ᠨᠦᠢᠷ ᠳᠤᠳᠠᠭᠤ ᠴᠤ ᠨᠦᠢᠷᠮᠦᠬᠯᠠᠵᠤ ᠪᠤᠯᠬᠤ ᠦᠬᠡᠢ
ᠨᠡᠶᠢᠲᠡᠯᠡᠭᠰᠡᠨ ᠴᠠᠭ᠄
2018-07-03
     ᠪᠠᠶᠢᠴᠠᠭᠠᠯᠳᠠ ᠠᠴᠠ ᠦᠵᠡᠪᠡᠯ᠂ ᠠᠮᠧᠷᠢᠺᠠ ᠶᠢᠨ 35% ᠤᠨ ᠨᠠᠰᠤᠨ ᠳᠤ ᠬᠦᠷᠦᠭᠰᠡᠳ ᠡᠳᠦᠷ ᠪᠤᠯᠭᠠᠨ 7 — 8 ᠴᠠᠭ ᠤᠨᠳᠠᠬᠤ ᠶᠢ ᠪᠠᠳᠤᠯᠠᠵᠤ ᠳᠡᠶᠢᠯᠳᠡᠭ ᠦᠭᠡᠢ ᠪᠠᠶᠢᠨ᠎ᠠ᠃ ᠭᠡᠪᠡᠴᠦ ᠨᠦᠢᠷ ᠳᠤᠳᠠᠭᠤ ᠴᠤ ᠤᠨᠳᠠᠯᠭ᠎ᠠ ᠶᠢᠨ ᠵᠢᠮ᠎ᠠ ᠶᠤᠰᠤ ᠪᠠᠨ ᠠᠯᠳᠠᠭᠳᠠᠭᠤᠯᠵᠤ ᠪᠤᠯᠬᠤ ᠦᠭᠡᠢ ᠭᠡᠵᠦ ᠦᠵᠡᠳᠡᠭ ᠳᠤᠰᠬᠠᠢ ᠮᠡᠷᠭᠡᠵᠢᠯᠳᠡᠳ ᠰᠤᠨᠢᠷᠬᠠᠯᠳᠠᠢ ᠠᠷᠭ᠎ᠠ ᠨᠤᠭᠤᠳ ᠰᠡᠳᠦᠵᠦ ᠪᠠᠶᠢᠨ᠎ᠠ᠃     1. ᠨᠦᠢᠷᠮᠤᠬᠯᠠᠵᠤ ᠪᠤᠯᠬᠤ ᠦᠭᠡᠢ᠃ ᠺᠠᠯᠢᠹᠦᠷᠨᠢᠶ᠎ᠠ ᠶᠡᠭᠡ ᠰᠤᠷᠭᠠᠭᠤᠯᠢ ᠶᠢᠨ ᠤᠨᠳᠠᠯᠭ᠎ᠠ ᠶᠢᠨ ᠤᠬᠠᠭᠠᠨ ᠤ ᠰᠤᠷᠭᠠᠨ ᠬᠦᠮᠦᠵᠢᠯ ᠤᠨ ᠳᠦᠪ ᠤᠨ ᠡᠷᠭᠢᠯᠡᠭᠴᠢ ᠢᠰᠧᠷᠢ᠂ ᠰᠦᠨᠢ ᠳᠡᠭᠡᠨ ᠰᠠᠶᠢᠨ ᠤᠨᠳᠠᠵᠤ ᠳᠡᠶᠢᠯᠦᠭᠰᠡᠨ ᠦᠭᠡᠢ ᠠᠴᠠ ᠪᠤᠯᠵᠤ ᠡᠳᠦᠷ ᠢᠶᠠᠷ ᠨᠦᠢᠷᠮᠤᠬᠯᠠᠪᠠᠯ ᠬᠦᠮᠦᠨ ᠠᠮᠠᠷᠬᠠᠨ ᠮᠠᠩᠰᠢᠭᠤᠷᠠᠭᠰᠠᠨ ᠪᠠᠶᠢᠳᠠᠯ ᠳᠤ ᠤᠷᠤᠨ᠎ᠠ᠃ ᠳᠤᠭᠬᠢᠭᠡᠳ ᠠᠪᠤᠶ᠎ᠠ ᠭᠡᠳ ᠢᠯᠡᠭᠦᠦ ᠵᠢᠭᠠᠬᠠᠨ ᠤᠨᠳᠠᠴᠢᠬᠠᠪᠠᠯ ᠮᠦᠨ ᠬᠦᠮᠦᠨ ᠤ ᠪᠡᠶ᠎ᠡ ᠶᠢᠨ ᠠᠮᠢᠳᠤ ᠪᠤᠳᠠᠰ ᠤᠨ ᠴᠠᠭ ᠢ ᠰᠠᠮᠠᠭᠤᠷᠠᠭᠤᠯᠵᠤ᠂ ᠨᠦᠢᠷ ᠤᠨ ᠰᠠᠭᠠᠳᠠᠯ ᠪᠤᠯᠵᠤ᠂ ᠮᠠᠭᠤ ᠤᠷᠴᠢᠯ ᠢ ᠪᠤᠢ ᠪᠤᠯᠭᠠᠳᠠᠭ᠃ ᠳᠡᠶᠢᠮᠦ ᠠᠴᠠ ᠤᠷᠳᠤ ᠰᠦᠨᠢ ᠰᠠᠶᠢᠨ ᠤᠨᠳᠠᠵᠤ ᠳᠡᠶᠢᠯᠦᠭᠰᠡᠨ ᠦᠭᠡᠢ ᠴᠤ᠂ ᠳᠠᠷᠠᠭ᠎ᠠ ᠡᠳᠦᠷ ᠨᠢ ᠬᠡᠪ ᠤᠨ ᠠᠮᠢᠳᠤᠷᠠᠯ ᠤᠨ ᠠᠶᠢᠵᠠᠮ ᠢᠶᠠᠨ ᠪᠠᠳᠤᠯᠠᠬᠤ ᠭᠡᠷᠡᠭᠳᠡᠢ ᠭᠡᠵᠦ ᠦᠵᠡᠭᠰᠡᠨ ᠪᠠᠶᠢᠨ᠎ᠠ᠃          2. ᠪᠤᠰᠤᠮᠠᠭᠴᠠ ᠪᠠᠨ ᠴᠤᠩᠬᠤᠨ ᠪᠦᠲᠡᠭᠡᠯᠭᠡ ᠪᠠᠨ ᠰᠡᠭᠦᠨ᠎ᠠ᠃ ᠴᠤᠩᠬᠤᠨ ᠪᠦᠳᠡᠭᠡᠯᠭᠡ ᠪᠠᠨ ᠰᠡᠭᠦᠵᠦ᠂ ᠦᠷᠯᠦᠭᠡ ᠶᠢᠨ ᠨᠠᠷᠠ ᠪᠠᠷ ᠨᠦᠢᠷ ᠢᠶᠠᠨ ᠰᠡᠷᠢᠭᠡᠵᠦ᠂ ᠬᠠᠷ᠎ᠠ ᠦᠩᠭᠡ ᠶᠢ ᠠᠷᠢᠯᠭᠠᠬᠤ ᠡᠳ᠋ ᠤᠨ ᠢᠯᠭᠠᠷᠠᠭᠤᠯᠤᠯᠳᠠ ᠶᠢ ᠬᠤᠷᠢᠬᠯᠠᠨ᠂ ᠰᠡᠷᠢᠬᠦ ᠴᠠᠭ ᠪᠤᠯᠤᠭᠰᠠᠨ ᠭᠡᠳᠡᠭ ᠳᠤᠬᠢᠶ᠎ᠠ ᠶᠢ ᠶᠡᠭᠡ ᠳᠠᠷᠢᠬᠢᠨ ᠳᠤ ᠳᠠᠮᠵᠢᠭᠤᠯᠤᠨ᠎ᠠ᠃
    ᠨᠠᠷᠠ ᠵᠢᠷᠭᠠᠮᠠᠭᠴᠠ ᠶᠡᠭᠡ ᠳᠠᠷᠢᠬᠢ ᠨᠡᠩ ᠠᠷᠪᠢᠨ ᠬᠠᠷ᠎ᠠ ᠦᠩᠭᠡ ᠶᠢ ᠠᠷᠢᠯᠭᠠᠬᠤ ᠡᠳ᠋ ᠢᠯᠭᠠᠷᠠᠭᠤᠯᠵᠤ᠂ ᠬᠦᠮᠦᠨ ᠢ ᠤᠨᠳᠠᠭᠤᠯᠳᠠᠭ᠃ ᠦᠷᠯᠦᠭᠡ ᠡᠷᠳᠡ ᠪᠠᠶᠢᠭᠠᠯᠢ ᠶᠢᠨ ᠭᠡᠷᠡᠯ ᠢ ᠬᠦᠯᠢᠶᠡᠨ ᠠᠪᠴᠤ ᠴᠢᠰᠦᠨ ᠴᠠᠶᠢᠪᠠᠩ ᠤᠨ ᠡᠳ᠋ ᠤᠨ ᠳᠦᠪᠰᠢᠨ ᠢ ᠳᠡᠭᠡᠭᠰᠢᠯᠡᠭᠦᠯᠵᠦ᠂ ᠰᠠᠨᠠᠭ᠎ᠠ ᠰᠡᠳᠭᠢᠯ ᠢ ᠳᠡᠭᠰᠢᠯᠡᠨ ᠳᠤᠭᠳᠠᠪᠤᠷᠢᠵᠢᠭᠤᠯᠵᠦ ᠨᠦᠢᠷ ᠠᠴᠠ ᠨᠢ ᠰᠡᠷᠢᠭᠡᠳᠡᠭ᠃    3. ᠦᠷᠯᠦᠭᠡ ᠪᠤᠰᠤᠭᠠᠳ ᠬᠦᠢᠳᠡᠨ ᠤᠰᠤ ᠪᠠᠷ ᠪᠡᠶ᠎ᠡ ᠪᠠᠨ ᠤᠬᠢᠶᠠᠨ᠎ᠠ᠃    ᠠᠮᠧᠷᠢᠺᠠ ᠶᠢᠨ ᠪᠡᠶ᠎ᠡ ᠶᠢᠨ ᠳᠠᠮᠢᠷ ᠤᠨ ᠰᠡᠳᠭᠢᠴᠡ ᠵᠦᠢᠴᠢ ᠨᠢᠰᠢ᠂ ᠦᠷᠯᠦᠭᠡ ᠳᠡᠭᠡᠨ ᠬᠦᠢᠳᠡᠨ ᠤᠰᠤ ᠪᠠᠷ ᠪᠡᠶ᠎ᠡ ᠪᠠᠨ ᠤᠬᠢᠶᠠᠪᠠᠯ ᠤᠷᠮ᠎ᠠ ᠶᠢ ᠬᠦᠭᠵᠢᠭᠡᠨ ᠳᠠᠷᠢᠬᠢ ᠶᠢ ᠰᠡᠷᠭᠦᠭᠡᠨ᠎ᠠ᠃ ᠬᠦᠢᠳᠡᠨ ᠤᠰᠤᠨ ᠳᠤ ᠤᠷᠤᠪᠠᠯ ᠠᠷᠠᠰᠤᠨ ᠤ ᠬᠦᠴᠢᠯᠳᠦ᠋ᠷᠦᠭᠴᠢ ᠰᠢᠩᠭᠡᠭᠡᠨ ᠠᠪᠬᠤ ᠬᠡᠮᠵᠢᠶ᠎ᠠ ᠨᠢ ᠨᠡᠮᠡᠭᠳᠡᠵᠦ᠂ ᠴᠢᠰᠦᠨ ᠤ ᠡᠷᠭᠢᠯᠳᠡ ᠶᠢ ᠳᠦᠷᠭᠡᠳᠭᠡᠵᠦ᠂ ᠶᠡᠭᠡ ᠳᠠᠷᠢᠬᠢᠨ ᠤ ᠴᠢᠳᠠᠪᠬᠢ ᠶᠢ ᠰᠠᠶᠢᠵᠢᠷᠠᠭᠤᠯᠳᠠᠭ ᠭᠡᠵᠡᠢ᠃    4. ᠡᠷᠳᠡ ᠶᠢᠨ ᠬᠤᠭᠤᠯᠠᠨ ᠳᠠᠭᠠᠨ ᠬᠤᠶᠠᠷ ᠠᠴᠠ ᠢᠯᠡᠭᠦᠦ ᠵᠦᠢᠯ ᠤᠨ ᠢᠳᠡᠭᠡᠨ ᠢ ᠢᠳᠡᠨ᠎ᠠ᠃      ᠠᠮᠧᠷᠢᠺᠠ ᠶᠢᠨ ᠳᠠᠩᠰᠠᠯᠠᠭᠤᠯᠤᠭᠰᠠᠨ ᠰᠢᠮ᠎ᠡ ᠳᠡᠵᠢᠭᠡᠯ ᠤᠨ ᠡᠮᠴᠢ ᠫᠠᠰᠠᠯᠠᠶᠢᠷᠣ᠋᠂ ᠡᠷᠳᠡ ᠶᠢᠨ ᠬᠤᠭᠤᠯᠠᠨ ᠳᠠᠭᠠᠨ ᠬᠤᠶᠠᠷ ᠠᠴᠠ ᠢᠯᠡᠭᠦᠦ ᠵᠦᠢᠯ ᠤᠨ ᠢᠳᠡᠭᠡᠨ ᠰᠤᠩᠭᠤᠵᠤ ᠢᠳᠡᠬᠦ ᠶᠢ ᠰᠠᠨᠠᠭᠤᠯᠵᠤ ᠪᠠᠶᠢᠨ᠎ᠠ᠃ ᠵᠢᠱᠢᠶᠡᠯᠡᠪᠡᠯ ᠠᠶᠢᠷᠠᠭ + ᠵᠢᠮᠢᠰ + ᠪᠤᠭᠤᠳᠠᠢ ᠶᠢᠨ ᠡᠭᠡᠳᠡᠩ᠂ ᠪᠤᠭᠤᠳᠠᠢ ᠶᠢᠨ ᠡᠭᠡᠳᠡᠩ + ᠦᠨᠢᠶᠡᠨ ᠰᠦ + ᠵᠢᠮᠢᠰ + ᠰᠠᠮᠤᠷ ᠪᠤᠶᠤ ᠵᠢᠮᠢᠰ᠂ ᠢᠳᠡᠰᠢᠨ ᠨᠤᠭᠤᠭ᠎ᠠ ᠲᠠᠢ ᠬᠤᠳᠬᠤᠭᠰᠠᠨ ᠠᠶᠢᠷᠠᠭ + ᠪᠤᠭᠤᠳᠠᠢ ᠶᠢᠨ ᠪᠢᠩᠭᠠᠨ ᠭᠡᠬᠦ ᠮᠡᠳᠦ᠃ ᠡᠷᠳᠡ ᠶᠢᠨ ᠬᠤᠭᠤᠯᠠᠨ ᠳᠠᠭᠠᠨ ᠤᠭᠤᠷᠠᠭ᠂ ᠢᠳᠡᠭᠡᠨ ᠤ ᠰᠢᠷᠭᠡᠭᠯᠢᠭ ᠪᠠ ᠰᠢᠮ᠎ᠡ ᠳᠡᠵᠢᠭᠡᠯ ᠤᠨ ᠪᠤᠳᠠᠰ ᠨᠦᠬᠦᠪᠦᠷᠢᠯᠡᠬᠦ ᠶᠢ ᠠᠩᠬᠠᠷᠬᠤ ᠴᠢᠬᠤᠯᠠᠳᠠᠢ᠃ ᠠᠶᠢᠷᠠᠭ᠂ ᠦᠨᠢᠶᠡᠨ ᠰᠦ ᠪᠠ ᠰᠠᠮᠤᠷ ᠲᠤ ᠠᠭᠤᠯᠤᠭᠳᠠᠳᠠᠭ ᠤᠭᠤᠷᠠᠭ ᠨᠢ ᠢᠳᠡᠭᠡᠨ ᠤ ᠳᠤᠷᠠᠰᠢᠯ ᠳᠤ ᠠᠮᠠᠷᠬᠠᠨ ᠬᠦᠷᠳᠡᠭ᠂ ᠰᠢᠷᠭᠡᠭᠯᠢᠭ ᠡᠳ᠋ ᠨᠢ ᠴᠠᠳᠤᠭᠰᠠᠨ ᠳᠦᠷᠦᠭᠳᠡᠯ ᠦᠭᠳᠡᠭ ᠪᠠ ᠡᠨᠧᠷᠭᠢ ᠶᠢᠨ ᠳᠤᠭᠳᠠᠪᠤᠷᠢ ᠲᠠᠢ ᠪᠠᠶᠢᠬᠤ ᠶᠢ ᠪᠠᠳᠤᠯᠠᠵᠤ᠂ ᠴᠢᠰᠦᠨ ᠤ ᠰᠢᠬᠢᠷ ᠤᠨ ᠭᠡᠨᠡᠳᠳᠡ ᠪᠠᠷ ᠳᠡᠭᠡᠭᠰᠢᠯᠡᠬᠦ ᠶᠢ ᠰᠡᠷᠭᠡᠶᠢᠯᠡᠳᠡᠭ︔ ᠵᠢᠮᠢᠰ ᠨᠢ ᠸᠢᠲ᠋ᠠᠮᠢᠨ ᠪᠠ ᠪᠢᠴᠢᠯ ᠡᠯᠧᠮᠧᠨ᠋ᠲ ᠢ ᠨᠦᠬᠦᠪᠦᠷᠢᠯᠡᠳᠡᠭ᠃
    5. ᠬᠠᠷ᠎ᠠ ᠦᠷᠯᠦᠭᠡᠭᠦᠷ ᠺᠤᠹᠧ ᠤᠤᠭᠤᠬᠤ ᠭᠡᠷᠡᠭ ᠦᠭᠡᠢ᠃    ᠦᠷᠯᠦᠭᠡ ᠡᠷᠳᠡ ᠬᠦᠮᠦᠨ ᠤ ᠪᠡᠶ᠎ᠡ ᠶᠢᠨ ᠬᠦᠷᠦᠰᠦᠯᠢᠭ ᠡᠳ᠋ ᠤᠨ ᠠᠯᠺᠤᠤᠯ ᠡᠯᠪᠡᠭ ᠪᠠᠶᠢᠵᠤ᠂ ᠬᠦᠮᠦᠨ ᠢ ᠰᠡᠷᠭᠡᠭ ᠪᠠᠶᠢᠯᠭᠠᠳᠠᠭ᠃ ᠺᠤᠹᠧᠶ᠋ᠢᠨ ᠨᠢ ᠬᠦᠷᠦᠰᠦᠯᠢᠭ ᠡᠳ᠋ ᠤᠨ ᠠᠯᠺᠤᠤᠯ ᠪᠦᠲᠦᠬᠦ ᠶᠢ ᠬᠤᠷᠢᠬᠯᠠᠵᠤ᠂ ᠬᠦᠮᠦᠨ ᠤ ᠪᠡᠶ᠎ᠡ ᠶᠢᠨ ᠪᠠᠶᠢᠭᠠᠯᠢ ᠶᠢᠨ ᠵᠤᠬᠢᠴᠠᠯ ᠢ ᠠᠯᠳᠠᠭᠤᠯᠳᠠᠭ᠃ ᠫᠠᠰᠠᠯᠠᠶᠢᠷᠣ᠋᠂ ᠺᠤᠹᠧ ᠤᠤᠭᠤᠬᠤ ᠴᠠᠭ ᠢᠢᠡᠨ ᠬᠤᠶᠢᠰᠢᠯᠠᠭᠤᠯᠬᠤ ᠪᠤᠶᠤ ᠰᠢᠭᠤᠳ ᠤᠰᠤ ᠤᠤᠭᠤᠭᠰᠠᠨ ᠨᠢ ᠳᠡᠭᠡᠷ᠎ᠡ ᠭᠡᠵᠦ ᠰᠠᠨᠠᠭᠤᠯᠵᠤ ᠪᠠᠶᠢᠨ᠎ᠠ᠃ ᠺᠤᠹᠧ ᠶᠡᠭᠡ ᠤᠤᠭᠤᠬᠤ ᠨᠢ ᠪᠡᠶ᠎ᠡ ᠶᠢᠨ ᠤᠰᠤ ᠠᠯᠳᠠᠭᠳᠠᠬᠤ ᠪᠠᠶᠢᠳᠠᠯ ᠢ ᠬᠦᠨᠳᠦᠷᠡᠭᠦᠯᠵᠦ᠂ ᠰᠡᠳᠭᠢᠯ ᠠᠯᠭᠠᠰᠠᠭᠤᠯᠵᠤ᠂ ᠴᠡᠭᠡᠵᠢᠯᠡᠬᠦ ᠴᠢᠳᠠᠪᠤᠷᠢ ᠶᠢ ᠨᠦᠯᠦᠭᠡᠯᠡᠨ᠂ ᠮᠡᠳᠡᠷᠡᠯ ᠤᠨ ᠬᠠᠷᠰᠢᠯ ᠪᠠ ᠳᠤᠯᠤᠭᠠᠢ ᠡᠪᠡᠳᠬᠦ ᠪᠠᠶᠢᠳᠠᠯ ᠢ ᠪᠤᠢ ᠪᠤᠯᠭᠠᠳᠠᠭ
   6 . ᠡᠷᠳᠡ ᠶᠢᠨ ᠪᠤᠯᠪᠠᠰᠤᠷᠠᠯ ᠢᠶᠠᠨ ᠬᠠᠰᠤᠨ᠎ᠠ᠃    ᠠᠮᠧᠷᠢᠺᠠ ᠶᠢᠨ ᠪᠡᠶ᠎ᠡ ᠶᠢᠨ ᠳᠠᠮᠢᠷ ᠤᠨ ᠰᠤᠷᠭᠠᠭᠴᠢ ᠹᠠᠪᠦ᠋ᠯ᠂ ᠦᠷᠯᠦᠭᠡ ᠡᠷᠳᠡ ᠪᠡᠶ᠎ᠡ ᠶᠢᠨ ᠪᠤᠯᠪᠠᠰᠤᠷᠠᠯ ᠬᠢᠬᠦ ᠳᠠᠳᠬᠠᠯ ᠲᠠᠢ ᠬᠦᠮᠦᠰ ᠨᠦᠢᠷ ᠳᠤᠳᠠᠭᠤ ᠬᠤᠨᠤᠭᠰᠠᠨ ᠪᠤᠯ ᠪᠤᠯᠪᠠᠰᠤᠷᠠᠯ ᠬᠢᠬᠦ ᠪᠠᠨ ᠪᠤᠯᠢᠬᠤ ᠪᠤᠶᠤ ᠬᠦᠩᠭᠡᠨ ᠬᠦᠳᠡᠯᠭᠡᠭᠡᠨ ᠬᠢᠪᠡᠯ ᠵᠤᠬᠢᠨ᠎ᠠ ᠭᠡᠵᠦ ᠰᠠᠨᠠᠭᠤᠯᠵᠤ ᠪᠠᠶᠢᠨ᠎ᠠ᠃ ᠨᠦᠢᠷ ᠳᠤᠳᠠᠭᠤ ᠦᠶ᠎ᠡ ᠳᠤ ᠬᠦᠮᠦᠨ ᠤ ᠪᠡᠶ᠎ᠡ ᠶᠢᠨ ᠳᠡᠩᠴᠡᠭᠦᠷᠢᠰᠢᠬᠦ ᠴᠢᠳᠠᠪᠤᠷᠢ ᠮᠠᠭᠤᠳᠠᠵᠤ᠂ ᠠᠮᠠᠷᠬᠠᠨ ᠰᠢᠷᠬᠠᠳᠤᠳᠠᠭ ᠪᠠ ᠶᠠᠳᠠᠷᠠᠭ᠎ᠠ ᠲᠠᠢ ᠪᠠᠶᠢᠳᠠᠭ᠃ ᠬᠤᠯᠠ ᠠᠯᠬᠤᠬᠤ ᠪᠤᠶᠤ ᠠᠰᠠᠷ ᠤᠨ ᠱᠠᠳᠤ ᠠᠪᠠᠷᠢᠬᠤ ᠪᠠᠷ ᠡᠷᠳᠡ ᠶᠢᠨ ᠪᠤᠯᠪᠠᠰᠤᠷᠠᠯ ᠢᠶᠠᠨ ᠤᠷᠤᠯᠠᠭᠤᠯᠵᠤ ᠪᠤᠯᠤᠨ᠎ᠠ᠃ 10 ᠮᠢᠨᠦ᠋ᠲ ᠠᠰᠠᠷ ᠤᠨ ᠱᠠᠳᠤ ᠠᠪᠠᠷᠢᠪᠠᠯ ᠡᠨᠧᠷᠭᠢ ᠶᠢᠨ ᠬᠡᠮᠵᠢᠶ᠎ᠠ ᠶᠢ ᠨᠡᠮᠡᠭᠳᠡᠭᠦᠯᠳᠡᠭ ᠭᠡᠵᠦ ᠠᠮᠧᠷᠢᠺᠠ ᠶᠢᠨ ᠰᠤᠳᠤᠯᠭᠠᠳᠠᠳ ᠰᠤᠳᠤᠯᠭᠠᠨ ᠢᠶᠠᠷ ᠨᠤᠳᠠᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2