ᠡᠳ᠋ ᠤᠨ ᠵᠠᠰᠠᠭ ᠭᠠᠶᠢᠯᠢ ᠶᠢᠨ ᠶᠠᠪᠤᠳᠠᠯ ᠢ ᠲᠠᠳᠠᠪᠤᠷᠢᠯᠠᠨ ᠬᠠᠮᠢᠶᠠᠷᠬᠤ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ
ᠨᠡᠶᠢᠲᠡᠯᠡᠭᠰᠡᠨ ᠴᠠᠭ᠄
2018-07-18
                   ᠯᠢᠶᠠᠩᠴᠧᠩ ᠵᠠᠰᠠᠭ ᠲᠠᠷᠬᠠᠭᠠᠭᠰᠠᠨ〔2018〕13  ᠳ᠋ᠤᠭᠠᠷ ᠲᠤᠭᠠᠳᠤ      ᠡᠳ᠋ ᠤᠨ ᠵᠠᠰᠠᠭ ᠭᠠᠶᠢᠯᠢ ᠶᠢᠨ ᠶᠠᠪᠤᠳᠠᠯ ᠢ ᠲᠠᠳᠠᠪᠤᠷᠢᠯᠠᠨ ᠬᠠᠮᠢᠶᠠᠷᠬᠤ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠰᠠᠨᠠᠯ     ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠤᠷᠳᠤᠨ᠂ ᠲᠠᠭ᠎ᠠ ᠶᠢᠨ ᠨᠠᠭᠤᠷ  ᠵᠤᠭᠠᠴᠠᠯ ᠤᠨ ᠤᠷᠤᠨ ᠤ ᠬᠡᠷᠡᠭ ᠡᠷᠬᠢᠯᠡᠬᠦ ᠭᠠᠵᠠᠷ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠨᠢᠭᠡᠴᠡ᠄     ᠡᠳ᠋ ᠤᠨ ᠵᠠᠰᠠᠭ ᠭᠠᠶᠢᠯᠢ ᠶᠢᠨ ᠶᠠᠪᠤᠳᠠᠯ ᠢ ᠲᠠᠳᠠᠪᠤᠷᠢᠯᠠᠨ ᠬᠠᠮᠢᠶᠠᠷᠬᠤ ᠶᠢ ᠤᠯᠠᠮ ᠴᠢᠨᠠᠭᠰᠢᠳᠠ ᠲᠦᠷᠢᠮᠵᠢᠭᠦᠯᠬᠦ ᠶᠢᠨ ᠲᠤᠰᠠᠳᠠ᠂ ᠭᠠᠶᠢᠯᠢ ᠳᠠᠳᠠᠪᠤᠷᠢ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠦᠨ᠂ ᠮᠠᠨ ᠤ ᠰᠢᠶᠠᠨ ᠤ ᠠᠵᠦ ᠠᠬᠤᠢ ᠨᠡᠶᠢᠭᠡᠮ ᠤᠨ ᠬᠦᠭᠵᠢᠯᠳᠡ ᠳᠤ ᠬᠦᠴᠦᠷᠬᠡᠭ ᠶᠡᠭᠡ ᠡᠳ᠋ ᠤᠨ ᠬᠦᠴᠦᠨ ᠤ ᠪᠠᠳᠤᠯᠠᠭ᠎ᠠ ᠬᠠᠩᠭᠠᠬᠤ ᠶᠢᠨ ᠲᠦᠯᠦᠭᠡ᠂ ᠮᠠᠨ ᠤ ᠰᠢᠶᠠᠨ ᠤ ᠡᠳ᠋ ᠤᠨ ᠵᠠᠰᠠᠭ ᠤᠨ ᠭᠠᠶᠢᠯᠢ ᠶᠢᠨ ᠶᠠᠪᠤᠳᠠᠯ ᠢ ᠲᠠᠳᠠᠪᠤᠷᠢᠯᠡᠨ ᠬᠠᠮᠢᠶᠠᠷᠬᠤ ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠳᠤ ᠲᠤᠤᠷᠠᠬᠢ ᠰᠠᠨᠠᠯ ᠢ ᠲᠤᠷᠠᠳᠪᠠ᠄      ᠨᠢᠭᠡ᠂ ᠠᠵᠢᠯ ᠤᠨ ᠵᠤᠷᠢᠯᠭ᠎ᠠ      ᠬᠠᠮᠢᠶᠠᠷᠤᠯᠳᠠ ᠶᠢᠨ ᠠᠷᠭ᠎ᠠ ᠠᠪᠴᠠᠯ ᠢᠶᠠᠨ ᠤᠯᠠᠮ ᠴᠢᠨᠠᠭᠰᠢᠳᠠ ᠳᠡᠭᠦᠯᠳᠡᠷᠵᠢᠭᠦᠯᠬᠦ ᠢᠶᠠᠷ ᠲᠠᠮᠵᠢᠭᠤᠯᠤᠨ᠂ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠶᠢᠨ ᠭᠠᠶᠢᠯᠢ ᠶᠢᠨ ᠬᠠᠪᠰᠤᠷᠤᠨ ᠬᠠᠮᠠᠭᠠᠯᠠᠬᠤ ᠶᠢᠨ ᠲᠠᠯ᠎ᠠ ᠳᠠᠬᠢ ᠢᠳᠡᠪᠬᠢᠳᠠᠢ ᠤᠶᠢᠯᠡᠳᠤᠯ ᠢ ᠭᠦᠢᠴᠡᠳ  ᠪᠠᠳᠠᠷᠠᠭᠤᠯᠤᠨ᠂ ᠭᠠᠶᠢᠯᠢ ᠶᠢᠨ  ᠡᠬᠢ ᠰᠤᠷᠪᠤᠯᠵᠢ ᠶᠢ ᠠᠭᠤᠳᠠᠯᠵᠤ᠂ ︽ ᠡᠪᠳᠡᠷᠡᠵᠤ ᠴᠤᠪᠤᠬᠤ ᠭᠤᠭᠤᠵᠢᠵᠤ ᠭᠡᠭᠡᠭᠳᠡᠬᠦ︾ ᠶᠢ ᠴᠢᠩᠭ᠎ᠠ ᠰᠡᠷᠭᠡᠶᠢᠯᠡᠨ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠢ ᠲᠠᠳᠠᠪᠤᠷᠢᠯᠠᠨ ᠬᠠᠮᠢᠶᠠᠷᠬᠤ  ᠬᠢᠷᠢ ᠲᠦᠪᠰᠢᠨ ᠢ ᠤᠯᠠᠮ ᠨᠢᠭᠡ ᠠᠯᠬᠤᠮ ᠲᠡᠭᠡᠭᠰᠢᠯᠡᠭᠦᠯᠵᠦ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠤᠷᠤᠯᠭ᠎ᠠ ᠡᠷᠡᠭᠦᠯ ᠲᠤᠭᠳᠠᠭᠤᠨ ᠢᠶᠠᠷ ᠨᠡᠮᠡᠭᠳᠡᠬᠦ ᠶᠢ ᠪᠡᠶᠡᠯᠡᠭᠦᠯᠦᠨ᠎ᠡ᠃     ᠬᠤᠶᠠᠷ᠂ ᠠᠵᠢᠯ ᠤᠨ ᠪᠠᠶᠢᠷᠢᠯᠠᠭᠤᠯᠤᠯᠳᠠ      ︵ ᠨᠢᠭᠡ︶ ᠭᠤᠤᠯᠳᠠᠯᠭ᠎ᠠ ᠲᠠᠢ ᠲᠦᠷᠦᠯ ᠵᠤᠶᠢᠯ ᠤᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠢ ᠲᠠᠳᠠᠪᠤᠷᠢᠯᠠᠨ ᠬᠠᠮᠢᠶᠠᠷᠬᠤ ᠠᠵᠢᠯ ᠤᠨ ᠬᠦᠴᠦᠯᠡᠴᠡ ᠶᠢ ᠴᠢᠩᠭᠠᠳᠬᠠᠨ᠂ ᠭᠠᠶᠢᠯᠢ ᠲᠠᠳᠠᠪᠤᠷᠢ ᠶᠢᠨ ᠲᠤᠳᠠᠭᠤᠳᠠᠯ ᠢ ᠨᠦᠬᠦᠪᠤᠷᠢᠯᠡᠨ᠎ᠡ᠃  ᠰᠢᠶᠠᠨ ᠤ ᠤᠯᠤᠰ ᠤᠨ ᠭᠠᠶᠢᠯᠢ᠂ ᠤᠷᠤᠨ ᠨᠤᠳᠤᠭ ᠤᠨ ᠭᠠᠶᠢᠯᠢ ᠶᠢᠨ ᠰᠠᠯᠠᠭ᠎ᠠ ᠮᠦᠴᠢᠷ ᠤᠳ ᠬᠠᠮᠳᠤᠷᠠᠯᠴᠠᠭ᠎ᠠ ᠪᠠᠨ ᠴᠢᠩᠭᠠᠳᠬᠠᠨ᠂ ᠭᠤᠤᠯᠳᠠᠯᠭ᠎ᠠ ᠲᠠᠢ ᠠᠵᠢᠯ ᠲᠦᠷᠦᠯ᠂ ᠭᠤᠤᠯᠳᠠᠯᠭ᠎ᠠ ᠲᠠᠢ ᠲᠦᠷᠦᠯ ᠵᠤᠶᠢᠯ ᠤᠨ ᠭᠠᠶᠢᠯᠢ ᠶᠢᠨ  ᠡᠬᠢ ᠰᠤᠷᠪᠤᠯᠵᠢ ᠶᠢ ᠬᠦᠴᠦᠨ ᠢᠶᠠᠨ ᠲᠦᠪᠯᠡᠷᠡᠭᠦᠯᠦᠨ ᠲᠤᠳᠤᠷᠬᠠᠢ ᠤᠶᠢᠯᠠᠭᠠᠵᠤ᠂ ᠭᠤᠤᠯᠳᠠᠯᠭ᠎ᠠ ᠲᠠᠢ ᠲᠦᠷᠦᠯ ᠵᠤᠶᠢᠯ ᠳᠤ ᠭᠠᠶᠢᠯᠢ ᠶᠢᠨ ᠡᠬᠢ ᠰᠤᠷᠪᠤᠯᠵᠢ ᠶᠢᠨ ᠲᠦᠷᠦᠯ ᠬᠤᠪᠢᠶᠠᠬᠤ ᠡᠷᠦᠬᠡ ᠬᠤᠪᠢᠶᠠᠬᠤ ᠬᠠᠮᠢᠶᠠᠷᠤᠯᠳᠠ ᠶᠢ ᠬᠡᠷᠡᠭᠵᠢᠭᠦᠯᠦᠨ᠂ ᠡᠳᠦᠷ ᠲᠤᠳᠤᠮ ᠤᠨ ᠭᠠᠶᠢᠯᠢ ᠶᠢᠨ ᠡᠬᠢ ᠰᠤᠷᠪᠤᠯᠵᠢ ᠶᠢ ᠬᠠᠮᠢᠶᠠᠷᠬᠤ ᠪᠠ ᠰᠤᠳᠤᠯᠬᠤ ᠪᠠᠷ ᠲᠠᠮᠵᠢᠭᠤᠯᠤᠨ᠂ ᠭᠠᠶᠢᠯᠢ ᠶᠢᠨ ᠡᠬᠢ ᠰᠤᠷᠪᠤᠯᠵᠢ ᠶᠢᠨ ᠬᠠᠮᠢᠶᠠᠷᠤᠯᠳᠠ ᠶᠢᠨ ᠠᠵᠢᠯ ᠢ ᠨᠠᠷᠢᠨ ᠪᠤᠳᠠᠳᠠᠢ ᠬᠢᠨ᠎ᠡ᠃ ᠲᠦᠷᠦᠯ ᠵᠤᠶᠢᠯ ᠤᠨ ᠪᠠᠷᠢᠯᠭ᠎ᠠ ᠪᠠᠷᠢᠬᠤ ᠠᠵᠦ ᠠᠬᠤᠶᠢᠯᠠᠯ ᠤᠨ ᠪᠠᠷᠢᠯᠭ᠎ᠠ ᠶᠢᠨ ᠵᠤᠭᠤᠰ ᠮᠦᠩᠬᠦ ᠶᠢ ᠪᠠᠭᠤᠯᠭᠠᠨ ᠦᠭᠬᠦ᠂ ᠶᠡᠭᠡ ᠲᠤᠭᠠᠨ ᠤ ᠪᠡᠯᠡ ᠮᠦᠩᠬᠦ ᠶᠢᠨ ᠬᠦᠢᠯᠭᠡᠭᠡᠨ ᠤ ᠬᠠᠨᠳᠤᠰᠢ ᠵᠡᠷᠭᠡ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠲᠤᠳᠤᠷᠬᠠᠶᠢᠯᠠᠵᠤ᠂ ᠲᠤᠬᠢᠳᠠᠢ ᠰᠠᠶᠢᠨ ᠠᠷᠭ᠎ᠠ  ᠶᠢ ᠰᠤᠳᠤᠯᠤᠨ ᠲᠤᠭᠳᠠᠭᠠᠵᠤ᠂ ᠬᠠᠨᠳᠤᠯᠭᠠᠳᠤ ᠴᠢᠨᠠᠷᠳᠠᠢ ᠪᠠᠷ ᠭᠠᠶᠢᠯᠢ ᠶᠢᠨ ᠶᠠᠪᠤᠳᠠᠯ ᠤᠨ ᠪᠠᠶᠢᠴᠠᠭᠠᠯᠳᠠ ᠶᠢ ᠦᠷᠨᠢᠭᠦᠯᠦᠨ᠂ ᠨᠢᠭᠤᠴᠠᠭᠠᠢ ᠭᠠᠶᠢᠯᠢ ᠲᠠᠳᠠᠪᠤᠷᠢ ᠶᠢ ᠭᠦᠨ ᠮᠠᠯᠳᠠᠵᠦ ᠰᠢᠨᠵᠢᠯᠡᠨ ᠪᠠᠶᠢᠴᠠᠭᠠᠵᠤ᠂ ᠬᠤᠷᠢᠶᠠᠬᠤ ᠶᠤᠰᠤᠳᠠᠢ ᠭᠠᠶᠢᠯᠢ ᠳᠠᠳᠠᠪᠤᠷᠢ ᠶᠢ ᠪᠦᠬᠦᠨ ᠢ ᠬᠤᠷᠢᠶᠠᠨ ᠠᠪᠴᠢᠷᠠᠬᠤ ᠶᠢ ᠢᠳᠡᠪᠬᠢᠳᠠᠢ ᠪᠡᠶᠡᠯᠡᠭᠦᠯᠦᠨ᠎ᠡ᠃     ︵ᠬᠤᠶᠠᠷ︶ ᠡᠯ᠎ᠡ ᠰᠠᠯᠠᠭ᠎ᠠ ᠮᠦᠴᠢᠷ ᠤᠨ ᠬᠤᠭᠤᠷᠤᠨᠳᠤᠬᠢ ᠨᠡᠪᠳᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ᠭᠠᠶᠢᠯᠢ ᠶᠢ ᠬᠠᠪᠰᠤᠷᠤᠨ ᠬᠠᠮᠠᠭᠠᠯᠠᠬᠤ ᠠᠵᠢᠯ ᠢ ᠨᠠᠷᠢᠨ ᠨᠢᠮᠪᠠᠢ ᠪᠡᠶᠡᠯᠡᠭᠦᠯᠦᠨ᠎ᠡ᠃ ᠰᠢᠶᠠᠨ ᠤ ᠨᠠᠮ ᠤᠨ ᠬᠤᠷᠢᠶ᠎ᠠ ᠪᠠᠶᠢᠩᠭᠤ ᠶᠢᠨ ᠬᠤᠷᠢᠶ᠎ᠠ᠂ ᠪᠠᠶᠢᠩᠭᠤ ᠶᠢᠨ ᠬᠤᠷᠢᠶᠠᠨ ᠤ ᠳᠡᠳ᠋ ᠰᠢᠶᠠᠨ ᠤ ᠲᠠᠷᠤᠭ᠎ᠠ ᠰᠢᠦᠢ ᠯᠦᠩ ᠢᠶᠠᠷ ᠲᠦᠷᠦᠭᠦᠯᠡᠨ᠂ ᠡᠳ᠋ ᠤᠨ ᠵᠠᠰᠠᠭ᠂ ᠤᠯᠤᠰ ᠤᠨ ᠭᠠᠶᠢᠯᠢ᠂ ᠤᠷᠤᠨ ᠨᠤᠳᠤᠭ ᠤᠨ ᠭᠠᠶᠢᠯᠢ᠂ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠦᠪ᠂ ᠠᠵᠦ ᠤᠶᠢᠯᠡᠳᠪᠤᠷᠢ ᠬᠤᠳᠠᠯᠳᠤᠭ᠎ᠠ᠂ ᠦᠭᠡᠷᠡᠴᠢᠯᠡᠯᠳᠡ ᠬᠦᠭᠵᠢᠭᠦᠯᠦᠯᠳᠡ᠂ ᠲᠦᠯᠦᠪᠵᠢᠭᠦᠯᠤᠯᠭᠡ᠂ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠳᠠ᠂ ᠤᠯᠤᠰ ᠤᠨ ᠭᠠᠵᠠᠷ ᠰᠢᠷᠦᠢ᠂ ᠠᠵᠦ ᠠᠬᠤᠢ ᠮᠡᠳᠡᠭᠡ  ᠵᠠᠩᠬᠢ ᠶᠢᠨ ᠬᠤᠳᠠᠯᠳᠤᠭᠠᠨ ᠤ ᠶᠠᠪᠤᠳᠠᠯ᠂ ᠭᠡᠷ ᠪᠠᠶᠢᠰᠢᠩ ᠤᠨ  ᠬᠠᠮᠢᠶᠠᠷᠤᠯᠳᠠ᠂ ᠵᠠᠮ ᠬᠠᠷᠢᠯᠴᠠᠭ᠎ᠠ᠂ ᠤᠢ ᠰᠢᠭᠤᠢ ᠶᠢᠨ ᠤᠶᠢᠯᠡᠰ᠂ ᠠᠶᠤᠯᠭᠦᠢ ᠤᠶᠢᠯᠡᠳᠪᠤᠷᠢᠯᠡᠯ ᠤᠨ ᠬᠢᠨᠡᠯᠳᠡ ᠲᠠᠯᠪᠢᠬᠤ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ᠂ ᠡᠳ᠋ ᠤᠨ ᠵᠠᠰᠠᠭ ᠭᠠᠶᠢᠯᠢ ᠲᠠᠳᠠᠪᠤᠷᠢᠯᠠᠬᠤ ᠨᠢ ᠭᠠᠶᠢᠯᠢ ᠶᠢᠨ ᠮᠡᠳᠡᠭᠡ ᠵᠠᠩᠬᠢ ᠶᠢᠨ ᠪᠦᠭᠡᠮᠨᠡᠷᠡᠯ ᠬᠠᠮᠳᠤ ᠪᠠᠷ ᠡᠳ᠋ᠯᠡᠬᠦ ᠶᠢ ᠲᠦᠯᠬᠢᠨ ᠠᠬᠢᠭᠤᠯᠬᠤ ᠶᠢᠨ ᠲᠤᠭᠤᠷᠢᠨ ᠳᠤ᠂ ᠬᠤᠳᠠᠯᠳᠤᠭᠠᠴᠢᠨ ᠢ ᠤᠷᠢᠵᠤ ᠪᠡᠯᠡ ᠮᠦᠩᠬᠦ ᠲᠠᠳᠠᠬᠤ᠂ ᠲᠦᠷᠦᠯ ᠵᠤᠶᠢᠯ ᠤᠨ ᠲᠠᠭᠠᠭᠠᠴᠢᠯᠠᠯᠳᠠ ᠵᠠᠷᠯᠠᠬᠤ ᠲᠠᠭᠠᠭᠠᠴᠢᠯᠠᠯᠳᠠ ᠳᠤ ᠤᠷᠤᠯᠴᠠᠬᠤ᠂ ᠲᠦᠷᠦᠯ ᠵᠤᠶᠢᠯ ᠪᠠᠶᠢᠭᠤᠯᠵᠤ ᠬᠢᠨᠡᠨ ᠵᠦᠪᠰᠢᠶᠡᠷᠡᠬᠦ᠂ ᠭᠠᠵᠠᠷ ᠰᠢᠷᠦᠢ ᠲᠠᠳᠠᠪᠤᠷᠢᠯᠠᠨ ᠬᠡᠷᠡᠭᠯᠡᠬᠦ᠂ ᠢᠨᠵᠧᠨᠧᠷᠢᠩ ᠤᠨ ᠠᠬᠢᠴᠠ ᠵᠡᠷᠭᠡ ᠪᠠᠶᠢᠳᠠᠯ ᠢ ᠲᠠᠷᠤᠢ ᠲᠦᠷᠭᠡᠨ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠲᠤ ᠢᠯᠡᠴᠢᠯᠡᠨ ᠮᠡᠳᠡᠭᠦᠯᠦᠨ᠎ᠡ᠃ ᠢᠨᠵᠧᠨᠧᠷᠢᠩ ᠤᠨ ᠲᠦᠷᠦᠯ ᠵᠤᠶᠢᠯ ᠢ ᠬᠡᠷᠡᠭᠵᠢᠭᠦᠯᠬᠦ ᠨᠢᠭᠡᠴᠡ᠂ ᠪᠡᠯᠡ ᠮᠦᠩᠬᠦ ᠪᠠᠭᠤᠯᠭᠠᠨ ᠦᠭᠬᠦ ᠪᠤᠶᠤ ᠳ᠋ᠦᠩᠨᠡᠨ ᠪᠤᠳᠤᠬᠤ ᠳᠠᠭᠠᠨ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠲᠤ ᠲᠠᠷᠤᠢ ᠲᠦᠷᠭᠡᠨ ᠬᠠᠷᠢᠭᠤ ᠲᠤᠰᠬᠠᠵᠤ᠂ ᠭᠠᠶᠢᠯᠢ ᠲᠠᠳᠠᠪᠤᠷᠢ ᠶᠢᠨ ᠡᠬᠢ ᠢᠷᠡᠯᠳᠡ ᠶᠢᠨ ᠬᠠᠮᠢᠶᠠᠷᠤᠯᠳᠠ ᠶᠢ ᠰᠠᠶᠢᠳᠤᠷ ᠬᠢᠨ᠎ᠡ᠃    ︵ᠭᠤᠷᠪᠠ︶ ᠲᠦᠷᠦᠯ ᠵᠤᠶᠢᠯ ᠤᠨ ᠪᠡᠯᠡ ᠮᠦᠩᠬᠦ ᠪᠠᠭᠤᠯᠭᠠᠨ ᠦᠭᠬᠦ ᠬᠠᠮᠢᠶᠠᠷᠤᠯᠳᠠ ᠶᠢ ᠴᠢᠩᠭᠠᠳᠬᠠᠵᠤ᠂ ︽ ᠫᠢᠶᠤᠤ ᠢᠶᠠᠷ ᠭᠠᠶᠢᠯᠢ ᠬᠢᠵᠠᠭᠠᠷᠯᠠᠬᠤ︾ ᠬᠦᠴᠦᠨ ᠢ ᠦᠷᠭᠡᠳᠭᠡᠨ᠎ᠡ᠃ ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠠᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠤᠶᠢᠯ ᠤᠨ ᠦᠮᠴᠢᠳᠡᠨ ᠨᠢᠭᠡᠴᠢ ᠡᠰᠡᠭᠦᠯ᠎ᠡ ᠲᠦᠷᠦᠯ ᠵᠤᠶᠢᠯ ᠤᠨ ᠪᠡᠯᠡ ᠮᠦᠩᠬᠦ ᠪᠠᠭᠤᠯᠭᠠᠨ ᠦᠭᠬᠦ ᠶᠢ ᠬᠠᠷᠢᠭᠤᠴᠠᠵᠤ ᠪᠠᠶᠢᠭ᠎ᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ᠂ ᠢᠨᠵᠧᠨᠧᠷᠢᠩ ᠤᠨ  ᠠᠬᠢᠴᠠ ᠪᠠᠷ ᠨᠢ ᠵᠤᠭᠤᠰ ᠮᠦᠩᠬᠦ  ᠪᠠᠭᠤᠯᠭᠠᠬᠤ ᠡᠰᠡᠭᠦᠯ᠎ᠡ ᠢᠨᠵᠧᠨᠧᠷᠢᠩ ᠤᠨ  ᠵᠤᠭᠤᠰ ᠢ ᠨᠢ ᠦᠭᠬᠦ ᠳᠡᠭᠡᠨ᠂ ᠪᠠᠷᠢᠯᠭ᠎ᠠ ᠪᠠᠷᠢᠬᠤ ᠨᠢᠭᠡᠴᠡ ᠡᠷᠬᠡᠪᠰᠢ ᠮᠠᠨ ᠤ  ᠰᠢᠶᠠᠨ ᠤ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠠᠴᠠ ᠭᠠᠷᠭᠠᠨ ᠦᠭᠭᠦᠭᠰᠡᠨ ᠭᠡᠷᠡᠴᠢ ᠪᠠᠷᠢᠮᠳᠠ ᠪᠠᠷ ᠪᠠᠷᠢᠯᠭ᠎ᠠ ᠤᠨ ᠠᠵᠢᠯ ᠤᠨ ᠵᠤᠭᠤᠰ ᠢᠶᠠᠨ ᠠᠪᠤᠨ᠎ᠠ᠃ ᠪᠠᠷᠢᠯᠭ᠎ᠠ ᠶᠢᠨ ᠠᠵᠢᠯ ᠲᠠᠭᠤᠰᠤᠭᠠᠳ ᠰᠢᠯᠭᠠᠨ ᠬᠢᠷᠢ ᠲᠡᠩᠴᠡᠭᠰᠡᠨ ᠤ ᠲᠠᠷᠠᠭ᠎ᠠ᠂ ᠮᠠᠨ ᠤ ᠰᠢᠶᠠᠨ ᠤ ᠭᠠᠶᠢᠯᠢ ᠶᠢᠨ ᠶᠠᠪᠤᠳᠠᠯ ᠤᠨ ᠪᠠᠶᠢᠭᠤᠯᠤᠯᠭ᠎ᠠ ᠠᠴᠠ ᠭᠠᠷᠭᠠᠨ ᠦᠭᠭᠦᠭᠰᠡᠨ ᠭᠡᠷᠡᠴᠢ ᠪᠠᠷᠢᠮᠳᠠ ᠪᠠᠷ ᠪᠠᠭᠤᠯᠭᠠᠨ ᠦᠭᠭᠦᠭᠰᠡᠨ ᠵᠤᠭᠤᠰ ᠮᠦᠩᠬᠦ ᠪᠠᠨ ᠳ᠋ᠦᠩᠨᠡᠨ ᠪᠤᠳᠤᠨ᠎ᠠ᠃ ᠪᠠᠷᠢᠯᠭ᠎ᠠ ᠶᠢᠨ ᠠᠵᠦ ᠠᠬᠤᠶᠢᠯᠠᠯ ᠤᠨ ᠬᠡᠷᠡᠭᠯᠡᠭᠰᠡᠨ ᠬᠠᠶᠢᠷ ᠴᠢᠯᠠᠭᠤ᠂ ᠰᠢᠷᠦᠢ᠂ ᠬᠦᠮᠦᠨ ᠤ ᠬᠦᠴᠦᠨ ᠵᠡᠷᠭᠡ ᠵᠠᠷᠤᠳᠠᠯ ᠨᠢ ᠡᠷᠬᠡᠪᠰᠢ ᠰᠢᠶᠠᠨ ᠤ ᠤᠯᠤᠰ ᠤᠨ ᠭᠠᠶᠢᠯᠢ ᠶᠢᠨ ᠲᠤᠪᠴᠢᠶ᠎ᠠ ᠶᠢᠨ ᠤᠷᠤᠯᠠᠨ ᠪᠢᠴᠢᠭᠰᠡᠨ ᠭᠡᠷᠡᠴᠢ ᠡᠰᠡᠭᠦᠯ᠎ᠡ ᠮᠠᠨ ᠤ ᠰᠢᠶᠠᠨ ᠤ ᠬᠠᠷᠢᠶᠠᠨ ᠳᠠᠬᠢ ᠠᠵᠦ ᠠᠬᠤᠶᠢᠯᠠᠯ ᠤᠨ ᠭᠠᠷᠭᠠᠭᠰᠠᠨ ᠭᠡᠷᠡᠴᠢ ᠪᠠᠷᠢᠮᠳᠠ ᠪᠠᠷ ᠳ᠋ᠦᠩᠨᠡᠨ ᠪᠤᠳᠤᠨ᠎ᠠ᠃     ︵ᠲᠦᠷᠪᠡ︶ ᠤᠶᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭᠠᠨ ᠤ ᠲᠠᠩᠰᠠᠯᠠᠨ ᠬᠠᠮᠢᠶᠠᠷᠤᠯᠳᠠ ᠶᠢ ᠴᠢᠩᠭᠠᠳᠬᠠᠵᠤ᠂ ᠭᠠᠶᠢᠯᠢ ᠶᠢᠨ ᠶᠠᠪᠤᠳᠠᠯ ᠤᠨ ᠮᠡᠳᠡᠭᠦᠯᠦᠨ ᠪᠠᠶᠢᠴᠠᠭᠠᠯᠭᠠᠬᠤ ᠭᠠᠷ ᠭᠦᠢᠴᠡᠳᠭᠡᠯ ᠢ ᠳᠡᠭᠦᠯᠳᠡᠷᠵᠢᠭᠦᠯᠦᠨ᠎ᠡ᠃ ᠢᠨᠵᠧᠨᠧᠷᠢᠩ ‍ᠦᠨ‌‍ᠪᠦ᠋ᠳᠦᠭᠡᠨ ᠪᠠᠶᠢᠭᠤᠯᠤᠯᠳᠠ ᠶᠢᠨ ᠬᠦᠷᠢᠶ᠎ᠡ ᠴᠠᠷ᠎ᠠ ᠳᠠᠬᠢ ᠬᠠᠮᠢᠶᠠᠷᠤᠯᠳᠠ ᠶᠢ ᠦᠨᠡᠨᠬᠦ ᠲᠦᠷᠢᠮᠵᠢᠭᠦᠯᠬᠦ ᠶᠢᠨ ᠲᠤᠰᠠᠳᠠ᠂ ᠢᠨᠵᠧᠨᠧᠷᠢᠩ ᠤᠨ ᠲᠦᠷᠦᠯ ᠵᠤᠶᠢᠯ ᠤᠨ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠭᠦᠯᠵᠦ᠂ ᠠᠵᠢᠯᠴᠢᠨ ᠲᠠᠷᠢᠶᠠᠴᠢᠨ ᠤ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠂ ᠤᠶᠢᠯᠡᠳᠪᠤᠷᠢᠯᠡᠯ ‍ᠤᠨ‌ᠠᠮᠦᠷ ᠲᠦᠪᠰᠢᠨ ᠢ ᠪᠠᠳᠤᠯᠠᠵᠤ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠭᠠᠶᠢᠯᠢ ᠳᠠᠳᠠᠪᠤᠷᠢᠯᠠᠯᠳᠠ ᠶᠢᠨ ᠬᠠᠮᠢᠶᠠᠷᠤᠯᠳᠠ ᠶᠢᠨ ᠠᠷᠭ᠎ᠠ ᠶᠢ ᠬᠡᠷᠡᠭᠵᠢᠭᠦᠯᠬᠦ ᠨᠠᠷᠢᠨ ᠲᠦᠷᠢᠮ︾ ᠤᠨ ᠬᠤᠷᠢᠨ ᠨᠢᠭᠡᠳᠦᠭᠡᠷ ᠵᠤᠷᠪᠤᠰ ᠤᠨ ᠲᠤᠭᠳᠠᠭᠠᠯ ᠶᠤᠰᠤᠭᠠᠷ᠂ ᠮᠠᠨ ᠤ ᠰᠢᠶᠠᠨ ᠤ ᠵᠠᠰᠠᠭ ᠤᠨ ᠤᠷᠳᠤᠨ ᠠᠴᠠ ᠪᠡᠯᠡ ᠤᠷᠤᠭᠤᠯᠤᠨ ᠪᠦᠳᠦᠭᠡᠨ ᠪᠠᠶᠢᠭᠤᠯᠤᠭᠰᠠᠨ‌ᠢᠨᠵᠧᠨᠧᠷᠢᠩ ‍ᠦᠨ‌‍ᠲ᠋ᠦ᠋ᠷᠦᠯ ᠵᠤᠶᠢᠯ ᠪᠤᠯᠭᠠᠨ᠂ ᠲᠠᠭᠠᠭᠠᠴᠢᠯᠠᠯᠳᠠ ᠵᠠᠷᠯᠠᠬᠤ ᠪᠠ ᠲᠠᠭᠠᠭᠠᠴᠢᠯᠠᠯᠳᠠ ᠳᠤ ᠤᠷᠤᠯᠴᠠᠬᠤ ᠳᠠᠭᠠᠨ᠂ᠲᠠᠭᠠᠭᠠᠴᠢᠯᠠᠯᠳᠠ ᠤᠯᠤᠭᠰᠠᠨ ᠠᠵᠦ ᠠᠬᠤᠶᠢᠯᠠᠯ ᠤᠨ ᠮᠠᠨ ᠤ ᠰᠢᠶᠠᠨ ᠳᠤ ᠪᠡᠶ᠎ᠡ ᠪᠠᠨ ᠲᠠᠭᠠᠭᠠᠵᠤ ᠲᠤᠭᠠᠴᠢᠭ᠎ᠠ ᠬᠢᠵᠦ ᠪᠠᠶᠢᠭ᠎ᠠ ᠺᠤᠮᠫᠠᠨᠢ ᠡᠰᠡᠭᠦᠯ᠎ᠡ ᠲᠦᠷᠦᠯ ᠵᠤᠶᠢᠯ ᠤᠨ ᠬᠡᠯᠳᠡᠰ ᠢ ᠪᠠᠶᠢᠭᠤᠯᠬᠤ ᠳᠠᠭᠠᠨ ᠮᠠᠨ ᠤ ᠰᠢᠶᠠᠨ ᠤ ᠭᠠᠶᠢᠯᠢ ᠶᠢᠨ ᠶᠠᠪᠤᠳᠠᠯ ᠤᠨ ᠮᠡᠳᠡᠭᠦᠯᠦᠨ ᠪᠠᠶᠢᠴᠠᠭᠠᠯᠭᠠᠬᠤ ᠲᠠᠩᠰᠠᠯᠠᠯᠳᠠ ᠬᠢᠬᠦ ᠶᠢ ᠲᠤᠳᠤᠷᠬᠠᠢ ᠱᠠᠭᠠᠷᠳᠠᠵᠤ᠂ ᠤᠨᠴᠠᠭᠠᠢ ᠪᠠᠶᠢᠳᠠᠯ ᠲᠠᠢ ᠳᠤᠨᠢ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠡᠰᠡᠭᠦᠯ᠎ᠡ ᠲᠦᠷᠪᠡᠨ ᠶᠡᠭᠡ ᠤᠳᠤᠷᠢᠳᠬᠤ ᠪᠠᠭ ᠤᠨ ᠬᠤᠯᠪᠤᠭᠠᠯᠠᠭᠰᠠᠨ ᠬᠤᠷᠠᠯ ︽ ᠨᠢᠭᠡ ᠬᠡᠷᠡᠭ ᠨᠢᠭᠡ ᠵᠦᠪᠯᠡᠬᠦ︾᠃ ᠮᠠᠨ ᠤ ᠰᠢᠶᠠᠨ ᠳᠤ ᠤᠷᠤᠯᠴᠠᠭᠰᠠᠨ ᠤᠶᠢᠯᠡᠳᠪᠤᠷᠢᠯᠡᠯ ᠡᠵᠡᠩᠨᠡᠯᠳᠡ ᠶᠢᠨ ᠠᠵᠦ ᠠᠬᠤᠶᠢᠯᠠᠯ ᠳᠤ ᠬᠤᠯᠪᠤᠭᠳᠠᠭᠰᠠᠨ ᠪᠠᠷᠢᠯᠭ᠎ᠠ ᠶᠢᠨ ᠠᠵᠢᠯ᠂ ᠮᠡᠷᠭᠡᠵᠢᠯ ᠤᠨ ᠦᠭᠡᠷᠡᠴᠢᠯᠡᠯᠳᠡ  ᠵᠢᠴᠢ ᠰᠡᠯᠪᠢᠨ ᠵᠠᠰᠠᠬᠤ ᠲᠦᠷᠦᠯ ᠵᠤᠶᠢᠯ ᠪᠤᠯᠭᠠᠨ᠂ ᠭᠤᠤᠯ ᠬᠠᠮᠢᠶᠠᠷᠤᠭᠴᠢ ᠰᠠᠯᠠᠭ᠎ᠠ ᠮᠦᠴᠢᠷ ᠡᠷᠬᠡᠪᠰᠢ ᠠᠵᠦ ᠠᠬᠤᠶᠢᠯᠠᠯ ᠢ ᠱᠠᠭᠠᠷᠳᠠᠨ ᠲᠠᠭᠠᠭᠠᠴᠢᠯᠠᠨ ᠪᠠᠶᠢᠭᠤᠯᠤᠭᠰᠠᠨ ᠨᠢᠭᠡᠴᠡ ᠮᠠᠨ ᠤ ᠰᠢᠶᠠᠨ ᠳᠤ ᠪᠡᠶ᠎ᠡ ᠪᠠᠨ ᠲᠠᠭᠠᠭᠠᠵᠤ ᠲᠤᠭᠠᠴᠢᠭ᠎ᠠ ᠬᠢᠵᠦ ᠪᠠᠶᠢᠭ᠎ᠠ ᠬᠤᠪᠢᠶᠠᠷᠢ ᠺᠤᠮᠫᠠᠨᠢ ᠡᠰᠡᠭᠦᠯ᠎ᠡ ᠲᠦᠷᠦᠯ ᠵᠤᠶᠢᠯ ᠤᠨ ᠬᠡᠯᠳᠡᠰ ᠪᠠᠶᠢᠭᠤᠯᠬᠤ ᠶᠢ ᠵᠤᠬᠢᠴᠠᠭᠤᠯᠤᠨ᠂ ᠭᠠᠶᠢᠯᠢ ᠳᠠᠳᠠᠪᠤᠷᠢ ᠶᠢᠨ ᠤᠷᠤᠯᠭ᠎ᠠ ᠶᠢᠨ ᠴᠢᠨᠠᠷ ᠴᠢᠨᠰᠠᠭ᠎ᠠ ᠶᠢ ᠦᠨᠡᠨᠬᠦ ᠲᠡᠭᠡᠭᠰᠢᠯᠡᠭᠦᠯᠦᠨ᠎ᠡ᠃     ︵ ᠲᠠᠪᠤ︶ ᠤᠷᠤᠨ ᠨᠤᠳᠤᠭ ᠤᠨ ᠪᠦᠳᠦᠭᠡᠨ ᠪᠠᠶᠢᠭᠤᠯᠤᠯᠳᠠ ᠶᠢᠨ ᠠᠵᠦ ᠠᠬᠤᠶᠢᠯᠠᠯ ᠢ ᠬᠦᠭᠵᠢᠭᠦᠯᠬᠦ ᠶᠢ ᠪᠦᠬᠦ ᠬᠦᠴᠦᠨ ᠢᠶᠠᠷ ᠳᠡᠳᠭᠦᠨ ᠳᠡᠮᠵᠢᠵᠦ᠂ ᠠᠵᠦ ᠠᠬᠤᠶᠢᠯᠠᠯ ᠤᠨ ᠴᠢᠨᠠᠷ ᠴᠢᠨᠰᠠᠭ᠎ᠠ ᠶᠢ ᠲᠠᠭᠡᠭᠰᠢᠯᠡᠭᠦᠯᠵᠦ ᠳᠡᠰ ᠲᠠᠪᠰᠢᠭᠦᠯᠬᠦ ᠶᠢ ᠲᠦᠯᠬᠢᠨ ᠠᠬᠢᠭᠤᠯᠤᠨ᠎ᠠ᠃ ᠵᠠᠰᠠᠭ ᠤᠨ ᠤᠷᠳᠤᠨ ᠠᠴᠠ ᠪᠡᠯᠡ ᠤᠷᠤᠭᠤᠯᠤᠨ ᠪᠦᠳᠦᠭᠡᠨ ᠪᠠᠶᠢᠭᠤᠯᠤᠭᠰᠠᠨ ᠪᠠᠷᠢᠯᠭ᠎ᠠ ᠶᠢᠨ ᠲᠦᠷᠦᠯ ᠵᠤᠶᠢᠯ᠂ ᠠᠳᠠᠯᠢ ᠨᠦᠬᠦᠴᠡᠯ ᠲᠤᠤᠷ᠎ᠠ᠂ ᠮᠠᠨ ᠤ ᠰᠢᠶᠠᠨ ᠳᠤ ᠲᠠᠩᠰᠠᠯᠠᠭᠤᠯᠤᠨ ᠪᠠᠶᠢᠭᠤᠯᠤᠭᠰᠠᠨ ᠪᠡᠶ᠎ᠡ ᠪᠠᠨ  ᠲᠠᠭᠠᠭᠠᠭᠰᠨ ᠬᠠᠤᠯᠢᠴᠢ ᠶᠢᠨ ᠪᠠᠷᠢᠯᠭ᠎ᠠ ᠶᠢᠨ ᠠᠵᠦ ᠠᠬᠤᠶᠢᠯᠠᠯ ᠢ ᠤᠷᠢᠳᠠᠪᠠᠷ ᠪᠤᠳᠤᠯᠬᠢᠯᠠᠵᠤ᠂ ᠤᠷᠤᠨ ᠨᠤᠳᠤᠭ ᠤᠨ ᠪᠠᠷᠢᠯᠭ᠎ᠠ ᠶᠢᠨ ᠠᠵᠦ ᠠᠬᠤᠶᠢᠯᠠᠯ ᠤᠨ ᠲᠤᠰ ᠪᠡᠶ᠎ᠡ ᠶᠢᠨ ᠪᠤᠳᠠᠳᠤ ᠬᠦᠴᠦᠨ ᠢ ᠲᠡᠭᠡᠭᠰᠢᠯᠡᠭᠦᠯᠬᠦ ᠶᠢ ᠢᠳᠡᠪᠬᠢᠳᠠᠢ ᠪᠠᠷ ᠬᠦᠳᠦᠯᠦᠨ ᠵᠢᠯᠤᠭᠤᠳᠤᠨ᠎ᠠ᠃ᠤᠷᠤᠨ ᠨᠤᠳᠤᠭ ᠤᠨ  ᠠᠵᠦ ᠠᠬᠤᠶᠢᠯᠠᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠵᠦ ᠳᠡᠰ ᠳᠡᠪᠰᠢᠭᠦᠯᠦᠨ᠂ ᠬᠦᠭᠵᠢᠭᠦᠯᠦᠨ ᠪᠤᠵᠠᠭᠠᠶᠢᠷᠠᠭᠤᠯᠤᠨ᠎ᠠ᠃     ᠭᠤᠷᠪᠠ᠂ ᠠᠵᠢᠯ ᠤᠨ ᠱᠠᠭᠠᠷᠳᠠᠯᠭ᠎ᠠ     ︵ ᠨᠢᠭᠡ︶ ᠳᠡᠭᠡᠳᠤ ᠬᠡᠮᠵᠢᠶ᠎ᠡ ᠪᠠᠷ ᠬᠦᠨᠳᠦᠳᠭᠡᠵᠦ᠂ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠡᠷᠬᠡᠪᠰᠢ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠲᠠᠳᠠᠪᠤᠷᠢᠯᠡᠨ ᠬᠠᠮᠢᠶᠠᠷᠬᠤ ᠠᠵᠢᠯ ᠢ ᠲᠡᠭᠡᠳᠤ ᠬᠡᠮᠵᠢᠶ᠎ᠡ ᠪᠠᠷ ᠬᠦᠨᠳᠤᠳᠭᠡᠵᠦ᠂ᠭᠤᠤᠯ ᠬᠠᠷᠢᠭᠤᠴᠠᠯᠭᠠᠳᠠᠨ ᠠᠴᠠ ᠦᠪᠡᠷ ᠤᠨ ᠪᠡᠶ᠎ᠡ ᠪᠠᠷ ᠢᠶᠠᠨ ᠠᠳᠬᠤᠬᠤ᠂ ᠨᠠᠷᠢᠨ ᠨᠢᠮᠪᠠᠢ ᠠᠳᠬᠤᠨ᠂ ᠭᠠᠶᠢᠯᠢ ᠶᠢ ᠬᠠᠪᠰᠤᠷᠤᠨ ᠬᠠᠮᠠᠭᠠᠯᠠᠬᠤ ᠠᠵᠢᠯ ᠢ ᠨᠢᠭᠡᠨ ᠲᠦᠷᠦᠯ ᠤᠨ ᠤᠯᠤᠰ ᠲᠦᠷᠦ ᠶᠢᠨ ᠡᠭᠦᠷᠭᠡ ᠪᠠᠷ ᠦᠵᠡᠵᠦ᠂ ᠵᠤᠬᠢᠴᠠᠭᠤᠯᠤᠨ ᠬᠠᠮᠵᠢᠯᠴᠠᠬᠤ ᠠᠵᠢᠯ ᠢ ᠰᠠᠶᠢᠳᠤᠷ ᠬᠢᠬᠦ ᠬᠡᠷᠡᠭᠳᠡᠢ᠃ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠠᠵᠢᠯ ᠤᠨ ᠲᠤᠭᠳᠠᠮᠠᠯ ᠬᠤᠷᠠᠯ ᠤᠨ ᠲᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠭᠠᠶᠢᠯᠢ ᠶᠢᠨ ᠶᠠᠪᠤᠳᠠᠯ ᠤᠨ ᠲᠠᠳᠠᠪᠤᠷᠢᠯᠠᠨ ᠬᠠᠮᠢᠶᠠᠷᠬᠤ ᠠᠵᠢᠯ ᠤᠨ ᠲᠤᠮᠳᠠ ᠤᠷᠤᠰᠢᠵᠦ ᠪᠠᠶᠢᠭ᠎ᠠ ᠠᠰᠠᠭᠤᠳᠠᠯ ᠢ ᠲᠠᠷᠤᠢ ᠲᠦᠷᠭᠡᠨ ᠰᠤᠳᠤᠯᠤᠨ ᠰᠢᠢᠳᠪᠤᠷᠢᠯᠡᠵᠦ᠂ ᠦᠨᠳᠦᠷ ᠦᠷ᠎ᠡ ᠪᠦᠳᠦᠮᠵᠢᠳᠦ ᠠᠵᠢᠯ ᠤᠨ ᠬᠠᠮᠵᠢᠯᠴᠠᠭ᠎ᠠ ᠶᠢᠨ ᠲᠦᠷᠢᠮ ᠢ ᠪᠦᠷᠢᠯᠳᠤᠭᠦᠯᠦᠨ᠎ᠡ᠃     ︵ ᠬᠤᠶᠠᠷ︶ ᠬᠦᠴᠦᠨ ᠢᠶᠠᠨ ᠲᠦᠪᠯᠡᠷᠡᠭᠦᠯᠦᠨ᠂ ᠨᠠᠷᠢᠨ ᠨᠢᠭᠳᠠ ᠬᠠᠮᠵᠢᠯᠴᠠᠬᠤ ᠤᠷᠴᠢᠨ ᠢ ᠪᠦᠷᠢᠯᠳᠦᠭᠦᠯᠦᠨ᠎ᠡ᠃ ᠡᠳ᠋ ᠤᠨ ᠵᠠᠰᠠᠭ᠂  ᠤᠯᠤᠰ ᠤᠨ ᠭᠠᠶᠢᠯᠢ᠂ ᠤᠷᠤᠨ ᠨᠤᠳᠤᠭ ᠤᠨ ᠭᠠᠶᠢᠯᠢ ᠨᠢ ᠡᠷᠬᠡᠪᠰᠢ ᠡᠭᠦᠷᠭᠡ ᠲᠤᠰᠢᠶᠠᠯ ᠤᠨ ᠴᠢᠳᠠᠪᠤᠷᠢ ᠪᠠᠨ ᠭᠦᠢᠴᠡᠳ ᠪᠠᠳᠠᠷᠠᠭᠤᠯᠤᠨ᠂ ᠲᠠᠳᠠᠪᠤᠷᠢᠯᠠᠨ ᠬᠠᠮᠢᠶᠠᠷᠬᠤ ᠠᠷᠭ᠎ᠠ ᠠᠪᠴᠢᠯ ᠢ ᠲᠡᠭᠦᠯᠳᠡᠷᠵᠢᠭᠦᠯᠵᠤ᠂ ᠬᠢᠨᠠᠨ ᠬᠠᠮᠢᠶᠠᠷᠬᠤ ᠲᠤᠬᠢᠷᠠᠭᠤᠯᠤᠯᠳᠠ ᠪᠠᠨ ᠴᠢᠩᠭᠠᠳᠬᠠᠵᠤ᠂ ᠭᠠᠶᠢᠯᠢ ᠲᠠᠳᠠᠪᠤᠷᠢ ᠪᠤᠯᠤᠨ ᠭᠠᠶᠢᠯᠢ ᠲᠠᠳᠠᠪᠤᠷᠢ ᠪᠤᠰᠤ ᠶᠢ ᠨᠠᠷᠢᠨ ᠲᠤᠳᠤᠷᠬᠠᠢ ᠪᠠᠶᠢᠴᠠᠭᠠᠵᠤ᠂ ᠮᠡᠳᠡᠭᠡ ᠵᠠᠩᠬᠢ ᠶᠢ ᠴᠤᠭᠯᠠᠭᠤᠯᠬᠤ᠂ ᠨᠡᠶᠢᠳᠭᠡᠬᠦ᠂ ᠰᠤᠳᠤᠯᠤᠨ ᠪᠠᠶᠢᠴᠠᠭᠠᠬᠤ ᠪᠠ ᠠᠰᠢᠭᠯᠠᠬᠤ ᠪᠠᠷ ᠲᠠᠮᠵᠢᠭᠤᠯᠤᠨ ᠤᠨᠤᠪᠴᠢᠳᠠᠢ ᠭᠠᠶᠢᠯᠢ ᠶᠢᠨ ᠡᠬᠢ ᠢᠷᠡᠯᠳᠡ ᠶᠢ ᠲᠦᠰᠦᠪᠯᠡᠨ ᠰᠤᠳᠤᠯᠵᠤ᠂ ᠮᠡᠳᠡᠭᠡ ᠵᠠᠩᠬᠢ ᠶᠢᠨ ᠡᠬᠢ ᠪᠠᠶᠠᠯᠢᠭ ᠢ ᠲᠠᠷᠤᠢ ᠲᠦᠷᠭᠡᠨ ᠭᠠᠶᠢᠯᠢ ᠲᠠᠳᠠᠪᠤᠷᠢ ᠪᠠ ᠡᠰᠡ ᠭᠠᠶᠢᠯᠢ ᠳᠠᠳᠠᠪᠤᠷᠢ ᠶᠢᠨ ᠦᠷ᠎ᠡ ᠪᠦᠳᠦᠭᠡᠯ ᠪᠤᠯᠭᠠᠨ ᠬᠤᠪᠢᠷᠠᠭᠤᠯᠤᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠤᠯᠭ᠎ᠠ ᠨᠢ ᠡᠷᠬᠡᠪᠰᠢ ᠪᠦᠬᠦ ᠰᠢᠶᠠᠨ ᠤ ᠲᠤᠳᠤᠷ᠎ᠠ ︽ ᠪᠦᠬᠦ ᠲᠠᠯ᠎ᠠ︾ ᠶᠢᠨ ᠦᠵᠡᠯ ᠰᠠᠨᠠᠭ᠎ᠠ ᠶᠢ ᠪᠠᠳᠤ ᠱᠤᠭᠤᠵᠤ᠂ ᠢᠳᠡᠪᠬᠢᠳᠠᠢ ᠤᠷᠤᠯᠴᠠᠨ᠂ ᠬᠦᠴᠦᠨ ᠢᠶᠠᠨ ᠬᠠᠮᠳᠤᠳᠬᠠᠵᠤ᠂ ᠦᠨᠡᠨ ᠢ ᠠᠳᠬᠤᠨ ᠪᠤᠳᠠᠳᠠᠢ ᠪᠠᠷ ᠠᠵᠢᠯᠯᠠᠵᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠠᠴᠠ ᠭᠠᠶᠢᠯᠢ ᠶᠢᠨ ᠡᠬᠢ ᠰᠤᠷᠪᠤᠯᠵᠢ ᠶᠢᠨ ᠡᠵᠡᠮᠰᠢᠯ ᠢ ᠴᠢᠩᠭᠠᠳᠬᠠᠬᠤ ᠶᠢ ᠢᠳᠡᠪᠬᠢᠳᠠᠢ ᠬᠠᠮᠵᠢᠯᠴᠠᠨ᠂ ᠬᠤᠷᠢᠶᠠᠬᠤ ᠶᠤᠰᠤᠳᠠᠢ ᠭᠠᠶᠢᠯᠢ ᠳᠠᠳᠠᠪᠤᠷᠢ ᠶᠢ ᠪᠦᠬᠦᠨ ᠢ ᠬᠤᠷᠢᠶᠠᠨ ᠠᠪᠴᠢᠷᠠᠬᠤ ᠶᠢ ᠪᠡᠶᠡᠯᠡᠭᠦᠯᠵᠤ᠂ ᠪᠦᠬᠦ ᠵᠢᠯ ᠤᠨ ᠡᠳ᠋ ᠤᠨ ᠵᠠᠰᠠᠭ  ᠭᠠᠶᠢᠯᠢ ᠶᠢᠨ ᠶᠠᠪᠤᠳᠠᠯ ᠤᠨ ᠬᠠᠷᠠᠯᠳᠠ ᠡᠭᠦᠷᠭᠡ ᠶᠢ ᠲᠤᠭᠳᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ᠃ ᠵᠤᠬᠢᠶᠠᠨ ᠪᠠᠶᠢᠭᠤᠯᠬᠤ ᠬᠦᠴᠦᠨ ᠢᠶᠠᠷ ᠰᠤᠯᠠ᠂ ᠮᠡᠳᠡᠭᠡ ᠵᠠᠩᠬᠢ ᠬᠠᠩᠭᠠᠭᠰᠠᠨ ᠨᠢ ᠤᠳᠠᠭᠠᠨ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠳᠠᠳᠠᠪᠤᠷᠢᠯᠡᠨ ᠬᠠᠮᠢᠶᠠᠷᠬᠤ ᠶᠢ ᠨᠦᠯᠦᠭᠡᠯᠡᠭᠰᠡᠨ ᠪᠠᠶᠢᠭᠤᠯᠤᠯᠭ᠎ᠠ ᠪᠠ ᠬᠤᠪᠢ ᠬᠦᠮᠦᠨ ᠢ ᠢᠯᠡᠴᠢᠯᠡᠨ ᠰᠢᠭᠦᠮᠵᠢᠯᠡᠵᠤ᠂ ᠲᠤᠮᠤ ᠶᠡᠭᠡ ᠭᠠᠶᠢᠯᠢ ᠶᠢᠨ ᠡᠬᠢ ᠢᠷᠡᠯᠳᠡ ᠶᠢᠨ ᠭᠦᠢᠯᠭᠡᠭᠡ ᠡᠭᠦᠰᠦᠭᠡᠭᠰᠡᠨ ᠪᠠᠶᠢᠪᠠᠯ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃                             ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ                                  2017ᠤᠨ ᠤ2 ᠰᠠᠷ᠎ᠠ ᠶᠢᠨ9 ᠤ ᠡᠳᠦᠷ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2