶᠢᠯᠬᠤ ᠬᠠᠷᠢᠴᠠᠯ ᠢ ᠲᠡᠭᠡᠭᠰᠢᠯᠡᠭᠦᠯᠬᠦ | ᠬᠠᠷᠠᠯᠳᠠ ᠶᠢ ᠬᠡᠷᠡᠭᠵᠢᠭᠦᠯᠬᠦ ᠂ ︽ ᠨᠢᠭᠡ ᠦᠷᠳᠡᠭᠡᠴᠢᠯᠡᠭᠰᠡᠨ︾ ᠤᠶᠢᠯᠡᠴᠢᠯᠡᠭᠡ᠂ ᠡᠮᠴᠢ ᠶᠢᠨ ᠶᠠᠳᠠᠭᠤ ᠬᠦᠴᠢᠷᠳᠡᠯ | ᠲᠠᠢ ᠬᠦᠮᠦᠨ ᠠᠮᠠ ᠳᠤ ᠡᠮ ᠡᠮᠨᠡᠯᠭᠡ ᠬᠦᠷᠭᠡᠬᠦ ᠵᠡᠷᠭᠡ ᠶᠢᠰᠤᠨ ᠲᠦᠷᠦᠯ ᠤᠨ ᠡᠷᠡᠭᠦᠯ ᠮᠡᠨᠳᠤ ᠪᠠᠷ ᠶᠠᠳᠠᠭᠤ ᠶᠢ | ᠲᠡᠳᠭᠦᠬᠦ ᠠᠷᠭ᠎ᠠ ᠬᠡᠮᠵᠢᠶ᠎ᠡ ᠲᠤᠭᠳᠠᠵᠤ᠂ ᠶᠠᠳᠠᠭᠤ ᠬᠦᠴᠢᠷᠳᠡᠯ ᠲᠠᠢ ᠬᠦᠮᠦᠨ ᠠᠮᠠ ᠶᠢᠨ ᠨᠠᠰᠤᠵᠢᠯ ᠤᠨ | ᠲᠠᠭᠠᠳᠬᠠᠯ ᠳᠤ ᠤᠷᠤᠯᠴᠠᠬᠤ ᠪᠦᠬᠦ ᠪᠦᠷᠬᠦᠯᠳᠡ ᠶᠢ ᠪᠠᠶᠠᠯᠠᠭᠦᠯᠵᠠᠢ᠃ ︽ ᠭᠤᠷᠪᠠ ᠶᠢ ᠲᠤᠰᠬᠤᠨ ᠳᠤ ᠬᠦᠷᠭᠡᠬᠦ᠂ | ᠭᠤᠷᠪᠠ ᠶᠢ ᠡᠷᠦᠬᠡ ᠳᠤ ᠬᠦᠷᠭᠡᠬᠦ︾ ᠵᠡᠷᠭᠡ ᠲᠦᠷᠦᠯ ᠵᠤᠶᠢᠯ ᠢ ᠪᠡᠶᠡᠯᠡᠭᠦᠯᠵᠦ᠂ ᠬᠦᠳᠡᠭᠡ ᠲᠤᠰᠬᠤᠨ ᠤ ᠰᠠᠭᠤᠷᠢ | ᠲᠦᠬᠦᠭᠡᠷᠦᠮᠵᠢ ᠲᠠᠰᠤᠷᠠᠯᠳᠠ ᠦᠭᠡᠢ ᠰᠠᠶᠢᠵᠢᠷᠠᠵᠠᠢ᠃ ᠤᠷᠤᠨ᠂ ᠬᠤᠳᠠ᠂ ᠰᠢᠶᠠᠨ ᠤ151 ᠲᠤᠰᠬᠤᠨ ᠳᠤ | ᠰᠠᠭᠤᠭ᠎ᠠ ᠠᠵᠢᠯᠯᠠᠬᠤ ᠠᠩᠬᠢ᠂131 ᠨᠡᠷᠡᠰ ᠨᠢᠭᠡᠳᠦᠭᠡᠷ ᠱᠦᠵᠢ᠂2700 ᠢᠯᠡᠭᠦᠦ ᠶᠠᠳᠠᠭᠤ ᠡᠷᠦᠬᠡ ᠶᠢ | ᠲᠠᠭᠠᠭᠠᠴᠢᠯᠠᠭᠰᠠᠨ ᠺᠠᠳ᠋ᠷ ᠨᠢ ᠠᠵᠢᠯ ᠤᠨ ᠪᠤᠳᠠᠳᠤ ᠦᠷ᠎ᠡ ᠪᠦᠳᠦᠮᠵᠢ ᠤᠯᠵᠠᠢ᠃ ᠲᠠᠩᠰᠠᠯᠠᠵᠤ ᠺᠠᠷᠲᠯᠠᠭᠰᠠᠨ ᠶᠠᠳᠠᠭᠤ | ᠬᠦᠴᠢᠷᠳᠡᠯ ᠲᠠᠢ ᠬᠦᠮᠦᠨ ᠠᠮᠠ ᠨᠢ2014 ᠤᠨ ᠤ2 ᠲᠦᠮᠡᠨ ᠬᠦᠮᠦᠨ ᠠᠴᠠ ᠬᠠᠰᠤᠭᠳᠠᠨ8000 ᠭᠠᠷᠦᠢ | ᠬᠦᠮᠦᠨ ᠪᠤᠯᠵᠤ ᠬᠤᠪᠢᠷᠠᠨ᠂ ᠶᠠᠳᠠᠭᠤᠷᠠᠯ ᠡᠭᠦᠰᠬᠦ ᠨᠤᠷᠮ᠎ᠠ ᠨᠢ10·1% ᠠᠴᠠ4·4% ᠬᠦᠷᠳᠡᠯ᠎ᠡ | ᠲᠤᠷᠤᠭᠰᠢᠯᠠᠵᠤ᠂2020 ᠤᠨ ᠤ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠳᠤᠨᠢ ᠪᠠᠳᠤ ᠴᠢᠩᠭ᠎ᠠ ᠰᠠᠭᠤᠷᠢ ᠶᠢ | ᠲᠠᠯᠪᠢᠵᠠᠢ᠃ | ᠨᠡᠶᠢᠭᠡᠮ ᠤᠨ ᠠᠵᠢᠯ ᠤᠶᠢᠯᠡᠰ ᠦᠳᠳᠡᠷ ᠲᠦᠷᠭᠡᠨ ᠬᠦᠭᠵᠢᠵᠡᠢ᠃ ᠡᠯ᠎ᠡ ᠲᠦᠷᠦᠯ ᠤᠨ ᠠᠷᠠᠳ ᠲᠤ ᠠᠰᠢᠭᠳᠠᠢ | ᠲᠦᠷᠦ ᠶᠢᠨ ᠪᠤᠳᠤᠯᠭ᠎ᠠ ᠪᠦᠳᠦᠮᠵᠢᠳᠠᠢ ᠨᠠᠶᠢᠳᠠᠪᠤᠷᠢᠵᠢᠭᠤᠯᠤᠭᠳᠠᠵᠤ᠂ ᠦᠨᠳᠦᠰᠦᠨ ᠨᠠᠰᠤᠵᠢᠯ ᠤᠨ ᠲᠠᠭᠠᠳᠬᠠᠯ ᠨᠢ ︽ | ᠲᠠᠪᠤᠨ ᠲᠠᠭᠠᠳᠬᠠᠯ ᠢ ᠨᠢᠭᠡᠳᠭᠡᠬᠦ︾ ᠶᠢ ᠪᠡᠶᠡᠯᠡᠭᠦᠯᠵᠠᠢ᠃ ᠬᠦᠳᠡᠭᠡ ᠲᠤᠰᠬᠤᠨ ᠤ ᠰᠢᠨ᠎ᠡ ᠬᠤᠷᠰᠢᠭᠰᠠᠨ ᠡᠮᠨᠡᠯᠭᠡ ᠨᠢ | ᠬᠦᠬᠡᠬᠤᠳᠠ ᠪᠤᠭᠤᠳᠤ ᠵᠡᠷᠭᠡ ᠪᠤᠰᠤᠳ ᠭᠠᠵᠠᠷ ᠲᠤ ᠡᠪᠡᠳᠴᠢᠨ ᠦᠵᠡᠭᠦᠯᠬᠦ ᠳᠤ ᠲᠠᠷᠦᠢ ᠲᠦᠷᠭᠡᠨ ᠳ᠋ᠦᠩᠨᠡᠨ | ᠪᠤᠳᠤᠬᠤ ᠶᠢ ᠪᠡᠶᠡᠯᠡᠭᠦᠯᠪᠡ᠃ ᠨᠡᠶᠢᠳᠡ423 ᠨᠡᠷᠡᠰ ᠴᠡᠷᠢᠭ ᠠᠴᠠ ᠪᠠᠭᠤᠭᠰᠠᠳ ᠢ ᠲᠦᠪᠬᠢᠨᠡᠭᠦᠯᠦᠨ᠂1600 | ᠭᠠᠷᠦᠢ ᠬᠦᠮᠦᠨ ᠤ ᠤᠶᠢᠯᠡᠰ ᠪᠤᠰᠬᠠᠬᠤ ᠪᠠ ᠠᠵᠢᠯ ᠤᠯᠭᠤᠯᠳᠠ ᠶᠢ ᠪᠡᠶᠡᠯᠡᠭᠦᠯᠵᠡᠢ᠃374 ᠬᠦᠮᠦᠨ ᠤ ᠭᠡᠷ ᠤᠨ | ᠠᠵᠢᠯ ᠤᠯᠭᠤᠯᠳᠠ ᠶᠢ ᠪᠡᠶᠡᠯᠡᠭᠦᠯᠵᠦ᠂ ᠠᠵᠢᠯ ᠠᠯᠳᠠᠭᠰᠠᠨ ᠨᠤᠷᠮ᠎ᠠ ᠶᠢ 3·6% ᠤ ᠲᠤᠳᠤᠷ᠎ᠠ ᠲᠤᠭᠳᠠᠭᠤᠨ ᠢᠶᠠᠷ | ᠪᠠᠳᠤᠯᠠᠪᠠ᠃ 11ᠰᠢᠨ᠎ᠡ ᠪᠠᠷ ᠪᠠᠶᠢᠭᠤᠯᠤᠭᠰᠠᠨ᠂ ᠦᠭᠡᠷᠡᠴᠢᠯᠡᠵᠦ ᠦᠷᠭᠡᠳᠭᠡᠨ ᠪᠠᠶᠢᠭᠤᠯᠤᠭᠰᠠᠨ ᠬᠡᠤᠬᠡᠳ ᠤᠨ | ᠴᠡᠴᠡᠷᠯᠢᠭ ᠪᠠᠶᠢᠵᠦ᠂ 5 ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠤᠷᠳᠤᠨ ᠢ ᠰᠢᠨ᠎ᠡ ᠪᠠᠷ ᠪᠠᠶᠢᠭᠤᠯᠵᠡᠢ | ᠃ ᠤᠯᠤᠰ ᠤᠨ ᠬᠡᠪ ᠴᠢᠨᠠᠷ ᠤᠨ ᠰᠤᠷᠭᠠᠨ ᠬᠦᠮᠦᠵᠢᠯ ᠤᠨ ᠲᠠᠩᠴᠡᠭᠦᠷᠢᠳᠠᠢ ᠬᠢᠨᠡᠨ ᠵᠢᠯᠤᠭᠤᠳᠬᠤ ᠦᠨᠡᠯᠡᠬᠦ | ᠰᠢᠯᠭᠠᠯᠳᠠ ᠪᠠᠷ ᠠᠮᠵᠢᠯᠳᠠ ᠲᠠᠢ ᠪᠠᠳᠤᠯᠠᠭᠳᠠᠪᠠ᠃ ︽ ᠪᠦᠬᠦ ᠲᠠᠯ᠎ᠠ ᠪᠠᠷ ᠬᠤᠶᠠᠷ ᠬᠡᠤᠬᠡᠳ︾ ᠤᠨ ᠲᠦᠷᠦ ᠶᠢᠨ | ᠪᠤᠳᠤᠯᠭ᠎ᠠ ᠶᠢ ᠲᠤᠭᠳᠠᠭᠤᠨ ᠢᠶᠠᠷ ᠨᠠᠶᠢᠳᠠᠪᠤᠷᠢᠵᠢᠭᠤᠯᠵᠦ᠂ ᠦᠰᠦᠯᠳᠡ ᠶᠢᠨ ᠬᠦᠮᠦᠨ ᠠᠮᠠ ᠶᠢᠨ ᠬᠡᠪ ᠴᠢᠨᠠᠷ | ᠲᠠᠰᠤᠷᠠᠯᠳᠠ ᠦᠬᠡᠢ ᠲᠡᠭᠡᠭᠰᠢᠯᠡᠪᠡ᠃ ᠬᠢᠳᠠᠳ ᠮᠤᠩᠭᠤᠯ ᠡᠮᠨᠡᠯᠭᠡ ᠶᠢᠨ ᠬᠤᠷᠢᠶᠠᠨ ᠤ ᠡᠮᠨᠡᠯᠭᠡ ᠳᠤ ᠰᠠᠭᠤᠬᠤ ᠠᠰᠠᠷ | ᠨᠢᠭᠡᠨᠳᠡ ᠠᠰᠢᠭᠯᠠᠯᠳᠠ ᠳᠤ ᠤᠷᠤᠪᠠ᠃ ᠲᠠᠷᠢᠶᠠᠯᠠᠩ ᠰᠢᠨᠵᠢᠯᠡᠬᠦ ᠮᠡᠷᠭᠡᠵᠢᠯ ᠤᠨ ᠦᠷ᠎ᠡ ᠪᠦᠳᠦᠭᠡᠯ ᠤᠨ ᠤᠯᠠᠷᠢᠨ | ᠰᠢᠯᠵᠢᠬᠦ ᠨᠤᠷᠮ᠎ᠠ ᠨᠢ 46% ᠳᠤ ᠬᠦᠷᠴᠦ᠂ ᠶᠡᠷᠦᠩᠬᠡᠶᠢᠯᠡᠭᠰᠡᠨ ᠮᠧᠬᠠᠨᠢᠭᠵᠢᠭᠤᠯᠤᠯᠳᠠ ᠶᠢᠨ ᠬᠢᠷᠢ | ᠲᠦᠪᠰᠢᠨ69% ᠳᠤ ᠬᠦᠷᠪᠡ᠃ ᠦᠨᠳᠦᠰᠦᠳᠡᠨ ᠱᠠᠰᠢᠨ ᠰᠤᠷᠳᠠᠬᠤᠨ ᠤ ᠠᠵᠢᠯ ᠢ ᠲᠤᠭᠳᠠᠭᠤᠨ ᠢᠶᠠᠷ ᠲᠦᠯᠬᠢᠨ | ᠠᠬᠢᠭᠤᠯᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠬᠤᠤᠰ ᠢ ᠬᠦᠷᠢᠶᠡᠯᠡᠬᠦ ᠬᠠᠮᠳᠤ ᠶᠢᠨ | ᠪᠠᠶᠢᠭᠤᠯᠤᠯᠳᠠ ᠶᠢᠨ ᠠᠵᠢᠯᠯᠠᠭ᠎ᠠ ᠦᠷᠬᠦᠯᠵᠢᠯᠡᠨ ᠬᠦᠨᠵᠡᠭᠡᠶᠢᠷᠡᠨ᠂ ᠠᠶᠤᠯᠭᠦᠢ ᠤᠶᠢᠯᠡᠳᠪᠦᠷᠢᠯᠡᠯ ᠤᠨ ᠪᠠᠶᠢᠳᠠᠯ | ᠶᠡᠷᠦᠩᠬᠡᠢ ᠳᠡᠭᠡᠨ ᠲᠤᠭᠳᠠᠭᠤᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠨᠢ ᠴᠢᠩᠭᠠᠳᠴᠤ᠂ ᠨᠡᠶᠢᠭᠡᠮ ᠤᠨ ᠠᠮᠦᠷ ᠢ | ᠬᠠᠮᠠᠭᠠᠯᠠᠬᠤ ᠡᠮᠬᠢ ᠵᠢᠷᠤᠮ ᠢ ᠰᠠᠶᠢᠳᠤᠷ ᠪᠠᠳᠤᠯᠠᠪᠠ᠃ ᠡᠭᠦᠨ ᠠᠴᠠ ᠭᠠᠳᠠᠨ᠎ᠠ᠂ ᠮᠦᠩᠬᠦᠨ ᠬᠦᠢᠯᠭᠡᠭᠡ᠂ ᠬᠠᠩᠭᠠᠨ | ᠪᠤᠷᠤᠯᠠᠭᠤᠯᠬᠤ᠂ ᠲᠠᠩᠰᠠ ᠡᠪᠬᠡᠮᠡᠯ᠂ ᠤᠯᠠᠭᠠᠨ ᠵᠠᠭᠠᠯᠮᠠᠶᠢᠳᠡᠨ ᠤ ᠨᠡᠶᠢᠭᠡᠮᠯᠢᠭ᠂ ᠡᠮᠡᠭᠳᠠᠶᠢᠴᠦᠳ ᠬᠡᠤᠬᠡᠳ᠂ | ᠵᠡᠮᠳᠡᠭᠴᠦᠳ᠂ ᠠᠷᠠᠳ ᠤᠨ ᠠᠭᠠᠷ ᠤᠨ ᠰᠡᠷᠭᠡᠶᠢᠯᠡᠯᠳᠡ᠂ ᠴᠠᠭ ᠠᠭᠤᠷ ᠵᠡᠷᠭᠡ ᠠᠵᠢᠯ ᠤᠶᠢᠯᠡᠰ ᠰᠢᠨ᠎ᠡ ᠠᠮᠵᠢᠯᠳᠡ ᠶᠢ | ᠲᠡᠮᠡᠴᠡᠨ ᠤᠯᠪᠠ᠃ | —ᠲᠠᠪᠤᠨ ᠵᠢᠯ ᠤᠨ ᠲᠤᠷᠰᠢ᠂ ᠪᠢᠳᠡ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ | ᠬᠦᠴᠦᠯᠡᠪᠡ᠃ ᠦᠭᠡᠷᠡᠴᠯᠯᠡᠯᠳᠡ ᠪᠠᠷ ᠠᠮᠢᠵᠢᠷᠠᠯ ᠤᠨ ᠬᠦᠴᠤᠨ ᠢ ᠨᠡᠮᠡᠭᠳᠡᠭᠦᠯᠵᠦ᠂ ᠨᠡᠭᠡᠭᠡᠯᠳᠡ ᠪᠠᠷ ᠤᠷᠤᠨ ᠵᠠᠢ ᠶᠢ | ᠦᠷᠭᠡᠳᠭᠡᠨ᠂ ᠲᠤᠳᠤᠭᠠᠳᠤ ᠬᠦᠳᠡᠯᠭᠡᠬᠦ ᠬᠦᠴᠤᠨ ᠢ ᠲᠠᠰᠤᠷᠠᠯᠳᠠ ᠦᠭᠡᠢ ᠬᠦᠭᠵᠢᠭᠦᠯᠪᠡ᠃ ᠵᠠᠰᠠᠭ ᠢ ᠴᠤᠮᠬᠠᠳᠬᠠᠨ | ᠡᠷᠬᠡ ᠶᠢ ᠲᠤᠷᠤᠭᠰᠢ ᠪᠠᠭᠤᠯᠭᠠᠬᠤ ᠶᠢ ᠤᠯᠠᠮ ᠨᠢᠭᠡ ᠠᠯᠬᠤᠮ ᠴᠢᠩᠭᠠᠳᠬᠠᠵᠠᠢ᠃ ᠵᠠᠰᠠᠭ ᠤᠨ ᠤᠷᠳᠤᠨ ᠪᠤᠯᠤᠨ | ᠰᠠᠯᠠᠭ᠎ᠠ ᠮᠦᠴᠢᠷ ᠤᠨ ᠲᠦᠰᠦᠪᠯᠡᠨ ᠪᠤᠳᠤᠯᠳᠠ᠂ ︽ ᠭᠤᠷᠪᠠᠨ ᠵᠤᠶᠢᠯ ᠤᠨ ᠠᠯᠪᠠᠨ ᠤ ᠵᠠᠷᠤᠳᠠᠯ︾ ᠢ ᠪᠦᠬᠦᠨ ᠢ | ᠨᠡᠶᠢᠭᠡᠮ ᠨᠡᠶᠢᠳᠡ ᠳᠤ ᠢᠯᠡ ᠨᠡᠶᠢᠳᠡᠯᠡᠪᠡ᠃ ᠰᠢᠶᠠᠨ ᠤ ᠲᠡᠰ ᠤᠨ165 ᠬᠢᠨᠠᠨ ᠵᠦᠪᠰᠢᠶᠡᠷᠡᠬᠦ ᠲᠦᠷᠦᠯ ᠵᠤᠶᠢᠯ | ᠪᠤᠯᠤᠨ247 ᠤᠶᠢᠯᠡᠴᠢᠯᠡᠭᠡᠨ ᠤ ᠲᠦᠷᠦᠯ ᠢ ᠵᠠᠰᠠᠭ ᠤᠨ ᠶᠠᠪᠤᠳᠠᠯ ᠤᠨᠤᠶᠢᠯᠡᠴᠢᠯᠡᠭᠡᠨ ᠤ ᠶᠡᠭᠡ ᠲᠢᠩᠭᠢᠮ ᠳᠤ | ᠭᠦᠢᠴᠡᠳᠭᠡᠬᠦ ᠪᠤᠯᠵᠠᠢ᠃ ᠲᠢᠩᠭᠢᠮ ᠳᠤ ᠰᠠᠭᠤᠭ᠎ᠠ ᠤᠶᠢᠯᠡᠴᠢᠯᠡᠭᠡᠨ ᠤ ᠴᠤᠩᠬᠤ ᠢ ᠭᠤᠤᠯ ᠬᠠᠮᠢᠶᠠᠷᠬᠤ ᠪᠠᠶᠢᠭᠤᠯᠤᠯᠭ᠎ᠠ | ᠲᠠᠢ ᠨᠢ ᠪᠦᠬᠦᠨ ᠢ ᠲᠤᠤᠷ ᠰᠦᠯᠵᠢᠶᠡᠵᠢᠭᠦᠯᠬᠦ ᠶᠢ ᠪᠡᠶᠡᠯᠡᠭᠦᠯᠪᠡ᠃ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠦᠷᠬᠦᠯᠵᠢᠯᠡᠨ ᠲᠦᠯᠬᠢᠨ ᠠᠬᠢᠭᠤᠯᠪᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ | ᠶᠡᠷᠦᠩᠬᠡᠶᠢᠯᠡᠭᠰᠡᠨ ᠦᠭᠡᠷᠡᠴᠢᠯᠡᠯᠳᠡ ᠶᠢᠨ ᠠᠬᠢᠴᠠ ᠨᠢ ᠤᠷᠤᠭᠰᠢᠳᠠᠢ ᠪᠠᠶᠢᠵᠦ᠂ ᠢᠳᠡᠭᠡᠨ ᠡᠮ ᠤᠨ ᠵᠤᠶᠢᠯᠡᠰ᠂ ᠠᠵᠦ | ᠤᠶᠢᠯᠡᠳᠪᠤᠷᠢ ᠬᠤᠳᠠᠯᠳᠤᠭ᠎ᠠ᠂ ᠴᠢᠨᠠᠷ ᠴᠢᠨᠰᠠᠭ᠎ᠠ ᠶᠢᠨ ᠪᠠᠶᠢᠴᠠᠭᠠᠯᠳᠠ ᠵᠡᠷᠭᠡ ᠬᠠᠮᠢᠶᠠᠷᠤᠯᠳᠠ ᠶᠢᠨ ᠪᠦᠳᠦᠴᠡ | ᠪᠤᠯᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ︽ᠤᠯᠠᠨ ᠦᠨᠡᠮᠯᠡᠯ ᠢ | ᠨᠡᠶᠢᠯᠡᠭᠦᠯᠵᠦ ᠨᠢᠭᠡ ᠪᠤᠯᠭᠠᠬᠤ ︾ ᠲᠠᠩᠰᠠᠯᠠᠯᠳᠠ ᠶᠢᠨ ᠲᠦᠷᠢᠮ ᠤᠨ ᠦᠭᠡᠷᠡᠴᠢᠯᠡᠯᠳᠡ ᠶᠢ ᠦᠷᠬᠦᠯᠵᠢᠯᠡᠨ ᠲᠦᠯᠬᠢᠨ | ᠠᠬᠢᠭᠤᠯᠤᠨ᠂ ︽ᠡᠵᠡᠩᠨᠡᠬᠦ ᠦᠭᠡᠷᠡᠴᠢᠯᠡᠬᠦ ᠨᠡᠮᠡᠭᠳᠡᠬᠦ︾ ᠶᠢ ᠲᠤᠭᠳᠠᠭᠤᠨ ᠢᠶᠠᠷ ᠲᠤᠭᠤᠯᠵᠦ᠂ ᠠᠵᠦ ᠠᠬᠤᠶᠢᠯᠠᠯ ᠤᠨ | ᠡᠵᠡᠩᠨᠡᠯᠳᠡ ᠶᠢᠨ ᠦᠪᠡᠷ ᠤᠨ ᠦᠷᠳᠡᠭ ᠪᠤᠯᠤᠨ ᠭᠠᠶᠢᠯᠢ ᠶᠢᠨ ᠰᠤᠶᠢᠳᠭᠡᠯ ᠤᠨ ᠲᠠᠷᠤᠭᠠᠰᠤ ᠶᠢ ᠤᠯᠠᠮ ᠨᠢᠭᠡ ᠠᠯᠬᠤᠮ | ᠬᠦᠩᠭᠡᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠪᠦᠳᠦᠮᠵᠢᠳᠠᠢ ᠬᠦᠭᠵᠢᠭᠦᠯᠪᠡ᠃ | ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠭᠦᠨᠵᠡᠭᠡᠢ ᠲᠦᠯᠬᠢᠨ ᠠᠬᠢᠭᠤᠯᠪᠠ᠃ ᠤᠯᠤᠰ ᠤᠨ ᠦᠮᠴᠢᠯᠡᠯᠳᠦ ᠤᠢ | ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠪᠤᠯᠤᠨ ᠦᠪᠡᠷᠳᠡᠭᠡᠨ ᠵᠠᠰᠠᠬᠤ ᠤᠷᠤᠨ ᠤ ᠲᠤᠭᠳᠠᠮᠠᠯ ᠬᠦᠷᠦᠩᠭᠡ ᠶᠢᠨ | ᠨᠢᠭᠡᠳᠦᠯᠳᠠᠢ ᠲᠠᠩᠰᠠᠯᠠᠯᠳᠠ ᠶᠢᠨ ᠰᠢᠯᠭᠠᠬᠤ ᠴᠢᠭ᠋ ᠤᠨ ᠠᠵᠢᠯ ᠢ ᠯᠡᠪᠳᠠᠭᠤᠨ ᠪᠠᠳᠤᠳᠠᠢ ᠲᠤᠯᠬᠢᠨ ᠠᠬᠢᠭᠤᠯᠪᠠ᠃ | ᠨᠠᠰᠤᠵᠢᠯ ᠤᠨ ᠲᠠᠭᠠᠳᠬᠠᠯ ᠤᠨ ᠦᠭᠡᠷᠡᠴᠢᠯᠡᠯᠳᠡ᠂ ᠰᠢᠶᠠᠩ ᠪᠠᠯᠭᠠᠰᠤ ᠶᠢᠨ ᠠᠵᠢᠯ ᠤᠨ ᠨᠦᠬᠦᠪᠦᠷᠢ ᠤᠯᠭᠤᠬᠤ | ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠪᠠᠭᠰᠢᠨᠠᠷ ᠤᠨ ᠦᠷ᠎ᠡ ᠪᠦᠳᠦᠮᠵᠢ ᠶᠢᠨ ᠴᠠᠯᠢᠩ ᠤᠨ | ᠦᠭᠡᠷᠡᠴᠢᠯᠡᠯᠳᠡ᠂ ᠠᠯᠪᠠᠨ ᠤ ᠲᠡᠷᠭᠡ ᠶᠢᠨ ᠦᠭᠡᠷᠡᠴᠢᠯᠡᠯᠳᠡ ᠶᠢ ᠤᠷᠤᠭᠰᠢᠳᠠᠢ ᠲᠦᠯᠬᠢᠨ ᠠᠬᠢᠭᠤᠯᠪᠠ᠃ | —ᠲᠠᠪᠤᠨ ᠵᠢᠯ ᠤᠨ ᠲᠤᠷᠰᠢ᠂ ᠪᠢᠳᠡ ᠪᠤᠳᠠᠳᠠᠢ ᠶᠢ ᠡᠷᠬᠢᠮᠯᠡᠨ ᠠᠷᠢᠭᠤᠨ ᠴᠢᠭᠡᠴᠢ ᠪᠠᠷ ᠵᠠᠰᠠᠭ ᠪᠠᠷᠢᠬᠤ ᠳᠤ | ᠬᠦᠴᠦᠯᠡᠵᠦ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠪᠠᠨ ᠲᠠᠰᠤᠷᠠᠯᠳᠠ ᠦᠭᠡᠢ ᠴᠢᠩᠭᠠᠳᠬᠠᠪᠠ᠃ | ︽ ᠲᠦᠷᠪᠡᠨ ᠤᠬᠠᠮᠰᠠᠷ︾ ᠢ ᠪᠠᠳᠤ ᠪᠤᠢ ᠪᠤᠯᠭᠠᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ | ᠲᠦᠪ ᠬᠤᠷᠢᠶ᠎ᠠ ᠲᠠᠢ ᠡᠭᠦᠷᠢᠳᠡ ᠳᠡᠭᠡᠳᠤ ᠬᠡᠮᠵᠢᠶ᠎ᠡ ᠪᠠᠷ ᠨᠢᠭᠡᠳᠦᠯᠳᠠᠢ ᠪᠠᠶᠢᠵᠦ᠂ ᠪᠢᠳᠡ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠱᠠᠭᠠᠷᠳᠠᠯᠭ᠎ᠠ ᠶᠢ ᠲᠤᠤᠱᠯᠠᠭᠤᠯᠵᠤ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ | ᠤᠶᠢᠯᠡᠳᠦᠯᠭᠡ ᠶᠢᠨ ᠠᠵᠢᠯᠯᠠᠭ᠎ᠠ᠂ ︽ ᠭᠤᠷᠪᠠᠨ ᠴᠢᠩᠭ᠎ᠠ ᠭᠤᠷᠪᠠᠨ ᠪᠤᠳᠠᠳᠠᠢ︾ ᠲᠤᠰᠬᠠᠢ ᠰᠡᠳᠤᠪᠳᠦ ᠬᠦᠮᠦᠵᠢᠯ | ᠪᠤᠯᠤᠨ ︽ ᠬᠤᠶᠠᠷ ᠢ ᠰᠤᠷᠤᠯᠴᠠᠵᠦ ᠬᠢᠷᠢ ᠲᠠᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ | ᠵᠡᠷᠭᠡ ᠠᠵᠢᠯᠯᠠᠭ᠎ᠠ ᠶᠢ ᠦᠷᠬᠦᠯᠵᠢᠯᠡᠨ ᠦᠷᠨᠢᠭᠦᠯᠪᠡ᠃ ᠨᠠᠮ ᠤᠨ ᠲᠦᠪ ᠬᠤᠷᠢᠶᠠᠨ ᠤ ᠨᠠᠢᠮᠠᠨ ᠵᠤᠷᠪᠤᠰ | ᠲᠤᠭᠳᠠᠭᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ ᠲᠦᠷᠪᠡᠨ ᠰᠤᠷᠳᠠᠯ︾ ᠢ | ᠵᠠᠯᠠᠷᠠᠭᠤᠯᠬᠤ ᠶᠢ ᠰᠢᠨᠳᠠᠷᠠᠰᠢ ᠦᠭᠡᠢ ᠪᠠᠷᠢᠮᠳᠠᠯᠠᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ ᠭᠤᠷᠪᠠᠨ | ᠰᠠᠬᠢᠯᠭ᠎ᠠ ᠲᠤᠭᠳᠠᠭᠠᠯ︾ ᠶᠢ ᠴᠢᠩᠭ᠎ᠠ ᠬᠡᠷᠡᠭᠵᠢᠭᠦᠯᠪᠡ᠃ ᠵᠠᠰᠠᠭ ᠤᠨ ᠶᠠᠪᠤᠳᠠᠯ ᠢ ᠢᠯᠡ ᠪᠤᠯᠭᠠᠬᠤ᠂ ᠵᠠᠰᠠᠭ | ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠤᠳᠤᠬᠤ ᠬᠢᠨᠠᠯᠳᠠ ᠶᠢ ᠴᠢᠩᠭᠠᠳᠬᠠᠪᠠ᠃ ᠬᠠᠤᠯᠢ ᠶᠤᠰᠤᠭᠠᠷ | ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠶᠢ ᠪᠦᠬᠦ ᠲᠠᠯ᠎ᠠ ᠪᠠᠷ ᠭᠦᠢᠴᠡᠳᠭᠡᠵᠦ᠂ ᠨᠡᠶᠢᠭᠡᠮ ᠤᠨ ᠵᠠᠰᠠᠯᠳᠠ ᠶᠢ | ᠬᠦᠴᠦᠯᠡᠨ ᠴᠢᠩᠭᠠᠳᠬᠠᠭᠰᠠᠨ ᠪᠠ ᠨᠡᠶᠢᠭᠡᠮ ᠤᠨ ᠵᠠᠰᠠᠯᠳᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠨᠡᠶᠢᠭᠡᠮ ᠤᠨ | ᠡᠶ᠎ᠡ ᠵᠤᠬᠢᠴᠡᠯ ᠲᠤᠭᠳᠠᠭᠤᠨ ᠪᠠᠶᠢᠳᠠᠯ ᠢ ᠪᠠᠳᠤᠯᠠᠪᠠ᠃ ᠤᠬᠠᠮᠰᠠᠷ ᠠᠴᠠ ᠪᠠᠨ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠲᠠᠯᠪᠢᠬᠤ ᠪᠤᠯᠤᠨ ᠤᠯᠤᠰ ᠲᠦᠷᠦ ᠶᠢᠨ ᠵᠦᠪᠯᠡᠯᠭᠡᠨ ᠤ | ᠠᠷᠠᠳᠴᠢᠯᠠᠯ ᠢᠶᠠᠷ ᠬᠢᠨᠠᠯᠳᠠ ᠲᠠᠯᠪᠢᠬᠤ ᠶᠢ ᠬᠦᠯᠢᠶᠠᠨ ᠠᠪᠴᠤ᠂ ᠲᠠᠪᠤᠨ ᠵᠢᠯ ᠤᠨ ᠲᠤᠷᠰᠢ᠂ ᠠᠷᠠᠳᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠯ ᠵᠦᠪᠯᠡᠯᠭᠡ ᠶᠢ ᠨᠡᠶᠢᠳᠡ247 ᠬᠤᠪᠢ᠂ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠳ ᠤᠨ ᠲᠤᠷᠠᠳᠤᠭᠰᠠᠨ ᠰᠠᠨᠠᠯ ᠲᠤᠷᠠᠳᠤᠯᠭ᠎ᠠ ᠶᠢ ᠨᠡᠶᠢᠳᠡ358 ᠬᠤᠪᠢ ᠭᠦᠢᠴᠡᠳᠭᠡᠵᠦ᠂ | ᠬᠠᠷᠢᠭᠤ ᠦᠭᠭᠦᠭᠰᠡᠨ ᠨᠤᠷᠮ᠎ᠠ ᠨᠢ100% ᠳᠤ ᠬᠦᠷᠪᠡ᠃ | ᠲᠦᠯᠦᠭᠡᠯᠡᠭᠴᠢᠳ ᠡ᠂ ᠡᠳᠡᠭᠡᠷ ᠠᠮᠵᠢᠯᠳᠡ ᠪᠤᠯ ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠪᠤᠯᠤᠨ ᠰᠢᠶᠠᠨ ᠤ ᠨᠠᠮ ᠤᠨ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ ᠶᠢᠨ ᠦᠷ᠎ᠡ ᠳ᠋ᠦᠩ | ᠮᠦᠨ᠃ ᠮᠦᠨᠴᠦ ᠰᠢᠶᠠᠨ ᠤ ᠠᠷᠠᠳᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ | ᠵᠦᠪᠯᠡᠯᠭᠡᠨ ᠤ ᠬᠢᠨᠠᠯᠳᠠ ᠶᠢᠨ ᠬᠦᠴᠦᠳᠠᠢ ᠲᠠᠮᠵᠢᠯᠭᠡ ᠶᠢᠨ ᠦᠷ᠎ᠡ ᠳ᠋ᠦᠩ ᠮᠦᠨ ᠂ ᠨᠡᠩ ᠴᠦ ᠪᠦᠬᠦ ᠰᠢᠶᠠᠨ ᠤ24 | ᠲᠦᠮᠡᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠵᠦ ᠬᠠᠳᠠᠭᠤᠵᠢᠯᠳᠠᠢ ᠠᠵᠢᠯᠯᠠᠭᠰᠠᠨ ᠤ ᠦᠷ᠎ᠡ ᠳ᠋ᠦᠩ ᠮᠦᠨ᠃ | ᠡᠭᠦᠨ ᠳᠤ᠂ ᠪᠢ ᠰᠢᠶᠠᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠪᠦᠬᠦ ᠰᠢᠶᠠᠨ ᠤ ᠺᠠᠳ᠋ᠷ ᠤᠯᠠᠨ | ᠲᠦᠮᠡᠨ᠂ ᠰᠢᠨᠳᠠᠷᠠᠰᠢ ᠦᠭᠡᠢ ᠠᠵᠢᠯᠯᠠᠵᠦ ᠪᠠᠶᠢᠭ᠎ᠠ ᠠᠷᠠᠳ ᠤᠨ ᠲᠦᠯᠦᠭᠡᠯᠡᠭᠴᠢᠳ᠂ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠳ᠂ ᠯᠢᠶᠠᠩᠴᠧᠩ ᠤᠨ ᠬᠦᠭᠵᠢᠯᠳᠡ ᠶᠢ ᠬᠠᠯᠠᠮᠵᠢᠯᠠᠨ ᠰᠠᠨᠠᠭ᠎ᠠ ᠰᠡᠳᠬᠢᠯ ᠪᠤᠯᠵᠤ ᠪᠠᠶᠢᠭ᠎ᠠ | ᠨᠡᠶᠢᠭᠡᠮ ᠤᠨ ᠡᠯ᠎ᠡ ᠡᠳᠡᠭᠡᠳ ᠤᠨ ᠨᠠᠶᠢᠵᠠ ᠨᠦᠭᠦᠳ ᠨᠠᠷ ᠲᠠᠭᠠᠨ ᠡᠷᠬᠢᠮ ᠳᠡᠭᠡᠳᠤ ᠬᠦᠨᠳᠤᠳᠭᠡᠯ ᠪᠠ ᠴᠢᠩ | ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠤ ᠪᠠᠶᠢᠨ᠎ᠠ᠃ | ᠦᠩᠭᠡᠷᠡᠭᠰᠡᠨ ᠲᠠᠪᠤᠨ ᠵᠢᠯ ᠢᠶᠠᠨ ᠡᠷᠭᠢᠴᠡᠭᠦᠯᠬᠦᠶ᠎ᠡ᠂ ᠪᠢᠳᠡ ᠲᠤᠮᠳᠠᠳᠤ ᠤᠯᠤᠰ ᠤᠨ ᠤᠨᠴᠠᠯᠢᠭ ᠪᠦᠬᠦᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠤᠨ᠂ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠦᠯᠳᠡᠢ ᠪᠠᠶᠢᠯᠭᠠᠬᠤ ᠶᠢ ᠪᠠᠷᠢᠮᠳᠠᠯᠠᠨ᠂ | ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ | ᠢᠯᠠᠯᠳᠠ ᠶᠢ ᠲᠡᠮᠡᠴᠡᠨ ᠤᠯᠬᠤ ᠦᠨᠢ ᠡᠭᠦᠷᠢᠳᠡ ᠶᠢᠨ ᠤᠯᠤᠰ ᠲᠦᠷᠦ ᠶᠢᠨ ᠪᠠᠳᠤᠯᠠᠭ᠎ᠠ ᠮᠦᠨ᠃ ᠬᠦᠭᠵᠢᠯᠳᠡ ᠪᠤᠯ | ᠨᠢᠭᠡᠳᠦᠭᠡᠷ ᠴᠢᠬᠤᠯᠠ ᠶᠡᠭᠡ ᠡᠭᠦᠷᠭᠡ ᠪᠤᠯᠬᠤ ᠶᠢ ᠴᠢᠩᠭ᠎ᠠ ᠠᠳᠬᠤᠵᠤ᠂ ᠨᠢᠭᠡᠨ ᠵᠤᠷᠪᠤᠰ ᠴᠢᠨᠠᠷ ᠴᠢᠨᠰᠠᠭ᠎ᠠ ᠦᠨᠳᠦᠷ᠂ | ᠠᠷᠠᠳ ᠲᠦᠮᠡᠨ ᠪᠠᠶᠠᠵᠢᠭᠰᠠᠨ ᠠᠮᠢ ᠠᠬᠤᠢ ᠭᠤᠶᠤ ᠰᠠᠶᠢᠬᠠᠨ ᠪᠤᠬᠢᠷᠳᠤᠯ ᠦᠭᠡᠢ ᠬᠦᠭᠵᠢᠯᠳᠡ ᠶᠢᠨ ᠰᠢᠨ᠎ᠡ ᠵᠠᠮ ᠢ | ᠲᠦᠷᠭᠡᠳᠭᠡᠨ ᠨᠡᠬᠡᠬᠡᠬᠦ ᠨᠢ ᠮᠠᠨ ᠤ ᠡᠭᠦᠷᠢᠳᠡ ᠶᠢᠨ ᠲᠡᠮᠡᠴᠡᠬᠦ ᠬᠠᠷᠠᠯᠳᠠ ᠮᠦᠨ᠃ ᠠᠷᠠᠳ ᠲᠦᠮᠡᠨ ᠤ ᠠᠰᠢᠭ | ᠲᠤᠰᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠤ᠂ ᠠᠷᠠᠳ ᠲᠤ ᠠᠰᠢᠭ ᠲᠠᠢ ᠪᠤᠶᠠᠨ ᠬᠡᠰᠢᠭ | ᠬᠦᠷᠳᠡᠭᠡᠬᠦ ᠶᠡᠭᠡ ᠶᠠᠪᠤᠳᠠᠯ ᠢ ᠴᠢᠩᠭ᠎ᠠ ᠰᠠᠶᠢᠳᠤᠷ ᠠᠳᠬᠤᠨ᠂ ᠠᠷᠠᠳ ᠲᠦᠮᠡᠨ ᠢ ᠬᠠᠮᠳᠤ ᠳᠠᠭᠠᠨ ᠪᠠᠶᠢᠭᠤᠯᠤᠨ | ᠬᠠᠮᠳᠤ ᠳᠠᠭᠠᠨ ᠬᠦᠷᠳᠡᠬᠦ ᠲᠤᠮᠳᠠ ᠤᠯᠤᠯᠳᠠ ᠲᠦᠷᠦᠭᠳᠡᠯ ᠲᠠᠢ ᠪᠤᠯᠭᠠᠵᠤ᠂ ᠮᠠᠨ ᠤ ᠦᠨᠢ ᠡᠭᠦᠷᠢᠳᠡ ᠶᠢᠨ | ᠡᠬᠢᠯᠡᠯᠳᠡ ᠶᠢᠨ ᠴᠢᠭ ᠪᠠ ᠳᠡᠭᠦᠰᠭᠡᠯ ᠤᠨ ᠴᠢᠭ ᠪᠤᠯᠭᠠᠨ᠎ᠠ᠃ ᠤᠭ ᠰᠠᠨᠠᠭ᠎ᠠ ᠪᠠᠨ ᠦᠯᠦ ᠮᠠᠷᠳᠠᠨ᠂ ᠡᠭᠦᠷᠭᠡ | ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠨᠢᠭᠡᠨ ᠦᠨᠡᠨᠴᠢ ᠰᠢᠳᠤᠷᠭᠤ ᠠᠷᠢᠭᠤᠨ ᠴᠢᠭᠡᠴᠢ ᠡᠭᠦᠷᠭᠡᠯᠡᠯ ᠲᠠᠢ | ᠺᠠᠳ᠋ᠷ ᠤᠨ ᠡᠩᠨᠡᠭᠡ ᠶᠢ ᠵᠤᠬᠢᠶᠠᠨ ᠪᠠᠶᠢᠭᠤᠯᠵᠤ᠂ ᠤᠪᠤᠷ ᠲᠦᠪ ᠰᠤᠷᠳᠠᠯ ᠴᠢᠭᠡᠴᠢ ᠤᠯᠤᠰ ᠲᠦᠷᠦ ᠶᠢᠨ ᠠᠮᠢ | ᠠᠬᠤᠢ ᠶᠢ ᠴᠤᠭᠴᠠᠯᠠᠨ ᠪᠠᠶᠢᠭᠤᠯᠬᠤ ᠨᠢ ᠮᠠᠨ ᠤ ᠠᠵᠢᠯ ᠬᠢᠬᠦ ᠤᠶᠢᠯᠡᠰ ᠪᠦᠳᠦᠭᠡᠬᠦ ᠡᠭᠦᠷᠢᠳᠡ ᠶᠢᠨ ᠬᠠᠳᠠᠭᠤ ᠪᠡᠷᠬᠡ | ᠪᠠᠳᠤᠯᠠᠭ᠎ᠠ ᠮᠦᠨ᠃ ᠡᠭᠦᠨ ᠤ ᠵᠡᠷᠭᠡ ᠳᠤ ᠪᠠᠰᠠ ᠠᠰᠠᠭᠤᠳᠠᠯ ᠤᠷᠤᠰᠢᠵᠤ ᠪᠤᠢ᠃ ᠲᠠᠷᠦᠢ ᠬᠦᠭᠵᠢᠯᠳᠡ | ᠲᠠᠩᠴᠠᠭᠦᠷᠢ ᠦᠭᠡᠢ᠂ ᠭᠦᠢᠴᠡᠳ ᠪᠤᠰᠤ ᠠᠰᠠᠭᠤᠳᠠᠯ ᠪᠤᠯᠤᠨ᠎ᠠ ᠃ ᠠᠵᠦ ᠠᠬᠤᠢ ᠶᠢᠨ ᠶᠡᠷᠦᠩᠬᠡᠢ ᠬᠡᠮᠵᠢᠶ᠎ᠡ | ᠬᠠᠷᠢᠴᠠᠩᠭᠤᠢ ᠪᠠᠭ᠎ᠠ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠨᠢ ᠨᠡᠩ ᠲᠤᠪᠤᠶᠢᠮ᠎ᠡ᠂ | ᠲᠠᠭ᠎ᠠ ᠶᠢᠨ ᠨᠠᠭᠤᠷ ᠤᠨ ᠬᠠᠮᠠᠭᠠᠯᠠᠯᠳᠠ ᠶᠢᠨ ᠡᠭᠦᠷᠭᠡ ᠬᠦᠨᠳᠤ ᠬᠡᠴᠡᠭᠦᠦ᠂ ᠶᠠᠳᠠᠭᠤ ᠠᠴᠠ ᠠᠩᠬᠢᠵᠢᠷᠠᠭᠤᠯᠬᠤ | ᠪᠤᠭᠤᠮᠳᠠ ᠰᠢᠪᠳᠤᠯᠬᠤ ᠡᠭᠦᠷᠭᠡ ᠨᠢ ᠪᠠᠰᠠ ᠯᠡ ᠪᠡᠷᠬᠡ ᠬᠠᠳᠠᠭᠤ ᠪᠠᠶᠢᠵᠦ᠂ ᠠᠷᠠᠳ ᠤᠨ ᠠᠮᠢᠳᠤᠷᠠᠯ ᠤᠨ ᠠᠵᠢᠯ ᠢ | ᠪᠠᠳᠤᠯᠠᠨ ᠰᠠᠶᠢᠵᠢᠷᠠᠭᠤᠯᠬᠤ ᠠᠵᠢᠯ ᠨᠢ ᠮᠦᠨ ᠯᠠ ᠬᠦᠨᠳᠤ ᠬᠡᠴᠡᠭᠦᠦ ᠪᠠᠶᠢᠵᠦ᠂ ᠵᠠᠰᠠᠭ ᠤᠨ ᠤᠷᠳᠤᠨ ᠤ ᠲᠤᠰ | ᠪᠡᠶ᠎ᠡ ᠶᠢᠨ ᠪᠠᠶᠢᠭᠤᠯᠤᠯᠳᠠ ᠶᠢ ᠪᠠᠰᠠ ᠨᠢᠭᠡ ᠠᠯᠬᠤᠮ ᠴᠢᠩᠭᠠᠳᠬᠠᠬᠤ ᠴᠢᠬᠤᠯᠠᠳᠠᠢ᠃ ᠡᠶᠢᠮᠦ ᠠᠴᠠ ᠪᠢᠳᠡ | ᠠᠰᠭᠤᠳᠠᠯ ᠢᠶᠠᠷ ᠵᠢᠯᠤᠭᠤᠳᠤᠮᠵᠢ ᠪᠤᠯᠭᠠᠬᠤ ᠶᠢ ᠢᠮᠠᠭᠳᠠ ᠪᠠᠷᠢᠮᠳᠠᠯᠠᠵᠤ᠂ ᠠᠰᠢᠭ ᠦᠭᠡᠢ ᠲᠠᠯ᠎ᠠ ᠪᠠᠨ ᠲᠠᠶᠠᠭᠳᠠᠨ᠂ | ᠲᠤᠳᠠᠭᠤᠳᠠᠯ ᠢᠶᠠᠨ ᠲᠦᠷᠭᠡᠨ ᠨᠦᠬᠦᠪᠦᠷᠢᠯᠡᠵᠤ᠂ ᠪᠦᠬᠦ ᠰᠡᠳᠭᠢᠯ ᠪᠦᠬᠦ ᠴᠢᠳᠠᠯ ᠢᠶᠠᠷ ᠢᠶᠠᠨ ᠵᠠᠰᠠᠭ ᠤᠨ ᠤᠷᠳᠤᠨ ᠤ | ᠠᠵᠢᠯ ᠢ ᠰᠠᠶᠢᠳᠤᠷ ᠬᠢᠵᠦ᠂ ᠠᠷᠠᠳ ᠲᠦᠮᠡᠨ ᠤ ᠢᠳᠡᠭᠡᠯ ᠪᠠ ᠬᠦᠰᠡᠯ ᠢ ᠶᠠᠭᠠᠬᠢᠭᠰᠠᠨ ᠴᠦ ᠬᠦᠰᠡᠷᠳᠡᠭᠦᠯᠬᠦ ᠦᠭᠡᠢ᠃ | ᠬᠤᠶᠢᠰᠢᠳᠠ ᠶᠢᠨ ᠲᠠᠪᠤᠨ ᠵᠢᠯ ᠤᠨ ᠬᠠᠷᠠᠯᠳᠠ ᠡᠭᠦᠷᠭᠡ | ᠬᠤᠶᠢᠰᠢᠳᠠ ᠶᠢᠨ ᠲᠠᠪᠤᠨ ᠵᠢᠯ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠳᠤ | ᠱᠠᠳᠤ ᠮᠦᠨ᠂ ᠮᠦᠨᠴᠦ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠨᠢ ᠰᠢᠨ᠎ᠡ ᠴᠠᠭ ᠦᠶ᠎ᠡ ᠳᠤ | ᠤᠷᠤᠭᠰᠠᠨ ᠴᠢᠬᠤᠯᠠ ᠱᠠᠳᠤ ᠮᠦᠨ᠃ ᠰᠢᠨ᠎ᠡ ᠨᠢᠭᠡᠨ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠤᠨ | ᠶᠡᠷᠦᠩᠬᠡᠢ ᠰᠡᠳᠬᠢᠴᠡ ᠪᠤᠯ᠄ ᠲᠤᠮᠳᠠᠳᠤ ᠤᠯᠤᠰ ᠤᠨ ᠤᠨᠴᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ | ᠦᠨᠳᠦᠷ ᠮᠠᠨᠳᠤᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠵᠢᠨᠲ᠋ᠤᠮᠳᠠᠳᠤ ᠤᠯᠤᠰ ᠤᠨ ᠤᠨᠴᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠤᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ ᠲᠠᠪᠤ ᠶᠢ ᠨᠢᠭᠡ | ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠳᠠ ᠶᠢ ᠨᠢᠭᠡᠳᠦᠯᠳᠠᠢ ᠲᠦᠯᠦᠪᠯᠡᠨ ᠠᠬᠢᠭᠤᠯᠬᠤ ᠪᠠ ︽ ᠲᠦᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ ᠠᠬᠢᠭᠤᠯᠵᠤ᠂ ᠰᠢᠨ᠎ᠡ ᠶᠢ | ᠡᠭᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠬᠡᠬᠡᠯᠳᠡ ᠲᠠᠢ᠂ ᠬᠠᠮᠳᠤ ᠪᠠᠷ ᠡᠳ᠋ᠯᠡᠬᠦ ᠬᠦᠭᠵᠢᠯᠳᠡ ᠶᠢᠨ | ᠤᠶᠢᠯᠠᠭᠠᠭᠳᠠᠬᠤᠨ ᠢ ᠨᠠᠷᠢᠨ ᠬᠢᠨᠠᠮᠠᠭᠠᠢ ᠲᠤᠤᠱᠯᠠᠭᠤᠯᠵᠤ᠂ ︽ ᠪᠦᠬᠦ ᠤᠯᠤᠰ ᠤᠨ ᠰᠤᠶᠤᠯ ᠵᠤᠭᠠᠴᠠᠯ ᠤᠨ | ᠬᠦᠴᠦᠷᠬᠡᠭ ᠰᠢᠶᠠᠨ ᠤ ᠠᠯᠳᠠᠷ ᠲᠠᠢ ᠰᠢᠶᠠᠨ ᠢ ᠪᠦᠳᠦᠭᠡᠨ ᠪᠠᠶᠢᠭᠤᠯᠬᠤ︾ ᠪᠠᠷ ᠬᠠᠷᠠᠯᠳᠠ ᠪᠠᠨ ᠪᠤᠯᠭᠠᠵᠤ᠂ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠭ᠎ᠠ ᠶᠢᠨ ᠨᠠᠭᠤᠷ ᠤᠨ ᠬᠠᠮᠠᠭᠠᠯᠠᠯᠳᠠ ᠪᠠᠷ ᠭᠤᠤᠯᠳᠠᠯᠭ᠎ᠠ | ᠪᠤᠯᠭᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂ ᠠᠵᠦ ᠤᠶᠢᠯᠡᠰ ᠤᠨ | ᠪᠦᠳᠦᠴᠡ ᠶᠢ ᠰᠢᠯᠢᠳᠡᠭᠵᠢᠭᠦᠯᠦᠨ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ᠂ ᠰᠢᠶᠠᠩ | ᠪᠠᠯᠭᠠᠰᠤ ᠶᠢᠨ ᠠᠭᠤᠰᠤᠯᠴᠠᠯ ᠬᠦᠭᠵᠢᠯᠳᠡ ᠶᠢ ᠨᠢᠭᠡᠳᠦᠯᠳᠠᠢ ᠲᠦᠯᠦᠪᠵᠢᠭᠦᠯᠬᠦ ᠵᠡᠷᠭᠡ ᠳᠤ ᠬᠦᠴᠦᠯᠡᠵᠦ᠂ ᠵᠠᠰᠠᠭ ᠤᠨ | ᠤᠷᠳᠤᠨ ᠤ ᠵᠠᠰᠠᠭ ᠬᠡᠷᠡᠭᠵᠢᠭᠦᠯᠬᠦ ᠬᠢᠷᠢ ᠲᠦᠪᠰᠢᠨ ᠢ ᠲᠠᠭᠡᠭᠰᠢᠯᠡᠭᠦᠯᠦᠨ᠂ ᠪᠠᠶᠠᠨ ᠬᠦᠴᠦᠷᠬᠡᠭ᠂ ᠠᠷᠠᠳᠴᠢᠯᠠᠯ ᠲᠠᠢ᠂ | ᠪᠤᠯᠪᠠᠰᠤᠨ᠂ ᠡᠶ᠎ᠡ ᠵᠤᠬᠢᠴᠠᠩᠭᠤᠢ᠂ ᠦᠵᠡᠰᠭᠦᠯᠡᠩᠳᠤ ᠰᠠᠶᠢᠬᠠᠨ ᠰᠢᠨ᠎ᠡ ᠯᠢᠶᠠᠩᠴᠧᠩ ᠢ ᠴᠤᠭᠴᠠᠯᠠᠨ | ᠪᠠᠶᠢᠭᠤᠯᠬᠤ ᠪᠠᠷ ᠬᠦᠴᠦᠯᠡᠨ ᠴᠢᠷᠮᠡᠶᠢᠨ᠎ᠠ᠃ | ᠬᠤᠶᠢᠰᠢᠳᠠ ᠶᠢᠨ ᠲᠠᠪᠤᠨ ᠵᠢᠯ ᠤᠨ ᠭᠤᠤᠯ ᠲᠦᠰᠦᠪᠯᠡᠭᠰᠡᠨ ᠬᠠᠷᠠᠯᠳᠠ ᠪᠤᠯ ᠄ ᠪᠦᠬᠦ ᠰᠢᠶᠠᠨ ᠤ ᠭᠠᠵᠠᠷ | ᠤᠷᠤᠨ ᠤ ᠤᠶᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠵᠢᠯ ᠤᠨ ᠳᠡᠭᠰᠢᠳᠭᠡᠭᠰᠡᠨ ᠨᠡᠮᠡᠭᠳᠡᠯ ᠢ8% ᠳᠤ ᠬᠦᠷᠭᠡᠵᠦ | ᠂ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢᠨ ᠵᠢᠯ ᠤᠨ ᠳᠡᠭᠰᠢᠳᠭᠡᠭᠰᠡᠨ ᠨᠡᠮᠡᠭᠳᠡᠯ ᠢ8% ᠳᠤ ᠬᠦᠷᠭᠡᠵᠦ | ᠂ ᠤᠯᠠᠨ ᠨᠡᠶᠢᠳᠡ ᠵᠢᠨᠡᠩ ᠤᠨ ᠲᠦᠰᠦᠪᠯᠡᠭᠰᠡᠨ ᠤᠷᠤᠯᠭ᠎ᠠ ᠶᠢᠨ ᠨᠡᠮᠡᠭᠳᠡᠯ ᠢ 6% ᠳᠤ ᠬᠦᠷᠭᠡᠨ᠂ ᠨᠡᠶᠢᠭᠡᠮ ᠤᠨ | ᠬᠡᠷᠡᠭᠯᠡᠭᠡᠨ ᠤ ᠵᠤᠶᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠬᠡᠮᠵᠢᠶᠡᠨ ᠤ ᠨᠡᠮᠡᠭᠳᠡᠯ ᠢ 9% ᠳᠤ ᠬᠦᠷᠭᠡᠨ᠂ | ᠰᠢᠶᠠᠩ ᠪᠠᠯᠭᠠᠰᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠤᠮᠳᠠᠴᠢ ᠳᠡᠭᠰᠢᠳᠭᠡᠭᠰᠡᠨ ᠤᠷᠤᠯᠭ᠎ᠠ ᠶᠢ | 8% ᠪᠤᠯᠤᠨ9% ᠤᠷᠴᠢᠮ ᠨᠡᠮᠡᠭᠳᠡᠭᠦᠯᠦᠨ᠎ᠡ᠃ ᠭᠤᠷᠪᠠᠨ ᠤᠳᠠᠭᠠᠨ ᠤ ᠠᠵᠦ ᠤᠶᠢᠯᠡᠰ ᠤᠨ ᠪᠦᠳᠦᠴᠡ ᠨᠢ16 | ᠄32᠄52 ᠪᠠᠷ ᠰᠢᠯᠢᠳᠡᠭᠵᠢᠵᠦ᠂ ᠵᠤᠭᠠᠴᠠᠯ ᠤᠨ ᠤᠶᠢᠯᠡᠰ ᠨᠢ ᠮᠠᠨ ᠤ ᠰᠢᠶᠠᠨ ᠤ ᠲᠤᠯᠤᠭᠠᠶᠢᠯᠠᠭᠴᠢ ᠠᠵᠦ ᠤᠶᠢᠯᠡᠰ | ᠪᠤᠯᠤᠨ᠎ᠠ᠃ | ᠲᠡᠭᠡᠷᠡᠬᠢ ᠦᠭᠦᠯᠡᠭᠰᠡᠨ ᠬᠠᠷᠠᠯᠳᠠ ᠶᠢᠨ ᠲᠤᠭᠤᠷᠢᠨ ᠳᠤ ᠪᠢᠳᠡ ᠲᠤᠤᠷᠠᠬᠢ ᠲᠤᠯᠤᠭᠠᠨ ᠲᠠᠯ᠎ᠠ ᠶᠢᠨ ᠠᠵᠢᠯ ᠢ | ᠭᠤᠤᠯᠳᠠᠯᠭ᠎ᠠ ᠲᠠᠢ ᠠᠳᠬᠤᠨ᠎ᠠ᠃ | ᠨᠢᠭᠡ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠴᠢᠭᠯᠡᠭᠦᠯᠦᠨ᠂ ᠶᠠᠳᠠᠭᠤ ᠠᠴᠠ | ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠢ ᠡᠷᠡᠰ ᠰᠢᠭᠤᠷᠬᠠᠢ ᠪᠠᠷ ᠲᠡᠮᠡᠴᠡᠨ ᠤᠯᠤᠨ᠎ᠠ | ᠃ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠮᠡᠳᠡᠭᠦᠯᠦᠯᠳᠡ ᠳᠤ | ᠴᠢᠬᠤᠯᠠᠴᠢᠯᠠᠨ ᠵᠢᠭᠠᠨ ᠭᠠᠷᠭᠠᠭᠰᠠᠨ ᠨᠢ᠄ ᠶᠠᠳᠠᠭᠤ ᠬᠦᠴᠢᠷᠳᠡᠯ ᠲᠠᠢ ᠬᠦᠮᠦᠨ ᠠᠮᠠ ᠪᠤᠯᠤᠨ ᠶᠠᠳᠠᠭᠤ ᠬᠦᠴᠢᠷᠳᠡᠯ | ᠲᠠᠢ ᠭᠠᠵᠠᠷ ᠤᠷᠤᠨ ᠢ ᠪᠦᠬᠦ ᠤᠯᠤᠰ ᠲᠠᠢ ᠬᠠᠮᠳᠤ ᠳᠤᠨᠢ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠳᠤ ᠲᠠᠪᠰᠢᠨ | ᠤᠷᠤᠭᠤᠯᠬᠤ ᠪᠤᠯ ᠮᠠᠨ ᠤ ᠨᠠᠮ ᠤᠨ ᠲᠦᠪ ᠴᠢᠩᠭ᠎ᠠ ᠠᠮᠠᠯᠠᠯᠳᠠ ᠮᠦᠨ᠃ ᠮᠠᠨ ᠤ ᠬᠠᠷᠠᠯᠳᠠ ᠪᠤᠯ᠂2018 ᠤᠨ ᠤ | ᠵᠢᠯ ᠤᠨ ᠡᠴᠦᠰ ᠬᠦᠷᠳᠡᠯ᠎ᠡ᠂ ᠬᠦᠮᠦᠨ ᠨᠢ ᠶᠠᠳᠠᠭᠤ ᠠᠴᠠ ᠠᠩᠬᠢᠵᠢᠷᠠᠬᠤ᠂ ᠲᠤᠰᠬᠤᠨ ᠨᠢ ᠶᠠᠳᠠᠭᠤ ᠠᠴᠠ ᠤᠬᠤᠷᠢᠨ | ᠭᠠᠷᠬᠤ᠂ ᠶᠠᠳᠠᠭᠤ ᠮᠠᠯᠠᠭᠠᠢ ᠪᠠᠨ ᠲᠠᠶᠠᠭᠳᠠᠬᠤ ᠶᠢ ᠲᠤᠶᠢᠯᠪᠤᠷᠢᠳᠠᠢ ᠪᠡᠶᠡᠯᠡᠭᠦᠯᠦᠨ᠂ ᠲᠠᠬᠢᠨ ᠨᠢᠭᠡ ᠵᠢᠯ ᠤᠨ ᠴᠠᠭ ᠢ | ᠬᠡᠷᠡᠭᠰᠡᠵᠦ᠂ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠦᠭᠡᠯ ᠢ ᠪᠠᠬᠢᠵᠢᠭᠦᠯᠦᠨ᠂2020 ᠤᠨ ᠬᠦᠷᠳᠡᠯ᠎ᠡ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠴᠤᠭᠴᠠᠯᠠᠨ ᠪᠠᠶᠢᠭᠤᠯᠤᠨ᠎ᠠ᠃ | ᠠᠵᠦ ᠤᠶᠢᠯᠡᠰ ᠤᠨ ᠬᠦᠭᠵᠢᠯᠳᠡ ᠶᠢᠨ ︽ ᠠᠯᠳᠠᠨ ᠲᠦᠯᠬᠢᠭᠦᠷ︾ ᠢ ᠰᠠᠶᠢᠳᠤᠷ ᠬᠡᠷᠡᠭᠯᠡᠨ᠎ᠡ᠃ ᠲᠤᠪᠶᠤᠭ | ᠮᠠᠶ᠋ᠢᠭ ᠤᠨ ᠲᠦᠷᠦᠯ ᠵᠤᠶᠢᠯ ᠤᠨ ᠨᠦᠬᠦᠪᠦᠷᠢ ᠤᠨ ᠭᠠᠷᠴᠠᠭ ᠢ ᠰᠢᠨᠡᠳᠭᠡᠨ᠂ ︽ ᠨᠤᠭᠤᠭ᠎ᠠ ᠵᠠᠬᠢᠶᠠᠯᠠᠬᠤ︾ ᠳᠤ | ᠤᠨᠤᠪᠴᠢ ᠦᠭᠡᠢ ᠠᠰᠠᠭᠤᠳᠠᠯ ᠢ ᠬᠦᠴᠦᠨ ᠢᠶᠠᠨ ᠲᠦᠪᠯᠡᠷᠡᠭᠦᠯᠦᠨ ᠰᠢᠢᠳᠪᠤᠷᠢᠯᠡᠵᠦ᠂ ᠰᠤᠩᠭᠤᠬᠤ ᠡᠷᠬᠡ ᠶᠢ ᠶᠠᠳᠠᠭᠤ | ᠬᠦᠴᠢᠷᠳᠡᠯ ᠲᠠᠢ ᠡᠷᠦᠬᠡ ᠳᠤ ᠦᠨᠡᠨᠬᠦ ᠲᠤᠰᠢᠶᠠᠨ ᠦᠭᠭᠦᠨ᠎ᠡ᠃ ︽ ᠲᠤᠯᠤᠭᠠᠶᠢᠯᠠᠭᠴᠢ ᠠᠵᠦ ᠤᠶᠢᠯᠡᠰ + ᠶᠠᠳᠠᠭᠤ | ᠬᠦᠴᠢᠷᠳᠡᠯ ᠲᠠᠢ ᠡᠷᠤᠬᠡ︾᠂ ︽ ᠬᠤᠷᠰᠢᠶᠠᠵᠢᠯ + ᠶᠠᠳᠠᠭᠤ ᠬᠦᠴᠢᠷᠳᠡᠯ ᠲᠠᠢ ᠡᠷᠤᠬᠡ︾ ᠶᠢᠨ ᠬᠤᠯᠪᠤᠯᠳᠤᠭᠰᠠᠨ | ᠲᠤᠭᠳᠠᠴᠠ ᠶᠢ ᠦᠷᠬᠦᠯᠵᠢᠯᠡᠨ ᠳᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ᠂ ᠬᠠᠢ ᠭᠤᠤ ᠵᠡᠷᠭᠡ ᠲᠤᠬᠠᠢ ᠶᠢᠨ | ᠭᠠᠵᠠᠷ ᠤᠨ ᠢᠶᠠᠨ ᠠᠵᠤ ᠤᠶᠢᠯᠡᠰ ᠢ ᠪᠠᠬᠢᠵᠢᠭᠦᠯᠬᠦ ᠶᠢᠨ ᠲᠠᠭᠠᠦ᠂ ᠱᠠᠨ ᠯᠦ ᠪᠦᠯᠦᠭᠯᠡᠯ᠂ ᠯᠢᠩ ᡁᠢ ᠲᠦᠮᠦᠰᠦᠨ ᠤ | ᠤᠶᠢᠯᠡᠰ᠂ ᠫᠢ ᠲᠦᠩ ᠡᠮ ᠤᠨ ᠤᠶᠢᠯᠡᠰ᠂ ᠮᠧᠩ ᠶᠠᠩ ᠪᠦᠯᠦᠭᠯᠡᠯ ᠵᠡᠷᠭᠡ ᠲᠤᠯᠤᠭᠠᠶᠢᠯᠠᠭᠴᠢ ᠠᠵᠦ ᠠᠬᠤᠶᠢᠯᠠᠯ ᠢ | ᠤᠷᠢᠨ ᠤᠷᠤᠭᠤᠯᠵᠤ᠂ ᠨᠢᠭᠡ ᠪᠦᠯᠦᠭ ᠠᠵᠦ ᠤᠶᠢᠯᠡᠰ ᠢᠶᠠᠷ ᠶᠠᠳᠠᠭᠤ ᠶᠢ ᠳᠡᠳᠭᠦᠬᠦ ᠲᠦᠷᠦᠯ ᠵᠤᠶᠢᠯ ᠢ ᠪᠦᠬᠦ | ᠬᠦᠴᠦᠨ ᠢᠶᠠᠷ ᠬᠦᠭᠵᠢᠭᠦᠯᠦᠨ᠎ᠡ᠃ ᠨᠢᠭᠡ ᠪᠦᠯᠦᠭ ᠶᠠᠳᠠᠭᠤ ᠠᠴᠠ ᠠᠩᠬᠢᠵᠢᠷᠠᠬᠤ ᠲᠠᠶᠢᠴᠢᠯᠠᠬᠤ ᠴᠢᠳᠠᠪᠤᠷᠢ ᠪᠠᠷ | ᠴᠢᠩᠭ᠎ᠠ ᠤᠨᠴᠠᠯᠢᠭᠳᠤ ᠠᠵᠦ ᠤᠶᠢᠯᠡᠰ ᠢ ᠪᠤᠶᠢᠵᠢᠭᠤᠯᠤᠨ᠂ ᠲᠡᠳᠡᠭᠡᠷ ᠬᠦᠳᠡᠯᠮᠦᠷᠢᠯᠡᠬᠦ ᠴᠢᠳᠠᠪᠤᠷᠢ ᠦᠭᠡᠢ᠂ | ᠤᠶᠢᠯᠡᠳᠪᠤᠷᠢᠯᠡᠯ ᠢ ᠬᠦᠭᠵᠢᠭᠦᠯᠬᠦ ᠳᠤ ᠵᠤᠬᠢᠰ ᠦᠭᠡᠢ ᠶᠠᠳᠠᠭᠤ ᠬᠦᠴᠢᠷᠳᠡᠯ ᠲᠠᠢ ᠡᠷᠦᠬᠡ ᠳᠤ ᠬᠠᠨᠳᠤᠭᠤᠯᠤᠨ | ᠲᠡᠳᠡᠨᠡᠷ ᠢ ᠦᠷᠬᠦᠯᠵᠢᠯᠡᠨ ᠬᠤᠪᠢ ᠤᠷᠤᠭᠤᠯᠪᠠᠯ ᠠᠰᠢᠭ ᠬᠤᠪᠢᠶᠠᠯᠴᠠᠵᠤ᠂ ᠠᠵᠦ ᠤᠶᠢᠯᠡᠰ ᠤᠨ ᠪᠠᠳᠤᠯᠠᠭᠠᠳᠤ | ᠴᠢᠳᠠᠪᠤᠷᠢ ᠶᠢ ᠲᠡᠭᠡᠭᠰᠢᠯᠡᠭᠦᠯᠦᠨ᠎ᠡ᠃ ᠬᠦᠳᠡᠭᠡ ᠲᠤᠰᠬᠤᠨ ᠤ ᠨᠡᠶᠢᠳᠡ ᠶᠢᠨ ᠠᠵᠦ ᠠᠬᠤᠢ ᠶᠢᠨ ᠲᠤᠭᠤᠷᠢᠨ ᠳᠤ᠂ | ᠲᠠᠭ᠎ᠠ ᠶᠢᠨ ᠨᠠᠭᠤᠷ ᠤᠨ ᠵᠢᠮᠢᠰ᠂ ᠪᠦᠳᠦᠭᠦᠨ ᠭᠦᠢᠯᠡᠰᠤ᠂ ᠴᠢᠴᠠᠷᠭᠠᠨ᠎ᠠ ᠵᠡᠷᠭᠡ ᠤᠨᠴᠠᠯᠢᠭᠳᠤ ᠠᠵᠦ ᠠᠬᠤᠢ ᠶᠢᠨ | ᠤᠢ ᠰᠢᠭᠤᠢ6 ᠲᠦᠮᠡᠨ ᠮᠦ ᠶᠢ ᠭᠤᠤᠯᠳᠠᠯᠭ᠎ᠠ ᠲᠠᠢ ᠬᠦᠭᠵᠢᠭᠦᠯᠵᠦ᠂ 10 ᠰᠢᠯᠢᠳᠡᠭ ᠵᠢᠱᠢᠶ᠎ᠡ ᠦᠵᠡᠭᠦᠯᠬᠦ ᠴᠢᠭ᠋ ᠢ | ᠴᠤᠭᠴᠠᠯᠠᠨ ᠪᠠᠶᠢᠭᠤᠯᠤᠨ᠎ᠠ᠃ ᠲᠤᠰᠬᠤᠨ ᠠᠴᠠ ᠡᠷᠬᠢᠯᠡᠭᠰᠡᠨ ᠠᠵᠦ ᠠᠬᠤᠶᠢᠯᠠᠯ᠂ ᠶᠡᠭᠡ ᠡᠷᠦᠬᠡ ᠶᠢᠨ ᠡᠵᠡᠩᠨᠡᠯᠳᠡ᠂ | ᠭᠠᠵᠠᠷ ᠰᠢᠷᠦᠢ ᠶᠢᠨ ᠡᠷᠭᠢᠯᠳᠡ᠂ ᠬᠦᠷᠦᠩᠭᠡ ᠶᠢᠨ ᠠᠰᠢᠭ ᠤᠷᠤᠯᠭ᠎ᠠ ᠵᠡᠷᠭᠡ ᠬᠡᠯᠪᠡᠷᠢ ᠪᠠᠷ ᠲᠠᠮᠵᠢᠭᠤᠯᠵᠤ᠂ ᠬᠦᠳᠡᠭᠡ | ᠲᠤᠰᠬᠤᠨ ᠤ ᠨᠡᠶᠢᠳᠡ ᠶᠢᠨ ᠠᠵᠦ ᠠᠬᠤᠢ ᠶᠢ ᠪᠤᠵᠠᠭᠠᠶᠢᠷᠠᠭᠤᠯᠤᠨ ᠬᠦᠭᠵᠢᠭᠦᠯᠦᠨ᠎ᠡ᠃2020 ᠤᠨ ᠬᠦᠷᠬᠦ ᠳᠤ᠂ | ᠵᠢᠯ ᠤᠨ ᠤᠷᠤᠯᠭ᠎ᠠ5 ᠲᠦᠮᠡᠨ ᠲᠦᠭᠦᠷᠢᠭ ᠠᠴᠠ ᠲᠡᠭᠡᠭᠰᠢ ᠬᠦᠳᠡᠭᠡ ᠲᠤᠰᠬᠤᠨ ᠤ ᠠᠵᠦ ᠠᠬᠤᠢ ᠶᠢ 100% ᠳᠤ | ᠬᠦᠷᠭᠡᠵᠦ᠂ ᠬᠦᠳᠡᠭᠡ ᠠᠵᠦ ᠠᠬᠤᠢ ᠶᠢ ᠶᠠᠳᠠᠭᠤ ᠠᠴᠠ ᠠᠩᠬᠢᠵᠢᠷᠠᠭᠤᠯᠬᠤ ᠦᠷ᠎ᠡ ᠪᠦᠳᠦᠮᠵᠢ ᠶᠢ ᠪᠠᠳᠤᠳᠬᠠᠬᠤ ᠳᠤ | ᠭᠤᠤᠯ ᠴᠢᠬᠤᠯᠠ ᠠᠷᠭ᠎ᠠ ᠠᠪᠴᠠᠯ ᠪᠤᠯᠭᠠᠨ᠎ᠠ᠃ | ᠡᠮ ᠡᠮᠨᠡᠯᠭᠡ ᠶᠢᠨ ᠪᠠᠳᠤᠯᠠᠭ᠎ᠠ ᠶᠢᠨ ︽ ᠠᠮᠦᠷ ᠲᠦᠪᠰᠢᠨ ᠤ ᠲᠤᠤᠷ︾ ᠢ ᠴᠢᠩᠭ᠎ᠠ ᠠᠳᠬᠤᠨ᠎ᠠ᠃ | ᠤᠳᠤᠬᠠᠨ ᠳᠤ ᠮᠠᠨ ᠤ ᠰᠢᠶᠠᠨ ᠡᠪᠡᠳᠴᠢᠨ ᠢᠶᠠᠷ ᠶᠠᠳᠠᠭᠤᠷᠠᠭᠰᠠᠨ ᠡᠷᠦᠬᠡ ᠪᠦᠬᠦ ᠶᠠᠳᠠᠭᠤ ᠬᠦᠴᠢᠷᠳᠡᠯ ᠲᠠᠢ | ᠡᠷᠦᠬᠡ ᠶᠢᠨ 46% ᠠᠴᠠ ᠲᠡᠭᠡᠭᠰᠢ ᠶᠢ ᠡᠵᠡᠯᠡᠵᠤ᠂ ᠡᠨᠡ ᠨᠢ ᠬᠠᠮᠤᠭ ᠴᠢᠬᠤᠯᠠ ᠶᠠᠳᠠᠭᠤᠷᠠᠯ ᠢ ᠡᠭᠦᠰᠭᠡᠭᠰᠡᠨ | ᠰᠢᠯᠳᠠᠭᠠᠨ ᠪᠤᠯᠵᠠᠢ᠃ | ᠡᠷᠡᠭᠦᠯ ᠮᠡᠨᠳᠤ ᠪᠠᠷ ᠶᠠᠳᠠᠭᠤ ᠶᠢ ᠳᠡᠳᠭᠦᠬᠦ ᠶᠢ ᠡᠷᠬᠡᠪᠰᠢ ᠨᠡᠩ ᠴᠢᠬᠤᠯᠠ ᠪᠠᠶᠢᠷᠢᠨ ᠳᠤ ᠲᠠᠯᠪᠢᠨ ᠰᠠᠶᠢᠳᠤᠷ | ᠠᠳᠬᠤᠵᠦ᠂ ᠡᠳ᠋ ᠤᠨ ᠵᠠᠰᠠᠭ ᠠᠴᠠ ᠪᠡᠯᠡ ᠤᠷᠤᠭᠤᠯᠤᠯᠳᠠ ᠶᠢ1000 ᠲᠦᠮᠡᠨ ᠲᠦᠭᠦᠷᠢᠭ ᠢᠶᠠᠷ ᠲᠦᠯᠦᠪᠯᠡᠵᠦ᠂ | ︽ ᠭᠤᠷᠪᠠᠨ ᠨᠢᠭᠡ ᠪᠦᠯᠦᠭ︾ ᠬᠦᠳᠡᠯᠭᠡᠭᠡᠨ ᠤ ᠲᠦᠯᠦᠪᠯᠡᠭᠡ᠂ ᠶᠢᠰᠤᠨ ᠲᠦᠷᠦᠯ ᠤᠨ ᠡᠷᠡᠭᠦᠯ ᠮᠡᠨᠳᠤ ᠪᠠᠷ | ᠶᠠᠳᠠᠭᠤ ᠶᠢ ᠳᠡᠳᠭᠦᠬᠦ ᠠᠷᠭ᠎ᠠ ᠬᠡᠮᠵᠢᠶ᠎ᠡ ᠶᠢ ᠦᠷᠬᠦᠯᠵᠢᠯᠡᠨ ᠰᠠᠶᠢᠳᠤᠷ ᠨᠠᠶᠢᠳᠠᠪᠤᠷᠢᠵᠢᠭᠤᠯᠤᠨ᠎ᠡ᠃ ᠪᠡᠶ᠎ᠡ | ᠪᠠᠶᠢᠴᠠᠭᠠᠯᠳᠠ ᠬᠢᠭᠰᠡᠨ ᠦᠭᠡᠢ ᠶᠠᠳᠠᠭᠤ ᠬᠦᠴᠢᠷᠳᠡᠯ ᠲᠠᠢ ᠡᠷᠦᠬᠡ ᠶᠢ ᠦᠷᠬᠦᠯᠵᠢᠯᠡᠨ ᠰᠤᠶᠢᠳᠭᠡᠯ ᠬᠤᠷᠢᠶᠠᠬᠤ | ᠦᠭᠡᠢ ᠪᠠᠷ ᠪᠡᠶ᠎ᠡ ᠪᠠᠶᠢᠴᠠᠭᠠᠯᠳᠠ ᠬᠢᠵᠦ ᠦᠭᠭᠦᠨ᠎ᠡ᠃ ᠬᠦᠳᠡᠭᠡ ᠲᠤᠰᠬᠤᠨ ᠤ ᠰᠢᠨ᠎ᠡ ᠬᠤᠷᠰᠢᠭᠰᠠᠨ ᠡᠮᠨᠡᠯᠭᠡ ᠪᠤᠯᠤᠨ | ᠬᠦᠨᠳᠦ ᠡᠪᠡᠳᠴᠢᠨ ᠤ ᠲᠠᠭᠠᠳᠬᠠᠯ ᠤᠨ ᠪᠦᠬᠦ ᠨᠦᠬᠦᠪᠦᠷᠢ ᠶᠢ ᠬᠦᠷᠳᠡᠭᠡᠨ᠎ᠡ᠃ ᠡᠮᠨᠡᠯᠭᠡ ᠳᠤ ᠰᠠᠭᠤᠬᠤ ᠳᠠᠭᠠᠨ ︽ | ᠤᠷᠢᠳᠠᠪᠡᠷ ᠡᠪᠡᠳᠴᠢᠨ ᠢᠶᠠᠨ ᠪᠠᠶᠢᠴᠠᠯᠭᠠᠨ᠂ ᠲᠠᠷᠠᠭ᠎ᠠ ᠳᠤᠨᠢ ᠵᠤᠭᠤᠰ ᠲᠤᠰᠢᠶᠠᠬᠤ︾ ᠲᠦᠷᠢᠮ ᠢ ᠬᠡᠷᠡᠭᠵᠢᠭᠦᠯᠦᠨ᠂ | ᠡᠮᠨᠡᠯᠭᠡ ᠠᠴᠠ ᠭᠠᠷᠬᠤ ᠳᠠᠭᠠᠨ ᠨᠢᠭᠡ ᠦᠷᠳᠡᠭᠡᠴᠢᠯᠡᠭᠰᠡᠨ ᠮᠠᠶ᠋ᠢᠭ ᠤᠨ ᠤᠶᠢᠯᠡᠴᠢᠯᠡᠭᠡ ᠪᠠᠷ ᠳ᠋ᠦᠩᠨᠡᠨ ᠪᠤᠳᠤᠬᠤ ᠶᠢ | ᠬᠡᠷᠡᠭᠵᠢᠭᠦᠯᠦᠨ᠎ᠡ᠃ ᠬᠦᠨᠳᠤ ᠡᠪᠡᠳᠴᠢᠨ ᠤ ᠲᠠᠭᠠᠳᠬᠠᠯ ᠦᠨᠲ᠋ᠠᠩᠰᠠ ᠲᠠᠶᠢᠯᠬᠤ ᠬᠠᠷᠢᠴᠠᠯ ᠢ 5% ᠳᠤ ᠬᠦᠷᠭᠡᠵᠦ᠂ | ᠬᠦᠨᠳᠤ ᠡᠪᠡᠳᠴᠢᠨ ᠤ ᠬᠤᠳᠠᠯᠳᠤᠭᠠᠨ ᠤ ᠨᠦᠬᠦᠪᠦᠷᠢ ᠶᠢᠨ ᠲᠠᠭᠠᠳᠬᠠᠯ ᠢ ᠱᠠᠳᠤ ᠬᠤᠪᠢᠶᠠᠬᠤ ᠬᠠᠷᠢᠴᠠᠯ ᠢᠶᠠᠷ | ᠲᠠᠩᠰᠠ ᠲᠠᠶᠢᠯᠠᠨ᠎ᠠ᠃ ᠠᠮᠢᠳᠤᠷᠠᠯ ᠤᠨ ᠰᠤᠶᠢᠳᠭᠡᠯ ᠢ ᠭᠠᠵᠠᠷ ᠤᠷᠤᠨ ᠤ ᠬᠤᠪᠢᠶᠠᠷᠢᠯᠠᠯᠳᠠ ᠪᠠᠷ ᠨᠦᠬᠦᠪᠦᠷᠢ | ᠤᠯᠭᠤᠵᠤ ᠦᠭᠭᠦᠨ᠎ᠡ᠃ ᠤᠳᠠᠭᠠᠨ ᠴᠢᠨᠠᠷᠳᠠᠢ ᠡᠪᠡᠳᠴᠢᠳᠡᠨ ᠳᠤ ᠡᠭᠦᠳᠡᠨ ᠡᠮᠨᠡᠯᠭᠡ ᠶᠢᠨ ᠨᠦᠬᠦᠪᠦᠷᠢ ᠤᠯᠭᠤᠬᠤ | ᠲᠦᠷᠦ ᠶᠢᠨ ᠪᠤᠳᠤᠯᠭ᠎ᠠ ᠬᠡᠷᠡᠭᠵᠢᠭᠦᠯᠬᠦ ᠪᠤᠯᠤᠨ ᠭᠡᠷ ᠪᠦᠯᠢ ᠶᠢᠨ ᠡᠮᠴᠢ ᠶᠢᠨ ᠭᠡᠷ᠎ᠡ ᠲᠤᠭᠳᠠᠨ ᠡᠮ ᠬᠦᠷᠭᠡᠵᠦ᠂ | ᠲᠠᠩᠰᠠ ᠲᠠᠶᠢᠯᠬᠤ ᠬᠠᠷᠢᠴᠠᠯ ᠢ 90% ᠳᠤ ᠬᠦᠷᠭᠡᠬᠦ ᠶᠢ ᠪᠠᠳᠤᠯᠠᠨ᠎ᠠ᠃ | ᠰᠠᠭᠤᠷᠢᠰᠢᠯ ᠤᠨ ᠠᠵᠢᠯ ᠤᠯᠭᠤᠯᠳᠠ ᠶᠢᠨ ︽ ᠵᠤᠯ ᠵᠢᠷᠭᠠᠯᠳᠤ ᠭᠠᠷᠠᠮ︾ ᠢ ᠴᠤᠭᠴᠠᠯᠠᠨ ᠪᠠᠶᠢᠭᠤᠯᠤᠨ᠎ᠠ᠃ | ᠪᠧᠢ ᠶᠢᠩ ᠲᠤᠰᠬᠤᠨ᠂ ᠬᠠᠯᠠᠭᠤᠨ ᠷᠠᠰᠢᠶᠠᠨ ᠮᠦᠰᠦ ᠴᠠᠰᠤᠨ ᠪᠠᠭ᠎ᠠ ᠪᠠᠯᠭᠠᠰᠤ ᠶᠢᠨ ᠲᠦᠪᠬᠢᠨᠡᠭᠦᠯᠬᠦ ᠤᠷᠤᠨ | ᠰᠠᠭᠤᠴᠠ ᠪᠤᠯᠤᠨ ᠨᠤᠷᠠᠬᠤ ᠠᠶᠤᠯᠳᠠᠢ ᠭᠡᠷ ᠪᠠᠶᠢᠰᠢᠩ ᠢ ᠰᠢᠨᠡᠳᠭᠡᠨ ᠦᠭᠡᠷᠡᠴᠢᠯᠡᠬᠦ ᠢᠨᠵᠧᠨᠧᠷᠢᠩ ᠤᠨ ᠪᠦᠳᠦᠭᠡᠨ | ᠪᠠᠶᠢᠭᠤᠯᠤᠯᠳᠠ ᠢ ᠲᠦᠷᠭᠡᠳᠭᠡᠨ ᠠᠬᠢᠭᠤᠯᠵᠤ᠂ ᠨᠤᠷᠠᠬᠤ ᠠᠶᠤᠯᠳᠠᠢ ᠭᠡᠷ ᠪᠠᠶᠢᠰᠢᠩ ᠢ ᠰᠢᠨᠡᠳᠭᠡᠨ ᠦᠭᠡᠷᠡᠴᠢᠯᠡᠯᠳᠡ ᠶᠢ | 6000 ᠢᠯᠡᠭᠦᠦ ᠡᠷᠦᠬᠡ ᠪᠡᠶᠡᠯᠡᠭᠦᠯᠦᠨ᠂ 1600 ᠭᠠᠷᠦᠢ ᠡᠷᠦᠬᠡ ᠵᠢᠤᠨᠳᠤᠤ ᠭᠠᠵᠠᠷ ᠲᠤ ᠨᠡᠭᠦᠯᠭᠡᠨ | ᠰᠢᠯᠵᠢᠭᠦᠯᠦᠨ᠂1456 ᠵᠢᠵᠢᠭ ᠲᠤᠰᠬᠤᠨ ᠢ ᠨᠡᠶᠢᠯᠡᠭᠦᠯᠦᠨ ᠰᠢᠯᠵᠢᠭᠦᠯᠵᠤ᠂ ᠨᠡᠶᠢᠳᠡ ᠶᠢᠨ ᠤᠶᠢᠯᠡᠴᠢᠯᠡᠭᠡᠨ ᠤ | ᠲᠦᠬᠦᠭᠡᠷᠦᠮᠵᠢ ᠶᠢ ᠲᠤᠬᠢᠷᠠᠭᠤᠯᠤᠨ᠎ᠠ᠃ ᠶᠠᠳᠠᠭᠤ ᠬᠦᠴᠢᠷᠳᠡᠯ ᠲᠠᠢ ᠬᠦᠮᠦᠨ ᠠᠮᠠ ᠶᠢᠨ ᠠᠵᠢᠯ ᠮᠡᠷᠭᠡᠵᠢᠯ ᠤᠨ | ᠪᠤᠯᠪᠠᠰᠤᠷᠠᠭᠤᠯᠤᠯ ᠪᠤᠯᠤᠨ ᠠᠵᠢᠯ ᠤᠯᠭᠤᠯᠳᠠ ᠶᠢᠨ ᠤᠶᠢᠯᠡᠴᠢᠯᠡᠭᠡ ᠶᠢ ᠴᠢᠩᠭᠠᠳᠬᠠᠵᠤ᠂ ᠲᠤᠰ ᠭᠠᠵᠠᠷ ᠲᠠᠭᠠᠨ | ᠠᠵᠢᠯ ᠤᠯᠭᠤᠬᠤ ᠶᠢ ᠵᠤᠷᠢᠭᠵᠢᠭᠤᠯᠤᠨ᠂ ᠬᠦᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯ ᠲᠠᠢ ᠡᠷᠦᠬᠡ ᠶᠢ | ᠦᠷᠬᠦᠯᠵᠢᠯᠡᠨ ᠲᠠᠶᠢᠴᠢᠯᠡᠨ ᠤᠷᠤᠯᠭ᠎ᠠ ᠶᠢ ᠨᠢ ᠲᠤᠭᠳᠠᠭᠤᠨ ᠢᠶᠠᠷ ᠨᠡᠮᠡᠭᠳᠡᠭᠦᠯᠦᠨ᠎ᠡ᠃ | ᠰᠤᠷᠭᠠᠨ ᠬᠦᠮᠦᠵᠢᠯ ᠢᠶᠠᠷ ᠶᠠᠳᠠᠭᠤ ᠶᠢ ᠳᠡᠳᠭᠦᠬᠦ ᠶᠢ ᠴᠢᠩᠭ᠎ᠠ ᠠᠳᠬᠤᠨ᠎ᠠ᠃ ᠶᠠᠳᠠᠭᠤ ᠶᠢ ᠳᠡᠳᠭᠦᠬᠦ ᠪᠤᠯᠤᠨ | ᠵᠤᠷᠢᠭ ᠰᠦᠰᠦ᠂ ᠤᠶᠤᠨ ᠤᠬᠠᠭᠠᠨ ᠢ ᠳᠡᠳᠭᠦᠬᠦ ᠲᠠᠢ ᠨᠢ ᠬᠠᠷᠢᠯᠴᠠᠨ ᠤᠶᠠᠯᠳᠤᠭᠤᠯᠬᠤ ᠶᠢ ᠴᠢᠬᠤᠯᠠᠴᠢᠯᠠᠨ᠂ | ᠶᠠᠳᠠᠭᠤ ᠬᠦᠴᠢᠷᠳᠡᠯ ᠲᠠᠢ ᠭᠡᠷ ᠡᠷᠤᠬᠡ ᠤᠨ ᠰᠤᠷᠤᠭᠴᠢ ᠶᠢᠨ ᠰᠤᠷᠭᠠᠨ ᠬᠦᠮᠦᠵᠢᠯ ᠤᠨ ᠵᠤᠭᠤᠰ ᠮᠦᠩᠬᠦᠨ ᠤ | ᠳᠡᠳᠭᠦᠮᠵᠢ ᠶᠢᠨ ᠬᠦᠴᠦᠯᠡᠴᠡ ᠶᠢ ᠦᠷᠬᠦᠯᠵᠢᠯᠡᠨ ᠴᠢᠩᠭᠠᠳᠬᠠᠨ᠂ ᠴᠡᠴᠡᠷᠯᠢᠭ ᠠᠴᠠ ᠶᠡᠭᠡ ᠰᠤᠷᠭᠠᠭᠤᠯᠢ ᠳᠡᠭᠦᠰᠳᠡᠯ᠎ᠡ | ᠪᠦᠬᠦ ᠶᠠᠪᠤᠴᠠ ᠶᠢᠨ ᠳᠡᠳᠭᠦᠮᠵᠢ ᠶᠢ ᠪᠡᠶᠡᠯᠡᠭᠦᠯᠵᠦ᠂ ᠨᠡᠩ ᠨᠠᠷᠢᠨ ᠤᠨᠤᠴᠢᠳᠠᠢ ᠰᠤᠷᠭᠠᠨ ᠬᠦᠮᠦᠵᠢᠯ ᠢᠶᠠᠷ | ᠬᠠᠪᠰᠤᠷᠤᠨ ᠳᠡᠳᠭᠦᠬᠦ ᠠᠵᠢᠯ ᠦᠷᠨᠢᠭᠦᠯᠦᠨ᠂ ᠶᠠᠳᠠᠭᠤ ᠡᠷᠤᠬᠡ ᠶᠢᠨ ᠰᠤᠷᠤᠭᠴᠢ ᠰᠤᠷᠤᠯᠭ᠎ᠠ ᠵᠤᠭᠰᠤᠬᠤ | ᠦᠵᠡᠭᠳᠡᠯ ᠢ ᠲᠤᠶᠢᠯᠪᠤᠷᠢᠳᠠᠢ ᠡᠴᠦᠰᠯᠡᠭᠦᠯᠵᠦ᠂ ᠶᠠᠳᠠᠭᠤ ᠡᠷᠦᠬᠡ ᠶᠢᠨ ᠰᠤᠷᠤᠭᠴᠢ ᠰᠤᠷᠭᠠᠭᠤᠯᠢ ᠳᠤ ᠰᠠᠭᠤᠵᠦ | ᠲᠡᠶᠢᠯᠬᠦ ᠪᠠᠷ ᠪᠠᠷᠠᠬᠤ ᠦᠭᠡᠢ ᠰᠠᠶᠢᠨ ᠰᠤᠷᠭᠠᠭᠤᠯᠢ ᠳᠤ ᠰᠠᠭᠤᠵᠦ᠂ ᠳᠡᠳᠡᠨᠡᠷ ᠢ ᠵᠢᠯᠤᠭᠤᠳᠤᠨ ᠰᠠᠶᠢᠨ ᠲᠤᠰᠬᠠᠢ | ᠮᠡᠷᠭᠡᠵᠢᠯ ᠢ ᠰᠤᠩᠭᠤᠵᠤ᠂ ᠰᠢᠨ᠎ᠡ ᠮᠡᠷᠭᠡᠵᠢᠯ ᠢ ᠡᠵᠡᠮᠰᠢᠨ᠂ ᠠᠵᠢᠯ ᠤᠯᠭᠤᠬᠤ ᠠᠰᠠᠭᠤᠳᠠᠯ ᠢ ᠰᠠᠶᠢᠳᠤᠷ | ᠰᠢᠢᠳᠪᠤᠷᠢᠯᠡᠨ᠎ᠡ᠃300 ᠲᠦᠮᠡᠨ ᠲᠦᠭᠦᠷᠢᠭ ᠤᠨ ᠰᠤᠷᠭᠠᠨ ᠬᠦᠮᠦᠵᠢᠯ ᠤᠨ ᠰᠠᠭᠤᠷᠢ ᠮᠦᠩᠬᠦ ᠶᠢᠨ ᠨᠡᠶᠢᠭᠡᠮᠯᠢᠭ | ᠪᠠᠶᠢᠭᠤᠯᠤᠨ᠂ ᠬᠦᠳᠡᠭᠡ ᠲᠤᠰᠬᠤᠨ ᠤ ᠬᠢᠯᠢ ᠬᠢᠵᠠᠭᠠᠷ ᠤᠨ ᠡᠷᠦᠬᠡ ᠠᠴᠠ ᠶᠡᠭᠡ ᠰᠤᠷᠭᠠᠭᠤᠯᠢ ᠳᠤ ᠰᠢᠯᠭᠠᠨ | ᠤᠷᠤᠭᠰᠠᠳ ᠲᠤ ᠵᠤᠭᠤᠰ ᠮᠦᠩᠭᠦᠨ ᠤ ᠳᠡᠳᠭᠦᠮᠵᠢ ᠬᠦᠷᠳᠡᠭᠡᠨ᠎ᠡ᠃ ᠵᠡᠷᠭᠡ ᠳᠤᠨᠢ᠂ ᠪᠦᠬᠦ ᠲᠠᠯ᠎ᠠ ᠶᠢᠨ ᠨᠡᠶᠢᠭᠡᠮ ᠤᠨ | ᠪᠠᠳᠤᠯᠠᠭ᠎ᠠ ᠪᠠᠷ ᠶᠠᠳᠠᠭᠤ ᠶᠢ ᠳᠡᠳᠭᠦᠬᠦ᠂ ᠠᠮᠢ ᠠᠬᠤᠢ ᠨᠦᠬᠦᠪᠦᠷᠢ ᠪᠠᠷ ᠶᠠᠳᠠᠭᠤ ᠶᠢ ᠳᠡᠳᠭᠦᠬᠦ᠂ ᠮᠦᠩᠭᠦᠨ | ᠭᠦᠢᠯᠭᠡᠭᠡ ᠪᠠᠷ ᠶᠠᠳᠠᠭᠤ ᠶᠢ ᠳᠡᠳᠭᠦᠬᠦ ᠵᠡᠷᠭᠡ ᠠᠵᠢᠯ ᠢ ᠦᠷᠬᠦᠯᠵᠢᠯᠡᠨ ᠰᠠᠶᠢᠳᠤᠷ ᠬᠢᠬᠦ ᠴᠢᠬᠤᠯᠠᠳᠠᠢ᠃ | ᠬᠤᠶᠠᠷ᠂ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠵᠤ᠂ | ᠪᠤᠬᠢᠷᠳᠤᠯ ᠦᠭᠡᠢ ᠬᠦᠭᠵᠢᠯᠳᠡ ᠶᠢᠨ ᠰᠢᠨ᠎ᠡ ᠰᠢᠪᠳᠤᠯᠤᠯᠳᠠ ᠶᠢ ᠪᠡᠶᠡᠯᠡᠭᠦᠯᠦᠨ᠎ᠡ᠃ ᠯᠢᠶᠠᠩᠴᠧᠩ ᠤᠨ ᠤᠨᠴᠠᠯᠢᠭ ᠪᠤᠯ | ︽ ᠨᠤᠭᠤᠭᠠᠨ︾᠂ ᠲᠠᠪᠠᠭᠤᠯᠢᠭ ᠨᠢ ᠴᠦ ︽ ᠨᠤᠭᠤᠭᠠᠨ︾᠂ ᠪᠢᠳᠡ ᠡᠷᠬᠡᠪᠰᠢ ︽ ᠨᠤᠮᠢᠨ ᠲᠠᠩᠰᠤᠭ ᠠᠭᠤᠯᠠ | ᠤᠰᠤ ᠪᠤᠯ ᠦᠨᠢ ᠮᠦᠩᠬᠡ ᠶᠢᠨ ᠦᠪ ᠬᠦᠷᠦᠩᠭᠡ ᠮᠦᠨ︾ ᠭᠡᠰᠡᠨ ᠤᠶᠢᠯᠠᠭᠠᠭᠳᠠᠬᠤᠨ ᠢ ᠪᠠᠷᠢᠮᠳᠠᠯᠠᠨ᠂ ᠶᠠᠭ ᠯᠡ | ᠦᠪᠡᠷ ᠤᠨ ᠠᠮᠢ ᠨᠠᠰᠤ ᠪᠠᠨ ᠬᠠᠶᠢᠷᠠᠯᠠᠵᠤ ᠪᠠᠶᠢᠭ᠎ᠠ ᠰᠢᠭ᠋ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠤ᠂ | ᠮᠠᠨ ᠤ ᠡᠨᠡᠬᠦ ᠬᠤᠭᠤᠴᠠᠭᠠᠨ ᠤ ᠵᠠᠰᠠᠭ ᠤᠨ ᠤᠷᠳᠤᠨ ᠤ ᠬᠠᠮᠤᠭ ᠤᠨ ᠶᠡᠭᠡ ᠴᠢᠷᠮᠠᠶᠢᠯᠭ᠎ᠠ ᠪᠠᠨ ᠭᠠᠷᠭᠠᠬᠤ ᠴᠢᠬᠤᠯᠠᠳᠠᠢ | ᠃ ᠲᠠᠭ᠎ᠠ ᠶᠢᠨ ᠨᠠᠭᠤᠷ ᠡᠵᠢ ᠨᠠᠭᠤᠷ ᠢᠶᠠᠨ ᠪᠦᠬᠦ ᠬᠦᠴᠦᠨ ᠢᠶᠠᠷ ᠬᠠᠮᠠᠭᠠᠯᠠᠨ᠎ᠠ᠃ ︽ ᠮᠦᠷᠡᠨ ᠤ ᠲᠠᠷᠤᠭ᠎ᠠ ᠶᠢᠨ | ᠲᠦᠷᠢᠮ︾᠂ ︽ ᠭᠤᠤᠯ ᠤᠨ ᠲᠠᠷᠤᠭ᠎ᠠ ᠶᠢᠨ ᠲᠦᠷᠢᠮ︾ ᠪᠦᠬᠦ ᠲᠠᠯ᠎ᠠ ᠪᠠᠷ ᠪᠠᠶᠢᠭᠤᠯᠤᠭᠳᠠᠵᠤ᠂ ᠠᠵᠢᠯ ᠤᠨ | ᠲᠤᠭᠳᠠᠭᠠᠯ ᠢ ᠪᠦᠷᠢᠨᠰᠢᠭᠦᠯᠦᠨ᠂ ᠱᠠᠯᠠᠪᠳᠠᠨ ᠬᠢᠬᠦ ᠪᠠ ᠰᠢᠯᠭᠠᠨ ᠦᠨᠡᠯᠡᠬᠦ ᠠᠷᠭ᠎ᠠ ᠶᠢ ᠳᠡᠭᠦᠯᠳᠡᠷᠵᠢᠭᠦᠯᠦᠨ᠎ᠡ᠃ ︽ | ᠤᠰᠤ ᠨᠡᠮᠡᠬᠦ︾ ᠪᠠᠷ ᠨᠠᠭᠤᠷ ᠤᠨ ᠤᠰᠤᠨ ᠤ ᠬᠡᠮᠵᠢᠶ᠎ᠡ ᠶᠢ ᠨᠦᠬᠦᠪᠦᠷᠢᠯᠡᠨ᠎ᠡ᠃ ︽2018—2020 | ᠲᠠᠭ᠎ᠠ ᠶᠢᠨ ᠨᠠᠭᠤᠷ ᠤᠰᠤᠨ ᠤ ᠠᠮᠢ ᠠᠬᠤᠢ ᠶᠢᠨ ᠪᠠᠶᠢᠭᠤᠯᠤᠯᠳᠠ ᠶᠢᠨ ᠲᠦᠰᠦᠯ︾ ᠤᠨ ᠲᠤᠭᠤᠷᠢᠨ ᠳᠤ᠂ | ᠲᠠᠭ᠎ᠠ ᠶᠢᠨ ᠨᠠᠭᠤᠷ ᠤᠨ ᠬᠠᠮᠠᠭᠠᠯᠠᠯᠳᠠ ᠶᠢᠨ ᠬᠠᠮᠢᠶ᠎ᠠ ᠪᠦᠬᠦᠢ ᠬᠠᠤᠯᠢ ᠲᠤᠭᠳᠠᠭᠠᠯ ᠶᠤᠰᠤᠭᠠᠷ᠂ ᠬᠠᠮᠠᠭᠠᠯᠠᠯᠳᠠ ᠶᠢᠨ | ᠠᠵᠢᠯ ᠢ ᠴᠢᠩᠭ᠎ᠠ ᠬᠦᠴᠦᠳᠠᠢ ᠲᠦᠯᠬᠢᠨ ᠠᠬᠢᠭᠤᠯᠤᠨ᠎ᠠ᠃ ᠶᠦᠩ ᠰᠢᠩ ᠨᠠᠭᠤᠷ ᠤᠨ ᠤᠰᠤ ᠶᠢ ᠲᠠᠭ᠎ᠠ ᠶᠢᠨ | ᠨᠠᠭᠤᠷ ᠲᠤ ᠲᠠᠳᠠᠨ ᠤᠷᠤᠭᠤᠯᠬᠤ ᠶᠢ ᠬᠡᠷᠡᠭᠵᠢᠭᠦᠯᠬᠦ ᠶᠢᠨ ᠲᠠᠭᠠᠤ᠂ ᠬᠠᠳᠤᠨ ᠭᠤᠤᠯ ᠤᠨ ᠤᠰᠤ ᠶᠢ ᠲᠠᠳᠠᠨ | ᠲᠠᠭ᠎ᠠ ᠶᠢᠨ ᠨᠠᠭᠤᠷ ᠲᠤ ᠤᠷᠤᠭᠤᠯᠬᠤ ᠶᠢ ᠪᠦᠬᠦ ᠬᠦᠴᠦᠨ ᠢᠶᠠᠷ ᠲᠡᠮᠡᠴᠡᠨ ᠤᠯᠤᠨ᠎ᠠ᠃ ᠡᠨᠡᠬᠦ ᠬᠠᠮᠤᠭ ᠤᠨ | ᠦᠨᠳᠦᠰᠦᠨ ᠠᠷᠭ᠎ᠠ ᠪᠠᠷᠢᠯ ᠢ ᠶᠡᠭᠡ ᠪᠠᠷ ᠠᠬᠢᠭᠤᠯᠬᠤ ᠬᠡᠷᠡᠭᠳᠡᠢ᠃ ︽ ᠠᠷᠪᠢᠯᠠᠬᠤ︾ ᠪᠠᠷ ᠤᠰᠤᠨ ᠤ ᠡᠬᠢ | ᠪᠠᠶᠠᠯᠢᠭ ᠢ ᠬᠠᠮᠠᠭᠠᠯᠠᠨ᠎ᠠ᠃ ᠵᠤᠭᠠᠴᠠᠯ ᠤᠨ ᠤᠶᠢᠯᠡᠰ ᠤᠨ ᠬᠦᠭᠵᠢᠯᠳᠡ ᠲᠠᠢ ᠤᠶᠠᠯᠳᠤᠭᠤᠯᠤᠨ᠂ ᠲᠠᠷᠢᠵᠤ | ᠤᠶᠢᠵᠢᠭᠤᠯᠬᠤ ᠪᠦᠳᠦᠴᠡ ᠶᠢ ᠬᠤᠪᠢᠷᠠᠭᠤᠯᠬᠤ ᠳᠤ ᠬᠦᠴᠦᠯᠡᠵᠦ᠂ ᠲᠠᠭ᠎ᠠ ᠶᠢᠨ ᠨᠠᠭᠤᠷ ᠤᠷᠤᠰᠬᠠᠯ ᠤᠨ ᠬᠦᠷᠢᠶᠡᠨ ᠤ | ᠱᠤᠸᠠᠩ ᠯᠦᠩ ᠭᠧᠦ ᠶᠢᠨ ᠵᠤᠯᠤᠮ᠎ᠠ ᠰᠠᠴᠤᠬᠤ ᠲᠡᠵᠢᠭᠡᠨ ᠦᠷᠡᠵᠢᠭᠦᠯᠬᠦ ᠮᠡᠷᠭᠡᠵᠢᠯ ᠢ ᠦᠷᠭᠡᠳᠭᠡᠨ᠂ ᠬᠤᠸᠠᠷ | ᠴᠡᠴᠡᠭ ᠤᠨ ᠦᠵᠡᠮᠵᠢ ᠶᠢ ᠲᠤᠭᠤᠷᠢᠨ ᠦᠵᠡᠬᠦ᠂ ᠳᠡᠵᠢᠭᠡᠯ ᠡᠪᠡᠰᠦ᠂ ᠬᠤᠯᠢᠰᠢᠨ ᠠᠮᠦ᠂ ᠬᠤᠯᠢᠰᠢᠨ ᠪᠤᠷᠴᠠᠭ ᠤᠨ | ᠳᠡᠵᠢᠭᠡᠨ ᠦᠷᠡᠵᠢᠭᠦᠯᠬᠦ ᠲᠠᠯᠠᠪᠠᠢ ᠶᠢ ᠦᠷᠭᠡᠳᠭᠡᠨ᠎ᠡ᠃ ᠬᠠᠮᠤᠭ ᠤᠨ ᠴᠢᠩᠭ᠎ᠠ ᠬᠠᠳᠠᠭᠤ ᠤᠰᠤᠨ ᠤ | ᠬᠠᠮᠢᠶᠠᠷᠤᠯᠳᠠ ᠶᠢᠨ ᠲᠤᠭᠳᠠᠭᠠᠯ ᠢ ᠬᠡᠷᠡᠭᠵᠢᠭᠦᠯᠦᠨ᠂ ᠲᠠᠭ᠎ᠠ ᠶᠢᠨ ᠨᠠᠭᠤᠷ ᠤᠨ ᠡᠷᠭᠢᠨ ᠲᠤᠭᠤᠷᠢᠨ ᠤ 30 ᠲᠦᠮᠡ | ᠮᠦ ᠭᠠᠵᠠᠷ ᠤᠨ ᠤᠰᠤ ᠲᠠᠳᠠᠪᠤᠷᠢᠯᠠᠬᠤ ᠶᠢ ᠵᠤᠭᠰᠤᠭᠠᠨ ᠤᠰᠤ ᠨᠦᠬᠦᠬᠦ ᠪᠠ ᠲᠠᠭ᠎ᠠ ᠶᠢᠨ ᠨᠠᠭᠤᠷ ᠴᠠᠬᠢᠯᠭᠠᠨ | ᠤᠶᠢᠯᠡᠳᠪᠤᠷᠢ ᠶᠢᠨ ᠨᠢᠭᠡᠳᠦᠭᠡᠷ ᠬᠤᠭᠤᠴᠠᠭ᠎ᠠ ᠬᠤᠶᠠᠳᠤᠭᠠᠷ ᠬᠤᠭᠤᠴᠠᠭᠠᠨ ᠤ ᠡᠨᠧᠷᠭᠢ ᠶᠢ ᠠᠷᠪᠢᠯᠠᠨ ᠮᠡᠷᠭᠡᠵᠢᠯ ᠢ | ᠦᠭᠡᠷᠡᠴᠢᠯᠡᠬᠦ ᠠᠵᠢᠯ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ︽ ᠴᠡᠪᠡᠷᠰᠢᠭᠦᠯᠬᠦ︾ ᠪᠠᠷ ᠤᠰᠤᠨ ᠤ ᠴᠢᠨᠠᠷ | ᠴᠢᠨᠰᠠᠭ᠎ᠠ ᠶᠢ ᠲᠡᠭᠡᠭᠰᠢᠯᠡᠭᠦᠯᠦᠨ᠎ᠡ᠃ ᠲᠠᠭ᠎ᠠ ᠶᠢᠨ ᠨᠠᠭᠤᠷ ᠰᠠᠪᠠ ᠭᠠᠵᠠᠷ ᠤᠨ ᠠᠮᠢ ᠠᠬᠤᠢ ᠶᠢᠨ ᠰᠠᠶᠢᠵᠢᠷᠠᠯᠳᠠ ᠶᠢᠨ | ᠴᠢᠳᠠᠪᠤᠷᠢ ᠪᠤᠯᠤᠨ ᠦᠪᠡᠷ ᠤᠨ ᠵᠶ᠋ᠡᠨᠴᠡᠪᠡᠷᠰᠢᠭᠦᠯᠬᠦ ᠴᠢᠳᠠᠪᠤᠷᠢ ᠶᠢ ᠴᠢᠩᠭᠠᠳᠬᠠᠵᠤ᠂ ᠰᠢᠪᠠᠷ ᠱᠠᠯᠴᠢᠭ ᠪᠤᠬᠢᠷᠳᠤᠯ | ᠪᠤᠳᠠᠰ ᠢ ᠪᠠᠭᠠᠰᠬᠠᠬᠤ ᠵᠢᠴᠢ ᠡᠵᠡᠮᠰᠢᠯ ᠤᠨ ᠢᠨᠵᠧᠨᠧᠷᠢᠩ ᠢ ᠲᠦᠯᠬᠢᠨ ᠠᠬᠢᠭᠤᠯᠵᠤ᠂ ᠨᠠᠭᠤᠷ ᠢ ᠲᠤᠭᠤᠷᠢᠭᠰᠠᠨ ᠠᠮᠢ | ᠠᠬᠤᠢ ᠶᠢᠨ ᠨᠤᠭᠤᠭᠠᠷᠠᠭᠤᠯᠤᠯᠳᠠ᠂ ᠬᠠᠮᠠᠭᠠᠯᠠᠯᠳᠠ ᠶᠢᠨ ᠪᠦᠰᠡ ᠶᠢ ᠴᠤᠭᠴᠠᠯᠠᠨ ᠪᠠᠶᠢᠭᠤᠯᠵᠤ᠂ ᠲᠠᠭ᠎ᠠ ᠶᠢᠨ | ᠨᠠᠭᠤᠷ ᠤᠨ ᠤᠰᠤᠨ ᠤ ᠬᠠᠳᠠᠭᠠᠯᠠᠯᠳᠠ ᠶᠢᠨ ᠬᠡᠮᠵᠢᠶ᠎ᠡ ᠪᠤᠯᠤᠨ ᠤᠰᠤᠨ ᠤ ᠦᠪᠡᠷ ᠢ ᠪᠠᠨ ᠴᠡᠪᠡᠷᠰᠢᠭᠦᠯᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠩ ᠮᠤᠤ ᠪᠠᠯᠭᠠᠰᠤ ᠶᠢᠨ ᠪᠤᠵᠠᠷ ᠤᠰᠤ ᠶᠢ ᠰᠢᠢᠳᠪᠤᠷᠢᠯᠡᠬᠦ | ᠤᠶᠢᠯᠡᠳᠪᠤᠷᠢ ᠢ ᠲᠠᠰ ᠲᠠᠪᠰᠢᠭᠦᠯᠦᠨ᠂ ᠦᠭᠡᠷᠡᠴᠢᠯᠡᠨ ᠵᠠᠰᠠᠬᠤ᠂ ᠤᠰᠤᠨ ᠤ ᠭᠠᠷᠭᠠᠯᠳᠠ ᠶᠢᠨ ᠬᠡᠮᠵᠢᠶ᠎ᠡ ᠶᠢ | ᠭᠠᠵᠠᠷ ᠤᠨ ᠭᠠᠳᠠᠷᠭᠤ ᠶᠢᠨ ᠲᠦᠷᠪᠡᠳᠦᠭᠡᠷ ᠲᠦᠷᠦᠯ ᠤᠨ ᠤᠰᠤᠨ ᠤ ᠪᠠᠷᠢᠮᠵᠢᠶ᠎ᠠ ᠳᠤ ᠬᠦᠷᠭᠡᠨ᠎ᠡ᠃ ᠬᠤᠩ ᠮᠤᠤ | ᠪᠠᠯᠭᠠᠰᠤ ᠶᠢᠨ ᠬᠤᠭ ᠨᠤᠪᠰᠢ ᠶᠢ ᠰᠢᠢᠳᠪᠤᠷᠢᠯᠡᠬᠦ ᠤᠶᠢᠯᠡᠳᠪᠤᠷᠢ᠂ ᠲᠠᠭ᠎ᠠ ᠶᠢᠨ ᠨᠠᠭᠤᠷ ᠪᠠᠯᠭᠠᠰᠤ ᠶᠢᠨ ᠪᠤᠵᠠᠷ | ᠤᠰᠤ ᠶᠢ ᠰᠢᠢᠳᠪᠤᠷᠢᠯᠡᠬᠦ ᠤᠶᠢᠯᠡᠳᠪᠤᠷᠢ ᠪᠤᠯᠤᠨᠬᠤᠭ ᠨᠤᠪᠰᠢ ᠶᠢ ᠲᠠᠮᠵᠢᠭᠤᠯᠤᠨ ᠲᠡᠭᠡᠭᠡᠪᠦᠷᠢᠯᠡᠬᠦ ᠦᠷᠳᠡᠭᠡ ᠶᠢ | ᠪᠦᠳᠦᠭᠡᠨ ᠪᠠᠶᠢᠭᠤᠯᠤᠨ ᠡᠵᠡᠩᠨᠡᠨ᠎ᠡ᠃ ︽ ᠬᠠᠮᠢᠶᠠᠷᠬᠤ︾ ᠪᠠᠷ ᠨᠤᠭᠤ ᠭᠠᠵᠠᠷ ᠤᠨ ᠠᠮᠢ ᠠᠬᠤᠢ ᠶᠢ ᠰᠡᠷᠭᠦᠭᠡᠨ᠎ᠡ᠃ | ︽ᠲᠠᠭ᠎ᠠ ᠶᠢᠨ ᠨᠠᠭᠤᠷ ᠤᠨ ᠭᠤᠤᠯ ᠤᠨ ᠰᠠᠶᠢᠷᠭᠠᠯ ᠭᠠᠵᠠᠷ ᠨᠤᠭᠤ ᠭᠠᠵᠠᠷ ᠤᠨ ᠠᠮᠢ ᠠᠬᠤᠢ ᠶᠢᠨ ᠰᠡᠷᠭᠦᠭᠡᠯᠳᠡ | ᠪᠤᠯᠤᠨ ᠬᠠᠮᠠᠭᠠᠯᠠᠯᠳᠠ ᠶᠢ ᠬᠡᠷᠡᠭᠵᠢᠭᠦᠯᠬᠦ ᠲᠦᠰᠦᠯ︾ ᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠶᠢᠨ | ᠨᠤᠭᠤᠭᠠᠷᠠᠭᠤᠯᠤᠯᠳᠠ ᠪᠤᠯᠤᠨ ᠤᠷᠴᠢᠨ ᠲᠤᠭᠤᠷᠢᠨ ᠤ ᠵᠠᠰᠠᠯᠳᠠ ᠶᠢ ᠰᠢᠰᠲ᠋ᠧᠮ ᠲᠠᠢ ᠲᠦᠯᠬᠢᠨ ᠠᠬᠢᠭᠤᠯᠤᠨ᠂ | ᠭᠤᠤᠯ ᠤᠨ ᠰᠠᠶᠢᠷᠭᠠᠯ ᠨᠤᠭᠤ ᠭᠠᠵᠠᠷ ᠲᠠᠯ᠎ᠠ ᠨᠤᠳᠤᠭ ᠤᠨ ᠤᠷᠭᠤᠮᠠᠯ ᠤᠨ ᠬᠤᠴᠢᠯᠭ᠎ᠠ ᠶᠢᠨ ᠰᠡᠷᠭᠦᠭᠡᠯᠳᠡ ᠪᠤᠯᠤᠨ | ᠨᠠᠭᠤᠷ ᠤᠨ ᠬᠦᠪᠡᠭᠡ ᠶᠢᠨ ᠠᠮᠢ ᠠᠬᠤᠢ ᠶᠢᠨ ᠵᠠᠰᠠᠨ ᠰᠡᠷᠭᠦᠯᠳᠡ ᠵᠢᠨᠢᠨᠵᠧᠨᠧᠷᠢᠩ ᠢ ᠨᠠᠶᠢᠳᠠᠪᠤᠷᠢᠵᠢᠭᠤᠯᠵᠤ᠂ | ᠨᠤᠭᠤ ᠭᠠᠵᠠᠷ ᠤᠨ ᠬᠠᠮᠠᠭᠠᠯᠠᠯᠳᠠ ᠪᠤᠯᠤᠨ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠲᠤᠷ᠎ᠠ ᠪᠠᠷ ᠵᠶ᠋ᠠᠨᠮᠠᠯᠵᠢᠬᠤ᠂ | ᠠᠳᠠᠷ ᠬᠠᠭᠠᠯᠪᠤᠷᠢᠯᠠᠬᠤ ᠤᠶᠢᠯᠡ ᠠᠵᠢᠯᠯᠠᠭ᠎ᠠ ᠶᠢ ᠬᠢᠵᠠᠭᠠᠷᠯᠠᠨ᠂ ᠲᠠᠯ᠎ᠠ ᠨᠤᠳᠤᠭ ᠤᠨ ᠨᠤᠭᠤ ᠭᠠᠵᠠᠷ ᠤᠨ | ᠦᠵᠡᠮᠵᠢᠳᠦ ᠤᠷᠤᠨ ᠢ ᠴᠤᠭᠴᠠᠯᠠᠨ ᠪᠠᠶᠢᠭᠤᠯᠤᠨ᠎ᠠ᠃ 2022 ᠤᠨ ᠪᠤᠯᠬᠤ ᠳᠤ᠂ ᠲᠠᠭ᠎ᠠ ᠶᠢᠨ ᠨᠠᠭᠤᠷ ᠤᠨ | ᠪᠤᠬᠢᠷᠳᠤᠯ ᠪᠤᠳᠠᠰ ᠤᠨ ᠬᠡᠮᠵᠢᠶ᠎ᠡ ᠶᠢ50% ᠠᠴᠠ ᠲᠡᠭᠡᠭᠰᠢ ᠲᠤᠷᠤᠭᠰᠢᠯᠠᠭᠤᠯᠵᠤ᠂ ᠰᠠᠪᠠ ᠭᠠᠵᠠᠷ ᠤᠷᠭᠤᠮᠠᠯ | ᠬᠤᠴᠢᠯᠭ᠎ᠠ ᠪᠦᠷᠬᠦᠴᠡ ᠶᠢᠨ ᠨᠤᠷᠮ᠎ᠠ ᠪᠤᠯᠤᠨ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠤᠯᠠᠮ ᠨᠢᠭᠡ | ᠠᠯᠬᠤᠮ ᠨᠡᠮᠡᠭᠳᠡᠭᠦᠯᠵᠦ᠂ ᠤᠰᠤᠨ ᠤ ᠡᠬᠢ ᠪᠠᠶᠠᠯᠢᠭ ᠤᠨ ᠬᠠᠳᠠᠭᠠᠯᠠᠮᠵᠢ ᠶᠢᠨ ᠴᠢᠳᠠᠪᠤᠷᠢ ᠶᠢ ᠤᠯᠠᠮ ᠨᠢᠭᠡ ᠠᠯᠬᠤᠮ | ᠲᠡᠭᠡᠭᠰᠢᠯᠡᠭᠦᠯᠵᠦ᠂ ᠨᠠᠭᠤᠷ ᠤᠨ ᠤᠰᠤᠨ ᠤ ᠴᠢᠨᠠᠷ ᠴᠢᠨᠰᠠᠭ᠎ᠠ ᠶᠢ ᠭᠠᠵᠠᠷ ᠤᠨ ᠭᠠᠳᠠᠷᠭᠤ ᠶᠢᠨ ᠤᠰᠤᠨ ᠤ | ᠲᠠᠪᠤᠳᠤᠭᠠᠷ ᠲᠦᠷᠦᠯ ᠤᠨ ᠪᠠᠷᠢᠮᠵᠢᠶ᠎ᠠ ᠳᠤ ᠬᠦᠷᠭᠡᠨ᠎ᠡ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ | ᠰᠢᠨ᠎ᠡ ᠨᠢᠭᠡᠨ ᠡᠷᠭᠢᠯᠳᠡ ᠶᠢᠨ ᠠᠮᠢ ᠠᠬᠤᠢ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠵᠦ᠂ | ᠤᠯᠤᠰ ᠤᠨ ᠭᠤᠤᠯᠳᠠᠯᠭᠠᠳᠤ ᠢᠨᠵᠧᠨᠧᠷᠢᠩ ᠤᠨ ᠤᠶᠢᠵᠢᠭᠤᠯᠬᠤ ᠨᠤᠭᠤᠭᠠᠷᠠᠭᠤᠯᠤᠯᠳᠠ ᠶᠢ37 ᠲᠦᠮᠡᠨ ᠮᠦ | ᠪᠡᠶᠡᠯᠡᠭᠦᠯᠵᠦ᠂ ᠬᠤᠳᠠ ᠪᠠᠯᠭᠠᠰᠤ᠂ ᠬᠦᠳᠡᠭᠡ ᠲᠤᠰᠬᠤᠨ᠂ ᠵᠠᠰᠠᠮᠠᠯ ᠵᠠᠮ ᠵᠡᠷᠭᠡ ᠭᠤᠤᠯ ᠬᠦᠷᠢᠶ᠎ᠡ ᠴᠠᠷ᠎ᠠ ᠳᠠᠬᠢ | ᠨᠤᠭᠤᠭᠠᠷᠠᠭᠤᠯᠤᠯᠳᠠ ᠤᠶᠢᠵᠢᠭᠤᠯᠤᠯᠳᠠ ᠶᠢᠨ ᠲᠠᠯᠠᠪᠠᠢ ᠶᠢ5 ᠲᠦᠮᠡᠨ ᠮᠦ ᠬᠦᠭᠵᠢᠭᠦᠯᠦᠨ᠂ ᠤᠢ ᠰᠢᠭᠤᠢ ᠶᠢᠨ | ᠪᠦᠷᠬᠦᠴᠡ ᠶᠢᠨ ᠨᠤᠷᠮ᠎ᠠ ᠶᠢ 38% ᠳᠤ ᠬᠦᠷᠭᠡᠨ᠎ᠡ᠃ ᠬᠠᠮᠤᠭ ᠤᠨ ᠴᠢᠩᠭ᠎ᠠ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠤᠭᠳᠠᠭᠠᠯ ᠢ ᠨᠠᠶᠢᠳᠠᠪᠤᠷᠢᠵᠢᠭᠤᠯᠵᠦ᠂ ᠪᠠᠶᠢᠭᠤᠯᠤᠭᠰᠠᠨ ᠲᠤᠭᠤᠷᠢᠭ ᠤᠨ10 ᠲᠤᠨ ᠠᠭᠤᠷ ᠠᠴᠠ | ᠲᠤᠷᠤᠭᠰᠢᠬᠢ ᠨᠡᠭᠦᠷᠡᠰᠤ ᠰᠢᠳᠠᠭᠠᠬᠤ ᠵᠢᠵᠢᠭ ᠭᠦᠸᠧᠯᠦ ᠶᠢ ᠪᠦᠬᠦᠨ ᠢ ᠬᠡᠷᠡᠭᠯᠡᠭᠡ ᠠᠴᠠ ᠨᠢ ᠭᠠᠷᠭᠠᠬᠤ᠂23 ᠲᠤᠰᠤ | ᠨᠡᠮᠡᠬᠦ ᠦᠷᠳᠡᠭᠡᠨ ᠤ ᠳ᠋ᠠᠩ ᠲᠠᠪᠬᠤᠷᠭᠠᠳᠤ ᠬᠤᠭᠤᠯᠠᠢ ᠳᠤ ᠦᠭᠡᠷᠡᠴᠢᠯᠡᠯᠳᠡ ᠬᠢᠵᠦ᠂ ︽ᠠᠮᠦ ᠪᠤᠳᠠᠭ᠎ᠠ | ᠤᠶᠢᠯᠡᠳᠪᠦᠷᠢᠯᠡᠬᠦ ᠶᠡᠭᠡ ᠰᠢᠶᠠᠨ ᠤ ᠭᠠᠵᠠᠷ ᠰᠢᠷᠦᠢ ᠤᠷᠴᠢᠨ ᠲᠤᠭᠤᠷᠢᠨ ᠤ ᠬᠠᠮᠠᠭᠠᠯᠠᠯᠳᠠ ᠶᠢ ᠬᠡᠷᠡᠭᠵᠢᠭᠦᠯᠬᠦ | ᠲᠦᠰᠦᠯ︾ ᠢ ᠲᠤᠭᠳᠠᠭᠠᠬᠤ ᠮᠦᠷᠳᠡᠭᠡᠨ ᠡᠷᠡᠰ ᠴᠢᠩᠭ᠎ᠠ ᠬᠡᠷᠡᠭᠵᠢᠭᠦᠯᠦᠨ᠎ᠡ᠃ ᠲᠤᠷ᠎ᠠ ᠪᠠᠷ ᠢᠶᠠᠨ ᠤᠬᠤᠵᠤ | ᠮᠠᠯᠳᠠᠬᠤ ᠬᠢᠯᠢ ᠠᠯᠤᠰᠯᠠᠭᠰᠠᠨ ᠬᠠᠤᠯᠢ ᠪᠤᠰᠤ ᠠᠵᠢᠯᠯᠠᠭ᠎ᠠ ᠳᠤ ᠴᠢᠩᠭ᠎ᠠ ᠬᠦᠴᠦᠳᠠᠢ ᠴᠤᠬᠢᠯᠳᠠ ᠦᠭᠴᠦ᠂ ᠤᠷᠴᠢᠨ | ᠲᠤᠭᠤᠷᠢᠨ ᠤ ᠰᠠᠶᠢᠵᠢᠷᠠᠯᠳᠠ ᠪᠤᠯᠤᠨ ᠲᠦᠷᠢᠮ ᠲᠤᠭᠳᠠᠭᠠᠯ ᠤᠨ ᠬᠠᠮᠢᠶᠠᠷᠤᠯᠳᠠ ᠶᠢ ᠴᠢᠩᠭᠠᠳᠬᠠᠬᠤ ᠪᠠᠷ | ᠲᠠᠮᠵᠢᠭᠤᠯᠤᠨ᠂ ᠪᠦᠬᠦ ᠵᠢᠯ ᠤᠨ ᠬᠡᠢ ᠠᠭᠠᠷ ᠤᠨ ᠴᠢᠨᠠᠷ ᠴᠢᠨᠰᠠᠭ᠎ᠠ ᠰᠢᠯᠢᠳᠡᠭᠵᠢᠭᠰᠡᠨ ᠡᠳᠦᠷ ᠤᠨ ᠲᠤᠭ᠎ᠠ ᠶᠢ 310 | ᠲᠡᠭᠡᠭᠰᠢ ᠡᠳᠦᠷ ᠢ ᠪᠠᠳᠤᠯᠠᠵᠤ᠂ ᠯᠢᠶᠠᠩᠴᠧᠩ ᠤᠨ ᠤᠭᠳᠠᠷᠭᠤᠢ ᠨᠢ ᠨᠡᠩ ᠬᠦᠬᠡ᠂ ᠠᠭᠤᠯᠠ ᠨᠢ ᠨᠡᠩ ᠬᠦᠬᠡᠮᠳᠦᠭ᠂ | ᠤᠰᠤ ᠨᠢ ᠨᠡᠩ ᠴᠡᠩᠬᠡᠭ᠂ ᠠᠭᠠᠷ ᠢ ᠨᠢ ᠨᠡᠩ ᠴᠡᠪᠡᠷ ᠪᠤᠯᠭᠠᠬᠤ ᠬᠡᠷᠡᠭᠳᠡᠢ᠃ | ᠭᠤᠷᠪᠠ᠂ ᠲᠦᠷᠪᠡᠨ ᠤᠯᠠᠷᠢᠯ ᠤᠨ ᠵᠤᠭᠠᠴᠠᠯ ᠳᠤ ᠴᠢᠭᠯᠡᠭᠦᠯᠦᠨ᠂ ᠪᠦᠬᠦ ᠤᠯᠤᠰ ᠤᠨ ᠰᠤᠶᠤᠯ | ᠵᠤᠭᠠᠴᠠᠯ ᠤᠨ ᠠᠯᠳᠠᠷ ᠲᠠᠢ ᠬᠦᠴᠦᠷᠬᠡᠭ ᠰᠢᠶᠠᠨ ᠢ ᠴᠤᠭᠴᠠᠯᠠᠨ ᠪᠠᠶᠢᠭᠤᠯᠤᠨ᠎ᠠ᠃ ᠤᠷᠤᠨ ᠵᠠᠢ ᠪᠠ ᠴᠢᠳᠠᠮᠵᠢ ᠶᠢ | ᠬᠤᠪᠢᠶᠠᠷᠢᠯᠠᠬᠤ ᠤᠷᠤᠨ ᠢ ᠨᠢᠭᠡᠳᠦᠯᠳᠠᠢ ᠲᠦᠯᠦᠪᠵᠢᠭᠦᠯᠦᠨ ᠪᠤᠳᠤᠯᠬᠢᠯᠠᠵᠤ᠂ ᠵᠤᠭᠠᠴᠠᠯ ᠤᠨ ᠡᠬᠢ ᠪᠠᠶᠠᠯᠢᠭ ᠢ | ᠴᠡᠭᠴᠡᠯᠡᠨ ᠨᠢᠭᠡᠳᠭᠡᠬᠦ ᠶᠢ ᠴᠢᠩᠭᠠᠳᠬᠠᠵᠤ᠂ ︽ ᠠᠭᠤᠯᠠ︾᠂ ︽ ᠤᠰᠤ︾᠂ ︽ ᠨᠤᠭᠤᠭᠠᠨ︾᠂ ︽ ᠰᠤᠶᠤᠯ︾ | ᠵᠡᠷᠭᠡ ᠲᠦᠷᠪᠡᠨ ᠬᠠᠭᠤᠳᠠᠰᠤ ᠵᠤᠬᠢᠶᠠᠯ ᠢ ᠪᠦᠬᠦ ᠬᠦᠴᠦᠨ ᠢᠶᠠᠷ ᠤᠶᠢᠯᠡᠳᠤᠨ ᠵᠤᠬᠢᠶᠠᠨ᠎ᠠ᠃ ᠪᠤᠬᠢᠷᠳᠤᠯ ᠦᠭᠡᠢ ᠠᠮᠢ | ᠠᠬᠤᠢ ᠶᠢᠨ ᠵᠤᠭᠠᠴᠠᠯ᠂ ᠴᠠᠰᠤᠨ ᠳᠤ ᠭᠤᠯᠭᠤᠬᠤ ᠴᠡᠩᠬᠡᠯ ᠤᠨ ᠵᠤᠭᠠᠴᠠᠯ᠂ ᠡᠷᠡᠭᠦᠯᠵᠢᠯ ᠪᠡᠶ᠎ᠡ ᠰᠤᠪᠢᠯᠠᠯᠳᠠ ᠶᠢᠨ | ᠵᠤᠭᠠᠴᠠᠯ᠂ ᠰᠡᠯᠡᠭᠦᠴᠡᠯ ᠠᠮᠠᠷᠠᠯᠳᠠ ᠶᠢᠨ ᠵᠤᠭᠠᠴᠠᠯ᠂ ᠵᠠᠩ ᠤᠶᠢᠯᠡ ᠰᠤᠶᠤᠯ ᠤᠨ ᠵᠤᠭᠠᠴᠠᠯ᠂ ᠠᠵᠦ ᠤᠶᠢᠯᠡᠳᠪᠤᠷᠢ | ᠦᠵᠡᠮᠵᠢ ᠲᠤᠭᠤᠷᠢᠨ ᠦᠵᠡᠬᠦ ᠵᠤᠭᠠᠴᠠᠯ ᠵᠡᠷᠭᠡ ᠶᠢ ᠭᠤᠤᠯᠳᠠᠯᠭ᠎ᠠ ᠲᠠᠢ ᠲᠠᠨᠢᠯᠴᠠᠭᠤᠯᠤᠨ᠂ ᠯᠢᠶᠠᠩᠴᠧᠩ ᠰᠢᠶᠠᠨ ᠢ | ᠲᠦᠷᠪᠡᠨ ᠤᠯᠠᠷᠢᠯ ᠤᠨ ᠵᠤᠭᠠᠴᠠᠯ᠂ ᠪᠦᠬᠦ ᠬᠦᠷᠢᠶ᠎ᠡ ᠴᠠᠷ᠎ᠠ ᠳᠠᠬᠢ ᠵᠤᠭᠠᠴᠠᠯ ᠤᠨ ᠬᠠᠷᠠᠯᠳᠠ ᠶᠢᠨ ᠭᠠᠵᠠᠷ ᠪᠤᠯᠭᠠᠨ | ᠴᠤᠭᠴᠠᠯᠠᠨ ᠪᠠᠶᠢᠭᠤᠯᠤᠨ᠎ᠠ᠃ ᠲᠦᠷᠪᠡᠨ ᠬᠠᠭᠤᠳᠠᠰᠤ ᠵᠤᠬᠢᠶᠠᠯ ᠢ ᠬᠦᠴᠦᠨ ᠢᠶᠠᠨ ᠲᠦᠪᠯᠡᠷᠡᠭᠦᠯᠦᠨ ᠰᠠᠶᠢᠳᠦᠷ ᠬᠢᠨ᠎ᠡ᠃ | ᠵᠤᠭᠠᠴᠠᠯ ᠤᠨ ᠲᠡᠷᠢᠭᠦᠨ ᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ᠂ ᠬᠤᠳᠠᠯᠳᠤᠭᠠᠴᠢᠨ ᠢ ᠤᠷᠢᠵᠦ ᠪᠡᠯᠡ ᠮᠦᠩᠬᠦ | ᠲᠠᠳᠠᠬᠤ ᠪᠠᠶᠢᠳᠠᠯ ᠢ ᠪᠤᠢ ᠪᠤᠯᠭᠠᠨ᠂ ᠲᠠᠭ᠎ᠠ ᠶᠢᠨ ᠨᠠᠭᠤᠷ᠂ ᠬᠠᠯᠠᠭᠤᠨ ᠷᠠᠰᠢᠶᠠᠨ᠂ ᠮᠠᠩᠬᠠᠨ ᠠᠭᠤᠯᠠ᠂ ᠰᠦᠢ | ᠮᠧᠩ ᠤᠨ ᠬᠤᠪᠢᠰᠬᠠᠯ ᠤᠨ ᠲᠤᠷᠠᠰᠬᠠᠯ ᠤᠨ ᠬᠦᠷᠢᠶᠡᠯᠡᠩ ᠢᠶᠠᠷ ᠭᠤᠤᠯ ᠪᠤᠯᠭᠠᠭᠰᠠᠨ ᠲᠦᠷᠦᠯ ᠵᠤᠶᠢᠯ ᠤᠨ ᠤᠷᠤᠨ ᠤ | ᠪᠦᠳᠦᠭᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ ︽ ᠠᠭᠤᠯᠠ︾ ᠪᠤᠯᠬᠤ ᠵᠤᠬᠢᠶᠠᠯ ᠢ ᠰᠠᠶᠢᠳᠤᠷ ᠬᠢᠨ᠎ᠡ᠃ | ᠮᠠᠩᠬᠠᠨ ᠠᠭᠤᠯᠠ ︽ ᠤᠯᠤᠰ ᠤᠨ ᠤᠢ ᠰᠢᠭᠤᠢ ᠶᠢᠨ ᠴᠡᠴᠡᠷᠯᠢᠭ︾᠂ ︽ ᠦᠪᠡᠷᠳᠡᠭᠡᠨ ᠵᠠᠰᠠᠬᠤ ᠤᠷᠤᠨ ᠤ ᠭᠠᠵᠠᠷ | ᠰᠢᠨᠵᠢᠯᠡᠭᠡᠨ ᠤ ᠴᠡᠴᠡᠷᠯᠢᠭ︾ ᠤᠨ ᠨᠡᠷ᠎ᠡ ᠲᠡᠮᠳᠡᠭᠳᠦ ᠶᠢᠨ ᠨᠦᠯᠦᠭᠡ ᠲᠤᠰᠬᠠᠯ ᠢ ᠭᠦᠢᠴᠡᠳ ᠪᠠᠳᠠᠷᠠᠭᠤᠯᠵᠤ᠂ ᠪᠤᠳᠠᠳᠤ | ᠬᠦᠴᠦᠨ ᠪᠦᠬᠦᠢ ᠪᠡᠯᠡ ᠤᠷᠤᠭᠤᠯᠤᠯᠳᠠ ᠶᠢᠨ ᠺᠤᠮᠫᠠᠨᠢ ᠶᠢ ᠤᠷᠢᠨ ᠠᠪᠴᠢᠷᠠᠵᠤ᠂ ᠨᠠᠭᠠᠳᠤᠨ ᠴᠡᠩᠬᠡᠬᠦ ᠰᠡᠯᠡᠭᠦᠴᠡᠯ | ᠪᠡᠶ᠎ᠡ ᠰᠤᠪᠢᠯᠠᠯᠳᠠ ᠶᠢᠨ ᠤᠷᠤᠨ ᠂ ᠡᠯ ᠯᠦᠩ ᠱᠢ ᠲᠠᠢ ᠦᠵᠡᠮᠵᠢᠳᠤ ᠵᠤᠭᠠᠴᠠᠯ ᠤᠨ ᠤᠷᠤᠨ᠂ ᠭᠡᠷ ᠤᠨ ᠭᠠᠳᠠᠨᠠᠬᠢ | ᠬᠦᠴᠢᠯᠳᠦ᠋ᠷᠦᠭᠴᠢᠳᠦ ᠬᠦᠳᠡᠯᠭᠡᠭᠡᠨ ᠤ ᠲᠤᠭᠤᠷᠢᠭ᠂ ᠲᠠᠷᠢᠶᠠᠯᠠᠩ ᠤᠢ ᠮᠤᠳᠤ ᠶᠢᠨ ᠪᠡᠶ᠎ᠡ ᠪᠠᠷ ᠢᠶᠠᠨ ᠤᠷᠤᠯᠴᠠᠬᠤ | ᠠᠮᠢᠳᠤᠷᠠᠯ ᠤᠨ ᠲᠤᠭᠤᠷᠢᠭ ᠵᠡᠷᠭᠡ ᠶᠢ ᠦᠨᠳᠦᠷ ᠪᠠᠷᠢᠮᠵᠢᠶ᠎ᠠ ᠪᠠᠷ ᠨᠡᠬᠡᠬᠡᠨ ᠠᠰᠢᠭᠯᠠᠨ᠎ᠠ᠃ ᠦᠪᠦᠷ ᠮᠤᠩᠭᠤᠯ ᠤᠨ | ᠱᠧᠩ ᠲᠢᠶᠠᠨ ᠮᠠᠯᠵᠢᠯ ᠤᠨ ᠤᠶᠢᠯᠡᠰ ᠤᠨ ᠪᠦᠯᠦᠭᠯᠡᠯ ᠠᠴᠠ ᠪᠡᠯᠡ ᠤᠷᠤᠭᠤᠯᠤᠭᠰᠠᠨ10 ᠳ᠋ᠦᠩᠰᠢᠭᠤᠷ ᠲᠦᠭᠦᠷᠢᠭ ᠢ | ᠲᠠᠪᠤᠨ ᠵᠢᠯ ᠤᠨ ᠴᠠᠭ ᠢ ᠬᠡᠷᠡᠭᠰᠡᠵᠦ ᠮᠤᠷᠢᠨ ᠲᠤᠯᠤᠭᠠᠶᠢᠳᠤ ᠠᠭᠤᠯᠠ ᠶᠢᠨ ᠬᠦᠳᠡᠭᠡ ᠬᠡᠭᠡᠷ᠎ᠡ ᠶᠢᠨ ᠶᠡᠷᠦᠩᠬᠡᠶᠢᠯᠡᠭᠰᠡᠨ | ᠴᠤᠭᠴᠠ ᠶᠢᠨ ᠲᠦᠷᠦᠯ ᠵᠤᠶᠢᠯ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠵᠠᠷᠤᠴᠠᠭᠤᠯᠤᠨ᠎ᠠ᠃ ᠳᠡᠭᠦᠨ ᠢ ᠬᠦᠳᠡᠭᠡ | ᠲᠤᠰᠬᠤᠨ ᠢ ᠮᠠᠨᠳᠤᠭᠤᠯᠤᠨ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠲᠤᠷᠰᠢᠯᠳᠠ ᠶᠢᠨ ᠤᠷᠤᠨ | ᠪᠤᠯᠭᠠᠵᠤ᠂ ᠯᠢᠶᠠᠩᠴᠧᠩ ᠤᠨ ᠡᠮᠦᠨ᠎ᠡ ᠬᠡᠰᠡᠭ ᠠᠭᠤᠯᠠᠨ ᠤᠷᠤᠨ ᠤ ᠴᠢᠬᠤᠯᠠ ᠵᠤᠭᠠᠴᠠᠯ ᠤᠨ ᠤᠷᠤᠨ ᠨᠢ ᠱᠠᠨ ᠰᠢ | ᠦᠪᠦᠷ ᠮᠤᠩᠭᠤᠯ ᠤᠨ ᠵᠤᠭᠠᠴᠠᠯ ᠤᠨ ᠬᠤᠷᠰᠢᠭᠰᠠᠨ ᠵᠢᠱᠢᠶ᠎ᠡ ᠦᠵᠡᠭᠦᠯᠬᠦ ᠲᠤᠭᠤᠷᠢᠭ ᠲᠠᠢ ᠬᠤᠯᠪᠤᠯᠳᠤᠨᠠ᠃ ︽ | ᠤᠰᠤ︾ ᠪᠤᠯᠬᠤ ᠵᠤᠬᠢᠶᠠᠯ ᠢ ᠰᠠᠶᠢᠳᠤᠷ ᠵᠤᠬᠢᠶᠠᠨ ᠬᠢᠨ᠎ᠡ᠃ ᠲᠠᠭ᠎ᠠ ᠶᠢᠨ ᠨᠠᠭᠤᠷ ᠤᠨ ᠵᠤᠭᠠᠴᠠᠯ ᠤᠨ ᠤᠷᠤᠨ ᠢᠶᠠᠷ | ᠲᠦᠪ ᠪᠤᠯᠭᠠᠨ᠂ ᠰᠠᠭᠤᠷᠢ ᠲᠦᠬᠦᠭᠡᠷᠦᠮᠵᠢ ᠪᠤᠯᠤᠨ ᠨᠠᠭᠠᠳᠤᠨ ᠴᠡᠩᠬᠡᠬᠦ ᠴᠢᠳᠠᠮᠵᠢ ᠶᠢ ᠳᠡᠭᠦᠯᠳᠡᠷᠵᠢᠭᠦᠯᠵᠤ᠂ | ᠲᠠᠭ᠎ᠠ ᠶᠢᠨ ᠨᠠᠭᠤᠷ ᠤᠨ ᠵᠤᠭᠠᠴᠠᠯ ᠤᠨ ᠤᠷᠤᠨ ᠤ ᠶᠡᠷᠦᠩᠬᠡᠶᠢᠯᠡᠭᠰᠡᠨ ᠤᠶᠢᠯᠡᠴᠢᠯᠡᠭᠡ ᠶᠢᠨ ᠵᠡᠷᠭᠡ ᠲᠠᠰ ᠢ ᠪᠦᠬᠦ | ᠲᠠᠯ᠎ᠠ ᠪᠠᠷ ᠲᠡᠭᠡᠭᠰᠢᠯᠡᠭᠦᠯᠦᠨ᠎ᠡ᠃ ᠬᠤᠸᠠᠷ ᠴᠡᠴᠡᠭ ᠲᠡᠵᠢᠭᠡᠨ ᠦᠷᠡᠵᠢᠭᠦᠯᠬᠦ ᠬᠦᠷᠢᠶᠡᠯᠡᠩ ᠪᠤᠯᠤᠨ ᠨᠤᠭᠤ ᠭᠠᠵᠠᠷ ᠤᠨ | ᠲᠠᠯ᠎ᠠ ᠨᠤᠳᠤᠭ ᠤᠨ ᠠᠮᠢ ᠠᠬᠤᠢ ᠶᠢᠨ ᠲᠤᠭᠤᠷᠢᠨ ᠦᠵᠡᠬᠦ ᠦᠵᠡᠮᠵᠢ ᠶᠢ ᠴᠤᠭᠴᠠᠯᠠᠨ ᠪᠦᠳᠦᠭᠡᠵᠦ᠂ ︽ ᠲᠠᠭ᠎ᠠ ᠶᠢᠨ | ᠨᠠᠭᠤᠷ ᠤᠨ ᠵᠤᠨ︾ ᠭᠡᠬᠦ ᠬᠤᠸᠠᠷ ᠴᠡᠴᠡᠭ ᠤᠨ ᠨᠠᠶᠢᠷ ᠪᠤᠯᠬᠤ ︽ ᠲᠠᠭ᠎ᠠ ᠶᠢᠨ ᠨᠠᠭᠤᠷ ᠤᠨ ᠨᠠᠮᠦᠷ︾ ᠰᠡᠭᠦᠳᠡᠷ | ᠲᠠᠳᠠᠬᠤ ᠨᠠᠶᠢᠷ ᠢ ᠨᠠᠷᠢᠨ ᠨᠢᠮᠪᠠᠢ ᠪᠡᠯᠡᠳᠭᠡᠨ᠂ 5A ᠲᠠᠰ ᠤᠨ ᠦᠵᠡᠮᠵᠢ ᠶᠢᠨ ᠤᠷᠤᠨ ᠤ ᠳᠡᠰ ᠳᠠᠪᠰᠢᠯᠳᠡ ᠶᠢ | ᠴᠢᠷᠮᠡᠶᠢᠨ ᠪᠡᠶᠡᠯᠡᠭᠦᠯᠦᠨ᠎ᠡ᠃ ᠬᠠᠯᠠᠭᠤᠨ ᠷᠠᠰᠢᠶᠠᠨ ᠮᠦᠰᠦ ᠴᠠᠰᠤᠨ ᠪᠠᠭ᠎ᠠ ᠪᠠᠯᠭᠠᠰᠤ ᠢᠶᠠᠷ ᠲᠦᠪ ᠪᠤᠯᠭᠠᠨ᠂ | ᠲᠠᠭ᠎ᠠ ᠶᠢᠨ ᠨᠠᠭᠤᠷ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ᠂ ᠬᠠᠯᠠᠭᠤᠨ ᠷᠠᠰᠢᠶᠠᠨ᠂ ᠲᠤᠮᠦ | ᠬᠡᠯᠪᠡᠷᠢ ᠵᠢᠨᠶᠡᠷᠦᠩᠬᠡᠶᠢᠯᠡᠭᠰᠡᠨ ᠲᠡᠭᠦᠬᠦ ᠬᠦᠷᠢᠶᠡᠯᠡᠩ ᠵᠡᠷᠭᠡ ᠶᠢ ᠦᠨᠳᠦᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠤᠨ᠂ | ᠮᠦᠰᠦ ᠴᠠᠰᠤᠨ᠂ ᠪᠦᠯᠢᠶᠡᠨ ᠤᠰᠤᠨ ᠳᠤ ᠪᠡᠶ᠎ᠡ ᠰᠤᠪᠢᠯᠠᠬᠤ᠂ ᠬᠦᠳᠡᠭᠡ ᠬᠡᠭᠡᠷ᠎ᠡ ᠲᠦᠷᠪᠡᠨ ᠶᠡᠭᠡ ᠴᠢᠳᠠᠮᠵᠢ ᠶᠢᠨ | ᠤᠷᠤᠨ ᠢ ᠴᠤᠭᠴᠠᠯᠠᠨ ᠪᠠᠶᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠤ ᠠᠷᠪᠠᠨ ᠲᠦᠷᠪᠡᠳᠦᠭᠡᠷ ᠬᠤᠭᠤᠴᠠᠭᠠᠨ ᠤ | ᠪᠡᠶ᠎ᠡ ᠲᠠᠮᠢᠷ ᠤᠨ ᠬᠦᠳᠡᠯᠭᠡᠭᠡᠨ ᠢ ᠡᠷᠬᠢᠯᠡᠨ ᠬᠢᠬᠦ ᠪᠠᠷ ᠠᠵᠠ ᠲᠤᠬᠢᠶᠠᠯ ᠪᠤᠯᠭᠠᠨ᠂ ᠮᠦᠰᠦᠨ ᠱᠤᠭᠤᠮᠠᠯ ᠤᠨ ᠤᠷᠠᠯᠢᠭ | ᠂ ᠮᠦᠰᠦ ᠴᠠᠰᠤᠨ ᠤ ᠲᠤᠭᠯᠠᠯᠳᠠ᠂ ᠮᠦᠰᠦ ᠴᠡᠰᠤᠨ ᠤ ᠵᠠᠩ ᠤᠶᠢᠯᠡ ᠵᠡᠷᠭᠡ ᠪᠠᠷ ᠭᠤᠤᠯ ᠠᠭᠤᠯᠭ᠎ᠠ ᠪᠤᠯᠭᠠᠭᠰᠠᠨ ︽ | ᠲᠠᠭ᠎ᠠ ᠶᠢᠨ ᠨᠠᠭᠤᠷ ᠤᠨ ᠡᠪᠤᠯ︾ ᠭᠡᠬᠦ ᠪᠠᠶᠠᠷ ᠪᠠᠭ᠋ᠠᠳᠤᠯᠳᠤ ᠮᠦᠰᠦ ᠴᠠᠰᠤᠨ ᠤ ᠤᠯᠠᠷᠢᠯ ᠤᠨ ᠰᠢᠷᠢᠰ | ᠠᠵᠢᠯᠯᠠᠭ᠎ᠠ ᠶᠢ ᠦᠷᠨᠢᠭᠦᠯᠦᠨ᠎ᠡ᠃ ᠲᠠᠭ᠎ᠠ ᠶᠢᠨ ᠨᠠᠭᠤᠷ ᠤᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢ | ᠪᠦᠬᠦ ᠤᠯᠤᠰ ᠤᠨ ᠲᠡᠷᠢᠭᠦᠨ ᠤ ᠡᠪᠤᠯ ᠤᠨ ᠤᠯᠠᠷᠢᠯ ᠤᠨ ᠵᠤᠭᠠᠴᠠᠯ ᠪᠤᠯᠤᠨ ᠪᠡᠶ᠎ᠡ ᠴᠠᠬᠢᠷᠠᠭᠵᠢᠭᠤᠯᠬᠤ ᠰᠠᠭᠤᠷᠢᠨ | ᠭᠠᠵᠠᠷ ᠢᠶᠠᠷ ᠴᠤᠭᠴᠠᠯᠠᠨ ᠪᠠᠶᠢᠭᠤᠯᠤᠨ᠎ᠠ᠃ ︽ ᠨᠤᠭᠤᠭᠠᠨ︾ ᠭᠡᠬᠦ ᠵᠤᠬᠢᠶᠠᠯ ᠢ ᠰᠠᠶᠢᠳᠤᠷ ᠬᠢᠨ᠎ᠡ᠃ ᠬᠤᠳᠠ ᠤᠷᠤᠨ | ᠂ ᠬᠦᠳᠡᠭᠡ ᠲᠤᠰᠬᠤᠨ᠂ ᠵᠤᠭᠠᠴᠠᠯ ᠤᠨ ᠤᠷᠤᠨ᠂ ᠵᠠᠮ ᠬᠠᠷᠢᠯᠴᠠᠭᠠᠨ ᠤ ᠭᠤᠤᠯ ᠱᠤᠭᠤᠮ ᠤᠨ | ᠨᠤᠭᠤᠭᠠᠷᠠᠭᠤᠯᠤᠯᠳᠠ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠠᠭᠠᠤ᠂ ᠠᠵᠦ ᠠᠬᠤᠢ ᠤᠢ ᠰᠢᠭᠤᠢ ᠶᠢᠨ | ᠪᠦᠳᠦᠭᠡᠨ ᠪᠠᠶᠢᠭᠤᠯᠤᠯᠳᠠ ᠳᠤ ᠲᠦᠰᠢᠭᠯᠡᠨ᠂ ᠬᠦᠷᠢᠶ᠎ᠡ ᠬᠠᠰᠢᠶ᠎ᠠ ᠶᠢᠨ ᠠᠵᠦ ᠠᠬᠤᠢ᠂ ᠤᠢ ᠮᠤᠳᠤᠨ ᠤ ᠠᠵᠦ | ᠠᠬᠤᠢ᠂200 ᠢᠯᠡᠭᠦᠦ ᠰᠢᠨ᠎ᠡ ᠪᠠᠷ ᠨᠡᠮᠡᠭᠳᠡᠬᠦ ᠲᠠᠷᠢᠶᠠᠴᠢᠨ ᠠᠶᠢᠯ ᠤᠨ ᠪᠠᠶᠠᠰᠤᠯ᠂ ᠵᠢᠭᠠᠰᠤᠨ ᠠᠶᠢᠯ ᠤᠨ | ᠪᠠᠶᠠᠰᠤᠯ ᠢ ᠪᠦᠬᠦ ᠬᠦᠴᠦᠨ ᠢᠶᠠᠷ ᠬᠦᠭᠵᠢᠭᠦᠯᠦᠨ᠎ᠡ᠃ ᠤᠷᠭᠠᠨᠢᠭ ᠲᠠᠷᠢᠶᠠᠯᠠᠩ ᠤᠨ ᠪᠦᠳᠦᠭᠡᠭᠳᠡᠭᠦᠨ ᠪᠤᠯᠤᠨ | ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠤ ᠲᠠᠪᠠᠭᠤᠯᠢᠭ ᠲᠤ ᠲᠦᠰᠢᠭᠯᠡᠨ᠂ ᠬᠦᠵᠡᠯᠵᠡᠭᠡᠨ᠎ᠡ ᠶᠢᠨ | ᠬᠦᠷᠢᠶᠡᠯᠡᠩ᠂ ᠢᠩᠳᠤᠤᠷ ᠤᠨ ᠬᠦᠷᠢᠶᠡᠯᠡᠩ᠂ ᠦᠵᠦᠮ ᠤᠨ ᠬᠦᠷᠢᠶᠡᠯᠡᠩ ᠵᠡᠷᠭᠡ ᠲᠡᠭᠦᠬᠦ ᠬᠦᠷᠢᠶᠡᠯᠡᠩ ᠢ 2 ᠲᠦᠮᠡᠨ | ᠮᠦ ᠭᠤᠤᠯᠳᠠᠯᠭ᠎ᠠ ᠲᠠᠢ ᠬᠦᠭᠵᠢᠭᠦᠯᠦᠨ᠂ ᠯᠢᠶᠠᠩᠴᠧᠩ ᠤᠨ ︽ ᠨᠤᠭᠤᠭᠠᠨ︾ ᠦᠩᠭᠡ ᠶᠢᠨ ᠨᠡᠷᠡᠳᠤ ᠳᠡᠮᠳᠡᠭ ᠢ | ᠴᠤᠭᠴᠠᠯᠠᠨ ᠪᠠᠶᠢᠭᠤᠯᠤᠨ᠎ᠠ᠃ ︽ ᠰᠤᠶᠤᠯ︾ ᠤᠨ ᠬᠠᠭᠤᠳᠠᠰᠤ ᠶᠢ ᠰᠠᠶᠢᠳᠤᠷ ᠤᠶᠢᠯᠡᠳᠤᠨ ᠵᠤᠬᠢᠶᠠᠨ᠎ᠠ᠃ ᠭᠤᠤᠯ | ᠨᠢ ᠳᠡᠤᠬᠡ ᠰᠤᠶᠤᠯ᠂ ᠬᠤᠪᠢᠰᠬᠠᠯ ᠤᠨ ᠰᠤᠶᠤᠯ᠂ ᠵᠠᠩ ᠤᠶᠢᠯᠡ ᠶᠢᠨ ᠰᠤᠶᠤᠯ ᠢ ᠢᠯᠡᠷᠡᠭᠦᠯᠦᠨ᠂ ᠸᠠᠩ ᠮᠦ ᠱᠠᠨ | ᠬᠠᠭᠤᠴᠢᠨ ᠪᠠᠭᠤᠷᠢ ᠳᠤ ᠲᠦᠰᠢᠭᠯᠡᠨ᠂ ᠭᠠᠯ ᠤᠨ ᠰᠠᠪᠠ ᠰᠤᠶᠤᠯ ︽ ᠨᠢᠭᠡᠨ ᠨᠤᠮ︾ ᠢ ᠨᠠᠷᠢᠨ ᠨᠢᠮᠪᠠᠢ | ᠨᠠᠶᠢᠷᠠᠭᠤᠯᠤᠨ ᠵᠤᠬᠢᠶᠠᠨ᠎ᠠ᠃《 ᠨᠢᠭᠡ ᠲᠠᠶᠢᠰᠠ ᠰᠢ ᠵᠦᠴᠦᠭᠡ 》 ᠢ ᠴᠤᠭᠴᠠᠯᠠᠨ ᠪᠦᠳᠦᠭᠡᠵᠦ᠂ ︽ ᠲᠠᠭ᠎ᠠ ᠶᠢᠨ | ᠨᠠᠭᠤᠷ ᠤᠨ ᠠᠷᠢᠭᠤᠨ ᠭᠠᠯ︾ ᠤᠨ ᠰᠤᠶᠤᠯ ᠵᠤᠭᠠᠴᠠᠯ ᠤᠨ ᠰᠢᠨ᠎ᠡ ᠨᠡᠷ᠎ᠡ ᠲᠡᠮᠳᠡᠭᠳᠦ ᠶᠢ ᠴᠤᠭᠴᠠᠯᠠᠨ ᠪᠦᠳᠦᠭᠡᠨ᠎ᠡ᠃ | ᠡᠾᠦ᠋ᠢ ᠰᠢᠶᠠᠩ ᠽᠢ ᠰᠦᠮ᠎ᠡ ᠬᠡᠶᠢᠳ ᠤᠨ ᠰᠢᠨ᠎ᠡ ᠬᠡᠯᠪᠡᠷᠢᠳᠤ ᠪᠡᠶ᠎ᠡ ᠪᠠᠷ ᠢᠶᠠᠨ ᠤᠷᠤᠯᠴᠠᠬᠤ ᠲᠤᠭᠤᠷᠢᠭ᠂ | ᠲᠠᠭ᠎ᠠ ᠶᠢᠨ ᠨᠠᠭᠤᠷ ᠺᠢᠨᠤ᠋ ᠲᠧᠯᠸᠢᠰ ᠤᠨ ᠰᠠᠭᠤᠷᠢᠨ ᠭᠠᠵᠠᠷ ᠪᠤᠯᠤᠨ ᠦᠯᠡᠳᠡᠭᠳᠡᠯ ᠪᠤᠰᠤ ᠰᠤᠶᠤᠯ ᠤᠨ ᠤᠷᠳᠤᠨ ᠢ | ᠪᠦᠳᠦᠭᠡᠨ ᠪᠠᠶᠢᠭᠤᠯᠤᠨ᠂ ᠯᠢᠶᠠᠩᠴᠧᠩ ᠤᠨ ᠮᠦᠽᠸᠢ ᠶᠢ ᠲᠡᠭᠦᠯᠳᠡᠷᠵᠢᠭᠦᠯᠦᠨ ᠪᠠᠶᠢᠭᠤᠯᠤᠨ᠎ᠠ᠃ ᠰᠦᠢ ᠮᠧᠩ ᠤᠨ | ᠬᠤᠪᠢᠰᠬᠠᠯ ᠤᠨ ᠲᠤᠷᠠᠰᠬᠠᠯ ᠤᠨ ᠬᠦᠷᠢᠶᠡᠯᠡᠩ ᠢᠶᠠᠷ ᠲᠦᠯᠦᠭᠡᠯᠡᠭᠰᠡᠨ ᠬᠤᠪᠢᠰᠬᠠᠯ ᠤᠨ ᠰᠤᠶᠤᠯ ᠤᠨ ᠵᠤᠭᠠᠴᠠᠯ ᠢ | ᠰᠠᠶᠢᠳᠤᠷ ᠬᠢᠵᠦ᠂ ︽ ᠲᠠᠶᠢᠴᠢᠨ ᠤᠳᠤᠮᠳᠤ ᠲᠢᠶᠠᠨ ᠵᠢᠶᠠ ᠵᠧᠨ︾᠂ ︽ ᠪᠠᠳᠤᠳᠬᠠᠭᠠᠯᠭᠠ ᠶᠢᠨ ᠪᠤᠰᠤᠯᠭ᠎ᠠ︾ | ᠶᠢᠨ ᠪᠤᠳᠠᠳᠤ ᠦᠵᠡᠮᠵᠢ ᠡᠭᠦᠳᠦᠯᠳᠡ ᠠᠰᠢᠭᠯᠠᠯᠳᠠ ᠳᠤ ᠤᠷᠤᠵᠤ᠂ ᠰᠦᠢ ᠮᠧᠩ ᠤᠨ ᠬᠤᠪᠢᠰᠬᠠᠯ ᠤᠨ | ᠲᠤᠷᠠᠰᠬᠠᠯ ᠤᠨ ᠬᠦᠷᠢᠶᠡᠯᠡᠩ ᠤᠨ ᠬᠤᠶᠠᠳᠤᠭᠠᠷ᠂ ᠭᠤᠷᠪᠠᠳᠤᠭᠠᠷ ᠬᠤᠭᠤᠴᠠᠭ᠎ᠠ ᠶᠢᠨ ᠲᠦᠷᠦᠯ ᠵᠤᠶᠢᠯ ᠤᠨ | ᠪᠠᠷᠢᠯᠭ᠎ᠠ ᠶᠢᠨ ᠠᠵᠢᠯ ᠪᠦᠬᠦ ᠲᠠᠯ᠎ᠠ ᠪᠠᠷ ᠡᠬᠢᠯᠡᠭᠦᠯᠦᠨ᠎ᠡ᠃ | ᠰᠦᠢ ᠮᠧᠩ ᠤᠨ ᠬᠤᠪᠢᠰᠬᠠᠯ ᠤᠨ ᠰᠤᠶᠤᠯ ᠢ ᠤᠯᠠᠮᠵᠢᠯᠠᠬᠤ ᠺᠤᠮᠫᠠᠨᠢ ᠪᠠᠶᠢᠭᠤᠯᠤᠨ᠂ ᠰᠦᠢ ᠮᠧᠩ ᠤᠨ | ᠬᠤᠪᠢᠰᠬᠠᠯ ᠤᠨ ᠠᠵᠦ ᠤᠶᠢᠯᠡᠰ ᠤᠨ ᠲᠦᠷᠦᠯ ᠵᠤᠶᠢᠯ ᠢ ᠢᠳᠡᠪᠬᠢᠳᠠᠢ ᠲᠡᠮᠡᠴᠡᠨ ᠤᠯᠵᠤ᠂ ᠭᠡᠬᠦ ᠳᠡᠭᠡᠨ ᠤᠷᠤᠨ᠂ | ᠬᠤᠳᠠ ᠶᠢᠨ ᠨᠠᠮ ᠤᠨ ᠰᠤᠷᠭᠠᠭᠤᠯᠢ ᠶᠢᠨ ᠰᠤᠷᠭᠠᠨ ᠬᠦᠮᠦᠵᠢᠯ ᠤᠨ ᠪᠤᠯᠪᠠᠰᠤᠷᠠᠯ ᠤᠨ ᠰᠠᠭᠤᠷᠢᠨ ᠭᠠᠵᠠᠷ ᠲᠤ | ᠵᠢᠭᠰᠠᠭᠠᠨ ᠤᠷᠤᠭᠤᠯᠬᠤ ᠬᠡᠷᠡᠭᠳᠡᠢ᠃ ᠦ᠋ ᠯᠢ ᠫᠢᠩ ᠶᠡᠭᠡ ᠪᠦᠵᠢᠭ ᠤᠨ ᠲᠠᠶᠢᠰᠠ ᠶᠢ ᠨᠠᠷᠢᠨ ᠨᠢᠮᠪᠠᠢ ᠴᠤᠭᠴᠠᠯᠠᠨ | ᠪᠠᠶᠢᠭᠤᠯᠵᠤ᠂ ᠳᠡᠭᠦᠨ ᠢ ᠯᠢᠶᠠᠩᠴᠧᠩ ᠤᠨ ᠰᠤᠶᠤᠯ ᠤᠨ ᠲᠤᠳᠤᠷᠠᠬᠢ ᠬᠠᠮᠤᠭ ᠤᠨ ᠦᠩᠭᠡ ᠭᠡᠷᠡᠯᠳᠠᠢ ᠨᠡᠷ᠎ᠡ | ᠬᠠᠭᠤᠳᠠᠰᠤ ᠪᠤᠯᠭᠠᠨ᠎ᠠ᠃ ᠰᠤᠶᠤᠯ ᠢ ᠵᠤᠭᠠᠴᠠᠯ ᠤᠨ ᠲᠤᠳᠤᠷ᠎ᠠ ᠠᠭᠤᠰᠤᠯᠴᠠᠭᠤᠯᠤᠨ᠂ ᠦᠷᠭᠡᠨ ᠤᠯᠠᠨ | ᠵᠤᠭᠠᠴᠠᠭᠰᠠᠳ ᠲᠤ ᠯᠢᠶᠠᠩᠴᠧᠩ ᠳᠤ ᠬᠤᠭᠤᠰᠤᠨ ᠢᠷᠡᠭᠰᠡᠨ ᠦᠭᠡᠢ ᠲᠦᠷᠦᠭᠳᠡᠯ ᠢ ᠲᠦᠷᠦᠭᠳᠡᠭᠦᠯᠦᠨ᠎ᠡ᠃ | ︽ ᠵᠤᠭᠠᠴᠠᠯ+︾ ᠤᠨ ᠪᠠᠶᠢᠯᠳᠤᠬᠤ ᠪᠤᠳᠤᠯᠭ᠎ᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ | ᠵᠤᠭᠠᠴᠠᠯ ᠤᠨ ᠠᠵᠦ ᠤᠶᠢᠯᠡᠰ ᠢ ᠠᠭᠤᠰᠤᠯᠴᠠᠬᠤ ᠴᠢᠳᠠᠪᠤᠷᠢ ᠶᠢ ᠪᠠᠳᠠᠷᠠᠭᠤᠯᠤᠨ᠂ ᠵᠤᠭᠠᠴᠠᠯ ᠰᠢᠨ᠎ᠡ ᠶᠢ ᠡᠭᠦᠳᠬᠦ ᠪᠠᠷ | ᠡᠯ᠎ᠡ ᠠᠵᠦ ᠤᠶᠢᠯᠡᠰ ᠤᠨ ᠬᠦᠭᠵᠢᠯᠳᠡ ᠶᠢ ᠬᠦᠳᠦᠯᠦᠨ ᠶᠠᠪᠤᠭᠳᠠᠭᠤᠯᠤᠨ᠎ᠠ᠃ ︽ ᠵᠤᠭᠠᠴᠠᠯ+ ᠲᠠᠷᠢᠶᠠᠯᠠᠩ ᠮᠠᠯ | ᠠᠵᠦ ᠠᠬᠤᠢ︾᠂ ᠠᠮᠢ ᠠᠬᠤᠢ ᠶᠢᠨ ᠲᠠᠷᠢᠶᠠᠯᠠᠩ᠂ ᠦᠵᠡᠭᠦᠯᠦᠯᠭᠡ ᠶᠢᠨ ᠲᠠᠷᠢᠶᠠᠯᠠᠩ᠂ ᠪᠤᠯᠪᠠᠰᠤᠷᠠᠭᠤᠯᠤᠨ | ᠤᠶᠢᠯᠡᠳᠪᠤᠷᠢᠯᠡᠬᠦ ᠮᠠᠯ ᠠᠵᠦ ᠠᠬᠤᠢ ᠶᠢ ᠬᠦᠴᠦᠯᠡᠨ ᠬᠦᠭᠵᠢᠭᠦᠯᠵᠦ᠂ ᠬᠢᠳᠡᠳ ᠡᠮ ᠤᠨ ᠮᠠᠲ᠋ᠧᠷᠢᠶᠠᠯ ᠪᠠ ᠲᠡᠵᠢᠭᠡᠯ | ᠡᠪᠡᠰᠦ ᠪᠤᠷᠳᠤᠭ᠎ᠠ ᠶᠢᠨ ᠲᠠᠷᠢᠵᠦ ᠤᠶᠢᠵᠢᠭᠤᠯᠬᠤ ᠪᠤᠯᠪᠠᠰᠤᠷᠠᠭᠤᠯᠬᠤ ᠶᠢ ᠦᠷᠭᠡᠳᠭᠡᠨ᠎ᠡ᠃ ᠪᠠᠷᠢᠮᠵᠢᠶᠠᠵᠢᠭᠤᠯᠤᠭᠰᠠᠨ | ᠤᠶᠢᠯᠡᠳᠪᠤᠷᠢᠯᠡᠯ ᠤᠨ ᠰᠠᠭᠤᠷᠢᠨ ᠭᠠᠵᠠᠷ ᠢ ᠬᠦᠭᠵᠢᠭᠦᠯᠦᠨ᠂ ᠬᠠᠢ ᠭᠤᠤ ᠮᠠᠯᠵᠢᠯ ᠤᠨ ᠤᠶᠢᠯᠡᠰ᠂ ᠱᠢ ᠵᠢᠢ ᠠᠮᠦ | ᠪᠤᠳᠠᠭᠠᠨ ᠤ ᠬᠤᠳᠠᠯᠳᠤᠭ᠎ᠠ ᠵᠡᠷᠭᠡ ᠲᠤᠯᠤᠭᠠᠶᠢᠯᠠᠭᠴᠢ ᠠᠵᠦ ᠠᠬᠤᠶᠢᠯᠠᠯ ᠢ ᠬᠠᠪᠰᠤᠷᠤᠨ ᠳᠡᠳᠭᠦᠨ ᠰᠠᠶᠢᠳᠤᠷ | ᠬᠢᠨ᠎ᠡ᠃ ︽ ᠵᠤᠭᠠᠴᠠᠯ+ ᠠᠵᠦ ᠤᠶᠢᠯᠡᠳᠪᠤᠷᠢ︾ ᠬᠤᠩ ᠮᠤᠤ ᠤᠯᠤᠰ ᠤᠨ ᠡᠮ ᠤᠨ ᠠᠵᠦ ᠤᠶᠢᠯᠡᠰ ᠤᠨ | ᠬᠦᠷᠢᠶᠡᠯᠡᠩ ᠲᠤᠭᠤᠷᠢᠭ᠂ ᠬᠤᠩ ᠮᠤᠤ ᠰᠤᠶᠤᠯ ᠤᠨ ᠲᠡᠯᠭᠡᠨ ᠦᠵᠡᠭᠦᠯᠦᠯᠭᠡ ᠶᠢᠨ ᠤᠷᠳᠤᠨ ᠢᠶᠠᠷ | ᠲᠦᠯᠦᠭᠡᠯᠡᠭᠦᠯᠦᠭᠰᠡᠨ ᠵᠢᠱᠢᠶ᠎ᠡ ᠦᠵᠡᠭᠦᠯᠬᠦ ᠴᠢᠭ᠋ ᠤᠨ ᠪᠦᠳᠦᠭᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠲᠦᠯᠬᠢᠨ | ᠠᠬᠢᠭᠤᠯᠤᠨ᠎ᠠ᠃ ᠪᠦᠳᠦᠭᠡᠨ ᠪᠠᠶᠢᠭᠤᠯᠤᠭᠰᠠᠨ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠠᠰᠢᠭᠯᠠᠯᠳᠠ ᠳᠤ | ᠤᠷᠤᠭᠤᠯᠵᠤ᠂10 ᠬᠤᠩ ᠮᠤᠤ ᠪᠤᠷᠤᠯᠠᠭᠤᠯᠤᠨ ᠬᠤᠳᠠᠯᠳᠤᠬᠤ ᠬᠤᠪᠢᠶᠠᠷᠢ ᠺᠤᠮᠫᠠᠨᠢ ᠶᠢ ᠤᠷᠢᠨ ᠤᠷᠤᠭᠤᠯᠵᠤ᠂ | ᠬᠤᠩ ᠮᠤᠤ ᠶᠢᠨ ᠨᠡᠷ᠎ᠡ ᠲᠡᠮᠳᠡᠭᠳᠦ ᠶᠢᠨ ᠤᠶᠢᠯᠡᠳᠦᠯᠴᠡᠯ ᠪᠤᠯᠤᠨ ᠰᠢᠶᠠᠨ ᠤ ᠬᠠᠷᠢᠶᠠᠨ ᠳᠠᠬᠢ ᠠᠵᠦ ᠠᠬᠤᠢ | ᠵᠤᠭᠠᠴᠠᠯ ᠤᠨ ᠠᠵᠦ ᠤᠶᠢᠯᠡᠰ ᠤᠨ ᠤᠯᠠᠨ ᠲᠠᠪᠬᠤᠷᠭᠠᠳᠤ ᠠᠬᠢᠭᠤᠯᠬᠤ ᠤᠶᠢᠯᠡᠳᠤᠯ ᠢ ᠪᠡᠶᠡᠯᠡᠭᠦᠯᠦᠨ᠎ᠡ᠃ | 2022 ᠤᠨ ᠪᠤᠯᠬᠤ ᠳᠤ ᠬᠤᠩ ᠮᠤᠤ ᠡᠮ ᠤᠨ ᠠᠷᠢᠬᠢ ᠶᠢᠨ ᠵᠠᠬ᠎ᠠ ᠲᠡᠯᠭᠡᠭᠦᠷ ᠳᠠᠬᠢ ᠵᠢᠵᠢᠭᠯᠡᠨ | ᠪᠤᠷᠤᠯᠠᠭᠤᠯᠬᠤ ᠵᠠᠭᠪᠤᠷ ᠢ150 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠮᠧᠩ ᠳ᠋ᠢ ᠰᠦ ᠶᠢᠨ ᠤᠶᠢᠯᠡᠰ᠂ ᠱᠢ | ᠵᠢᠢ ᠠᠮᠦ ᠪᠤᠳᠠᠭᠠᠨ ᠤ ᠬᠤᠳᠠᠯᠳᠤᠭ᠎ᠠ ᠪᠡᠶ᠎ᠡ ᠪᠠᠷ ᠢᠶᠠᠨ ᠤᠷᠤᠯᠴᠠᠬᠤ ᠲᠤᠭᠤᠷᠢᠨ ᠦᠵᠡᠭᠦᠯᠦᠯᠭᠡ ᠶᠢ ᠬᠦᠭᠵᠢᠭᠦᠯᠦᠨ᠂ | ᠠᠵᠦ ᠤᠶᠢᠯᠡᠰ ᠪᠤᠯᠤᠨ ᠵᠤᠭᠠᠴᠠᠯ ᠤᠨ ᠠᠰᠢᠭᠳᠠᠢ ᠬᠤᠯᠪᠤᠯᠴᠠᠯ ᠢ ᠪᠡᠶᠡᠯᠡᠭᠦᠯᠦᠨ᠂ ᠵᠤᠭᠠᠴᠠᠯ ᠤᠨ ᠰᠢᠨ᠎ᠡ ᠠᠵᠦ | ᠤᠶᠢᠯᠡᠰ ᠢ ᠦᠷᠭᠡᠳᠭᠡᠨ ᠬᠦᠭᠵᠢᠭᠦᠯᠦᠨ᠎ᠡ᠃ ︽ ᠵᠤᠭᠠᠴᠠᠯ+ ᠤᠶᠢᠯᠡᠴᠢᠯᠡᠭᠡ︾᠂ ︽ ᠢᠨᠲ᠋ᠧᠷ ᠰᠦᠯᠵᠢᠶ᠎ᠡ + | ᠭᠦᠢᠯᠭᠡᠭᠡ +ᠤᠶᠢᠯᠡᠴᠢᠯᠡᠭᠡ︾ ᠶᠢᠨ ᠰᠢᠨ᠎ᠡ ᠵᠠᠭᠪᠤᠷ ᠢ ᠦᠷᠭᠡᠳᠭᠡᠨ᠂2 ᠬᠤᠳᠠᠯᠳᠤᠭ᠎ᠠ ᠠᠷᠠᠯᠵᠢᠶᠠᠨ ᠤ ᠪᠤᠳᠠᠰ ᠤᠨ | ᠭᠦᠢᠯᠭᠡᠭᠡᠨ ᠤ ᠵᠠᠬ᠎ᠠ ᠲᠡᠯᠭᠡᠭᠦᠷ ᠪᠠᠶᠢᠭᠤᠯᠤᠨ᠂ ᠱᠢ ᠵᠢᠢ ᠠᠮᠦ ᠪᠤᠳᠠᠭᠠᠨ ᠤ ᠬᠤᠳᠠᠯᠳᠤᠭ᠎ᠠ᠂ ᠬᠤᠩ ᠮᠤᠤ | ᠤᠯᠤᠰ ᠤᠨ ᠡᠮ ᠵᠡᠷᠭᠡ ᠡᠯᠧᠺᠲᠷᠤᠨ ᠬᠤᠳᠠᠯᠳᠤᠭᠠᠨ ᠤ ᠲᠠᠪᠴᠠᠩ ᠪᠤᠯᠤᠨ ᠬᠦᠳᠡᠭᠡ ᠲᠤᠰᠬᠤᠨ ᠤ ᠡᠯᠧᠺᠲᠷᠤᠨ | ᠬᠤᠳᠠᠯᠳᠤᠭᠠᠨ ᠤ ᠰᠢᠰᠲ᠋ᠧᠮ ᠢ ᠲᠡᠭᠦᠯᠳᠡᠷᠵᠢᠭᠦᠯᠵᠦ᠂ ᠤᠳᠠᠰᠤᠨ ᠠᠴᠠ ᠲᠡᠭᠡᠭᠰᠢ ᠪᠤᠷᠤᠯᠠᠭᠤᠯᠤᠨ ᠬᠤᠳᠠᠯᠳᠤᠬᠤ | ᠵᠤᠭᠤᠰ ᠢ 3 ᠳ᠋ᠦᠩᠰᠢᠭᠤᠷ ᠲᠦᠭᠦᠷᠢᠭ ᠲᠤ ᠬᠦᠷᠭᠡᠨ᠎ᠡ᠃5 ᠤᠳᠤᠨ ᠳᠡᠰ ᠤᠨ ᠪᠠᠭᠤᠳᠠᠯ ᠢ ᠰᠢᠨ᠎ᠡ ᠪᠠᠷ | ᠪᠠᠶᠢᠭᠤᠯᠤᠨ᠎ᠠ᠃ ︽ ᠵᠤᠭᠠᠴᠠᠯ+ ᠨᠡᠷ᠎ᠡ ᠳᠡᠮᠳᠡᠭᠳᠦ ᠶᠢ ᠤᠬᠠᠭᠤᠯᠬᠤ︾ ᠳᠡᠤᠬᠡ ᠰᠤᠶᠤᠯ᠂ ᠬᠤᠪᠢᠰᠬᠠᠯ ᠤᠨ | ᠰᠤᠶᠤᠯ᠂ ᠵᠠᠩ ᠵᠠᠩᠰᠢᠯ ᠤᠨ ᠰᠤᠶᠤᠯ ᠵᠡᠷᠭᠡ ᠵᠤᠭᠠᠴᠠᠯ ᠰᠤᠶᠤᠯ ᠤᠨ ᠡᠬᠢ ᠪᠠᠶᠠᠯᠢᠭ ᠢ ᠭᠦᠨ ᠬᠦᠨᠵᠡᠭᠡᠢ | ᠢᠯᠡᠷᠡᠭᠦᠯᠦᠨ᠂ ᠪᠦᠬᠦ ᠤᠷᠤᠨ ᠪᠠᠶᠢᠷᠢ ᠶᠢᠨ ᠪᠡᠶᠡᠳᠤ ᠬᠡᠯᠪᠡᠷᠢ ᠪᠠᠷ ᠪᠤᠷᠤᠯᠠᠭᠤᠯᠤᠨ ᠲᠠᠨᠢᠯᠴᠠᠭᠤᠯᠤᠨ᠂ ︽ | ᠲᠠᠭ᠎ᠠ ᠶᠢᠨ ᠨᠠᠭᠤᠷ ᠤᠨ ᠠᠷᠢᠭᠤᠨ ᠭᠠᠯ︾᠂ ︽ ᠲᠠᠭ᠎ᠠ ᠶᠢᠨ ᠨᠠᠭᠤᠷ ᠤᠨ ᠵᠤᠨ︾ ᠰᠤᠶᠤᠯ ᠵᠤᠭᠠᠴᠠᠯ ᠤᠨ ᠨᠡᠶᠢᠷ᠂ | ᠬᠤᠸᠠᠷ ᠴᠡᠴᠡᠭ ᠤᠨ ᠨᠠᠶᠢᠷ ᠵᠡᠷᠭᠡ ᠴᠢᠬᠤᠯᠠ ᠶᠡᠭᠡ ᠨᠠᠶᠢᠷ ᠨᠠᠭᠠᠳᠤᠮ ᠤᠨ ᠠᠵᠢᠯᠯᠠᠭ᠎ᠠ ᠶᠢ ᠰᠠᠶᠢᠳᠤᠷ ᠦᠷᠨᠢᠭᠦᠯᠦᠨ᠎ᠡ᠃ | ᠭᠤᠤᠯ ᠨᠢ ᠤᠶᠢᠷ᠎ᠡ ᠤᠷᠴᠢᠮ ᠤᠨ ᠵᠤᠴᠢᠳ ᠤᠨ ᠡᠬᠢ ᠪᠠᠶᠠᠯᠢᠭ ᠤᠨ ᠵᠠᠬ᠎ᠠ ᠲᠡᠯᠭᠡᠭᠦᠷ ᠲᠤ ᠴᠢᠭᠯᠡᠭᠦᠯᠦᠨ᠂ ︽ | ᠭᠠᠷᠠᠭ ᠤᠨ ᠰᠡᠭᠦᠯᠴᠢ ᠶᠢᠨ ᠯᠢᠶᠠᠩᠴᠧᠩ ᠤᠨ ᠵᠤᠭᠠᠴᠠᠯ︾ ᠭᠡᠬᠦ ᠰᠢᠯᠢᠳᠡᠭ ᠵᠠᠮ ᠱᠤᠭᠤᠮ ᠢ ᠡᠭᠦᠳᠴᠦ᠂ ᠫᠠᠶᠢᠰᠠ | ᠤᠬᠠᠭᠤᠯᠤᠯ ᠬᠢᠵᠦ᠂ ᠪᠡᠶ᠎ᠡ ᠪᠠᠷ ᠢᠶᠠᠨ ᠤᠷᠤᠯᠴᠠᠬᠤ ᠰᠤᠶᠤᠯ ᠢ ᠰᠠᠶᠢᠳᠤᠷ ᠬᠢᠵᠦ ᠂ ᠯᠢᠶᠠᠩᠴᠧᠩ ᠤᠨ | ᠵᠤᠭᠠᠴᠠᠯ ᠤᠨ ᠲᠦᠷᠢ ᠲᠦᠷᠬᠦ ᠶᠢ ᠪᠦᠬᠦ ᠲᠠᠯ᠎ᠠ ᠪᠠᠷ ᠱᠤᠭᠤᠨ᠎ᠠ᠃ 2022 ᠤᠨ ᠬᠦᠷᠬᠦ ᠳᠤ᠂ ᠵᠤᠭᠠᠴᠠᠯ ᠤᠨ | ᠤᠷᠤᠯᠭ᠎ᠠ ᠶᠢ15% ᠨᠡᠮᠡᠭᠳᠡᠭᠦᠯᠦᠨ᠂23 ᠳ᠋ᠦᠩᠰᠢᠭᠤᠷ ᠲᠦᠭᠦᠷᠢᠭ ᠲᠤ ᠬᠦᠷᠭᠡᠨ᠎ᠡ᠃ ᠭᠠᠵᠠᠷ ᠤᠷᠤᠨ ᠤ | ᠤᠶᠢᠯᠡᠳᠪᠤᠷᠢᠯᠡᠯ ᠤᠨ ᠶᠡᠷᠦᠩᠬᠡᠢ ᠦᠷᠳᠡᠭ ᠤᠨ 17% ᠡᠵᠡᠯᠡᠨ᠂ ᠭᠤᠷᠪᠠᠳᠤᠭᠠᠷ ᠠᠵᠦ ᠤᠶᠢᠯᠡᠰ ᠤᠨ | ᠶᠡᠷᠦᠩᠬᠡᠢ ᠬᠡᠮᠵᠢᠶᠡᠨ ᠤ1/3 ᠶᠢ ᠡᠵᠡᠯᠡᠨ᠎ᠡ᠃ ᠬᠦᠯᠢᠶᠡᠨ ᠠᠪᠴᠦ ᠵᠤᠴᠢᠯᠠᠭᠰᠠᠨ ᠵᠤᠭᠠᠴᠠᠭᠰᠠᠳ ᠤᠨ ᠬᠦᠮᠦᠨ | ᠤ ᠲᠤᠭ᠎ᠠ ᠨᠢ200 ᠲᠦᠮᠡᠨ ᠤᠳᠠᠭ᠎ᠠ ᠠᠴᠠ ᠲᠡᠭᠡᠭᠰᠢ ᠬᠦᠷᠭᠡᠵᠦ᠂ ᠵᠤᠭᠠᠴᠠᠯ ᠤᠨ ᠤᠶᠢᠯᠡᠰ ᠢ ᠡᠷᠬᠢᠯᠡᠭᠰᠡᠨ | ᠬᠦᠮᠦᠨ ᠢ 1 ᠲᠦᠮᠡ ᠳᠤ ᠬᠦᠷᠭᠡᠵᠦ᠂ 3 ᠲᠦᠮᠡᠨ ᠤᠷᠴᠢᠮ ᠤᠨ ᠬᠦᠮᠦᠨ ᠤ ᠠᠵᠢᠯ ᠤᠯᠭᠤᠯᠳᠠ ᠶᠢ | ᠲᠠᠶᠢᠴᠢᠯᠠᠨ ᠲᠠᠭᠠᠭᠤᠯᠤᠨ᠎ᠠ᠃ | ᠲᠦᠷᠪᠡ᠂ ᠠᠷᠠᠳ ᠤᠨ ᠠᠮᠢᠳᠤᠷᠠᠯ ᠢ ᠲᠤᠪᠤᠶᠢᠮ᠎ᠠ ᠪᠠᠶᠢᠷᠢᠨ ᠳᠤ ᠲᠠᠯᠪᠢᠨ᠂ ᠠᠷᠠᠳ ᠲᠦᠮᠡᠨ ᠳᠤ | ᠬᠦᠭᠵᠢᠯᠳᠡ ᠶᠢᠨ ᠦᠷ᠎ᠡ ᠪᠦᠳᠦᠭᠡᠯ ᠢ ᠬᠠᠮᠳᠤ ᠪᠠᠷ ᠡᠳ᠋ᠯᠡᠭᠦᠯᠦᠨ᠎ᠡ᠃ | ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠮᠡᠳᠡᠭᠦᠯᠦᠯᠳᠡ ᠳᠤ ᠵᠢᠭᠠᠨ ᠭᠠᠷᠭᠠᠭᠰᠠᠨ ᠨᠢ᠄ ᠠᠷᠠᠳ | ᠤᠨ ᠠᠮᠢᠳᠤᠷᠠᠯ ᠳᠤ ᠬᠡᠰᠢᠭ ᠪᠤᠶᠠᠨ ᠬᠦᠷᠳᠡᠭᠡᠬᠦ ᠪᠤᠯ ᠬᠦᠭᠵᠢᠯᠳᠡ ᠶᠢᠨ ᠦᠨᠳᠦᠰᠦᠨ ᠬᠠᠷᠠᠯᠳᠠ ᠮᠦᠨ᠃ ᠠᠷᠠᠳ | ᠤᠨ ᠠᠮᠢᠳᠤᠷᠠᠯ ᠤᠨ ᠠᠰᠢᠭ ᠲᠤᠰᠠ ᠠᠴᠠ ᠡᠭᠦᠰᠴᠦ ᠢᠯᠡᠭᠦᠦ ᠪᠤᠳᠤᠯᠬᠢᠯᠡᠨ᠂ ᠠᠷᠠᠳ ᠤᠨ ᠠᠮᠢᠳᠤᠷᠠᠯ ᠤᠨ | ᠬᠦᠴᠢᠷ ᠵᠤᠪᠠᠭᠤᠷᠢ ᠠᠴᠠ ᠡᠭᠦᠰᠤᠨ ᠢᠯᠡᠭᠦᠦ ᠰᠢᠢᠳᠪᠤᠷᠢᠯᠡᠵᠦ᠂ ᠬᠦᠭᠵᠢᠯᠳᠡ ᠶᠢᠨ ᠲᠤᠮᠳᠠᠬᠢᠠᠷᠠᠳ ᠤᠨ | ᠠᠮᠢᠳᠤᠷᠠᠯ ᠤᠨ ᠲᠤᠳᠠᠭᠤᠳᠠᠯ ᠢ ᠨᠦᠬᠦᠪᠦᠷᠢᠯᠡᠨ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠳᠠ ᠦᠭᠡᠢ ᠬᠠᠩᠭᠠᠨ᠎ᠠ᠃ | ᠰᠤᠷᠭᠠᠨ ᠬᠦᠮᠦᠵᠢᠯ ᠤᠨ ᠤᠶᠢᠯᠡᠰ ᠢ ᠡᠩ ᠲᠡᠷᠢᠭᠦᠨ ᠳᠤ ᠬᠦᠭᠵᠢᠭᠦᠯᠦᠨ᠎ᠡ᠃ ᠶᠤᠰᠤ ᠰᠤᠷᠳᠠᠬᠤᠨ ᠢᠶᠠᠷ | ᠬᠦᠮᠦᠨ ᠬᠦᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠰᠤᠷᠭᠠᠨ ᠬᠦᠮᠦᠵᠢᠯ | ᠤᠨ ᠠᠵᠢᠯ ᠤᠶᠢᠯᠡᠰ ᠢ ᠳᠡᠳᠭᠦᠨ ᠭᠦᠭᠵᠢᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠢ | ᠬᠦᠭᠵᠢᠭᠦᠯᠵᠦ᠂ ᠴᠡᠴᠡᠷᠯᠢᠭ ᠲᠤ ᠡᠯᠰᠡᠭᠳᠡᠬᠦ ᠨᠤᠷᠮ᠎ᠠ ᠶᠢ 98% ᠳᠤ ᠬᠦᠷᠭᠡᠨ᠎ᠡ᠃ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠲᠡᠩᠴᠡᠭᠦᠷᠡᠰᠢᠭᠦᠯᠵᠦ ᠬᠦᠭᠵᠢᠬᠦᠯᠬᠦ ᠶᠢ ᠢᠳᠡᠪᠬᠢᠳᠠᠢ ᠬᠡᠷᠡᠭᠵᠢᠭᠦᠯᠵᠤ ᠪᠠᠭᠤᠷᠠᠢ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠦᠷᠬᠦᠯᠵᠢᠯᠡᠨ ᠰᠠᠶᠢᠵᠢᠷᠠᠭᠤᠯᠵᠤ᠂ ᠰᠤᠷᠭᠠᠭᠤᠯᠢ ᠡᠷᠬᠢᠯᠡᠬᠦ | ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠎ᠡ᠃ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠢ ᠲᠦᠷᠢᠮᠵᠢᠭᠦᠯᠦᠨ | ᠠᠵᠢᠯ ᠮᠡᠷᠭᠡᠵᠢᠯ ᠤᠨ ᠰᠤᠷᠭᠠᠨ ᠬᠦᠮᠦᠵᠢᠯ ᠢ ᠲᠦᠷᠭᠡᠳᠭᠡᠨ ᠬᠦᠭᠵᠢᠬᠦᠯᠦᠨ᠎ᠡ᠃ ᠪᠠᠭᠰᠢ ᠶᠢᠨ ᠦᠷ᠎ᠡ ᠪᠦᠳᠦᠮᠵᠢ | ᠶᠢᠨ ᠦᠭᠡᠷᠡᠴᠢᠯᠡᠯᠳᠡ ᠶᠢ ᠦᠷᠬᠦᠯᠵᠢᠯᠡᠨ ᠭᠦᠨᠵᠡᠭᠡᠶᠢᠷᠡᠭᠦᠯᠵᠤ᠂ ᠪᠠᠭᠰᠢᠨᠠᠷ ᠢ ᠤᠷᠢᠨ ᠡᠯᠰᠡᠬᠦ ᠬᠠᠮᠢᠶᠠᠷᠤᠯᠳᠠ ᠤᠨ | ᠲᠦᠷᠢᠮ ᠪᠤᠯᠤᠨ ᠬᠤᠳᠠ ᠰᠢᠶᠠᠩ ᠬᠠᠷᠢᠯᠴᠠᠨ ᠠᠭᠤᠰᠤᠯᠳᠤᠭᠤᠯᠬᠤ ᠲᠦᠷᠢᠮ ᠢ ᠪᠦᠷᠢᠨᠰᠢᠭᠦᠯᠦᠨ ᠪᠠᠶᠢᠭᠤᠯᠵᠤ᠂ | ᠪᠠᠭᠰᠢ ᠶᠢᠨ ᠡᠬᠢ ᠪᠠᠶᠠᠯᠢᠭ ᠤᠨ ᠰᠢᠯᠢᠳᠡᠭᠵᠢᠭᠦᠯᠦᠨ ᠲᠤᠬᠢᠷᠠᠭᠤᠯᠤᠯᠳᠠ ᠶᠢ ᠠᠭᠠᠵᠢᠮ ᠢᠶᠠᠷ ᠪᠡᠶᠡᠯᠡᠭᠦᠯᠦᠨ᠎ᠡ᠃ | 2022 ᠤᠨ ᠪᠤᠯᠳᠠᠯ᠎ᠠ᠂ ᠪᠦᠬᠦ ᠰᠢᠶᠠᠨ ᠤ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢ ᠦᠨᠳᠦᠰᠦᠨ | ᠳᠡᠭᠡᠨ ᠪᠡᠶᠡᠯᠡᠭᠦᠯᠵᠦ᠂ ᠪᠦᠬᠦ ᠠᠷᠠᠳ ᠲᠤ ᠠᠰᠢᠭ ᠲᠠᠢ ᠡᠷᠬᠡ ᠳᠡᠭᠰᠢ ᠰᠤᠷᠭᠠᠨ ᠬᠦᠮᠦᠵᠢᠯ ᠢ ᠪᠦᠳᠦᠭᠡᠨ | ᠪᠠᠶᠢᠭᠤᠯᠤᠨ᠎ᠠ᠃ ᠪᠦᠬᠦ ᠰᠢᠶᠠᠨ ᠤ ᠦᠷᠭᠡᠨ ᠤᠯᠠᠨ ᠪᠠᠭᠰᠢ ᠠᠵᠢᠯᠳᠠᠨ ᠤ ᠨᠤᠭᠤᠷᠠᠰᠢ ᠦᠭᠡᠢ ᠴᠢᠷᠮᠠᠶᠢᠯᠭ᠎ᠠ ᠪᠠᠷ | ᠲᠠᠮᠵᠢᠨ ᠯᠢᠶᠠᠩᠴᠧᠩ ᠤᠨ ᠰᠤᠷᠭᠠᠨ ᠬᠦᠮᠦᠵᠢᠯ ᠢ ᠰᠢᠨ᠎ᠡ ᠨᠢᠭᠡᠨ ᠲᠦᠪᠰᠢᠨ ᠳᠤ ᠬᠦᠷᠭᠡᠵᠦ᠂ ᠨᠡᠩ ᠤᠯᠠᠨ | ᠲᠤᠭᠠᠨ ᠤ ᠬᠤᠳᠠ ᠪᠠᠯᠭᠠᠰᠤ ᠶᠢᠨ ᠭᠡᠷ ᠡᠷᠦᠬᠡ ᠶᠢᠨ ᠬᠡᠤᠬᠡᠳ ᠤᠳ ᠯᠢᠶᠠᠩᠴᠧᠩ ᠳᠤ ᠰᠤᠷᠭᠠᠭᠤᠯᠢ ᠰᠠᠭᠤᠵᠤ | ᠪᠢᠴᠢᠭ ᠦᠵᠡᠨ ᠦᠪᠡᠷ ᠤᠨ ᠰᠠᠨᠠᠭᠰᠠᠨ ᠬᠦᠰᠡᠭᠰᠡᠨ ᠰᠤᠷᠭᠠᠭᠤᠯᠢ ᠳᠠᠭᠠᠨ ᠰᠢᠯᠭᠠᠨ ᠤᠷᠤᠬᠤ ᠶᠢ ᠬᠦᠳᠦᠯᠦᠨ | ᠤᠷᠮᠠᠰᠢᠭᠤᠯᠤᠨ᠎ᠠ᠃ | ᠨᠡᠩ ᠢᠳᠡᠪᠬᠢᠳᠠᠢ ᠠᠵᠢᠯ ᠤᠯᠭᠤᠯᠳᠠ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠨ᠎ᠡ᠃ ︽ | ᠢᠨᠲ᠋ᠧᠷ ᠰᠦᠯᠵᠢᠶ᠎ᠡ+︾ ᠶᠢ ᠤᠷᠮᠠᠰᠢᠭᠤᠯᠤᠨ ᠬᠦᠭᠵᠢᠬᠦᠯᠵᠦ᠂ ︽ ᠤᠯᠠᠨ ᠢᠶᠠᠷ ᠢᠶᠠᠨ ᠤᠶᠢᠯᠡᠰ ᠪᠤᠰᠬᠠᠬᠤ | ᠲᠦᠮᠡᠨ ᠢᠶᠠᠷ ᠢᠶᠠᠨ ᠰᠢᠨ᠎ᠡ ᠶᠢ ᠡᠭᠦᠳᠬᠦ︾ ᠠᠮᠢᠵᠢᠷᠠᠯ ᠤᠨ ᠬᠦᠴᠦᠨ ᠢ ᠬᠦᠭᠵᠢᠭᠡᠨ᠂ ᠠᠵᠢᠯ ᠤᠯᠭᠤᠬᠤ | ᠤᠶᠢᠯᠡᠰ ᠪᠤᠰᠬᠠᠬᠤ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠎ᠡ᠃ ᠠᠵᠢᠯ ᠤᠯᠭᠤᠯᠳᠠ ᠶᠢᠨ ᠴᠢᠳᠠᠪᠤᠷᠢ ᠪᠠᠷ | ᠬᠦᠴᠦᠷᠬᠡᠭ ᠨᠡᠶᠢᠭᠡᠮ ᠤᠨ ᠤᠶᠢᠯᠡᠴᠢᠯᠡᠭᠡᠨ ᠤ ᠤᠶᠢᠯᠡᠰ ᠪᠠ ᠬᠦᠳᠡᠯᠮᠤᠷᠢ ᠨᠢᠭᠳᠠᠷᠠᠭᠰᠠᠨ ᠬᠡᠯᠪᠡᠷᠢ ᠶᠢᠨ ᠠᠵᠦ | ᠤᠶᠢᠯᠡᠰ ᠢ ᠤᠷᠤᠭᠤᠯᠤᠨ ᠠᠪᠴᠤ ᠭᠤᠤᠯᠴᠢᠯᠠᠨ ᠬᠦᠭᠵᠢᠭᠦᠯᠵᠦ᠂ ᠤᠶᠢᠯᠡᠰ ᠪᠤᠰᠬᠠᠬᠤ ᠠᠵᠢᠯ ᠤᠯᠭᠤᠬᠤ ᠡᠯ᠎ᠡ | ᠲᠦᠷᠦᠯ ᠤᠨ ᠬᠠᠪᠰᠤᠷᠤᠨ ᠳᠡᠳᠭᠦᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠬᠤᠪᠴᠠᠰᠤ ᠬᠤᠨᠠᠷ ᠢ | ᠤᠶᠢᠯᠡᠳᠪᠦᠷᠢᠯᠡᠬᠦ ᠬᠦᠷᠢᠶᠡᠯᠡᠩ ᠲᠤᠭᠤᠷᠢᠭ ᠢ ᠪᠠᠶᠢᠭᠤᠯᠬᠤ ᠪᠠᠷ ᠲᠠᠮᠵᠢᠭᠤᠯᠤᠨ᠂ ᠬᠤᠩ ᠮᠤᠤ᠂ ᠬᠠᠢ ᠭᠤᠤ ᠵᠡᠷᠭᠡ | ᠲᠤᠯᠤᠭᠠᠶᠢᠯᠠᠭᠴᠢ ᠠᠵᠦ ᠠᠬᠤᠶᠢᠯᠠᠯ ᠢ ᠤᠷᠤᠭᠤᠯᠤᠨ ᠠᠪᠴᠦ᠂ ᠢᠳᠡᠭᠡᠨ ᠤᠮᠳᠠᠭᠠᠨ ᠤ ᠤᠶᠢᠯᠡᠴᠢᠯᠡᠭᠡᠨ ᠤ ᠤᠶᠢᠯᠡᠰ᠂ | ᠨᠡᠶᠢᠳᠡ ᠶᠢᠨ ᠠᠰᠠᠷᠠᠮᠵᠢ ᠶᠢᠨ ᠪᠠᠶᠢᠷᠢ ᠳᠠᠬᠢ ᠬᠦᠳᠡᠯᠮᠦᠷᠢ ᠤᠶᠢᠯᠡᠴᠢᠯᠡᠭᠡᠨ ᠤ ᠭᠠᠷᠭᠠᠯᠭ᠎ᠠ᠂ ᠭᠤᠤᠯ ᠨᠢ ᠤᠨᠳᠤᠤ | ᠭᠠᠵᠠᠷ ᠲᠤ ᠨᠡᠭᠦᠯᠭᠡᠬᠦ ᠠᠷᠠᠳ ᠪᠤᠯᠤᠨ ᠦᠯᠡᠭᠦᠦ ᠬᠦᠳᠡᠯᠮᠦᠷᠢ ᠬᠦᠴᠦᠨ ᠤ ᠠᠵᠢᠯ ᠤᠯᠭᠤᠯᠳᠠ ᠶᠢᠨ ᠠᠰᠠᠭᠤᠳᠠᠯ ᠢ | ᠰᠢᠢᠳᠪᠤᠷᠢᠯᠡᠨ᠎ᠡ᠃2022ᠤᠨ ᠪᠤᠯᠬᠤ ᠳᠤ᠂ ᠠᠵᠢᠯ ᠤᠯᠭᠤᠯᠳᠠ ᠶᠢᠨ ᠬᠦᠮᠦᠨ ᠤ ᠲᠤᠭ᠎ᠠ ᠶᠢ 5000 ᠬᠦᠮᠦᠨ | ᠨᠡᠮᠡᠭᠳᠡᠭᠦᠯᠦᠨ᠂ 2 ᠲᠦᠮᠡᠨ ᠬᠦᠮᠦᠨ ︵ᠤᠳᠠᠭ᠎ᠠ︶ ᠤ ᠪᠤᠯᠪᠠᠰᠤᠷᠠᠯ ᠢ ᠲᠠᠭᠤᠰᠬᠠᠨ᠂ ᠠᠵᠢᠯ ᠤᠯᠭᠤᠯᠳᠠ ᠶᠢᠨ | ᠲᠤᠷ᠎ᠠ ᠬᠦᠰᠡᠯ ᠲᠠᠢ ᠬᠦᠮᠦᠨ ᠢ ᠪᠦᠬᠦᠨ ᠢ ᠠᠵᠢᠯ ᠤᠯᠭᠤᠵᠤ ᠦᠭᠬᠦ ᠬᠠᠷᠠᠯᠳᠠ ᠶᠢ ᠪᠡᠶᠡᠯᠡᠭᠦᠯᠦᠨ᠎ᠡ᠃ | ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠨᠡᠶᠢᠭᠡᠮ ᠤᠨ | ᠲᠠᠭᠠᠳᠬᠠᠯ᠂ ᠬᠤᠳᠠ ᠬᠦᠳᠡᠭᠡ ᠶᠢᠨ ᠲᠤᠤᠷ᠎ᠠ ᠪᠠᠳᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠳᠠ ᠲᠠᠢ ᠵᠤᠯᠭᠠᠯᠴᠠᠨ | ᠬᠤᠯᠪᠤᠯᠳᠤᠭᠰᠠᠨ ᠬᠤᠳᠠ ᠬᠦᠳᠡᠭᠡ ᠶᠢᠨ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠤᠯᠠᠮ ᠨᠢᠭᠡ ᠠᠯᠬᠤᠮ | ᠳᠡᠭᠦᠯᠳᠡᠷᠵᠢᠭᠦᠯᠦᠨ᠂ ᠠᠷᠠᠳ ᠤᠨ ᠠᠮᠢᠳᠤᠷᠠᠯ ᠤᠨ ᠪᠠᠳᠤᠯᠠᠭᠠᠳᠤ ᠲᠤᠤᠷ ᠢ ᠨᠡᠩ ᠨᠢᠭᠳᠠ ᠪᠤᠯᠭᠠᠨ᠎ᠠ᠃ ︽ ᠪᠦᠬᠦ | ᠠᠷᠠᠳ ᠤᠨ ᠲᠠᠭᠠᠳᠬᠠᠯ ᠳᠤ ᠤᠷᠤᠯᠴᠠᠬᠤ ᠲᠦᠯᠦᠪᠯᠡᠭᠡ︾ ᠶᠢ ᠭᠦᠨᠵᠡᠭᠡᠢ ᠬᠡᠷᠡᠭᠵᠢᠭᠦᠯᠦᠨ᠂ ᠨᠡᠶᠢᠭᠡᠮ ᠤᠨ | ᠪᠠᠳᠤᠯᠠᠭ᠎ᠠ ᠶᠢ ᠦᠷᠭᠡᠳᠭᠡᠭᠰᠡᠨ ᠵᠤᠭᠤᠰ ᠲᠠᠳᠠᠪᠤᠷᠢᠯᠠᠬᠤ ᠪᠤᠯᠤᠨ ᠬᠦᠳᠡᠯᠮᠦᠷᠢ ᠶᠢᠨ ᠠᠵᠢᠯᠴᠢᠨ ᠢ ᠬᠡᠷᠡᠭᠯᠡᠬᠦ | ᠲᠠᠩᠰᠠ ᠳᠤ ᠲᠡᠮᠳᠡᠭᠯᠡᠬᠦ ᠲᠤᠭᠳᠠᠯᠴᠠᠭ᠎ᠠ ᠶᠢ ᠪᠦᠷᠢᠨᠰᠢᠭᠦᠯᠦᠨ᠎ᠡ᠃ ᠬᠦᠮᠦᠨ ᠠᠮᠠ ᠶᠢᠨ ᠦᠳᠡᠯᠦᠭᠡ ᠨᠠᠰᠤᠨ ᠤ | ᠬᠠᠨᠳᠤᠰᠢ ᠶᠢ ᠢᠳᠡᠪᠬᠢᠳᠠᠢ ᠬᠢᠵᠠᠭᠠᠷᠯᠠᠨ᠂ ᠬᠦᠳᠡᠯᠮᠦᠷᠢ ᠬᠦᠴᠦᠨ ᠢ ᠠᠯᠳᠠᠭᠰᠠᠨ ᠬᠦᠮᠦᠰ ᠲᠤ ᠪᠦᠬᠦ ᠲᠠᠯ᠎ᠠ ᠶᠢᠨ | ᠨᠡᠶᠢᠭᠡᠮ ᠤᠨ ᠪᠠᠳᠤᠯᠠᠭ᠎ᠠ ᠶᠢ ᠬᠡᠷᠡᠭᠵᠢᠭᠦᠯᠦᠨ᠎ᠡ᠃ ᠬᠤᠳᠠ ᠪᠠᠯᠭᠠᠰᠤ ᠶᠢᠨ ᠨᠠᠰᠤᠳᠠᠨ ᠢ ᠰᠤᠪᠢᠯᠠᠨ ᠠᠰᠠᠷᠠᠬᠤ | ᠭᠠᠵᠠᠷ ᠢ ᠰᠢᠨ᠎ᠡ ᠪᠠᠷ ᠪᠠᠶᠢᠭᠤᠯᠤᠨ᠂ ᠠᠨ ᠱᠠᠨ ᠨᠠᠰᠤᠳᠠᠨ ᠢ ᠠᠰᠠᠷᠠᠬᠤ ᠭᠠᠵᠠᠷ ᠪᠤᠯᠤᠨ ᠶᠦᠩ ᠰᠢᠩ ᠨᠠᠰᠤᠳᠠᠨ ᠢ | ᠠᠰᠠᠷᠠᠬᠤ ᠭᠠᠵᠠᠷ᠂ ᠡᠮᠴᠢ ᠰᠤᠪᠢᠯᠠᠯᠳᠠ ᠶᠢ ᠤᠶᠠᠯᠳᠤᠭᠤᠯᠤᠭᠰᠠᠨ ᠲᠤᠷᠰᠢᠯᠳᠡ ᠶᠢᠨ ᠴᠢᠭ᠋ ᠤᠨ ᠠᠵᠢᠯ ᠢ | ᠡᠬᠢᠯᠡᠭᠦᠯᠦᠨ᠎ᠡ᠃ ᠪᠠᠶᠢᠭᠤᠯᠤᠯᠭ᠎ᠠ ᠠᠵᠢᠯ ᠤᠶᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠤᠨ ᠲᠦᠷᠢᠮ ᠤᠨ | ᠦᠭᠡᠷᠡᠴᠢᠯᠡᠯᠳᠡ ᠶᠢ ᠲᠦᠷᠭᠡᠳᠭᠡᠨ ᠠᠬᠢᠭᠤᠯᠵᠤ᠂ ᠲᠤᠤᠷ᠎ᠠ ᠪᠠᠳᠤᠯᠠᠭᠠᠳᠤ᠂ ᠡᠮ ᠡᠮᠨᠡᠯᠭᠡ ᠢᠶᠠᠷ ᠠᠪᠤᠷᠠᠨ ᠲᠤᠰᠠᠯᠠᠬᠤ᠂ | ᠤᠨᠴᠠ ᠬᠦᠴᠢᠷᠳᠡᠯ ᠲᠠᠢ ᠬᠦᠮᠦᠨ ᠢ ᠠᠰᠠᠷᠠᠬᠤ ᠵᠡᠷᠭᠡ ᠨᠡᠶᠢᠭᠡᠮ ᠤᠨ ᠠᠪᠤᠷᠠᠨ ᠲᠤᠰᠠᠯᠠᠯᠳᠠ ᠶᠢᠨ ᠠᠵᠢᠯ ᠢ ᠪᠦᠬᠦ | ᠲᠠᠯ᠎ᠠ ᠪᠠᠷ ᠴᠢᠩᠭᠠᠳᠬᠠᠨ᠎ᠠ᠃ ᠵᠡᠮᠳᠡᠭᠴᠦᠳ ᠢ ᠡᠷᠡᠭᠦᠯᠵᠢᠭᠦᠯᠬᠦ ᠲᠦᠪ ᠢ ᠪᠠᠶᠢᠭᠤᠯᠤᠨ᠂ ᠨᠡᠶᠢᠭᠡᠮ ᠤᠨ ᠠᠪᠤᠷᠠᠨ | ᠲᠤᠰᠠᠯᠠᠬᠤ᠂ ᠨᠢᠭᠦᠯᠡᠰᠦᠩᠭᠦᠢ ᠶᠢᠨ ᠤᠶᠢᠯᠡᠰ ᠵᠡᠷᠭᠡ ᠲᠦᠷᠢᠮ ᠢ ᠲᠡᠭᠦᠯᠳᠡᠷᠵᠢᠭᠦᠯᠦᠨ᠎ᠡ᠃ ᠠᠷᠠᠳ ᠤᠨ ᠠᠮᠦᠷ | ᠠᠮᠤᠭᠤᠯᠠᠩ ᠰᠠᠭᠤᠴᠠ ᠶᠢᠨ ᠢᠨᠵᠧᠨᠧᠷᠢᠩ ᠢ ᠬᠡᠷᠡᠭᠵᠢᠭᠦᠯᠦᠨ᠂ ᠵᠠᠰᠠᠭ ᠤᠨ ᠤᠷᠳᠤᠨ ᠤ ᠤᠳᠤᠷᠢᠳᠤᠮᠵᠢ᠂ ᠵᠠᠬ᠎ᠠ | ᠲᠡᠯᠭᠡᠭᠦᠷ ᠤᠨ ᠡᠷᠭᠢᠯᠳᠡ ᠶᠢᠨ ᠵᠠᠷᠴᠢᠮ ᠶᠤᠰᠤᠭᠠᠷ᠂3000 ᠡᠷᠤᠬᠡ ᠬᠤᠳᠠ ᠶᠢᠨ ᠲᠦᠭᠦᠮ ᠪᠦᠳᠦᠴᠡᠳᠦ ᠤᠷᠤᠨ | ᠰᠠᠭᠤᠴᠠ ᠶᠢᠨ ᠦᠭᠡᠷᠡᠴᠢᠯᠡᠨ ᠰᠢᠨᠡᠳᠭᠡᠬᠦ ᠠᠵᠢᠯ ᠢ ᠪᠡᠶᠡᠯᠡᠭᠦᠯᠦᠨ᠎ᠡ᠃ ᠬᠤᠳᠠ ᠬᠦᠳᠡᠭᠡ ᠠᠭᠤᠰᠤᠯᠴᠠᠭᠰᠠᠨ | ᠬᠦᠭᠵᠢᠯᠳᠡ᠂ ᠤᠨᠳᠤᠤ ᠭᠠᠵᠠᠷ ᠲᠤ ᠨᠡᠭᠦᠯᠭᠡᠬᠦ ᠪᠤᠯᠤᠨ ᠠᠮᠢ ᠠᠬᠤᠢ ᠶᠢᠨ ᠨᠡᠭᠦᠳᠡᠯ ᠠᠷᠠᠳ ᠲᠠᠢ ᠤᠶᠠᠯᠳᠤᠭᠤᠯᠤᠨ᠂ | ᠬᠦᠳᠡᠭᠡ ᠠᠵᠦ ᠠᠬᠤᠢ ᠶᠢᠨ ᠰᠢᠯᠵᠢᠯᠳᠡ ᠪᠠ ᠬᠦᠮᠦᠨ ᠠᠮᠠ ᠶᠢ ᠬᠤᠳᠠ ᠶᠢᠨ ᠠᠷᠠᠳ ᠪᠤᠯᠭᠠᠬᠤ ᠪᠠᠷ | ᠲᠦᠷᠭᠡᠳᠭᠡᠨ᠎ᠡ᠃ | ᠵᠦᠷᠢᠯᠢᠭ ᠵᠠᠮ ᠬᠠᠷᠢᠯᠴᠠᠭᠠᠨ ᠤ ᠲᠤᠤᠷ ᠰᠦᠯᠵᠢᠶ᠎ᠡ ᠶᠢ ᠪᠠᠶᠢᠭᠤᠯᠤᠨ᠎ᠠ᠃ ᠵᠠᠮ ᠬᠠᠷᠢᠯᠴᠠᠭ᠎ᠠ ᠪᠤᠯ ᠮᠠᠨ ᠤ | ᠰᠢᠶᠠᠨ ᠤ ᠠᠵᠦ ᠠᠬᠤᠢ ᠨᠡᠶᠢᠭᠡᠮ ᠪᠠ ᠵᠤᠭᠠᠴᠠᠯ ᠤᠶᠢᠯᠡᠰ ᠤᠨ ᠲᠦᠷᠭᠡᠨ ᠬᠦᠭᠵᠢᠯᠳᠡ ᠶᠢ ᠬᠢᠵᠠᠭᠠᠷᠯᠠᠬᠤ ᠴᠢᠬᠤᠯᠠ | ᠯᠤᠩᠬᠤᠨ ᠠᠮᠠᠰᠠᠷ ᠮᠦᠨ᠃ ᠬᠤᠶᠢᠰᠢᠳᠠ ᠶᠢᠨ ᠲᠠᠪᠤᠨ ᠵᠢᠯ᠂ ᠤᠯᠠᠭᠠᠨᠴᠠᠪ ᠬᠤᠳᠠ ᠶᠢᠨ ᠠᠭᠠᠷ ᠤᠨ ᠠᠶᠠᠯᠠᠯ᠂ | ᠬᠤᠷᠳᠤᠨ ᠤ ᠵᠠᠮ᠂ ᠵᠠᠰᠠᠮᠠᠯ ᠵᠠᠮ ᠤᠨ ᠪᠦᠬᠦ ᠲᠠᠯ᠎ᠠ ᠶᠢᠨ ᠬᠦᠭᠵᠢᠯᠳᠡ ᠶᠢᠨ ᠠᠵᠠ ᠲᠤᠬᠢᠶᠠᠯ ᠢ ᠴᠢᠩᠭ᠎ᠠ ᠠᠳᠬᠤᠵᠤ | ᠂ ᠪᠦᠬᠦ ᠬᠤᠳᠠ ᠶᠢᠨ ᠰᠤᠶᠤᠯ ᠵᠤᠭᠠᠴᠠᠯ ᠤᠨ ᠠᠵᠦ ᠤᠶᠢᠯᠡᠰ ᠤᠨ ᠬᠦᠷᠢᠶᠡᠨ ᠳᠤ ᠢᠳᠡᠪᠬᠢᠳᠠᠢ ᠠᠭᠤᠰᠤᠯᠴᠠᠭᠤᠯᠤᠨ᠂ | ᠬᠦᠴᠦᠨ ᠢᠶᠠᠨ ᠠᠰᠢᠭᠯᠠᠵᠤ ᠠᠭᠠᠷ ᠤᠨ ᠠᠶᠠᠯᠠᠯ ᠢᠶᠠᠷ ᠲᠠᠮᠵᠢᠨ᠂ ᠮᠠᠨ ᠤ ᠰᠢᠶᠠᠨ ᠤ ᠵᠦᠷᠢᠯᠢᠭ ᠵᠠᠮ ᠬᠠᠷᠢᠯᠴᠠᠭᠠᠨ ᠤ | ᠲᠤᠤᠷ ᠰᠦᠯᠵᠢᠶ᠎ᠡ ᠶᠢᠨ ᠲᠤᠳᠠᠭᠤᠳᠠᠯ ᠢ ᠨᠦᠬᠦᠪᠦᠷᠢᠯᠡᠨ᠎ᠡ ᠃ ᠨᠡᠶᠢᠳᠡᠮ ᠬᠡᠷᠡᠭᠯᠡᠭᠳᠡᠬᠦ ᠨᠢᠰᠭᠡᠯ ᠤᠨ ᠪᠠᠭᠤᠳᠠᠯ ᠪᠠ | ᠠᠭᠠᠷ ᠤᠨ ᠠᠶᠠᠯᠠᠯ ᠤᠨ ᠤᠢ ᠰᠢᠭᠤᠢ ᠶᠢᠨ ᠬᠠᠮᠠᠭᠠᠯᠠᠯᠳᠠ ᠶᠢᠨ ᠦᠷᠳᠡᠭᠡ ᠶᠢ ᠪᠠᠶᠢᠭᠤᠯᠤᠨ᠂ ᠵᠢᠨᠢᠩ | ᠯᠢᠶᠠᠩᠴᠧᠩ ᠤᠨ ᠲᠦᠷᠭᠡᠨ ᠤ ᠵᠠᠰᠠᠮᠠᠯ ᠵᠠᠮ᠂ ᠮᠤᠵᠢ ᠶᠢᠨ ᠵᠠᠮ209 ᠱᠤᠭᠤᠮ ᠵᠦᠸᠧᠽᠢ ᠯᠢᠶᠠᠩᠴᠧᠩ ᠤᠨ ᠬᠡᠰᠡᠭ | ᠪᠤᠯᠤᠨ ᠨᠠᠭᠤᠷ ᠢ ᠲᠤᠭᠤᠷᠢᠭᠰᠠᠨ ᠵᠠᠮ ᠢ ᠨᠡᠬᠡᠬᠡᠨ᠂ ᠬᠦᠬᠡᠬᠤᠳᠠ ᠯᠢᠶᠠᠩᠴᠧᠩ ᠹᠧᠩᠵᠧᠨ ᠨᠢᠭᠡᠳᠦᠭᠡᠷ ᠳᠡᠰ ᠤᠨ | ᠵᠠᠰᠠᠮᠠᠯ ᠵᠠᠮ ᠢ ᠪᠦᠬᠦ ᠲᠠᠯ᠎ᠠ ᠪᠠᠷ ᠨᠡᠪᠳᠡᠷᠡᠭᠦᠯᠬᠦ᠂ ᠵᠢᠨᠢᠩ ᠯᠢᠶᠠᠩᠴᠧᠩ ᠬᠦᠬᠡᠬᠤᠳᠠ ᠬᠦᠷᠬᠦ ᠵᠤᠭᠠᠴᠠᠯ ᠤᠨ ᠲᠡᠮᠦᠷ | ᠵᠠᠮ ᠤ ᠲᠤᠰᠬᠠᠢ ᠱᠤᠭᠤᠮ ᠤᠨ ᠲᠦᠷᠦᠯ ᠵᠤᠶᠢᠯ ᠢ ᠲᠤᠭᠳᠠᠭᠠᠬᠤ ᠮᠦᠷᠳᠡᠭᠡᠨ ᠪᠠᠷᠢᠯᠭ᠎ᠠ ᠶᠢᠨ ᠠᠵᠢᠯ ᠢ ᠡᠬᠢᠯᠡᠭᠦᠯᠦᠨ᠂ | ᠬᠦᠳᠡᠭᠡ ᠲᠤᠰᠬᠤᠨ ᠤ ᠵᠤᠭᠠᠴᠠᠯ ᠤᠨ ᠲᠤᠰᠬᠠᠢ ᠱᠤᠭᠤᠮ ᠢ ᠪᠦᠬᠦ ᠲᠠᠯ᠎ᠠ ᠪᠠᠷ ᠨᠡᠪᠳᠡᠷᠡᠭᠦᠯᠵᠦ᠂ ᠯᠢᠶᠠᠩᠴᠧᠩ ᠤᠨ | ᠠᠷᠠᠳ ᠲᠦᠮᠡᠨ ᠳᠤ ᠲᠦᠭᠦᠮ ᠲᠦᠳᠡ ᠨᠡᠶᠢᠳᠡ ᠶᠢᠨ ᠵᠠᠮ ᠬᠠᠷᠢᠯᠴᠠᠭᠠᠨ ᠤ ᠤᠶᠢᠯᠡᠴᠢᠯᠡᠭᠡ ᠶᠢ ᠬᠠᠮᠳᠤ ᠪᠠᠷ | ᠡᠳ᠋ᠯᠡᠭᠦᠯᠦᠨ᠎ᠡ᠃ | ᠡᠷᠡᠭᠦᠯ ᠮᠡᠨᠳᠦ ᠯᠢᠶᠠᠩᠴᠧᠩ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠡ᠃ ᠤᠯᠤᠰ ᠢᠶᠠᠨ ᠬᠠᠶᠢᠷᠠᠯᠠᠬᠤ | ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠭᠦᠨᠵᠡᠭᠡᠢ ᠦᠷᠨᠢᠭᠦᠯᠦᠨ᠂ ᠰᠢᠨᠵᠢᠯᠡᠬᠦ ᠤᠬᠠᠭᠠᠨᠴᠢ ᠵᠤᠷᠢᠭ ᠰᠠᠨᠠᠭ᠎ᠠ ᠶᠢ | ᠤᠯᠠᠮᠵᠢᠯᠠᠨ᠂ ᠰᠢᠨᠵᠢᠯᠡᠬᠦ ᠤᠬᠠᠭᠠᠨ ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ ᠮᠡᠨᠳᠤ ᠪᠤᠯᠪᠠᠰᠤᠨ ᠠᠮᠢᠳᠤᠷᠠᠯ ᠤᠨ | ᠬᠡᠯᠪᠡᠷᠢ ᠶᠢ ᠪᠦᠳᠦᠭᠡᠨ ᠪᠠᠶᠢᠭᠤᠯᠤᠨ᠎ᠠ᠃ ᠬᠦᠨᠳᠦ ᠶᠡᠭᠡ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠭᠡᠨᠡᠳᠳᠡ ᠪᠠᠷ | ᠡᠭᠦᠰᠴᠦ ᠮᠡᠳᠡᠬᠦ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠬᠡᠷᠡᠭ ᠤᠴᠢᠷ ᠤᠨ ᠪᠠᠴᠢᠮ ᠪᠠᠶᠢᠳᠠᠯ ᠢ ᠠᠷᠭᠠᠴᠠᠬᠤ | ᠲᠦᠷᠢᠮ ᠢ ᠲᠡᠭᠦᠯᠳᠡᠷᠵᠢᠭᠦᠯᠵᠦ᠂ ᠠᠷᠭᠠᠴᠠᠬᠤ ᠴᠢᠳᠠᠪᠤᠷᠢ ᠪᠠᠨ ᠲᠡᠭᠡᠭᠰᠢᠯᠡᠭᠦᠯᠦᠨ᠎ᠡ᠃ ᠦᠨᠳᠦᠰᠦᠨ ᠱᠠᠳᠤᠨ ᠤ | ᠡᠷᠡᠭᠦᠯ ᠬᠠᠮᠠᠭᠠᠯᠠᠯ ᠤᠨ ᠲᠦᠬᠦᠭᠡᠷᠦᠮᠵᠢ ᠪᠤᠯᠤᠨ ᠴᠢᠳᠠᠪᠤᠷᠢᠳᠡᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ | | ᠰᠢᠶᠠᠨ᠂ ᠰᠢᠶᠠᠩ᠂ ᠬᠦᠳᠡᠭᠡ ᠲᠤᠰᠬᠤᠨ ᠭᠤᠷᠪᠠᠨ ᠳᠡᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠤᠶᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠨᠡᠶᠢᠳᠡ ᠶᠢᠨ ᠢᠳᠡᠭᠡᠨ ᠤ ᠵᠤᠶᠢᠯᠡᠰ ᠢ | ᠤᠶᠢᠯᠡᠳᠪᠤᠷᠢᠯᠡᠬᠦ ᠪᠤᠯᠪᠠᠰᠤᠷᠠᠭᠤᠯᠬᠤ ᠬᠤᠳᠠᠯᠳᠤᠨ ᠪᠤᠷᠤᠯᠠᠭᠤᠯᠬᠤ ᠨᠢᠭᠡ ᠶᠢ ᠴᠤᠭᠴᠠᠵᠢᠭᠤᠯᠤᠭᠰᠠᠨ ᠲᠤᠮᠤ | ᠬᠡᠯᠪᠡᠷᠢ ᠶᠢᠨ ᠬᠤᠳᠠᠯᠳᠤᠭᠠᠨ ᠤ ᠶᠡᠷᠦᠩᠬᠡᠶᠢᠯᠡᠭᠰᠡᠨ ᠴᠤᠭᠴᠠ ᠶᠢ ᠰᠢᠨ᠎ᠡ ᠪᠠᠷ ᠪᠠᠶᠢᠭᠤᠯᠤᠨ᠂ ᠦᠪᠡᠷᠳᠡᠭᠡᠨ ᠵᠠᠰᠠᠬᠤ | ᠤᠷᠤᠨ ᠤ ᠡᠷᠡᠭᠦᠯ ᠮᠡᠨᠳᠦ ᠶᠢᠨ ᠬᠤᠳᠠ ᠪᠠᠯᠭᠠᠰᠤ ᠪᠤᠯᠤᠨ ᠢᠳᠡᠭᠡᠨ ᠤ ᠠᠮᠦᠷ ᠲᠦᠪᠰᠢᠨ ᠤ ᠵᠢᠱᠢᠶ᠎ᠡ ᠦᠵᠡᠭᠦᠯᠬᠦ | ᠵᠡᠭᠡᠯᠢ ᠶᠢᠨ ᠡᠭᠦᠳᠦᠨ ᠪᠠᠶᠢᠭᠤᠯᠤᠯᠳᠠ ᠶᠢᠨ ᠠᠵᠢᠯ ᠢ ᠲᠦᠯᠬᠢᠨ ᠠᠬᠢᠭᠤᠯᠤᠨ᠂ ᠢᠳᠡᠭᠡᠨ ᠤ ᠠᠮᠦᠷ ᠲᠦᠪᠰᠢᠨ ᠤ | ᠮᠦᠷᠳᠡᠨ ᠨᠡᠬᠡᠮᠵᠢᠯᠡᠬᠦ ᠰᠢᠰᠲ᠋ᠧᠮ ᠢ ᠪᠠᠶᠢᠭᠤᠯᠤᠨ᠎ᠠ᠃ ᠠᠷᠠᠳ ᠲᠦᠮᠡᠨ ᠤ ᠢᠳᠡᠭᠡᠨ ᠤ ᠠᠮᠦᠷ ᠲᠦᠪᠰᠢᠨ ᠢ | ᠪᠠᠳᠤᠯᠠᠨ᠎ᠠ᠃ ᠰᠢᠶᠠᠨ ᠤ ᠳᠡᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ | ᠦᠭᠡᠷᠡᠴᠢᠯᠡᠯᠳᠡ ᠶᠢ ᠦᠷᠬᠦᠯᠵᠢᠯᠡᠨ ᠭᠦᠨᠵᠡᠭᠡᠶᠢᠷᠡᠭᠦᠯᠦᠨ᠂ ᠡᠷᠡᠭᠦᠯ ᠬᠠᠮᠠᠭᠠᠯᠠᠯ ᠲᠦᠯᠦᠪᠵᠢᠭᠦᠯᠭᠡ ᠶᠢᠨ | ᠰᠢᠰᠲ᠋ᠧᠮ ᠤᠨ ᠦᠷ᠎ᠡ ᠪᠦᠳᠦᠮᠵᠢᠳᠦ ᠴᠠᠯᠢᠩ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠠᠬᠢᠭᠤᠯᠵᠤ᠂ | ᠯᠢᠶᠠᠩᠴᠧᠩ ᠤᠨ ᠠᠷᠠᠳ ᠲᠦᠮᠡᠨ ᠳᠤ ᠬᠠᠨᠤᠮᠵᠢᠳᠠᠢ ᠡᠮ ᠡᠮᠨᠡᠯᠭᠡ ᠶᠢᠨ ᠤᠶᠢᠯᠡᠴᠢᠯᠡᠭᠡᠨ ᠤ ᠰᠢᠰᠲ᠋ᠧᠮ ᠢ ᠪᠦᠬᠦ | ᠬᠦᠴᠦᠨ ᠢᠶᠠᠷ ᠡᠭᠦᠳᠦᠨ ᠪᠠᠶᠢᠭᠤᠯᠤᠨ᠎ᠠ᠃ | ᠠᠮᠦᠷ ᠠᠮᠤᠭᠤᠯᠠᠩ ᠯᠢᠶᠠᠩᠴᠧᠩ ᠤᠨ ᠡᠭᠦᠳᠤᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ︽ ᠲᠤᠯᠤᠭ᠎ᠠ | ᠲᠠᠪᠤ︾ ᠶᠢᠨ ᠬᠠᠤᠯᠢ ᠲᠦᠭᠡᠮᠡᠯᠵᠢᠭᠦᠯᠦᠯᠳᠡ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ | ᠤᠬᠠᠭᠤᠯᠭ᠎ᠠ ᠬᠦᠮᠦᠵᠢᠯ ᠤᠨ ᠠᠵᠢᠯ ᠢ ᠦᠷᠨᠢᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ | ᠲᠦᠷᠢᠮ ᠢ ᠲᠡᠭᠦᠯᠳᠡᠷᠵᠢᠭᠦᠯᠦᠨ᠂ ᠭᠠᠮᠰᠢᠭ ᠠᠴᠠ ᠰᠡᠷᠭᠡᠶᠢᠯᠡᠬᠦ᠂ ᠭᠠᠮᠰᠢᠭ ᠢ ᠪᠠᠭᠠᠰᠬᠠᠬᠤ᠂ ᠭᠠᠮᠰᠢᠭ ᠠᠴᠠ ᠠᠪᠤᠷᠠᠬᠤ | ᠶᠡᠷᠦᠩᠬᠡᠢ ᠴᠢᠳᠠᠪᠤᠷᠢ ᠪᠠᠨ ᠲᠡᠭᠡᠭᠰᠢᠯᠡᠭᠦᠯᠦᠨ᠎ᠡ᠃ ᠶᠡᠷᠦᠩᠬᠡᠶᠢᠯᠡᠨ ᠵᠠᠰᠠᠵᠦ ᠲᠤᠭᠳᠠᠭᠤᠨ ᠢ ᠬᠠᠮᠠᠭᠠᠯᠠᠬᠤ ᠶᠢ ᠵᠠᠳᠠᠯᠤᠨ | ᠂ ᠴᠢᠩᠭ᠎ᠠ ᠰᠢᠳᠭᠡᠬᠦ ᠪᠠᠶᠢᠩᠭᠤᠵᠢᠯᠳᠡ ᠶᠢᠨ ᠲᠦᠷᠢᠮ ᠢ ᠪᠦᠬᠦ ᠲᠠᠯ᠎ᠠ ᠪᠠᠷ ᠪᠠᠶᠢᠭᠤᠯᠤᠨ᠂ ᠵᠠᠬᠢᠳᠠᠯ | ᠰᠤᠷᠪᠤᠯᠵᠢᠯᠠᠭ᠎ᠠ ᠶᠢᠨ ᠲᠠᠷᠤᠭᠳᠠᠮᠠᠯ ᠬᠡᠷᠡᠭ ᠢ ᠢᠳᠡᠪᠬᠢᠳᠠᠢ ᠠᠷᠢᠯᠭᠠᠨ᠎ᠠ᠃ ᠠᠷᠠᠳ ᠲᠦᠮᠡᠨ ᠢ ᠬᠠᠤᠯᠢ ᠶᠤᠰᠤᠭᠠᠷ | ᠵᠦᠢ ᠶᠤᠰᠤ ᠲᠠᠢ ᠲᠤᠭᠠᠴᠢᠨ ᠬᠡᠯᠡᠬᠦ ᠶᠢ ᠲᠠᠶᠢᠴᠢᠯᠡᠨ ᠬᠦᠳᠦᠯᠵᠦ᠂ᠠᠶᠤᠯᠭᠦᠢ ᠤᠶᠢᠯᠡᠳᠪᠤᠷᠢᠯᠡᠯ ᠤᠨ | ᠬᠠᠷᠢᠭᠤᠴᠠᠯᠭᠠᠳᠤ ᠲᠦᠷᠢᠮ ᠢ ᠴᠢᠩᠭ᠎ᠠ ᠨᠢᠮᠪᠠᠢ ᠨᠡᠶᠢᠳᠡᠪᠤᠷᠢᠵᠢᠭᠤᠯᠤᠨ᠂ ᠠᠶᠤᠯᠭᠦᠢ ᠤᠶᠢᠯᠡᠳᠪᠤᠷᠢᠯᠡᠯ ᠤᠨ ᠠᠶᠤᠯ | ᠭᠡᠮ ᠢ ᠵᠢᠭᠰᠠᠭᠠᠨ ᠪᠠᠶᠢᠴᠠᠭᠠᠬᠤ ᠴᠡᠭᠴᠡᠯᠡᠯᠳᠡ ᠶᠢᠨ ᠠᠵᠢᠯ ᠢ ᠯᠠᠪᠳᠠᠭᠤᠨ ᠪᠠᠳᠤᠳᠠᠢ ᠦᠷᠨᠢᠭᠦᠯᠵᠦ᠂ ᠲᠤᠮᠦ ᠶᠡᠭᠡ | ᠠᠮᠦᠷ ᠲᠦᠪᠰᠢᠨ ᠤ ᠭᠡᠨᠡᠳᠡᠯ ᠡᠭᠦᠰᠬᠦ ᠶᠢ ᠡᠷᠡᠰ ᠰᠡᠷᠭᠡᠶᠢᠯᠡᠨ᠎ᠡ᠃ | ᠪᠤᠰᠤᠭ᠎ᠠ ᠴᠤᠭᠴᠠᠳᠤ ᠠᠮᠦᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠠᠷᠠᠭᠠᠨ ᠲᠠᠪᠳᠠᠮᠵᠢ ︽ ᠠᠭᠠᠷ ᠤᠨ ᠲᠤᠤᠷ︾ ᠢᠨᠵᠧᠨᠧᠷᠢᠩ ᠢ ᠭᠦᠨᠵᠡᠭᠡᠢ ᠲᠦᠯᠬᠢᠨ | ᠠᠬᠢᠭᠤᠯᠵᠤ᠂ ᠨᠢᠭᠳᠠ ᠴᠢᠩᠭ᠎ᠠ ᠰᠡᠷᠡᠮᠵᠢᠯᠡᠯᠳᠡ ᠬᠢᠵᠦ᠂ ᠡᠯ᠎ᠡ ᠵᠤᠶᠢᠯ ᠤᠨ ᠬᠠᠤᠯᠢ ᠠᠴᠠ ᠵᠦᠷᠢᠴᠡᠭᠰᠡᠨ ᠶᠠᠯᠠᠳᠤ | ᠠᠵᠢᠯᠯᠠᠭ᠎ᠠ ᠳᠤ ᠴᠢᠩᠭ᠎ᠠ ᠬᠦᠴᠦᠳᠠᠢ ᠴᠤᠬᠢᠯᠳᠠ ᠦᠭᠭᠦᠨ᠎ᠡ᠃ ᠲᠤᠤᠷ ᠰᠦᠯᠵᠢᠶᠡᠨ ᠤ ᠶᠡᠷᠦᠩᠬᠡᠢ ᠵᠠᠰᠠᠯᠳᠠ ᠶᠢᠨ | ᠰᠢᠰᠲ᠋ᠧᠮ ᠢ ᠪᠠᠶᠢᠭᠤᠯᠤᠨ᠂ ᠰᠤᠨᠢᠨ ᠮᠡᠳᠡᠭᠡᠨ ᠤ ᠵᠦᠪ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠵᠢᠯᠤᠭᠤᠳᠤᠮᠵᠢ ᠶᠢᠨ | ᠤᠶᠢᠯᠡᠳᠤᠯ᠂ ᠤᠯᠠᠨ ᠲᠦᠮᠡᠨ ᠤ ᠢᠳᠡᠭᠡᠮᠵᠢ᠂ ᠴᠡᠪᠡᠷ ᠲᠤᠩᠭᠠᠯᠠᠭ ᠲᠤᠤᠷ ᠰᠦᠯᠵᠢᠶᠡᠨ ᠤ ᠤᠷᠤᠨ ᠵᠠᠢ ᠶᠢ | ᠪᠦᠷᠢᠯᠳᠦᠭᠦᠯᠦᠨ᠎ᠡ᠃ ᠨᠡᠶᠢᠭᠡᠮ ᠤᠨ ᠵᠠᠰᠠᠯᠳᠠ ᠶᠢᠨ ᠪᠦᠳᠦᠴᠡ ᠶᠢ ᠰᠢᠨᠡᠳᠭᠡᠨ᠂ ᠨᠡᠶᠢᠭᠡᠮ ᠤᠨ ᠡᠶ᠎ᠡ ᠵᠤᠬᠢᠴᠡᠯ | ᠲᠤᠭᠳᠠᠭᠤᠨ ᠢ ᠠᠬᠢᠭᠤᠯᠤᠨ᠎ᠠ᠃ ᠡᠮᠡᠭᠳᠡᠶᠢᠴᠦᠳ ᠬᠡᠤᠬᠡᠳ᠂ ᠤᠯᠠᠭᠠᠨ ᠵᠠᠭᠠᠯᠮᠠᠶᠢᠳᠡᠨ ᠵᠡᠷᠭᠡ ᠠᠵᠢᠯ ᠤᠶᠢᠯᠡᠰ ᠢ | ᠬᠠᠶᠢᠷᠠᠯᠠᠨ ᠬᠠᠯᠠᠮᠵᠢᠯᠠᠵᠤ᠂ ᠦᠨᠳᠦᠰᠦᠳᠡᠨ ᠱᠠᠰᠢᠨ ᠰᠤᠷᠳᠠᠬᠤᠨ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ | ᠪᠦᠳᠦᠭᠡᠨ ᠪᠠᠶᠢᠭᠤᠯᠤᠯᠳᠠ᠂ ᠬᠤᠤᠰ ᠢ ᠬᠦᠷᠢᠶᠡᠯᠡᠬᠦ ᠬᠠᠷᠠᠭᠠᠯᠵᠠᠯ ᠦᠵᠡᠭᠦᠯᠬᠦ᠂ ᠠᠷᠠᠳ ᠤᠨ ᠠᠭᠠᠷ ᠤᠨ | ᠰᠡᠷᠭᠡᠶᠢᠯᠡᠯᠳᠡ᠂ ᠴᠠᠭ ᠠᠭᠤᠷ᠂ ᠭᠠᠵᠠᠷ ᠬᠦᠳᠡᠯᠦᠯᠳᠡ᠂ ᠭᠠᠯ ᠢ ᠰᠡᠷᠭᠡᠶᠢᠯᠡᠬᠦ᠂ ᠲᠠᠩᠰᠠ ᠡᠪᠬᠡᠮᠡᠯ ᠵᠡᠷᠭᠡ ᠠᠵᠢᠯ ᠢ | ᠴᠢᠩᠭᠠᠳᠬᠠᠨ᠂ ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠡ ᠶᠢ ᠲᠦᠯᠬᠢᠨ ᠠᠬᠢᠭᠤᠯᠤᠨ᠎ᠠ᠃ | ᠲᠠᠪᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠢᠳᠡᠪᠬᠢᠳᠠᠢ | ᠬᠡᠷᠡᠭᠵᠢᠭᠦᠯᠵᠦ ᠂ ᠬᠤᠳᠠ ᠬᠦᠳᠡᠭᠡ ᠶᠢᠨ ᠠᠭᠤᠰᠤᠯᠴᠠᠯ ᠬᠦᠭᠵᠢᠯᠳᠡ ᠶᠢ ᠪᠡᠶᠡᠯᠡᠭᠦᠯᠦᠨ᠎ᠡ᠃ | ᠶᠡᠷᠦᠩᠬᠡᠢ ᠱᠦᠵᠢ ᠰᠢ ᠶᠢᠨ ᠫᠢᠩ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠮᠡᠳᠡᠭᠦᠯᠦᠯᠳᠡ ᠳᠤ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠠᠩᠬ᠎ᠠ ᠤᠳᠠᠭ᠎ᠠ ᠲᠤᠷᠠᠳᠤᠨ | ᠭᠠᠷᠭᠠᠵᠤ᠂ ᠡᠨᠡ ᠨᠢ ᠪᠢᠳᠡᠨ ᠤ ᠲᠠᠷᠢᠶᠠᠯᠠᠩ ᠬᠦᠳᠡᠭᠡ ᠲᠤᠰᠬᠤᠨ ᠤ ᠠᠵᠢᠯ ᠢ ᠤᠯᠠᠮ ᠨᠢᠭᠡ ᠠᠯᠬᠤᠮ ᠰᠠᠶᠢᠳᠤᠷ | ᠬᠢᠬᠦ ᠳᠤ ᠵᠦᠪ ᠤᠨᠤᠪᠴᠢᠳᠠᠢ ᠴᠢᠭᠯᠡᠯ ᠢ ᠵᠢᠭᠠᠨ ᠦᠭᠴᠡᠢ᠃ ᠬᠤᠶᠢᠰᠢᠳᠡ ᠶᠢᠨ ᠲᠠᠪᠤᠨ ᠵᠢᠯ᠂ ᠪᠢᠳᠡ ᠬᠤᠳᠠ | ᠬᠦᠳᠡᠭᠡ ᠶᠢᠨ ᠠᠭᠤᠰᠤᠯᠴᠠᠯ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠱᠤᠭᠤᠵᠤ᠂ ᠬᠤᠳᠠ | ᠬᠦᠳᠡᠭᠡ ᠵᠢᠨᠠᠭᠤᠰᠤᠯᠴᠠᠯ ᠬᠦᠭᠵᠢᠯᠳᠡ ᠶᠢᠨ ᠪᠠᠶᠢᠭᠤᠯᠤᠮᠵᠢ ᠶᠢᠨ ᠲᠤᠭᠳᠠᠴᠠ ᠪᠠ ᠲᠦᠷᠦ ᠶᠢᠨ ᠪᠤᠳᠤᠯᠭ᠎ᠠ ᠶᠢᠨ | ᠰᠢᠰᠲ᠋ᠧᠮ ᠢ ᠪᠦᠷᠢᠨᠰᠢᠭᠦᠯᠦᠨ ᠪᠠᠶᠢᠭᠤᠯᠵᠤ᠂ ᠬᠦᠳᠡᠭᠡ ᠲᠤᠰᠬᠤᠨ ᠢ ᠮᠠᠨᠳᠤᠭᠤᠯᠤᠨ ᠬᠦᠭᠵᠢᠭᠦᠯᠬᠦ ᠶᠢ ᠲᠦᠯᠬᠢᠨ | ᠠᠬᠢᠭᠤᠯᠤᠨ᠂ ᠬᠦᠭᠵᠢᠯᠳᠡ ᠶᠢᠨ ᠲᠠᠩᠴᠠᠭᠦᠷᠢ ᠦᠭᠡᠢ ᠭᠦᠢᠴᠡᠳ ᠪᠤᠰᠤ ᠠᠰᠠᠭᠤᠳᠠᠯ ᠢ ᠪᠦᠬᠦ ᠬᠦᠴᠦᠨ ᠢᠶᠠᠷ | ᠰᠢᠢᠳᠪᠤᠷᠢᠯᠡᠨ᠎ᠡ᠃ | ᠦᠵᠡᠰᠭᠦᠯᠡᠩᠳᠤ ᠰᠠᠶᠢᠬᠠᠨ ᠬᠦᠳᠡᠭᠡ ᠲᠤᠰᠬᠤᠨ ᠤ ᠪᠦᠳᠦᠭᠡᠨ ᠪᠠᠶᠢᠭᠤᠯᠤᠯᠳᠠ ᠶᠢ ᠲᠦᠷᠭᠡᠳᠭᠡᠨ᠎ᠡ᠃ | ᠤᠳᠤᠬᠢᠴᠢᠯᠠᠭᠰᠠᠨ ᠲᠠᠷᠢᠶᠠᠯᠠᠩ ᠢ ᠪᠦᠬᠦ ᠬᠦᠴᠦᠨ ᠢᠶᠠᠷ ᠬᠦᠭᠵᠢᠭᠦᠯᠦᠨ᠎ᠡ᠃ ᠵᠢᠵᠢᠭ ᠲᠤᠰᠬᠤᠨ ᠢ ᠨᠡᠶᠢᠯᠡᠭᠦᠯᠦᠨ | ᠨᠢᠭᠡᠳᠭᠡᠵᠤ᠂ ᠭᠠᠵᠠᠷ ᠰᠢᠷᠦᠢ ᠶᠢᠨ ᠡᠷᠬᠡ ᠶᠢ ᠲᠤᠭᠳᠠᠭᠠᠬᠤ᠂ ᠭᠠᠵᠠᠷ ᠰᠢᠷᠦᠢ ᠶᠢᠨ ᠡᠷᠭᠢᠯᠳᠡ ᠶᠢ ᠲᠦᠷᠭᠡᠳᠭᠡᠨ | ᠬᠤᠪᠴᠢᠶᠡᠵᠢᠭᠦᠯᠦᠭᠰᠡᠨ ᠡᠵᠡᠩᠨᠡᠯᠳᠡ ᠶᠢ ᠬᠦᠭᠵᠢᠭᠦᠯᠦᠨ᠂2022 ᠤᠨ ᠪᠤᠯᠬᠤ ᠳᠤ ᠭᠠᠵᠠᠷ ᠰᠢᠷᠦᠢ ᠶᠢᠨ | ᠡᠷᠭᠢᠯᠳᠡ ᠶᠢᠨ ᠲᠠᠯᠠᠪᠠᠢ ᠶᠢ50% ᠳᠤ ᠬᠦᠷᠭᠡᠨ᠎ᠡ᠃ ᠲᠠᠷᠢᠶᠠᠯᠠᠩ ᠰᠢᠨᠵᠢᠯᠡᠬᠦ ᠮᠡᠷᠭᠡᠵᠢᠯ ᠤᠨ ᠰᠢᠨᠡᠴᠢᠯᠡᠯᠳᠡ ᠪᠤᠯᠤᠨ | ᠬᠡᠷᠡᠭᠯᠡᠭᠡᠨ ᠤ ᠰᠢᠰᠲ᠋ᠧᠮ ᠤᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂ ᠱᠤᠸᠠᠩ ᠯᠦᠩ ᠭᠸᠦ ᠦᠷ᠎ᠡ | ᠰᠠᠴᠤᠬᠤ ᠲᠠᠷᠢᠬᠤ ᠮᠡᠷᠭᠡᠵᠢᠯ ᠢ ᠪᠦᠬᠦ ᠲᠠᠯ᠎ᠠ ᠪᠠᠷ ᠲᠡᠯᠭᠡᠷᠡᠭᠦᠯᠦᠨ᠎ᠡ᠃ ᠦᠷᠡᠳᠤ ᠡᠷᠳᠡᠨᠢ ᠰᠢᠰᠢ ᠶᠢᠨ ᠲᠠᠷᠢᠮᠠᠯ ᠤᠨ | ᠲᠠᠯᠠᠪᠠᠢ ᠶᠢ ᠦᠷᠬᠦᠯᠵᠢᠯᠡᠨ ᠠᠪᠴᠢᠭᠤᠯᠵᠤ᠂ ᠨᠤᠬᠠᠢ ᠶᠢᠨ ᠬᠤᠰᠢᠭᠤ᠂ ᠨᠤᠶᠢᠯ ᠠᠷᠪᠠᠢ᠂ ᠴᠠᠭᠠᠨ ᠠᠮᠦ ᠵᠡᠷᠭᠡ | ᠬᠤᠯᠢᠰᠢᠨ ᠠᠮᠦ ᠬᠤᠯᠢᠰᠢᠨ ᠪᠤᠷᠴᠠᠭ ᠤᠨ ᠲᠠᠷᠢᠮᠠᠯ ᠤᠨ ᠲᠠᠯᠠᠪᠠᠢ ᠶᠢ ᠦᠷᠭᠡᠳᠭᠡᠨ᠂ ᠵᠠᠬᠢᠶᠠᠯᠠᠭ᠎ᠠ ᠮᠠᠶ᠋ᠢᠭ ᠤᠨ | ᠲᠠᠷᠢᠶᠠᠯᠠᠩ ᠤᠨ ᠲᠠᠯᠠᠪᠠᠢ ᠶᠢ50 ᠲᠦᠮᠡᠨ ᠮᠦ ᠳᠤ ᠬᠦᠷᠭᠡᠨ᠎ᠡ᠃ ᠬᠤᠩ ᠮᠤᠤ ︽CCTV ᠤᠯᠤᠰ ᠤᠨ ᠨᠡᠷ᠎ᠡ | ᠲᠡᠮᠳᠡᠭᠳᠦ ᠲᠦᠯᠦᠪᠯᠡᠭᠡ︾ ᠳᠤ ᠰᠤᠩᠭᠤᠭᠳᠠᠨ ᠤᠷᠤᠭᠰᠠᠨ ᠲᠤᠷᠰᠢᠯᠭ᠎ᠠ ᠪᠠᠷ ᠲᠤᠯᠢ ᠪᠤᠯᠭᠠᠨ᠂ ᠯᠢᠶᠠᠩᠴᠧᠩ | ᠰᠢᠶᠠᠨ ᠤ ᠨᠤᠬᠠᠢ ᠶᠢᠨ ᠬᠤᠰᠢᠭᠤ ᠨᠢ ᠪᠦᠬᠦ ᠤᠯᠤᠰ ᠤᠨ ᠨᠡᠷ᠎ᠡ ᠲᠡᠮᠳᠡᠭᠳᠦ ᠶᠢᠨ ᠪᠦᠳᠦᠭᠡᠭᠳᠡᠭᠦᠨ ᠪᠤᠯᠤᠭᠰᠠᠨ | ᠪᠠᠶᠢᠨ᠎ᠠ᠃ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠪᠡᠶ᠎ᠡ ᠴᠤᠭᠴᠠ ᠶᠢ ᠬᠦᠳᠡᠭᠡ ᠲᠤᠰᠬᠤᠨ ᠤ ᠪᠦᠳᠦᠭᠡᠨ | ᠪᠠᠶᠢᠭᠤᠯᠤᠯᠳᠠ ᠳᠤ ᠤᠷᠤᠯᠴᠠᠭᠤᠯᠬᠤ ᠶᠢ ᠵᠤᠷᠢᠭᠵᠢᠭᠤᠯᠤᠨ᠎ᠠ᠃ ᠨᠢᠭᠡ ᠪᠦᠯᠦᠭ ᠴᠢᠳᠠᠪᠤᠷᠢᠳᠡᠨ ᠤ ᠲᠤᠮᠤ ᠡᠷᠦᠬᠡ᠂ | ᠭᠡᠷ ᠪᠦᠯᠢ ᠶᠢᠨ ᠲᠠᠷᠢᠶᠠᠯᠠᠩ ᠢ ᠪᠤᠯᠪᠠᠰᠤᠷᠠᠭᠤᠯᠵᠤ᠂ ᠨᠢᠭᠡ ᠪᠦᠯᠦᠭ ᠲᠠᠷᠢᠶᠠᠴᠢᠨ ᠤ ᠬᠤᠷᠰᠢᠶᠠᠵᠢᠯ᠂ | ᠲᠠᠷᠢᠶᠠᠯᠠᠩ ᠤᠨ ᠲᠤᠯᠤᠭᠠᠶᠢᠯᠠᠭᠴᠢ ᠠᠵᠦ ᠠᠬᠤᠶᠢᠯᠠᠯ ᠢ ᠬᠦᠭᠵᠢᠭᠦᠯᠦᠨ᠂ ᠭᠠᠵᠠᠷ ᠰᠢᠷᠦᠢ ᠶᠢᠨ ᠪᠡᠯᠡ ᠤᠷᠤᠭᠤᠯᠬᠤ᠂ | ᠬᠤᠪᠢ ᠤᠷᠤᠭᠤᠯᠪᠠᠯ ᠠᠰᠢᠭ ᠬᠤᠪᠢᠶᠠᠯᠴᠠᠬᠤ᠂ ᠵᠠᠬᠢᠶᠠᠯᠠᠭ᠎ᠠ ᠶᠢᠨ ᠮᠠᠶ᠋ᠢᠭ ᠤᠨ ᠲᠠᠶᠢᠴᠢᠯᠠᠭᠰᠠᠨ ᠠᠰᠢᠭ ᠤᠷᠤᠯᠭ᠎ᠠ | ᠬᠤᠯᠪᠤᠯᠳᠤᠭᠰᠠᠨ ᠲᠤᠭᠳᠠᠴᠠ ᠶᠢ ᠬᠦᠭᠵᠢᠭᠦᠯᠦᠨ᠎ᠡ᠃ ᠪᠤᠯᠪᠠᠰᠤᠷᠠᠯ ᠢ ᠴᠢᠩᠭᠠᠳᠬᠠᠨ᠂ ᠲᠠᠷᠢᠶᠠᠴᠢᠳ ᠢ ᠬᠤᠳᠠ | ᠤᠷᠤᠭᠤ ᠶᠠᠪᠤᠬᠤ ᠶᠢ ᠵᠤᠷᠢᠭᠵᠢᠭᠤᠯᠤᠨ᠂ ᠵᠤᠭᠠᠴᠠᠯ ᠤᠨ ᠤᠶᠢᠯᠡᠴᠢᠯᠡᠭᠡᠨ ᠤ ᠤᠶᠢᠯᠡᠰ ᠲᠤ ᠤᠶᠢᠯᠡᠰ ᠪᠦᠳᠦᠭᠡᠬᠦ ᠪᠠ | ᠠᠵᠢᠯ ᠤᠯᠭᠤᠨ᠎ᠠ᠃ ᠬᠦᠳᠡᠭᠡ ᠲᠤᠰᠬᠤᠨ ᠤ ᠴᠠᠬᠢᠯᠭᠠᠨ ᠬᠤᠯᠪᠤᠭ᠎ᠠ ᠲᠦᠭᠡᠮᠡᠯᠵᠢᠭᠰᠡᠨ ᠨᠡᠶᠢᠳᠡ ᠶᠢᠨ | ᠤᠶᠢᠯᠡᠴᠢᠯᠡᠭᠡᠨ ᠤ ᠢᠨᠵᠧᠨᠧᠷᠢᠩ ᠢ ᠬᠡᠷᠡᠭᠵᠢᠭᠦᠯᠦᠨ ᠢᠨᠲ᠋ᠧᠷ ᠰᠦᠯᠵᠢᠶ᠎ᠡ᠂ ᠤᠳᠠᠰᠤᠳᠤ ᠲᠧᠯᠸᠢᠰ ᠤᠨ | ᠪᠦᠷᠬᠦᠴᠡ ᠶᠢᠨ ᠨᠤᠷᠮ᠎ᠠ ᠶᠢ95% ᠠᠴᠠ ᠲᠡᠭᠡᠭᠰᠢ ᠬᠦᠷᠭᠡᠨ᠎ᠡ᠃ ᠤᠯᠠᠨ ᠲᠦᠮᠡᠨᠴᠢ ᠴᠢᠨᠠᠷ ᠤᠨ ᠤᠶᠤᠨ ᠤ | ᠪᠤᠯᠪᠠᠰᠤᠨ ᠤ ᠡᠭᠦᠳᠦᠨ ᠪᠠᠶᠢᠭᠤᠯᠤᠯᠳᠠ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ᠂ ᠨᠡᠶᠢᠭᠡᠮ ᠤᠨ ᠪᠤᠯᠪᠠᠰᠤᠨ | ᠰᠢᠨ᠎ᠡ ᠰᠤᠷᠳᠠᠯ ᠢ ᠪᠤᠢ ᠪᠤᠯᠭᠠᠨ᠎ᠠ᠃ ᠤᠯᠠᠭᠠᠨᠮᠦ᠋ᠴᠢᠷ ᠤᠨ ︽ ᠬᠤᠪᠢᠰᠬᠠᠯᠳᠤ ᠤᠷᠠᠯᠢᠭ ᠤᠨ ᠬᠦᠩᠭᠡᠨ ᠮᠤᠷᠢᠳᠤ | ᠴᠡᠷᠢᠭ ︾ ᠤᠨ ᠤᠶᠢᠯᠡᠳᠦᠯ ᠢ ᠪᠦᠬᠦ ᠲᠠᠯ᠎ᠠ ᠪᠠᠷ ᠪᠠᠳᠠᠷᠠᠭᠤᠯᠤᠨ᠂ ᠵᠢᠯ ᠪᠦᠷᠢ100 ᠭᠠᠷᠦᠢ ᠤᠳᠠᠭ᠎ᠠ ᠬᠦᠳᠡᠭᠡ | ᠪᠠᠭᠤᠵᠦ ᠰᠢ ᠵᠦᠴᠦᠭᠡ ᠲᠤᠭᠯᠠᠨ᠎ᠠ᠃ | ᠦᠪᠡᠷᠳᠡᠭᠡᠨ ᠵᠠᠰᠠᠬᠤ ᠬᠠᠤᠯᠢ ᠪᠠᠷ ᠵᠠᠰᠠᠬᠤ᠂ ᠶᠤᠰᠤ ᠰᠤᠷᠳᠠᠬᠤᠨ ᠢᠶᠠᠷ ᠵᠠᠰᠠᠬᠤ ᠶᠢ ᠬᠠᠷᠢᠯᠴᠠᠨ | ᠤᠶᠠᠯᠳᠤᠭᠤᠯᠤᠭᠰᠠᠨ ᠬᠦᠳᠡᠭᠡ ᠲᠤᠰᠬᠤᠨ ᠤ ᠵᠠᠰᠠᠯᠳᠠ ᠶᠢᠨ ᠰᠢᠰᠲ᠋ᠧᠮ ᠢ ᠢᠳᠡᠪᠬᠢᠳᠠᠢ ᠡᠷᠢᠯᠬᠡᠶᠢᠯᠡᠨ᠂ ᠬᠦᠳᠡᠭᠡ | ᠲᠤᠰᠬᠤᠨ ᠢ ᠨᠡᠩ ᠪᠤᠯᠪᠠᠰᠤᠨ᠂ ᠨᠡᠩ ᠦᠵᠡᠰᠭᠦᠯᠡᠩᠳᠤ ᠰᠠᠶᠢᠬᠠᠨ᠂ ᠠᠷᠠᠳ ᠤᠨ ᠠᠮᠢᠳᠤᠷᠠᠯ ᠢ ᠨᠡᠩ ᠪᠠᠶᠠᠨ | ᠴᠢᠨᠡᠭᠡᠯᠢᠭ᠂ ᠨᠡᠩ ᠲᠠᠭᠠᠯᠠᠮᠵᠢᠳᠠᠢ ᠪᠤᠯᠭᠠᠬᠤ ᠪᠠᠷ ᠴᠢᠷᠮᠡᠶᠢᠨ᠎ᠡ᠃ | ᠤᠳᠤᠬᠢᠴᠢᠯᠠᠭᠰᠠᠨ ᠬᠤᠳᠠ ᠪᠠᠯᠭᠠᠰᠤ ᠶᠢᠨ ᠰᠢᠰᠲ᠋ᠧᠮ ᠢ ᠴᠤᠭᠴᠠᠯᠠᠨ ᠪᠠᠶᠢᠭᠤᠯᠤᠨ᠎ᠠ᠃ ᠰᠠᠭᠤᠷᠢ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ ᠳᠡᠭᠦᠯᠳᠡᠷᠵᠢᠭᠦᠯᠵᠦ᠂ ᠬᠤᠳᠠ | ᠬᠦᠳᠡᠭᠡ ᠶᠢᠨ ᠶᠡᠷᠦᠩᠬᠡᠶᠢᠯᠡᠭᠰᠡᠨ ᠲᠠᠭᠠᠭᠠᠴᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠭᠦᠯᠦᠨ᠎ᠡ᠃ ︽ | ᠲᠠᠪᠤᠨ ᠬᠤᠳᠠ ᠶᠢ ᠬᠠᠮᠳᠤ ᠳᠤᠨᠢ ᠪᠦᠳᠦᠭᠡᠨ ᠪᠠᠶᠢᠭᠤᠯᠬᠤ︾ ᠶᠢ ᠦᠷᠬᠦᠯᠵᠢᠯᠡᠨ ᠲᠦᠯᠬᠢᠨ ᠠᠬᠢᠭᠤᠯᠵᠦ᠂ | ᠦᠪᠡᠷᠳᠡᠭᠡᠨ ᠵᠠᠰᠠᠬᠤ ᠤᠷᠤᠨ ᠤ ᠳᠡᠰ ᠤᠨ ᠤᠷᠴᠢᠨ ᠲᠤᠭᠤᠷᠢᠨ ᠢ ᠬᠠᠮᠠᠭᠠᠯᠠᠬᠤ ᠵᠢᠱᠢᠶᠡᠴᠢ ᠬᠤᠳᠠ ᠪᠤᠯᠤᠨ | ᠪᠤᠯᠪᠠᠰᠤᠨ ᠬᠤᠳᠠ ᠶᠢ ᠠᠮᠵᠢᠯᠳᠠ ᠲᠠᠢ ᠡᠭᠦᠳᠤᠨ ᠪᠠᠶᠢᠭᠤᠯᠵᠤ᠂ ᠤᠯᠤᠰ ᠤᠨ ᠳᠡᠰ ᠤᠨ ᠴᠡᠴᠡᠷᠯᠢᠭᠳᠦ ᠰᠢᠶᠠᠨ | ᠬᠤᠳᠠ ᠶᠢ ᠬᠦᠴᠦᠯᠡᠨ ᠪᠠᠶᠢᠭᠤᠯᠤᠨ᠎ᠠ᠃ ᠰᠢᠨ᠎ᠡ ᠲᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ | ᠠᠵᠢᠯ ᠢ ᠪᠦᠬᠦ ᠲᠠᠯ᠎ᠠ ᠪᠠᠷ ᠡᠬᠢᠯᠡᠭᠦᠯᠦᠨ᠂ ᠪᠦᠳᠦᠭᠡᠨ ᠪᠠᠶᠢᠭᠤᠯᠬᠤ ᠲᠤᠭᠤᠷᠢᠭ ᠤᠨ ᠲᠠᠯᠠᠪᠠᠢ ᠶᠢ12·8 ᠳᠡᠭᠰᠢ | ᠲᠦᠷᠪᠡᠯᠵᠢᠨ ᠺᠢᠯᠤᠮᠧᠲᠷ ᠦᠷᠭᠡᠳᠭᠡᠨ᠂ ᠬᠤᠳᠠ ᠪᠠᠯᠭᠠᠰᠤᠵᠢᠯᠳᠡ ᠶᠢᠨ ᠨᠤᠷᠮ᠎ᠠ ᠶᠢ 58% ᠳᠤ ᠬᠦᠷᠭᠡᠨ᠎ᠡ᠃3 | ᠴᠡᠴᠡᠷᠯᠢᠭ ᠤᠨ ᠬᠦᠷᠢᠶᠡᠯᠡᠩ ᠢ ᠰᠢᠨ᠎ᠡ ᠪᠠᠷ ᠪᠠᠶᠢᠭᠤᠯᠤᠨ᠂ ᠬᠦᠮᠦᠨ ᠪᠦᠷᠢ ᠲᠡᠭᠰᠢᠳᠭᠡᠭᠰᠡᠨ ᠨᠤᠭᠤᠭᠠᠨ ᠭᠠᠵᠠᠷ ᠤᠨ | ᠲᠠᠯᠠᠪᠠᠢ ᠨᠢ13·2ᠳᠡᠭᠰᠢ ᠲᠦᠷᠪᠡᠯᠵᠢᠨ ᠺᠢᠯᠤᠮᠧᠲᠷ ᠳᠤ ᠬᠦᠷᠭᠡᠨ᠎ᠡ᠃ ᠬᠤᠳᠠ ᠶᠢᠨ ᠲᠤᠭᠤᠷᠢᠭ ᠤᠨ6 ᠵᠤᠷᠪᠤᠰ | ᠲᠠᠰᠤᠷᠬᠠᠢ ᠴᠡᠭ ᠤᠨ ᠵᠠᠮ ᠢ ᠨᠡᠪᠳᠡᠷᠡᠭᠦᠯᠵᠦ᠂ ᠬᠤᠳᠠ ᠶᠢᠨ ᠲᠤᠳᠤᠷᠠᠬᠢ ᠵᠠᠮ ᠲᠤᠤᠷ ᠢ ᠲᠡᠭᠦᠯᠳᠡᠷᠵᠢᠭᠦᠯᠦᠨ᠎ᠡ᠃ | ᠪᠡᠶ᠎ᠡ ᠶᠢᠨ ᠲᠠᠮᠢᠷ ᠤᠨ ᠲᠠᠯᠠᠪᠤᠷ᠂ ᠦᠵᠡᠰᠭᠦᠯᠡᠩ ᠤᠨ ᠤᠷᠳᠤᠨ᠂ ᠨᠤᠮ ᠤᠨ ᠰᠠᠩ᠂ ᠰᠢᠨᠵᠢᠯᠡᠬᠦ ᠮᠡᠷᠭᠡᠵᠢᠯ ᠤᠨ | ᠤᠷᠳᠤᠨ᠂ ᠤᠮᠪᠠᠯᠳᠠ ᠶᠢᠨ ᠤᠷᠳᠤᠨ ᠵᠡᠷᠭᠡ ᠶᠢ ᠪᠦᠳᠦᠭᠡᠨ ᠪᠠᠶᠢᠭᠤᠯᠤᠨ ᠠᠰᠢᠭᠯᠠᠯᠳᠠ ᠳᠤ ᠤᠷᠤᠭᠤᠯᠤᠨ᠎ᠠ᠃ | ᠲᠦᠸᠧ ᠪᠠ ᠭᠦᠢ ᠴᠡᠴᠡᠷᠯᠢᠭ ᠪᠤᠯᠤᠨ ᠳ᠋ᠠᠢ ᠬᠠ ᠲᠠᠯᠠᠪᠠᠢ ᠶᠢ ᠳᠡᠰ ᠲᠠᠪᠰᠢᠭᠤᠯᠤᠨ ᠦᠭᠡᠷᠡᠴᠢᠯᠡᠨ᠂ ᠬᠤᠳᠠ | ᠲᠤᠭᠤᠷᠢᠭ ᠤᠨᠭᠠᠵᠠᠷ ᠲᠤᠤᠷᠠᠬᠢ ᠬᠤᠭᠤᠯᠠᠢ ᠶᠢᠨ ᠲᠤᠤᠷ ᠢ ᠲᠡᠪᠢᠰᠴᠦ᠂ ᠬᠠᠭᠤᠴᠢᠨ ᠬᠤᠳᠠ ᠲᠤᠭᠤᠷᠢᠭ ᠤᠨ | ᠬᠤᠭᠤᠯᠠᠢ ᠶᠢᠨ ᠲᠤᠤᠷ ᠢ ᠰᠡᠯᠪᠢᠨ ᠵᠠᠰᠠᠵᠤ ᠲᠡᠭᠦᠯᠳᠡᠷᠵᠢᠭᠦᠯᠦᠨ᠎ᠡ᠃ ᠯᠢᠶᠠᠩᠴᠧᠩ ᠢ ᠬᠡᠶᠢᠵᠢᠭᠦᠯᠬᠦ ᠲᠦᠷᠦᠯ ᠵᠤᠶᠢᠯ ᠢ | ᠬᠡᠷᠡᠭᠵᠢᠭᠦᠯᠦᠨ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠡᠷᠦᠬᠡ ᠳᠤ ᠤᠷᠤᠬᠤ ᠨᠤᠷᠮ᠎ᠠ ᠶᠢ 90% ᠠᠴᠠ ᠲᠡᠭᠡᠭᠰᠢ | ᠬᠦᠷᠭᠡᠨ᠎ᠡ᠃ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠡᠨ ᠬᠠᠤᠯᠢ ᠶᠢ ᠬᠡᠷᠡᠭᠵᠢᠭᠦᠯᠬᠦ ᠲᠤᠪᠴᠢᠶ᠎ᠠ | ᠪᠠᠶᠢᠭᠤᠯᠤᠨ᠂ ᠬᠤᠳᠠ ᠶᠢᠨ ᠶᠡᠷᠦᠩᠬᠡᠶᠢᠯᠡᠭᠰᠡᠨ ᠬᠠᠤᠯᠢ ᠶᠢ ᠬᠡᠷᠡᠭᠵᠢᠬᠦᠯᠬᠦ ᠬᠠᠮᠢᠶᠠᠷᠤᠯᠳᠠ ᠶᠢ ᠴᠢᠩᠭᠠᠳᠬᠠᠵᠤ᠂ | ᠬᠠᠤᠯᠢ ᠠᠴᠠ ᠵᠦᠷᠢᠴᠡᠨ ᠲᠦᠷᠢᠮ ᠠᠴᠠ ᠵᠦᠷᠢᠴᠡᠨ ᠭᠠᠵᠠᠷ ᠡᠵᠡᠯᠡᠬᠦ᠂ ᠤᠷᠴᠢᠨ ᠲᠤᠭᠤᠷᠢᠨ ᠢ ᠡᠪᠳᠡᠬᠦ᠂ | ᠪᠤᠬᠢᠷᠳᠤᠭᠤᠯᠬᠤ ᠠᠵᠢᠯᠯᠠᠭ᠎ᠠ ᠳᠤ ᠬᠦᠴᠦᠳᠠᠢ ᠴᠤᠬᠢᠯᠳᠠ ᠦᠭᠴᠦ᠂ ᠬᠤᠳᠠ ᠶᠢᠨ ᠪᠦᠳᠦᠭᠡᠨ ᠪᠠᠶᠢᠭᠤᠯᠤᠯᠳᠠ ᠶᠢᠨ | ᠬᠠᠮᠢᠶᠠᠷᠤᠯᠳᠠ ᠶᠢᠨ ᠶᠡᠷᠦᠩᠬᠡᠶᠢᠴᠢᠯᠡᠭᠰᠡᠨ ᠡᠷᠴᠢᠮᠵᠢᠭᠦᠯᠦᠯᠳᠡ ᠶᠢ ᠲᠦᠯᠬᠢᠨ ᠠᠬᠢᠭᠤᠯᠵᠤ᠂ ᠠᠷᠠᠳ ᠤᠨ ᠠᠮᠢᠳᠤᠷᠠᠯ ᠢ | ᠨᠡᠩ ᠲᠦᠭᠦᠮ ᠨᠡᠩ ᠲᠠᠭᠠᠯᠠᠮᠵᠢᠳᠠᠢ ᠨᠡᠩ ᠭᠤᠶᠤ ᠰᠠᠶᠢᠬᠠᠨ ᠪᠤᠯᠭᠠᠨ᠎ᠠ᠃ | ᠵᠢᠷᠭᠤᠭ᠎ᠠ᠂ ᠲᠦᠷᠦᠯ ᠵᠤᠶᠢᠯ ᠤᠨ ᠪᠦᠳᠦᠭᠡᠨ ᠪᠠᠶᠢᠭᠤᠯᠤᠯᠳᠠ ᠶᠢ ᠬᠦᠴᠦᠳᠠᠢ ᠠᠳᠬᠤᠵᠦ᠂ ᠪᠦᠬᠦ | ᠰᠢᠶᠠᠨ ᠤ ᠠᠵᠦ ᠠᠬᠤᠢ ᠶᠢᠨ ᠨᠦᠬᠡᠴᠡ ᠬᠦᠴᠦᠨ ᠢ ᠴᠢᠩᠭᠠᠳᠬᠠᠨ᠎ᠠ᠃ ᠬᠤᠳᠠᠯᠳᠤᠭᠠᠴᠢᠨ ᠤᠷᠢᠵᠤ ᠪᠡᠯᠡ ᠲᠠᠳᠠᠬᠤ | ᠲᠦᠷᠦᠯ ᠵᠤᠶᠢᠯ ᠢ ᠲᠡᠮᠡᠴᠡᠨ ᠤᠯᠬᠤ᠂ PPP ᠬᠤᠷᠰᠢᠨ ᠠᠵᠢᠯᠯᠠᠬᠤ᠂ ᠪᠡᠯᠡ ᠮᠦᠩᠬᠦ ᠴᠤᠭᠯᠠᠭᠤᠯᠬᠤ ︽ | ᠲᠦᠷᠪᠡᠨ ᠬᠦᠷᠳᠦ ᠶᠢᠨ ᠬᠦᠳᠡᠯᠭᠡᠭᠦᠷ︾ ᠢᠶᠠᠷ ᠨᠢᠭᠡ ᠪᠦᠯᠦᠭ ᠪᠦᠬᠦ ᠲᠠᠯ᠎ᠠ ᠶᠢᠨ ᠬᠦᠭᠵᠢᠯᠳᠡ ᠲᠠᠢ ᠬᠤᠯᠪᠤᠯᠳᠤᠭᠰᠠᠨ | ᠲᠤᠮᠦ ᠶᠡᠭᠡ ᠲᠦᠷᠦᠯ ᠵᠤᠶᠢᠯ ᠢ ᠨᠠᠷᠢᠨ ᠨᠢᠮᠪᠠᠢ ᠠᠷᠭ᠎ᠠ ᠰᠦᠪᠡᠭᠴᠢᠯᠡᠨ ᠨᠠᠶᠢᠳᠠᠪᠤᠷᠢᠵᠢᠭᠤᠯᠤᠨ᠎ᠠ᠃ | ᠬᠤᠳᠠᠯᠳᠤᠭᠠᠴᠢᠨ ᠤᠷᠢᠵᠦ ᠪᠡᠯᠡ ᠲᠠᠳᠠᠬᠤ ᠪᠠᠶᠢᠳᠠᠯ ᠢ ᠬᠦᠴᠦᠯᠡᠨ ᠪᠤᠢ ᠪᠤᠯᠭᠠᠨ᠎ᠠ᠃ ᠨᠡᠶᠢᠰᠯᠡᠯ ᠤᠨ ᠠᠵᠦ | ᠤᠶᠢᠯᠡᠰ ᠢ ᠰᠢᠯᠵᠢᠭᠦᠯᠬᠦ᠂ ᠴᠢᠳᠠᠮᠵᠢ ᠶᠢ ᠵᠤᠬᠢᠴᠠᠭᠤᠯᠬᠤ ᠪᠠ ᠮᠠᠨ ᠤ ᠰᠢᠶᠠᠨ ᠤ ᠠᠵᠦ ᠤᠶᠢᠯᠡᠰ ᠤᠨ | ᠬᠦᠭᠵᠢᠯᠳᠡ ᠶᠢᠨ ᠤᠷᠤᠨ ᠲᠤᠭᠳᠠᠭᠠᠯ ᠤᠨ ᠲᠤᠭᠤᠷᠢᠨ ᠳᠤ᠂ ᠭᠤᠤᠯ ᠨᠢ ᠵᠤᠭᠠᠴᠠᠯ᠂ ᠶᠠᠳᠠᠭᠤ ᠶᠢ ᠳᠡᠳᠭᠦᠬᠦ᠂ | ᠲᠠᠷᠢᠶᠠᠯᠠᠩ ᠤᠨ ᠪᠦᠳᠦᠭᠡᠭᠳᠡᠭᠦᠨ ᠢ ᠤᠶᠢᠯᠡᠳᠪᠤᠷᠢᠯᠡᠬᠦ ᠪᠤᠯᠪᠠᠰᠤᠷᠠᠭᠤᠯᠭᠤ᠂ ᠬᠤᠪᠴᠠᠰᠤ ᠬᠤᠨᠠᠷ ᠤᠶᠢᠯᠡᠳᠪᠤᠷᠢᠯᠡᠬᠦ | ᠪᠠ ᠬᠤᠳᠠ ᠶᠢᠨ ᠵᠠᠰᠠᠭ ᠤᠨ ᠰᠠᠭᠤᠷᠢ ᠲᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠵᠡᠷᠭᠡ ᠲᠠᠯ᠎ᠠ ᠳᠤ | ᠭᠤᠤᠯᠳᠠᠯᠭ᠎ᠠ ᠲᠠᠢ᠂ ᠬᠠᠷᠠᠯᠳᠠ ᠲᠠᠢ ᠪᠠᠷ ᠬᠤᠳᠠᠯᠳᠤᠭᠠᠴᠢᠨ ᠤᠷᠢᠨ᠎ᠠ᠃ ᠬᠤᠳᠠᠯᠳᠤᠭᠠᠴᠢᠨ ᠤᠷᠢᠵᠦ ᠪᠡᠯᠡ ᠲᠠᠳᠠᠬᠤ | ᠠᠰᠢᠭᠳᠠᠢ ᠲᠦᠷᠦ ᠶᠢᠨ ᠪᠤᠳᠤᠯᠭ᠎ᠠ ᠶᠢ ᠨᠡᠶᠢᠳᠡᠯᠡᠨ᠂ ᠨᠡᠩ ᠤᠯᠠᠨ ᠠᠵᠦ ᠠᠬᠤᠶᠢᠯᠠᠯ ᠪᠠ ᠲᠦᠷᠦᠯ ᠵᠤᠶᠢᠯ ᠤᠨ | ᠯᠢᠶᠠᠩᠴᠧᠩ ᠳᠤ ᠨᠤᠳᠤᠭᠯᠠᠨ ᠰᠠᠭᠤᠬᠤ ᠶᠢ ᠲᠠᠶᠢᠴᠢᠯᠠᠨ ᠠᠪᠴᠢᠷᠠᠨ᠎ᠠ᠃ ᠠᠵᠦ ᠠᠬᠤᠶᠢᠯᠠᠳᠠᠨ᠂ ᠬᠤᠳᠠᠯᠳᠤᠭᠠᠨ ᠤ | ᠬᠤᠷᠠᠯ ᠪᠤᠯᠤᠨ ᠯᠢᠶᠠᠩᠴᠧᠩ ᠤᠨ ᠨᠤᠳᠤᠭ ᠲᠠᠢ ᠠᠮᠵᠢᠯᠳᠡ ᠬᠦᠮᠦᠰ ᠤᠨ ᠬᠦᠭᠦᠷᠭᠡ ᠶᠢᠨ ᠤᠶᠢᠯᠡᠳᠦᠯ ᠢ | ᠲᠤᠶᠢᠯᠪᠤᠷᠢᠳᠠᠢ ᠪᠠᠳᠠᠷᠠᠭᠤᠯᠤᠨ᠂ ᠬᠤᠳᠠᠯᠳᠤᠭ᠎ᠠ ᠪᠠᠷ ᠬᠤᠳᠠᠯᠳᠤᠭᠠᠴᠢᠨ ᠤᠷᠢᠬᠤ᠂ ᠯᠢᠶᠠᠩᠴᠧᠩ ᠰᠢᠶᠠᠨ ᠢ ᠪᠦᠬᠦ | ᠲᠠᠯ᠎ᠠ ᠪᠠᠷ ᠤᠬᠠᠭᠤᠯᠤᠨ ᠲᠠᠨᠢᠯᠴᠠᠭᠤᠯᠵᠦ᠂ ᠬᠤᠳᠠᠯᠳᠤᠭᠠᠴᠢᠨ ᠤᠷᠢᠬᠤ ᠠᠮᠵᠢᠯᠳᠠ ᠶᠢᠨ ᠨᠤᠷᠮ᠎ᠠ ᠶᠢ | ᠲᠡᠭᠡᠭᠰᠢᠯᠡᠭᠦᠯᠦᠨ᠎ᠡ᠃ ᠪᠡᠯᠡ ᠤᠷᠤᠭᠤᠯᠬᠤ ᠤᠶᠢᠯᠡᠴᠢᠯᠡᠭᠡᠨ ᠤ ᠤᠷᠴᠢᠨ ᠲᠤᠭᠤᠷᠢᠨ ᠢ ᠰᠢᠯᠢᠳᠡᠭᠵᠢᠭᠦᠯᠵᠦ᠂ ︽ | ᠲᠤᠳᠤᠨᠤ ᠬᠤᠳᠠᠯᠳᠤᠭ᠎ᠠ᠂ ᠠᠮᠦᠷ ᠲᠦᠪᠰᠢᠨ ᠬᠤᠳᠠᠯᠳᠤᠭ᠎ᠠ᠂ ᠪᠠᠶᠠᠨ ᠬᠤᠳᠠᠯᠳᠤᠭ᠎ᠠ︾ ᠶᠢᠨ ᠭᠦᠨ ᠵᠤᠵᠠᠭᠠᠨ | ᠠᠭᠤᠷ ᠠᠮᠢᠰᠬᠤᠯ ᠢ ᠪᠤᠢ ᠪᠤᠯᠭᠠᠨ᠂ ᠬᠤᠳᠠᠯᠳᠤᠭᠠᠴᠢᠨ ᠤᠷᠢᠬᠤ ᠨᠡᠷ᠎ᠡ ᠠᠯᠳᠠᠷ ᠪᠠ ᠬᠦᠭᠵᠢᠯᠳᠡ ᠶᠢᠨ ᠲᠦᠷᠢ | ᠲᠦᠷᠬᠦ ᠶᠢ ᠱᠤᠭᠤᠨ᠎ᠠ᠃ | PPPᠲᠦᠷᠦᠯ ᠵᠤᠶᠢᠯ ᠢ ᠶᠡᠭᠡ ᠬᠦᠴᠦᠨ ᠢᠶᠠᠷ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠤᠯᠤᠰ ᠤᠨ PPP ᠲᠦᠷᠦᠯ ᠵᠤᠶᠢᠯ ᠤᠨ ᠬᠠᠮᠢᠶᠠᠷᠤᠯᠳᠠ ᠶᠢᠨ ᠬᠠᠮᠢᠶ᠎ᠠ ᠪᠦᠬᠦᠢ ᠮᠠᠲ᠋ᠧᠷᠢᠶᠠᠯ ᠤᠨ ᠵᠤᠷᠢᠭ | ᠰᠠᠨᠠᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢᠨ ᠲᠠᠭᠠᠤ᠂ ᠪᠤᠳᠠᠳᠠᠢ ᠲᠠᠢ ᠤᠶᠠᠯᠳᠤᠭᠤᠯᠤᠨ᠂ ᠲᠦᠷᠦᠯ | ᠵᠤᠶᠢᠯ ᠤᠨ ᠲᠦᠰᠦᠪᠯᠡᠯ᠂ ᠨᠤᠳᠠᠯᠠᠯ᠂ ᠠᠵᠢᠯ ᠲᠠᠨᠢᠯᠴᠠᠭᠤᠯᠬᠤ ᠶᠢ ᠰᠠᠶᠢᠳᠤᠷ ᠬᠢᠵᠦ᠂ ᠤᠷᠴᠢᠨ ᠲᠤᠭᠤᠷᠢᠨ ᠢ | ᠬᠠᠮᠠᠭᠠᠯᠠᠬᠤ᠂ ᠬᠤᠳᠠ ᠵᠠᠰᠠᠭ ᠤᠨ ᠨᠡᠶᠢᠳᠡ ᠶᠢᠨ ᠰᠠᠭᠤᠷᠢ ᠲᠦᠬᠦᠭᠡᠷᠦᠮᠵᠢ ᠶᠢᠨ ᠲᠠᠯ᠎ᠠ ᠳᠤ᠂ ᠨᠡᠶᠢᠭᠡᠮ ᠲᠠᠢ | ᠬᠤᠷᠰᠢᠨ ᠠᠵᠢᠯᠯᠠᠬᠤ ᠶᠢ ᠴᠢᠩᠭᠠᠳᠬᠠᠵᠤ᠂ ᠨᠡᠩ ᠤᠯᠠᠨ ᠲᠦᠷᠦᠯ ᠵᠤᠶᠢᠯ ᠢ ᠦᠪᠡᠷᠳᠡᠭᠡᠨ ᠵᠠᠰᠠᠬᠤ ᠤᠷᠤᠨ ᠤ | PPP ᠲᠦᠷᠦᠯ ᠵᠤᠶᠢᠯ ᠤᠨ ᠬᠠᠳᠠᠭᠠᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ | ᠲᠡᠭᠡᠳᠦ ᠱᠠᠳᠤᠨ ᠤ ᠪᠡᠯᠡ ᠤᠷᠤᠭᠤᠯᠬᠤ ᠲᠦᠷᠦᠯ ᠵᠤᠶᠢᠯ ᠢ ᠢᠳᠡᠪᠬᠢᠳᠠᠢ ᠪᠠᠷ ᠲᠡᠮᠡᠴᠡᠨ ᠤᠯᠤᠨ᠎ᠠ᠃ | ᠤᠷᠤᠨ᠂ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠷᠢᠯᠴᠠᠨ ᠲᠦᠷᠦᠯ ᠵᠤᠶᠢᠯ ᠢ ᠲᠡᠮᠡᠴᠡᠨ | ᠤᠯᠬᠤ ᠪᠠᠷ ᠴᠢᠷᠮᠡᠶᠢᠨ᠂ ᠤᠯᠤᠰ ᠤᠨ ᠠᠵᠦ ᠤᠶᠢᠯᠡᠰ ᠤᠨ ᠲᠦᠷᠦ ᠶᠢᠨ ᠪᠤᠳᠤᠯᠭ᠎ᠠ ᠪᠤᠯᠤᠨ ᠪᠡᠯᠡ ᠤᠷᠤᠭᠤᠯᠬᠤ | ᠴᠢᠭᠯᠡᠯ ᠢ ᠴᠠᠭ ᠲᠤᠬᠠᠢ ᠳᠤᠨᠢ ᠡᠵᠡᠮᠰᠢᠨ᠂ ᠡᠳ᠋ ᠤᠨ ᠵᠠᠰᠠᠭ᠂ ᠬᠦᠭᠵᠢᠭᠦᠯᠦᠯᠳᠡ ᠦᠭᠡᠷᠡᠴᠢᠯᠡᠯᠳᠡ ᠵᠡᠷᠭᠡ ᠰᠠᠯᠠᠭ᠎ᠠ | ᠮᠦᠴᠢᠷ ᠤᠨ ᠵᠤᠬᠢᠶᠠᠨ ᠪᠠᠶᠢᠭᠤᠯᠬᠤ ᠵᠤᠬᠢᠴᠠᠭᠤᠯᠬᠤ ᠤᠶᠢᠯᠡᠳᠤᠯ ᠢ ᠪᠠᠳᠠᠷᠠᠭᠤᠯᠵᠤ᠂ ᠡᠮᠦᠨ᠎ᠡ ᠬᠤᠭᠤᠴᠠᠭᠠᠨ ᠤ | ᠠᠵᠢᠯ ᠢ ᠨᠠᠷᠢᠨ ᠪᠤᠳᠠᠳᠠᠢ ᠭᠦᠨᠵᠡᠭᠡᠢ ᠬᠢᠵᠦ᠂ ᠲᠡᠭᠡᠭᠰᠢ ᠮᠡᠳᠡᠭᠦᠯᠦᠨ ᠵᠦᠪᠰᠢᠶᠡᠷᠡᠭᠦᠯᠦᠭᠰᠡᠨ ᠲᠦᠷᠦᠯ ᠵᠤᠶᠢᠯ ᠢ | ᠪᠦᠬᠦ ᠲᠠᠯ᠎ᠠ ᠪᠠᠷ ᠮᠦᠷᠳᠡᠨ ᠲᠠᠭᠠᠵᠤ᠂ ᠲᠦᠷᠦᠯ ᠵᠤᠶᠢᠯ ᠤᠨ ᠴᠢᠬᠤᠯᠠ ᠪᠢᠴᠢᠭ ᠮᠠᠲ᠋ᠧᠷᠢᠶᠠᠯ ᠢ ᠮᠡᠳᠡᠭᠦᠯᠬᠦ ᠶᠢ | ᠰᠠᠶᠢᠳᠤᠷ ᠬᠢᠵᠦ᠂ ︽ ᠲᠦᠷᠦᠯ ᠵᠤᠶᠢᠯ ᠢ ᠮᠡᠳᠡᠭᠦᠯᠵᠦ ᠲᠡᠶᠢᠯᠬᠦ᠂ ᠪᠡᠯᠡ ᠮᠦᠩᠬᠦ ᠶᠢ ᠤᠯᠵᠦ ᠲᠡᠶᠢᠯᠬᠦ︾ ᠪᠠᠶᠢᠳᠠᠯ ᠢ | ᠪᠠᠳᠤᠯᠠᠨ᠎ᠠ᠃ | ᠪᠡᠯᠡ ᠮᠦᠩᠬᠦ ᠤᠷᠤᠭᠤᠯᠬᠤ ᠬᠡᠯᠪᠡᠷᠢ ᠶᠢ ᠰᠢᠨᠡᠳᠭᠡᠨ᠎ᠡ᠃ ᠬᠤᠶᠢᠰᠢᠳᠡ ᠶᠢᠨ ᠲᠠᠪᠤᠨ ᠵᠢᠯ ᠪᠤᠯ ᠵᠠᠰᠠᠭ ᠤᠨ | ᠤᠷᠳᠤᠨ ᠤ ᠦᠷᠢ ᠦᠭᠴᠢᠭᠡ ᠶᠢ ᠠᠷᠢᠯᠭᠠᠬᠤ ᠰᠢᠪᠳᠤᠯᠤᠯᠳᠠ ᠶᠢᠨ ᠬᠤᠭᠤᠴᠠᠭ᠎ᠠ ᠮᠦᠨ᠃ ᠵᠠᠰᠠᠭ ᠤᠨ ᠤᠷᠳᠤᠨ ᠤ | ᠦᠷᠢ ᠰᠢᠷᠢ ᠶᠢ ᠠᠷᠢᠯᠭᠠᠬᠤ ᠶᠢ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠂ ᠤᠶᠢᠷ᠎ᠠ ᠶᠢᠨ ᠵᠢᠯ ᠠᠴᠠ | ᠨᠠᠰᠢᠬᠢ ᠵᠠᠰᠠᠭ ᠤᠨ ᠤᠷᠳᠤᠨ ᠤ ᠪᠡᠯᠡ ᠤᠷᠤᠭᠤᠯᠬᠤ ᠲᠦᠷᠦᠯ ᠵᠤᠶᠢᠯ ᠳᠤ ᠨᠢᠭᠡᠨ ᠤᠳᠠᠭᠠᠨ ᠤ ᠨᠠᠷᠢᠨ ᠨᠢᠮᠪᠠᠢ ︽ | ᠡᠷᠭᠢᠨ ᠬᠠᠷᠠᠯᠳᠠ︾ ᠬᠢᠵᠦ᠂ ᠡᠭᠦᠨ ᠠᠴᠠ ᠬᠤᠶᠢᠰᠢ ᠵᠠᠰᠠᠭ ᠤᠨ ᠤᠷᠳᠤᠨ ᠠᠴᠠ ᠪᠡᠯᠡ ᠤᠷᠤᠭᠤᠯᠬᠤ᠂ ᠲᠦᠷᠦᠯ | ᠵᠤᠶᠢᠯ ᠢ ᠴᠢᠩᠭ᠎ᠠ ᠨᠢᠮᠪᠠᠢ ᠬᠠᠷᠢᠭᠤᠴᠠᠨ᠂ ᠡᠯ᠎ᠡ ᠪᠠᠶᠢᠭᠤᠯᠤᠯᠭ᠎ᠠ ᠪᠠ ᠰᠠᠯᠠᠭ᠎ᠠ ᠮᠦᠴᠢᠷ ᠰᠢᠶᠠᠨ ᠤ ᠨᠠᠮ ᠤᠨ ᠬᠤᠷᠢᠶ᠎ᠠ | ᠂ ᠵᠠᠰᠠᠭ ᠤᠨ ᠤᠷᠳᠤᠨ ᠤ ᠵᠦᠪᠰᠢᠶᠡᠷᠡᠯ ᠦᠬᠡᠢ ᠪᠠᠷ ᠵᠤᠭᠤᠰ ᠵᠢᠭᠡᠯᠡᠬᠦ ᠪᠠ ᠬᠡᠯᠪᠡᠷᠢ ᠦᠭᠡᠷᠡᠳᠤᠭᠦᠯᠦᠨ ᠵᠤᠭᠤᠰ | ᠵᠢᠭᠡᠯᠡᠵᠦ ᠪᠤᠯᠬᠤ ᠦᠭᠡᠢ᠂ ᠬᠦᠭᠵᠢᠯᠳᠡ ᠶᠢᠨ ᠲᠦᠯᠦᠭᠡ ᠰᠢᠨ᠎ᠡ ᠬᠡᠯᠪᠡᠷᠢ ᠶᠢᠨ ᠪᠡᠯᠡ ᠮᠦᠩᠬᠦ ᠴᠤᠭᠯᠠᠭᠤᠯᠬᠤ | ᠬᠡᠯᠪᠡᠷᠢ ᠶᠢ ᠡᠷᠡᠯᠬᠡᠶᠢᠯᠡᠨ᠂ ᠲᠦᠭᠦᠮ ᠪᠦᠳᠦᠴᠡᠳᠤ ᠤᠷᠤᠨ ᠲᠤᠭᠤᠷᠢᠭ ᠤᠨ ᠦᠭᠡᠷᠡᠴᠢᠯᠡᠯᠳᠡ᠂ ᠤᠨᠳᠤᠤ ᠭᠠᠵᠠᠷ ᠲᠤ | ᠨᠡᠭᠦᠯᠭᠡᠨ ᠰᠢᠯᠵᠢᠭᠦᠯᠬᠦ᠂ ᠨᠤᠷᠠᠬᠤ ᠠᠶᠤᠯᠳᠠᠢ ᠭᠡᠷ ᠪᠠᠶᠢᠰᠢᠩ ᠵᠡᠷᠭᠡ ᠲᠠᠯ᠎ᠠ ᠪᠠᠷ ᠤᠯᠤᠰ ᠤᠨ ᠲᠦᠷᠦ ᠶᠢᠨ | ᠪᠤᠳᠤᠯᠭ᠎ᠠ ᠶᠢᠨ ᠴᠢᠨᠠᠷᠳᠠᠢ ᠵᠢᠭᠡᠯᠡᠯᠭᠡ ᠶᠢ ᠢᠳᠡᠪᠬᠢᠳᠠᠢ ᠪᠠᠷ ᠲᠡᠮᠡᠴᠡᠨ ᠤᠯᠤᠨ᠎ᠠ᠃ ᠲᠠᠭ᠎ᠠ ᠶᠢᠨ ᠨᠠᠭᠤᠷ ᠤᠰᠤᠨ ᠤ | ᠠᠮᠢ ᠠᠬᠤᠢ ᠶᠢᠨ ᠬᠠᠮᠠᠭᠠᠯᠠᠯᠳᠠ ᠶᠢᠨ ᠲᠤᠭᠤᠷᠢᠨ ᠳᠤ ᠲᠡᠯᠡᠬᠡᠢ ᠶᠢᠨ ᠪᠠᠩᠬᠢ ᠶᠢᠨ ᠵᠢᠭᠡᠯᠡᠯᠭᠡ ᠶᠢ ᠭᠤᠶᠤᠴᠢᠯᠠᠨ ᠂ ︽ | ᠤᠷᠴᠢᠨ ᠲᠤᠭᠤᠷᠢᠨ ᠤ ᠬᠠᠮᠠᠭᠠᠯᠠᠯᠳᠠ ᠶᠢᠨ ᠦᠷᠢ ᠰᠢᠷᠢ︾ ᠂ ᠠᠵᠦ ᠤᠶᠢᠯᠡᠰ ᠤᠨ ᠲᠦᠷᠦᠯ ᠵᠤᠶᠢᠯ ᠤᠨ | ᠬᠦᠭᠵᠢᠯᠳᠡ ᠶᠢ ᠲᠠᠮᠵᠢᠵᠤ᠂ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢ ᠤᠳᠤᠷᠢᠳᠤᠨ ᠪᠤᠳᠠᠳᠤ ᠴᠤᠭᠴᠠ ᠶᠢᠨ | ᠠᠵᠦ ᠠᠬᠤᠢ ᠳᠠᠬᠢ ᠲᠡᠮᠵᠢᠯᠭᠡ ᠶᠢᠨ ᠬᠦᠴᠦᠨ ᠢ ᠴᠢᠩᠭᠠᠳᠬᠠᠵᠤ᠂ ᠠᠵᠦ ᠠᠬᠤᠶᠢᠯᠠᠯ ᠢ ᠵᠤᠷᠢᠭᠵᠢᠭᠤᠯᠤᠨ᠂ | ᠬᠦᠷᠦᠩᠭᠡ ᠶᠢᠨ ᠵᠠᠬ᠎ᠠ ᠲᠠᠯᠭᠡᠭᠦᠷ ᠰᠢᠭᠤᠳ ᠪᠡᠯᠡ ᠮᠦᠩᠬᠦ ᠤᠷᠤᠭᠤᠯᠬᠤ ᠶᠢ ᠠᠰᠢᠭᠯᠠᠨ᠎ᠠ᠃ | ᠲᠤᠯᠤᠭ᠎ᠠ᠂ ᠭᠤᠤᠯᠳᠠᠯᠭᠠᠳᠤ ᠬᠦᠷᠢᠶ᠎ᠡ ᠴᠠᠷ᠎ᠠ ᠳᠠᠬᠢ ᠦᠭᠡᠷᠡᠴᠢᠯᠡᠯᠳᠡ ᠶᠢ ᠭᠦᠨᠵᠡᠭᠡᠶᠢᠷᠡᠭᠦᠯᠵᠦ᠂ ᠵᠠᠰᠠᠭ ᠤᠨ | ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ | ᠪᠦᠬᠦ ᠲᠠᠯ᠎ᠠ ᠪᠠᠷ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠪᠠᠷ ᠶᠡᠷᠦᠩᠬᠡᠶᠢᠯᠡᠨ ᠵᠠᠬᠢᠷᠴᠤ᠂ ᠵᠠᠰᠠᠭ ᠤᠨ | ᠤᠷᠳᠤᠨ ᠤ ᠴᠢᠳᠠᠪᠬᠢ ᠶᠢ ᠬᠤᠪᠢᠷᠠᠭᠤᠯᠤᠨ᠂ ᠬᠢᠨᠡᠨ ᠬᠠᠮᠢᠶᠠᠷᠬᠤ ᠬᠡᠯᠪᠡᠷᠢ ᠶᠢ ᠰᠢᠨᠡᠳᠭᠡᠨ᠂ ᠵᠠᠰᠠᠭ ᠤᠨ ᠤᠷᠳᠤᠨ ᠤ | ᠢᠳᠡᠭᠡᠮᠵᠢ ᠶᠢᠨ ᠬᠦᠴᠦᠨ ᠪᠠ ᠬᠡᠷᠡᠭᠵᠢᠭᠦᠯᠬᠦ ᠬᠦᠴᠦᠨ ᠢ ᠴᠢᠩᠭᠠᠳᠬᠠᠨ᠂ ᠠᠷᠠᠳ ᠲᠦᠮᠡᠨ ᠤ ᠬᠠᠨᠤᠮᠵᠢᠳᠠᠢ | ᠤᠶᠢᠯᠡᠴᠢᠯᠡᠭᠡᠨ ᠤ ᠮᠠᠶ᠋ᠢᠭ ᠤᠨ ᠵᠠᠰᠠᠭ ᠤᠨ ᠤᠷᠳᠤᠨ ᠢ ᠪᠠᠶᠢᠭᠤᠯᠤᠨ᠎ᠠ᠃ | ᠭᠤᠤᠯᠳᠠᠯᠭᠠᠳᠤ ᠬᠦᠷᠢᠶ᠎ᠡ ᠴᠠᠷ᠎ᠠ ᠳᠠᠬᠢ ᠦᠭᠡᠷᠡᠴᠢᠯᠡᠯᠳᠡ ᠪᠠᠨ ᠲᠦᠷᠭᠡᠳᠭᠡᠨ᠎ᠡ᠃ ᠬᠠᠩᠭᠠᠯᠭ᠎ᠠ ᠶᠢᠨ | ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠪᠠᠷ ᠭᠤᠤᠯ ᠪᠤᠯᠭᠠᠨ᠂ ᠵᠠᠰᠠᠭ ᠢ ᠴᠤᠮᠬᠠᠳᠬᠠᠨ ᠡᠷᠬᠡ ᠶᠢ | ᠲᠤᠷᠤᠭᠰᠢ ᠪᠠᠭᠤᠯᠭᠠᠬᠤ ᠶᠢ ᠭᠦᠨᠵᠡᠭᠡᠶᠢᠷᠡᠭᠦᠯᠦᠨ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠵᠤ᠂ | ᠤᠶᠢᠯᠡᠴᠢᠯᠡᠭᠡᠨ ᠤ ᠦᠭᠡᠷᠡᠴᠢᠯᠡᠯᠳᠡ ᠶᠢ ᠰᠢᠯᠢᠳᠡᠭᠵᠢᠭᠦᠯᠦᠨ᠎ᠡ᠃ ︽ᠢᠨᠲ᠋ᠧᠷ ᠰᠦᠯᠵᠢᠶ᠎ᠡ+ ᠵᠠᠰᠠᠭ ᠤᠨ ᠤᠷᠳᠤᠨ ᠤ | ᠤᠶᠢᠯᠡᠴᠢᠯᠡᠭᠡ︾ ᠶᠢᠨ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠦᠬᠦ ᠰᠢᠶᠠᠨ ᠤ ︽ ᠨᠢᠭᠡ ᠵᠦᠭ ᠲᠡᠭᠡᠨ | ᠤᠷᠤᠭᠤᠯᠵᠤ᠂ ᠤᠯᠠᠨ ᠰᠠᠯᠠᠭ᠎ᠠ ᠮᠦᠴᠢᠷ ᠬᠠᠮᠳᠤᠪᠠᠷ ᠡᠳ᠋ᠯᠡᠬᠦ︾ ᠶᠡᠷᠦᠩᠬᠡᠶᠢᠯᠡᠭᠰᠡᠨ ᠤᠯᠠᠨ ᠨᠡᠶᠢᠳᠡ ᠶᠢᠨ | ᠤᠶᠢᠯᠡᠴᠢᠯᠡᠭᠡᠨ ᠤ ᠲᠤᠪᠴᠠᠩ ᠢ ᠪᠠᠶᠢᠭᠤᠯᠤᠨ᠎ᠠ᠃ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠠᠪᠴᠠᠩ ᠤᠨ ᠪᠠᠶᠢᠭᠤᠯᠤᠯᠳᠠ ᠶᠢ ᠲᠦᠷᠢᠮᠵᠢᠭᠦᠯᠵᠦ᠂ ᠤᠯᠠᠨ ᠨᠡᠶᠢᠳᠡ ᠶᠢᠨ ᠡᠬᠢ ᠪᠠᠶᠠᠯᠢᠭ ᠢ ᠲᠤᠬᠢᠷᠠᠭᠤᠯᠬᠤ ᠦᠷ᠎ᠡ | ᠠᠰᠢᠭ ᠢ ᠲᠡᠭᠡᠭᠰᠢᠯᠡᠭᠦᠯᠦᠨ᠎ᠡ᠃ ︽ ᠬᠤᠶᠠᠷ ᠢ ᠰᠤᠭᠤᠴᠢᠵᠤ᠂ ᠨᠢᠭᠡ ᠶᠢ ᠢᠯᠡ ᠪᠤᠯᠭᠠᠬᠤ︾᠂ ᠵᠠᠰᠠᠭ | ᠵᠠᠬᠢᠷᠭᠠᠨ ᠤ ᠬᠠᠤᠯᠢ ᠶᠢ ᠬᠡᠷᠡᠭᠵᠢᠭᠦᠯᠬᠦ ᠬᠢᠨᠠᠨ ᠪᠠᠶᠢᠴᠠᠭᠠᠬᠤ ᠲᠤᠭᠳᠠᠯᠴᠠᠭ᠎ᠠ ᠶᠢ ᠦᠷᠬᠦᠯᠵᠢᠯᠡᠨ ᠬᠡᠷᠡᠭᠵᠢᠭᠦᠯᠵᠦ᠂ ︽ | ᠤᠯᠠᠨ ᠦᠨᠡᠮᠯᠡᠯ ᠢ ᠨᠡᠶᠢᠯᠡᠭᠦᠯᠵᠦ ᠨᠢᠭᠡ ᠪᠤᠯᠭᠠᠬᠤ︾ ᠶᠢ ᠭᠦᠨᠵᠡᠭᠡᠢ ᠲᠦᠯᠬᠢᠨ ᠠᠬᠢᠭᠤᠯᠵᠤ᠂ ᠡᠯᠧᠺᠲᠷᠤᠨ | ᠡᠵᠡᠩᠨᠡᠯᠳᠡ ᠶᠢᠨ ᠦᠨᠡᠮᠯᠡᠯ ᠢᠶᠠᠷ ᠪᠦᠬᠦ ᠶᠠᠪᠤᠴᠠ ᠳᠤ ᠬᠢᠨᠡᠨ ᠬᠠᠮᠢᠶᠠᠷᠬᠤ ᠶᠢ ᠬᠡᠷᠡᠭᠵᠢᠭᠦᠯᠵᠦ᠂ ᠬᠤᠳᠠᠯᠳᠤᠭᠠᠨ ᠤ | ᠶᠠᠪᠤᠳᠠᠯ ᠤᠨ ᠲᠦᠷᠢᠮ ᠤᠨ ᠦᠭᠡᠷᠡᠴᠢᠯᠡᠯᠳᠡ ᠶᠢ ᠲᠡᠭᠦᠯᠳᠡᠷᠵᠢᠭᠦᠯᠦᠨ᠎ᠡ᠃ ᠪᠠᠭᠰᠢᠨᠠᠷ ᠤᠨ ᠦᠷ᠎ᠡ ᠪᠦᠳᠦᠮᠵᠢ ᠶᠢᠨ | ᠴᠠᠯᠢᠩ ᠤᠨ ᠦᠭᠡᠷᠡᠴᠢᠯᠡᠯᠳᠡ ᠶᠢᠨ ᠦᠷ᠎ᠡ ᠪᠦᠳᠦᠭᠡᠯ ᠢ ᠪᠠᠳᠤᠳᠬᠠᠨ ᠲᠡᠭᠦᠯᠳᠡᠷᠵᠢᠭᠦᠯᠦᠨ᠎ᠡ᠃ ᠲᠠᠭ᠎ᠠ ᠶᠢᠨ | ᠨᠠᠭᠤᠷ ᠤᠨ ᠰᠠᠪᠠ ᠭᠠᠵᠠᠷ ᠤᠨ ᠤᠷᠴᠢᠨ ᠲᠤᠭᠤᠷᠢᠨ ᠤ ᠵᠠᠰᠠᠯᠳᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠤᠢ | ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠳᠠ ᠶᠢᠨ ᠬᠠᠷᠢᠭᠤᠴᠠᠯᠭᠠᠳᠤ ᠲᠦᠷᠢᠮ ᠢ ᠨᠠᠶᠢᠳᠠᠪᠤᠷᠢᠵᠢᠭᠤᠯᠤᠨ᠂ | ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠶᠢ ᠪᠡᠶᠡᠯᠡᠭᠦᠯᠦᠨ᠎ᠡ᠃ ᠭᠠᠵᠠᠷ ᠰᠢᠷᠤᠢ᠂ | ᠨᠤᠳᠤᠭ ᠪᠡᠯᠴᠢᠭᠡᠷ ᠤᠨ ᠡᠷᠬᠡ ᠶᠢ ᠲᠤᠭᠳᠠᠭᠠᠬᠤ ᠲᠠᠩᠰᠠᠯᠠᠯᠳᠠ ᠶᠢ ᠲᠦᠷᠭᠡᠳᠭᠡᠨ᠎ᠡ᠃ ᠠᠵᠢᠯ ᠤᠶᠢᠯᠡᠰ ᠤᠨ | ᠪᠠᠶᠢᠭᠤᠯᠤᠯᠭ᠎ᠠ ᠨᠢᠭᠡᠴᠡ ᠶᠢᠨ ᠠᠯᠪᠠᠨ ᠳᠤ ᠬᠡᠷᠡᠭᠯᠡᠬᠦ ᠲᠡᠷᠭᠡ ᠶᠢᠨ ᠦᠭᠡᠷᠡᠴᠢᠯᠡᠯᠳᠡ ᠶᠢ ᠪᠡᠶᠡᠯᠡᠭᠦᠯᠦᠨ᠎ᠡ᠃ ᠨᠤᠭᠤᠷᠠᠰᠢ | ᠦᠭᠡᠢ ᠦᠭᠡᠷᠡᠴᠢᠯᠡᠯᠳᠡ ᠰᠢᠨᠡᠴᠢᠯᠡᠯᠳᠡ ᠪᠠᠷ ᠲᠠᠮᠵᠢᠨ᠂ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠬᠦᠳᠡᠯᠭᠡᠭᠴᠢ | ᠬᠦᠴᠦᠨ ᠪᠤᠯᠤᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠴᠢᠩᠭᠠᠳᠬᠠᠨ᠎ᠠ᠃ | ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠨᠠᠮ ᠤᠨ ᠠᠷᠪᠠ | ᠶᠢᠰᠤᠳᠤᠭᠡᠷ ᠶᠡᠭᠡ ᠬᠤᠷᠠᠯ ᠪᠢᠳᠡᠨ ᠳᠤ ᠰᠢᠨ᠎ᠡ ᠲᠡᠤᠬᠡ ᠶᠢᠨ ᠰᠤᠯᠪᠢᠴᠡᠯ ᠢ ᠪᠠᠳᠤᠳᠬᠠᠨ ᠦᠭᠴᠦ᠂ ᠰᠢᠨ᠎ᠡ ᠲᠡᠮᠡᠴᠡᠬᠦ | ᠬᠠᠷᠠᠯᠳᠠ ᠶᠢ ᠵᠢᠭᠠᠨ ᠦᠭᠴᠦ᠂ ᠪᠢᠳᠡ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠲᠤᠤᠱᠯᠠᠭᠤᠯᠤᠨ ᠰᠤᠷᠤᠯᠴᠠᠨ᠎ᠠ᠃ ᠡᠭᠦᠷᠭᠡ ᠲᠤᠰᠢᠶᠠᠯ ᠢᠶᠠᠨ ᠬᠡᠴᠢᠶᠡᠩᠭᠦᠶᠢᠯᠡᠨ ᠭᠦᠢᠴᠡᠳᠭᠡᠵᠦ᠂ ᠡᠷᠡᠰ ᠵᠤᠷᠢᠭᠯᠠᠨ | ᠡᠷᠡᠯᠬᠡᠶᠢᠯᠡᠨ ᠴᠢᠷᠮᠠᠶᠢᠬᠤ᠂ ᠴᠤᠴᠠᠯᠳᠠ ᠦᠭᠡᠢ ᠤᠷᠤᠭᠰᠢᠯᠠᠬᠤ ᠰᠦᠰᠦ ᠵᠤᠷᠢᠭ ᠢᠶᠠᠷ ᠰᠢᠨ᠎ᠡ ᠨᠢᠭᠡᠨ ᠬᠤᠭᠤᠴᠠᠭᠠᠨ ᠤ | ᠵᠠᠰᠠᠭ ᠤᠨ ᠤᠷᠳᠤᠨ ᠤ ᠰᠢᠨ᠎ᠡ ᠬᠤᠪᠢᠷᠠᠯᠳᠠ ᠰᠢᠨ᠎ᠡ ᠲᠦᠷᠢ ᠲᠦᠷᠬᠦ ᠶᠢ ᠢᠯᠡᠷᠡᠭᠦᠯᠦᠨ᠂ ᠦᠨᠡᠨ ᠪᠤᠳᠠᠳᠠᠢ ᠦᠷ᠎ᠡ | ᠪᠦᠳᠦᠮᠵᠢ ᠪᠠᠷ ᠠᠷᠠᠳ ᠲᠦᠮᠡᠨ ᠤ ᠢᠳᠡᠭᠡᠯ ᠢ ᠲᠡᠮᠡᠴᠡᠨ ᠤᠯᠤᠨ᠎ᠠ᠃ ᠨᠠᠮ ᠳᠠᠭᠠᠨ ᠢᠳᠡᠭᠡᠯ ᠲᠠᠢ ᠢ ᠪᠠᠷᠢᠮᠳᠠᠯᠠᠨ᠂ | ︽ ᠲᠦᠷᠪᠡᠨ ᠤᠬᠠᠮᠰᠠᠷ︾ ᠢ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠤᠯᠤᠰ ᠲᠦᠷᠦ ᠶᠢᠨ ᠲᠠᠯ᠎ᠠ ᠪᠠᠷ | ᠠᠵᠢᠯᠯᠠᠭᠠᠨ ᠤ ᠲᠠᠯ᠎ᠠ ᠪᠠᠷ ᠤᠬᠠᠮᠰᠠᠷ ᠠᠴᠠ ᠪᠠᠨ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ | ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠦᠯᠳᠠᠢ ᠪᠠᠶᠢᠬᠤ ᠬᠡᠷᠡᠭᠳᠡᠢ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠨ᠂ ᠤᠶᠢᠯᠡᠳᠤᠯᠭᠡ ᠪᠠᠷ ᠵᠢᠯᠤᠭᠤᠳᠤᠨ | ᠠᠵᠢᠯᠯᠠᠭ᠎ᠠ ᠶᠢ ᠲᠦᠯᠬᠢᠨ ᠠᠬᠢᠭᠤᠯᠬᠤ ᠶᠢ ᠪᠠᠷᠢᠮᠳᠠᠯᠠᠨ᠎ᠠ᠃ ᠵᠤᠷᠢᠭᠳᠠᠢ ᠡᠭᠦᠷᠭᠡᠯᠡᠬᠦ ᠶᠢ ᠴᠢᠩᠭᠠᠳᠬᠠᠵᠤ᠂ ︽ ᠤᠭ | ᠰᠠᠨᠠᠭ᠎ᠠ ᠪᠠᠨ ᠦᠯᠦ ᠮᠡᠷᠳᠡᠨ᠂ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ | ᠬᠦᠮᠦᠵᠢᠯ ᠤᠨ ᠠᠵᠢᠯᠯᠠᠭ᠎ᠠ ᠶᠢ ᠭᠦᠨᠵᠡᠭᠡᠢ ᠦᠷᠨᠢᠭᠦᠯᠦᠨ᠂ ︽ ᠬᠤᠶᠠᠷ ᠢ ᠰᠤᠷᠤᠯᠴᠠᠵᠤ ᠬᠢᠷᠢ ᠲᠡᠩᠴᠡᠭᠰᠡᠨ | ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠳᠡ᠂ ᠲᠦᠷᠢᠮᠵᠢᠭᠦᠯᠦᠯᠳᠡ ᠶᠢ ᠯᠡᠪᠳᠠᠭᠤᠨ | ᠪᠠᠳᠤᠳᠠᠢ ᠲᠦᠯᠬᠢᠨ ᠠᠬᠢᠭᠤᠯᠤᠨ᠎ᠠ᠃ ︽ ᠭᠤᠷᠪᠠᠨ ᠴᠢᠩᠭ᠎ᠠ ᠭᠤᠷᠪᠠᠨ ᠪᠤᠳᠠᠳᠠᠢ︾ ᠶᠢᠨ ᠱᠠᠭᠠᠷᠳᠠᠯᠭ᠎ᠠ ᠶᠢ | ᠤᠶᠢᠯᠡᠳᠤᠯᠭᠡᠵᠢᠭᠦᠯᠦᠨ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠲᠡᠷᠡ ᠲᠤᠤᠷ᠎ᠠ ᠪᠠᠨ ᠬᠡᠯᠡᠵᠦ ᠬᠡᠷᠡᠭᠵᠢᠭᠦᠯᠬᠦ᠂ | ᠲᠠᠷᠦᠢ ᠲᠦᠷᠭᠡᠨ ᠬᠡᠯᠡᠵᠦ ᠭᠦᠢᠴᠡᠳᠭᠡᠬᠦ ᠶᠢ ᠪᠦᠬᠦ ᠬᠦᠴᠦᠨ ᠢᠶᠠᠷ ᠪᠠᠳᠠᠷᠠᠭᠤᠯᠵᠤ᠂ ᠵᠤᠷᠢᠭᠳᠠᠢ ᠪᠠᠷ ᠡᠭᠦᠷᠭᠡᠯᠡᠵᠦ᠂ | ᠵᠤᠷᠢᠭᠳᠠᠢ ᠪᠠᠷ ᠬᠠᠷᠢᠭᠤᠴᠠᠨ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠳᠤ ᠲᠤᠭᠳᠠᠭᠠᠭᠰᠠᠨ ᠡᠯ᠎ᠡ ᠲᠦᠷᠦᠯ ᠤᠨ | ᠡᠭᠦᠷᠭᠡ ᠳᠡᠭᠡᠷ᠎ᠡ ᠬᠦᠴᠦᠨ ᠢᠶᠠᠨ ᠲᠦᠪᠯᠡᠷᠡᠭᠦᠯᠦᠨ᠂ ᠡᠯ᠎ᠡ ᠲᠦᠷᠦᠯ ᠤᠨ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠳᠡ ᠶᠢ ᠪᠦᠬᠦ ᠲᠠᠯ᠎ᠠ ᠪᠠᠷ ᠰᠠᠶᠢᠳᠤᠷ ᠠᠳᠬᠤᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ | ᠪᠠᠷᠢᠮᠳᠠᠯᠠᠨ᠎ᠠ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠵᠠᠰᠠᠭ ᠤᠨ ᠤᠷᠳᠤᠨ ᠤ ᠢᠳᠡᠭᠡᠮᠵᠢ ᠶᠢᠨ ᠬᠦᠴᠦᠨ ᠢ | ᠲᠠᠭᠡᠭᠰᠢᠯᠡᠭᠦᠯᠬᠦ ᠴᠢᠬᠤᠯᠠ ᠠᠷᠭ᠎ᠠ ᠠᠪᠴᠠᠯ ᠪᠤᠯᠭᠠᠨ᠂ ᠬᠠᠤᠯᠢ ᠬᠡᠷᠡᠭᠵᠢᠭᠦᠯᠬᠦ ᠠᠯᠬᠤᠮ ᠲᠠᠷᠠᠭ᠎ᠠ ᠪᠠᠨ | ᠲᠡᠭᠦᠯᠳᠡᠷᠵᠢᠭᠦᠯᠦᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠡᠷᠬᠡ ᠬᠠᠷᠢᠭᠤᠴᠠᠯᠭ᠎ᠠ | ᠨᠢᠭᠡᠳᠦᠯᠳᠠᠢ᠂ ᠡᠷᠬᠡ ᠰᠦᠷ ᠲᠠᠢ ᠦᠨᠳᠦᠷ ᠦᠷ᠎ᠡ ᠪᠦᠳᠦᠮᠵᠢ ᠲᠠᠢ ᠬᠠᠤᠯᠢ ᠪᠠᠷ ᠵᠠᠰᠠᠭ ᠶᠠᠪᠤᠭᠤᠯᠬᠤ ᠪᠠᠶᠢᠭᠤᠯᠤᠯ ᠢ | ᠪᠠᠶᠢᠭᠤᠯᠤᠨ᠎ᠠ᠃ ᠬᠠᠤᠯᠢ ᠶᠤᠰᠤᠭᠠᠷ ᠰᠢᠢᠳᠪᠤᠷᠢᠳᠤ ᠪᠤᠳᠤᠯᠭ᠎ᠠ ᠲᠤᠭᠳᠠᠭᠠᠨ᠂ ︽ ᠭᠤᠷᠪᠠᠨ ᠴᠢᠬᠤᠯᠠ ᠨᠢᠭᠡ ᠲᠤᠮᠤ | ︾ ᠰᠢᠢᠳᠪᠤᠷᠢᠳᠤ ᠲᠦᠷᠢᠮ ᠢ ᠨᠠᠶᠢᠳᠠᠪᠤᠷᠢᠵᠢᠭᠤᠯᠤᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠳᠠ ᠲᠠᠯᠪᠢᠬᠤ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ | ᠲᠠᠯᠪᠢᠬᠤ ᠪᠤᠯᠤᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠦ᠂ | ᠵᠠᠰᠠᠭ ᠤᠨ ᠶᠠᠪᠤᠳᠠᠯ ᠢ ᠢᠯᠡ ᠪᠤᠯᠭᠠᠬᠤ ᠡᠷᠴᠢᠮ ᠢᠶᠠᠨ ᠴᠢᠩᠭᠠᠷᠠᠭᠤᠯᠵᠤ᠂ ᠡᠷᠬᠡ ᠶᠢ ᠢᠯᠡ ᠲᠤᠳᠤ ᠡᠷᠭᠢᠯᠳᠤᠭᠦᠯᠦᠨᠡ | ᠃ ᠠᠷᠢᠭᠤᠨ ᠴᠢᠭᠡᠴᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃ ᠢᠮᠡᠭ᠌ᠳᠠ ᠠᠷᠢᠭᠤᠨ ᠴᠢᠭᠡᠴᠢ ᠪᠠᠷ ᠵᠠᠰᠠᠭ ᠤᠨ | ᠠᠵᠢᠯ ᠬᠢᠬᠦ ᠶᠢ ᠵᠠᠰᠠᠭ ᠤᠨ ᠤᠷᠳᠤᠨ ᠤ ᠬᠤᠷᠢᠭ᠎ᠠ ᠱᠤᠭᠤᠮ ᠪᠤᠯᠭᠠᠵᠤ᠂ ᠨᠠᠮ ᠤᠨ ᠰᠤᠷᠳᠠᠯ ᠴᠢᠭᠡᠴᠢ ᠵᠠᠰᠠᠭ ᠤᠨ | ᠪᠠᠶᠢᠭᠤᠯᠤᠯᠳᠠ ᠶᠢᠨ ᠪᠡᠶ᠎ᠡ ᠴᠤᠭᠴᠠᠳᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ︽ | ᠭᠤᠷᠪᠠᠨ ᠵᠤᠶᠢᠯ ᠤᠨ ᠠᠯᠪᠠᠨ ᠵᠠᠷᠤᠳᠠᠯ︾ ᠪᠠ ᠡᠳ᠋ ᠤᠨ ᠵᠠᠰᠠᠭ ᠤᠨ ᠲᠦᠰᠤᠪ ᠢ ᠢᠯᠡ ᠪᠤᠯᠭᠠᠨ᠂ ᠤᠯᠠᠨ | ᠨᠡᠶᠢᠳᠡ ᠶᠢᠨ ᠪᠡᠯᠡ ᠮᠦᠩᠬᠦ᠂ ᠤᠯᠤᠰ ᠤᠨ ᠦᠮᠴᠢᠯᠡᠯᠳᠦ ᠡᠳ᠋ ᠬᠦᠷᠦᠩᠭᠡ᠂ ᠡᠬᠢ ᠪᠠᠶᠠᠯᠢᠭ ᠪᠠ ᠤᠳᠤᠷᠢᠳᠬᠤ | ᠺᠠᠳ᠋ᠷ ᠤᠨ ᠠᠵᠦ ᠠᠬᠤᠢ ᠶᠢᠨ ᠬᠠᠷᠢᠭᠤᠴᠠᠯᠭ᠎ᠠ ᠳᠤ ᠬᠢᠨᠡᠨ ᠪᠤᠳᠤᠯᠳᠠ ᠬᠢᠬᠦ ᠶᠢ ᠴᠢᠩᠭᠠᠳᠬᠠᠨ᠎ᠠ᠃ ᠠᠷᠪᠢᠯᠠᠨ | ᠭᠠᠮᠨᠠᠬᠤ ᠦᠵᠡᠯ ᠰᠠᠨᠠᠭ᠎ᠠ ᠶᠢ ᠪᠤᠢ ᠪᠤᠯᠭᠠᠵᠤ᠂ ᠠᠵᠢᠯᠴᠢ ᠠᠷᠪᠢᠴᠢ ᠪᠠᠷ ᠠᠯᠢᠪᠠ ᠠᠵᠢᠯ ᠤᠶᠢᠯᠡᠰ ᠡᠷᠬᠢᠯᠡᠬᠦ ᠶᠢ | ᠪᠠᠷᠢᠮᠳᠠᠯᠠᠵᠤ᠂ ᠡᠩ ᠤᠨ ᠴᠢᠨᠠᠷᠳᠠᠢ ᠵᠠᠷᠤᠯᠭ᠎ᠠ ᠶᠢ ᠴᠢᠩᠭ᠎ᠠ ᠲᠤᠬᠢᠷᠠᠭᠤᠯᠵᠤ᠂ ᠵᠠᠰᠠᠭ ᠵᠠᠬᠢᠷᠭᠠᠨ ᠤ ᠵᠠᠷᠤᠳᠠᠯ ᠤᠨ | ᠵᠠᠷᠤᠯᠭ᠎ᠠ ᠶᠢ ᠦᠨᠡᠨᠬᠦ ᠬᠠᠰᠤᠨ᠎ᠠ᠃ ᠡᠯ᠎ᠡ ᠵᠤᠶᠢᠯ ᠤᠨ ᠲᠦᠪ ᠪᠤᠰᠤ ᠰᠤᠷᠳᠠᠯ ᠢ ᠡᠷᠡᠰ ᠰᠢᠭᠤᠷᠬᠠᠢ ᠵᠠᠯᠠᠷᠠᠭᠤᠯᠵᠤ᠂ | ᠤᠪᠤᠷ ᠲᠦᠪ ᠰᠤᠷᠳᠠᠯ ᠴᠢᠭᠡᠴᠢ ᠵᠠᠰᠠᠭ ᠤᠨ ᠶᠠᠪᠤᠳᠠᠯ ᠤᠨ ᠤᠷᠴᠢᠨ ᠢ ᠪᠤᠢ ᠪᠤᠯᠭᠠᠨ᠎ᠠ᠃ | ᠲᠦᠯᠦᠭᠡᠯᠡᠭᠴᠢᠳ ᠡ︕ ᠢᠳᠡᠭᠡᠯ ᠵᠤᠷᠢᠭ ᠨᠢ ᠠᠤᠭ᠎ᠠ ᠤᠶᠢᠯᠡᠰ ᠢ ᠲᠤᠯᠭᠠᠭᠤᠷᠢᠯᠠᠭᠤᠯᠵᠤ᠂ ᠦᠨᠡᠨ | ᠤᠶᠢᠯᠡᠳᠦᠯᠭᠡ ᠨᠢ ᠰᠠᠶᠢᠨ ᠤᠶᠢᠯᠡᠰ ᠢ ᠪᠦᠳᠦᠭᠡᠳᠡᠭ᠃ ᠯᠢᠶᠠᠩᠴᠧᠩ ᠶᠠᠭ ᠰᠠᠶᠢᠬᠠᠨ ᠲᠠᠪᠠᠭ᠎ᠠ ᠲᠠᠪᠠᠨ ᠰᠠᠭᠠᠳ | ᠲᠤᠭᠤᠯᠬᠤ᠂ ᠤᠷᠤᠭᠰᠢᠯᠠᠬᠤ ᠦᠭᠡᠢ ᠪᠤᠯ ᠤᠬᠤᠷᠢᠬᠤ ᠴᠢᠬᠤᠯᠠ ᠮᠤᠷᠤᠶᠢᠯᠳᠡ ᠶᠢᠨ ᠴᠢᠭ ᠲᠤ ᠤᠷᠤᠰᠢᠵᠦ᠂ ᠶᠠᠭ | ᠬᠦᠮᠦᠨ ᠢ ᠰᠢᠬᠠᠮᠳᠠᠭᠤᠯᠵᠤ ᠵᠤᠷᠢᠭᠵᠢᠭᠤᠯᠤᠨ ᠤᠷᠤᠭᠰᠢᠯᠠᠭᠤᠯᠬᠤ ᠵᠠᠩᠬᠢᠯᠠᠭ᠎ᠠ ᠶᠢᠨ ᠱᠠᠳᠤᠨ ᠳᠤ ᠤᠷᠤᠰᠢᠵᠤ᠂ | ᠡᠭᠦᠷᠭᠡ ᠬᠠᠳᠠᠭᠤ᠂ ᠬᠠᠷᠢᠭᠤᠴᠠᠯᠭ᠎ᠠ ᠬᠦᠨᠳᠦ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ | ᠲᠦᠪ ᠬᠤᠷᠢᠶᠠᠨ ᠤ ᠲᠤᠭᠤᠷᠢᠨ ᠳᠤ ᠨᠡᠩ ᠴᠢᠩᠭ᠎ᠠ ᠨᠢᠭᠳᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠨ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ ᠲᠤᠤᠱᠯᠠᠭᠤᠯᠵᠤ᠂ ᠪᠢᠳᠡ ᠳᠡᠭᠡᠳᠤ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ | ᠪᠤᠯᠤᠨ ᠰᠢᠶᠠᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠡᠷᠡᠰ ᠵᠤᠷᠢᠭ ᠢᠶᠠᠷ | ᠰᠢᠷᠭᠠᠭᠤ ᠠᠵᠢᠯᠯᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠤᠷᠢᠳᠤ ᠢᠯᠠᠯᠳᠠ ᠶᠢ ᠲᠡᠮᠡᠴᠡᠨ | ᠤᠯᠬᠤ ᠶᠢᠨ ᠲᠦᠯᠦᠭᠡ᠂ ᠲᠠᠭ᠎ᠠ ᠶᠢᠨ ᠨᠠᠭᠤᠷ ᠤᠨ ᠰᠢᠪᠳᠦᠯᠦᠯᠳᠡ ᠶᠢᠨ ᠲᠠᠶᠢᠨ ᠤ ᠢᠯᠠᠯᠳᠠ ᠶᠢ ᠲᠡᠮᠡᠴᠡᠨ | ᠤᠯᠬᠤ ᠶᠢᠨ ᠲᠦᠯᠦᠭᠡ᠂ ᠪᠦᠬᠦ ᠤᠯᠤᠰ ᠤᠨ ᠰᠤᠶᠤᠯ ᠵᠤᠭᠠᠴᠠᠯ ᠤᠨ ᠠᠯᠳᠠᠷ ᠲᠠᠢ ᠬᠦᠴᠦᠷᠭᠡᠭ ᠰᠢᠶᠠᠨ ᠢ ᠪᠦᠳᠦᠭᠡᠨ | ᠪᠠᠶᠢᠭᠤᠯᠬᠤ ᠶᠢᠨ ᠲᠦᠯᠦᠭᠡ᠂ ᠨᠡᠩ ᠴᠦ ᠯᠢᠶᠠᠩᠴᠧᠩ ᠤᠨ ᠠᠷᠠᠳ ᠲᠦᠮᠡᠨ ᠤ ᠵᠤᠯ ᠵᠢᠷᠭᠠᠯᠳᠤ ᠰᠠᠶᠢᠨ ᠰᠠᠶᠢᠬᠠᠨ | ᠠᠮᠢᠳᠤᠷᠠᠯ ᠤᠨ ᠲᠦᠯᠦᠭᠡ ᠦᠷᠬᠦᠯᠵᠢᠯᠡᠨ ᠲᠡᠮᠡᠴᠡᠰᠦᠭᠡᠢ︕ |