ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠳᠤᠪᠴᠢᠶ᠎ᠠ ᠵᠡᠷᠬᠡ ᠰᠠᠯᠠᠭ᠎ᠠ ᠮᠦᠴᠢᠷ ᠬᠠᠮᠳᠤᠷᠠᠨ | ᠲᠦᠷᠦᠬᠦᠬᠡᠨ ︽ᠨᠡᠮᠡᠭᠳᠡᠯ ᠦᠷᠳᠡᠭ ᠤᠨ ᠭᠠᠶᠢᠯᠢ ᠶᠢᠨ ᠨᠤᠷᠮ᠎ᠠ ᠳᠤ ᠳᠤᠬᠢᠷᠠᠭᠤᠯᠤᠯᠳᠠ ᠬᠢᠬᠦ ᠳᠤᠬᠠᠢ ᠮᠡᠳᠡᠭᠳᠡᠯ︾ | ᠨᠡᠶᠢᠳᠡᠯᠡᠵᠦ᠂ 2018 ᠤᠨ ᠤ 5 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠪᠡ᠃ ︽ᠮᠡᠳᠡᠭᠳᠡᠯ︾ ᠢ | ᠦᠨᠳᠦᠰᠦᠯᠡᠪᠡᠯ᠂ ᠭᠠᠶᠢᠯᠢ ᠳᠤᠰᠢᠶᠠᠭᠴᠢ ᠠᠴᠠ ᠨᠡᠮᠡᠭᠳᠡᠯ ᠦᠷᠳᠡᠭ ᠤᠨ ᠭᠠᠶᠢᠯᠢ ᠳᠤᠰᠢᠶᠠᠪᠠᠯ ᠵᠤᠬᠢᠬᠤ | ᠪᠤᠷᠤᠯᠠᠭᠤᠯᠭ᠎ᠠ ᠶᠢᠨ ᠠᠵᠢᠯᠯᠠᠭ᠎ᠠ ᠪᠤᠶᠤ ᠡᠰᠡᠬᠦᠯ᠎ᠠ ᠭᠠᠳᠠᠭᠠᠳᠤ ᠠᠴᠠ ᠤᠷᠤᠭᠤᠯᠤᠭᠰᠠᠨ ᠪᠠᠷᠠᠭ᠎ᠠ ᠲᠠᠸᠠᠷ ᠠᠴᠠ | ᠤᠤᠯ ᠨᠢ 17% ᠪᠤᠶᠤ 11% ᠪᠠᠷ ᠭᠠᠶᠢᠯᠢ ᠳᠠᠳᠠᠪᠤᠷᠢᠯᠠᠵᠤ ᠪᠠᠶᠢᠭᠰᠠᠨ ᠢ 16% ᠪᠠ 11% ᠪᠠᠷ ᠭᠠᠶᠢᠯᠢ | ᠳᠠᠳᠠᠪᠤᠷᠢᠯᠠᠬᠤ ᠪᠠᠷ ᠪᠤᠯᠪᠠ᠃ | ᠭᠠᠶᠢᠯᠢ ᠳᠤᠰᠢᠶᠠᠭᠴᠢ ᠳᠠᠷᠢᠶᠠᠯᠠᠩ ᠤᠨ ᠪᠦᠳᠦᠬᠡᠭᠳᠡᠬᠦᠨ ᠬᠤᠳᠠᠯᠳᠤᠨ ᠤᠷᠤᠭᠤᠯᠪᠠᠯ᠂ ᠤᠤᠯ ᠤᠨ | 11% ᠪᠠᠷ ᠭᠠᠶᠢᠯᠢ ᠰᠠᠭᠤᠯᠭᠠᠨ ᠠᠪᠴᠤ ᠪᠠᠶᠢᠭᠰᠠᠨ ᠢ ᠳᠤᠬᠢᠷᠠᠭᠤᠯᠤᠯᠳᠠ ᠬᠢᠬᠡᠳ 10% ᠪᠠᠷ ᠰᠠᠭᠤᠯᠭᠠᠨ ᠠᠪᠬᠤ | ᠪᠤᠯᠭᠠᠪᠠ᠃ ᠭᠠᠶᠢᠯᠢ ᠳᠤᠰᠢᠶᠠᠭᠴᠢ ᠠᠴᠠ ᠦᠢᠯᠡᠳᠪᠦᠷᠢᠯᠡᠨ ᠪᠤᠷᠤᠯᠠᠭᠤᠯᠬᠤ ᠪᠤᠶᠤ ᠨᠠᠶᠢᠳᠠᠨ ᠡᠳ᠋ᠰᠢᠬᠦᠯᠦᠨ | ᠪᠤᠯᠪᠠᠰᠤᠷᠠᠭᠤᠯᠬᠤ ᠳᠤ ᠬᠡᠷᠡᠭᠯᠡᠬᠦ ᠪᠠᠷ 16% ᠶᠢᠨ ᠭᠠᠶᠢᠯᠢ ᠶᠢᠨ ᠨᠤᠷᠮ᠎ᠠ ᠲᠠᠢ ᠳᠠᠷᠢᠶᠠᠯᠠᠩ ᠤᠨ ᠪᠦᠳᠦᠬᠡᠭᠳᠡᠬᠦᠨ ᠢ | ᠬᠤᠳᠠᠯᠳᠤᠨ ᠠᠪᠴᠤ ᠤᠷᠤᠭᠤᠯᠪᠠᠯ᠂ 12% ᠤᠨ ᠭᠠᠶᠢᠯᠢ ᠲᠠᠳᠠᠪᠤᠷᠢᠯᠠᠨ᠎ᠠ᠃ | |