1. ᠲᠤᠯᠤᠭᠤᠨ᠎ᠠ ᠦᠭᠡᠬᠦ ᠶᠢ ᠵᠠᠳᠠᠷᠠᠭᠤᠯᠬᠤ ᠦᠢᠯᠡᠳᠦᠯ ᠲᠠᠢ | ᠲᠤᠯᠤᠭᠤᠨ᠎ᠠ ᠶᠢᠨ ᠪᠦᠲᠦᠭᠦᠯᠢᠭ ᠰᠢᠷᠭᠡᠭᠯᠢᠭ ᠤᠨ ᠠᠭᠤᠯᠤᠭᠳᠠᠴᠠ ᠨᠢ 20% ᠲᠤ ᠬᠦᠷᠴᠦ᠂ ᠬᠡᠳᠡᠰᠦᠨ ᠤ | ᠬᠦᠷᠪᠡᠯᠵᠡᠬᠦ ᠶᠢ ᠠᠬᠢᠭᠤᠯᠤᠨ᠎ᠠ᠃ ᠲᠤᠯᠤᠭᠤᠨ᠎ᠠ ᠪᠠᠰᠠ ᠬᠤᠳᠤᠭᠤᠳᠤᠨ ᠤ ᠤᠭᠤᠷᠠᠭ ᠤᠨ ᠢᠰᠭᠡᠭᠦᠷ ᠤᠨ | ᠢᠳᠡᠪᠬᠢ ᠴᠢᠨᠠᠷ ᠢ ᠨᠡᠮᠡᠭᠳᠡᠬᠦᠯᠵᠤ᠂ ᠲᠡᠭᠦᠨ ᠳᠤ ᠠᠭᠤᠯᠤᠭᠳᠠᠬᠤ ᠦᠭᠡᠭᠦᠨ ᠤ ᠢᠰᠭᠡᠬᠦᠷ ᠨᠢ ᠦᠭᠡᠬᠦ ᠶᠢᠨ | ᠵᠠᠳᠠᠷᠠᠯᠳᠠ ᠶᠢ ᠠᠬᠢᠭᠤᠯᠵᠤ᠂ ᠰᠢᠩᠭᠡᠭᠡᠯᠳᠡ ᠶᠢ ᠠᠬᠢᠭᠤᠯᠬᠤ ᠦᠢᠯᠡᠳᠦᠯ ᠲᠠᠢ᠃ ᠤᠨᠴᠠᠭᠠᠢᠢᠯᠠᠨ ᠮᠢᠬᠠᠨ ᠤ | ᠲᠦᠷᠦᠯ ᠢ ᠰᠢᠩᠭᠡᠭᠡᠬᠦ ᠲᠠᠯ᠎ᠠ ᠪᠠᠷ ᠨᠡᠩ ᠰᠠᠶᠢᠨ ᠪᠠᠶᠢᠳᠠᠭ᠂ ᠲᠡᠷᠡ ᠨᠢ ᠪᠠᠰᠠ ᠴᠢᠰᠤᠨ ᠤ ᠦᠭᠡᠬᠦ ᠵᠢᠴᠢ ᠴᠢᠰᠤᠨ | ᠲᠠᠷᠤᠯᠳᠠ ᠶᠢ ᠪᠠᠭᠤᠷᠠᠭᠤᠯᠬᠤ ᠦᠢᠯᠡᠳᠦᠯ ᠲᠠᠢ᠂ ᠵᠢᠷᠦᠭᠡᠨ ᠤ ᠰᠤᠳᠠᠯ ᠤᠨ ᠡᠪᠡᠳᠴᠢᠨ ᠢ ᠰᠡᠷᠭᠡᠶᠢᠯᠡᠬᠦ ᠪᠠ | ᠵᠢᠷᠦᠭᠡᠨ ᠤ ᠠᠵᠢᠯᠯᠠᠭ᠎ᠠ ᠶᠢ ᠰᠠᠶᠢᠵᠢᠷᠠᠭᠤᠯᠬᠤ ᠳᠤ ᠠᠰᠢᠭ ᠲᠠᠢ ᠶᠤᠮ᠃ | 2. ᠠᠯᠮᠤᠷᠠᠳ ᠦᠭᠡᠬᠦ ᠶᠢ ᠭᠠᠳᠠᠭᠰᠢᠯᠠᠭᠤᠯᠬᠤ ᠦᠢᠯᠡᠳᠦᠯ ᠲᠠᠢ | ᠠᠯᠮᠤᠷᠠᠳ ᠲᠤ ᠢᠳᠡᠰᠢᠨ ᠰᠢᠷᠭᠡᠭᠯᠢᠭ ᠤᠨ ᠵᠢᠮᠢᠰ ᠤᠨ ᠴᠠᠪᠠᠤᠯᠢᠭ ᠤᠨ ᠠᠭᠤᠯᠤᠭᠳᠠᠴᠠ ᠡᠯᠪᠡᠭ ᠪᠠᠶᠢᠳᠠᠭ᠂ | ᠵᠢᠮᠢᠰ ᠤᠨ ᠴᠠᠪᠠᠤᠯᠢᠭ ᠲᠤ ᠦᠨᠳᠦᠰᠦᠨ ᠳᠡᠭᠡᠨ ᠢᠯᠴᠢ ᠠᠭᠤᠯᠤᠭᠳᠠᠬᠤ ᠦᠭᠡᠢ᠂ ᠵᠦᠪᠬᠡᠨ ᠬᠦᠮᠦᠨ ᠤ ᠪᠡᠶ᠎ᠠ ᠪᠠᠷ | ᠦᠡᠭᠭᠡᠷᠡᠬᠦ ᠦᠶᠡᠰ ᠦᠭᠡᠬᠦ᠂ ᠲᠤᠰᠤ ᠵᠡᠷᠭᠡ ᠶᠢ ᠠᠪᠴᠤ ᠶᠠᠪᠤᠳᠠᠭ᠂ ᠪᠡᠶ᠎ᠠ ᠶᠢᠨ ᠬᠦᠨᠳᠦ ᠶᠢ ᠪᠠᠭᠤᠷᠠᠭᠤᠯᠬᠤ ᠶᠢᠨ | ᠬᠠᠮᠳᠤ ᠪᠠᠰᠠ ᠬᠦᠮᠦᠨ ᠤ ᠠᠷᠠᠰᠤ ᠶᠢ ᠬᠢᠯᠪᠠᠭ᠎ᠠ ᠲᠠᠢ ᠪᠤᠯᠭᠠᠨ᠎ᠠ᠃ | 3. ᠬᠦᠢᠳᠡᠡ ᠵᠠᠭᠤᠰᠢ ᠦᠭᠡᠬᠦ ᠶᠢ ᠬᠤᠷᠢᠭᠯᠠᠬᠤ ᠦᠢᠯᠡᠳᠦᠯ ᠲᠠᠢ | ᠬᠤᠭᠤᠯᠠᠠ ᠢᠳᠡᠬᠦ ᠪᠤᠯᠭᠠᠨ ᠨᠤᠭᠤᠭ᠎ᠠ ᠶᠢᠨ ᠲᠦᠷᠦᠯ ᠤᠨ ᠪᠤᠶᠤ ᠮᠦᠬᠦ᠂ ᠤᠰᠤᠨ ᠤ ᠤᠷᠭᠤᠮᠠᠯ ᠤᠨ | ᠲᠦᠷᠦᠯ ᠤᠨ ᠬᠦᠢᠲᠡᠨ ᠵᠠᠭᠤᠰᠢ ᠪᠡᠯᠡᠳᠭᠡᠪᠡᠯ ᠵᠤᠬᠢᠨ᠎ᠠ᠂ ᠲᠡᠭᠦᠨ ᠤ ᠵᠤᠷᠢᠯᠭ᠎ᠠ ᠨᠢ ᠦᠭᠡᠬᠦ ᠲᠤᠰᠤ ᠶᠢ ᠰᠢᠩᠭᠡᠭᠡᠬᠦ ᠶᠢ | ᠪᠠᠭᠠᠰᠬᠠᠵᠤ᠂ ᠬᠠᠯᠠᠭᠠᠵᠤ ᠦᠡᠭᠭᠡᠷᠡᠭᠰᠡᠨ ᠦᠭᠡᠢ ᠪᠤᠯᠬᠤᠷ ᠰᠢᠮ᠎ᠠ ᠲᠡᠵᠢᠭᠡᠯ ᠤᠨ ᠬᠤᠷᠤᠭᠳᠠᠯ ᠨᠢ ᠨᠡᠩ ᠪᠠᠭ᠎ᠠ | ᠪᠠᠶᠢᠳᠠᠭ᠃ ᠪᠠᠰᠠ ᠨᠢᠭᠡ ᠰᠢᠯᠳᠠᠭᠠᠨ ᠨᠢ ᠬᠦᠢᠲᠡᠨ ᠵᠠᠭᠤᠰᠢ ᠨᠢ ᠦᠭᠡᠬᠦ ᠶᠢ ᠰᠢᠩᠭᠡᠭᠡᠬᠦ ᠶᠢ ᠬᠤᠷᠢᠬᠯᠠᠵᠤ ᠴᠢᠳᠠᠨ᠎ᠠ᠃ | ᠢᠳᠡᠰᠢᠨ ᠨᠤᠭᠤᠭ᠎ᠠ ᠶᠢᠨ ᠲᠤᠳᠤᠷ᠎ᠠ ᠸᠢᠲ᠋ᠠᠮᠢᠨ ᠪᠠ ᠮᠢᠨᠧᠷᠡᠯ ᠪᠤᠳᠠᠰ ᠡᠯᠪᠡᠭ ᠠᠭᠤᠯᠤᠭᠳᠠᠵᠤ ᠪᠤᠢ᠂ ᠡᠨᠡ ᠨᠢ | ᠬᠦᠮᠦᠨ ᠤ ᠪᠡᠶ᠎ᠠ ᠶᠢᠨ ᠭᠤᠤᠯ ᠢᠷᠡᠯᠳᠡ ᠮᠦᠨ᠂ ᠲᠠᠬᠢᠪᠠᠯ ᠢᠳᠡᠰᠢᠨ ᠨᠤᠭᠤᠭ᠎ᠠ ᠳᠤ ᠢᠳᠡᠰᠢᠨ ᠰᠢᠷᠭᠡᠭᠯᠢᠭ ᠡᠯᠪᠡᠭ | ᠠᠭᠤᠯᠤᠭᠳᠠᠵᠤ ᠪᠠᠶᠢᠨ᠎ᠠ᠂ ᠡᠨᠡ ᠨᠢ ᠦᠭᠡᠬᠦ ᠶᠢ ᠭᠠᠳᠠᠭᠰᠢᠯᠠᠭᠤᠯᠬᠤ ᠦᠢᠯᠡᠳᠦᠯ ᠲᠠᠢ᠃ ᠡᠭᠦᠨ ᠠᠴᠠ ᠭᠠᠳᠠᠨ᠎ᠠ᠂ | ᠬᠦᠢᠲᠡᠨ ᠵᠠᠭᠤᠰᠢ ᠨᠢ ᠬᠦᠮᠦᠨ ᠤ ᠪᠡᠶ᠎ᠠ ᠶᠢᠨ ᠬᠦᠴᠢᠯ ᠱᠦᠯᠳᠦ ᠶᠢ ᠲᠡᠩᠴᠡᠭᠦᠷᠢᠰᠢᠭᠦᠯᠬᠦ ᠦᠢᠯᠡᠳᠦᠯ ᠲᠠᠢ᠂ ᠬᠡᠷᠪᠡ | ᠤᠷᠢᠳᠠᠪᠠᠷ ᠬᠦᠢᠲᠡᠨ ᠵᠠᠭᠤᠰᠢ ᠢᠳᠡᠵᠤ ᠲᠠᠷᠠᠭ᠎ᠠ ᠨᠢ ᠮᠢᠬ᠎ᠠ ᠲᠠᠢ ᠵᠠᠭᠤᠰᠢ ᠢᠳᠡᠪᠡᠯ᠂ ᠦᠭᠡᠬᠦ ᠶᠢᠨ ᠪᠡᠶ᠎ᠠ ᠳᠤ | ᠰᠢᠩᠭᠡᠭᠡᠬᠦ ᠶᠢ ᠬᠤᠷᠢᠬᠯᠠᠵᠤ ᠴᠢᠳᠠᠨ᠎ᠠ᠃ | 4. ᠢᠳᠡᠭᠡᠨ ᠤ ᠼᠦ ᠦᠭᠡᠬᠦ ᠶᠢᠨ ᠰᠤᠯᠢᠯᠴᠠᠭ᠎ᠠ ᠶᠢ ᠠᠬᠢᠭᠤᠯᠬᠤ ᠦᠢᠯᠡᠳᠦᠯ ᠲᠠᠢ | ᠢᠳᠡᠭᠡᠨ ᠤ ᠼᠦ ᠲᠤᠳᠤᠷ᠎ᠠ ᠠᠭᠤᠯᠤᠭᠳᠠᠬᠤ ᠠᠮᠢᠨᠣ᠋ ᠬᠦᠴᠢᠯ ᠨᠢ ᠪᠡᠶ᠎ᠠ ᠲᠤᠳᠤᠷᠠᠬᠢ ᠦᠭᠡᠬᠦ ᠶᠢ | ᠵᠠᠳᠠᠷᠠᠭᠤᠯᠵᠤ ᠲᠡᠶᠢᠯᠬᠦ ᠮᠦᠷᠳᠡᠭᠡᠨ ᠰᠢᠬᠢᠷ᠂ ᠤᠭᠤᠷᠠᠭ ᠵᠡᠷᠭᠡ ᠶᠢᠨ ᠰᠢᠨ᠎ᠠ ᠬᠠᠭᠤᠴᠢᠨ ᠤ ᠰᠤᠯᠢᠯᠴᠠᠭ᠎ᠠ ᠶᠢ | ᠤᠷᠤᠭᠰᠢᠳᠠᠢ ᠶᠠᠪᠤᠭᠳᠠᠭᠤᠯᠤᠨ᠎ᠠ᠂ ᠡᠶᠢᠮᠦ ᠠᠴᠠ ᠮᠠᠷᠢᠶ᠎ᠠ ᠰᠢᠭᠤᠷᠠᠭᠤᠯᠬᠤ ᠦᠢᠯᠡᠳᠦᠯ ᠲᠠᠢ᠃ ᠡᠭᠦᠨ ᠠᠴᠠ ᠭᠠᠳᠠᠨ᠎ᠠ | ᠬᠡᠳᠦ ᠠᠷᠪᠢᠨ ᠵᠢᠭᠠᠰᠤ᠂ ᠮᠢᠬ᠎ᠠ᠂ ᠲᠤᠳᠤᠷᠭ᠎ᠠ ᠪᠤᠳᠠᠭ᠎ᠠ᠂ ᠲᠠᠯᠬ᠎ᠠ ᠵᠡᠷᠭᠡ ᠢᠳᠡᠭᠡᠨ ᠢᠳᠡᠭᠰᠡᠨ ᠤ ᠳᠠᠷᠠᠭ᠎ᠠ ᠵᠢᠭᠠᠬᠠᠨ | ᠼᠦ ᠤᠤᠭᠤᠪᠠᠯ ᠰᠢᠩᠭᠡᠭᠡᠯᠳᠡ ᠶᠢ ᠠᠬᠢᠭᠤᠯᠬᠤ ᠦᠢᠯᠡᠳᠦᠯ ᠲᠠᠢ᠃ ᠼᠦ ᠲᠤᠳᠤᠷ᠎ᠠ ᠠᠭᠤᠯᠤᠭᠳᠠᠬᠤ ᠠᠭᠤᠷᠰᠢᠬᠤ | ᠴᠢᠨᠠᠷᠲᠠᠢ ᠪᠤᠳᠠᠰ ᠪᠠ ᠠᠮᠢᠨᠣ᠋ ᠬᠦᠴᠢᠯ ᠵᠡᠷᠭᠡ ᠨᠢ ᠶᠡᠭᠡ ᠲᠠᠷᠢᠬᠢᠨ ᠤ ᠮᠡᠳᠡᠷᠡᠯ ᠤᠨ ᠲᠦᠪ ᠲᠤ ᠰᠡᠳᠡᠯᠳᠡ ᠦᠭᠴᠤ᠂ | ᠰᠢᠩᠭᠡᠭᠡᠯᠳᠡ ᠶᠢᠨ ᠡᠷᠭᠡᠳᠡᠨ ᠢ ᠵᠠᠬᠢᠷᠴᠤ ᠶᠡᠭᠡ ᠬᠡᠮᠵᠢᠶᠡᠨ ᠤ ᠰᠢᠩᠭᠡᠭᠡᠯᠳᠡ ᠶᠢᠨ ᠰᠢᠩᠭᠡᠨ ᠢ ᠱᠦᠭᠦᠷᠡᠭᠦᠯᠵᠤ | ᠰᠢᠩᠭᠡᠭᠡᠯᠳᠡ ᠶᠢᠨ ᠴᠢᠳᠠᠮᠵᠢ ᠶᠢ ᠰᠠᠶᠢᠵᠢᠷᠠᠭᠤᠯᠤᠨ᠎ᠠ᠃ | 5. ᠰᠢᠩᠭᠡᠨ ᠪᠤᠳᠠᠭ᠎ᠠ ᠦᠭᠡᠬᠦ ᠶᠢ ᠰᠢᠩᠭᠡᠭᠡᠨ ᠠᠪᠬᠤ ᠶᠢ ᠪᠠᠭᠠᠰᠬᠠᠬᠤ ᠦᠢᠯᠡᠳᠦᠯ ᠲᠠᠢ | ᠬᠡᠷᠪᠡ ᠬᠡᠳᠦᠷᠡᠳᠡᠯ᠎ᠠ ᠢᠳᠡᠬᠦ ᠠᠴᠠ ᠠᠶᠤᠪᠠᠯ᠂ ᠬᠤᠭᠤᠯᠠᠨ ᠠᠴᠠ ᠡᠮᠦᠨ᠎ᠠ ᠵᠢᠭᠠᠬᠠᠨ ᠰᠢᠩᠭᠡᠨ ᠪᠤᠳᠠᠭ᠎ᠠ | ᠢᠳᠡᠬᠦ ᠶᠢ ᠰᠠᠨᠠᠭᠤᠯᠤᠶ᠎ᠠ᠂ ᠤᠴᠢᠷ ᠨᠢ ᠬᠤᠭᠤᠯᠠᠨ ᠠᠴᠠ ᠡᠮᠦᠨ᠎ᠠ ᠰᠢᠩᠭᠡᠨ ᠪᠤᠳᠠᠭ᠎ᠠ ᠢᠳᠡᠪᠡᠯ ᠬᠤᠭᠤᠯᠠᠨ ᠴᠠᠭ ᠲᠤ | ᠠᠷᠪᠢᠨ ᠶᠠᠭᠤᠮ᠎ᠠ ᠢᠳᠡᠬᠦ ᠵᠠᠢ ᠦᠭᠡᠢ ᠪᠤᠯᠬᠤ ᠮᠦᠷᠳᠡᠭᠡᠨ ᠬᠡᠳᠦ ᠠᠷᠪᠢᠨ ᠮᠢᠬ᠎ᠠ ᠢᠳᠡᠭᠰᠡᠨ ᠠᠴᠠ ᠡᠭᠦᠰᠦᠭᠰᠡᠨ | ᠤᠭᠤᠷᠠᠭ ᠨᠢ ᠡᠨᠧᠷᠬᠢ ᠪᠤᠯᠤᠨ ᠰᠦᠢᠳᠬᠦ ᠠᠴᠠ ᠵᠠᠶᠢᠯᠠᠰᠬᠢᠵᠤ ᠲᠡᠶᠢᠯᠦᠨ᠎ᠠ᠂ ᠡᠭᠦᠨ ᠠᠴᠠ ᠭᠠᠳᠠᠨ᠎ᠠ ᠪᠠᠰᠠ ᠢᠳᠡᠰᠢᠨ | ᠰᠢᠷᠭᠡᠭᠯᠢᠭ ᠡᠭᠦᠰᠭᠡᠵᠤ ᠬᠡᠳᠡᠰᠦᠨ ᠤ ᠬᠦᠷᠪᠡᠯᠵᠡᠬᠦ ᠶᠢ ᠠᠬᠢᠭᠤᠯᠵᠤ᠂ ᠬᠡᠳᠡᠰᠦ ᠴᠠᠳᠬᠤᠯᠠᠩ ᠲᠦᠷᠦᠭᠳᠡᠯ ᠢ | ᠨᠡᠮᠡᠭᠳᠡᠭᠦᠯᠦᠨ᠎ᠠ᠃ | 6. ᠠᠷᠪᠠᠢ ᠶᠢᠨ ᠴᠢᠢᠳᠠᠮ ᠤᠤᠭᠤᠪᠠᠯ ᠦᠭᠡᠭᠦ ᠶᠢ ᠠᠷᠢᠯᠭᠠᠬᠤ ᠦᠢᠯᠡᠳᠦᠯ ᠲᠠᠢ | ᠬᠠᠭᠤᠷᠴᠦ ᠦᠡᠭᠭᠡᠷᠡᠭᠰᠡᠨ ᠠᠷᠪᠠᠢ ᠪᠠᠷ ᠬᠢᠭᠰᠡᠨ ᠠᠷᠪᠠᠢ ᠶᠢᠨ ᠴᠢᠢᠳᠠᠮ ᠨᠢ ᠬᠦᠮᠦᠨ ᠤ ᠪᠡᠶ᠎ᠠ ᠳᠤ | ᠱᠠᠭᠠᠷᠳᠠᠭᠳᠠᠬᠤ ᠤᠯᠠᠨ ᠵᠦᠢᠯ ᠤᠨ ᠪᠢᠴᠢᠯ ᠡᠯᠧᠮᠧᠨ᠋ᠲ᠂ ᠠᠮᠢᠨᠣ᠋ ᠬᠦᠴᠢᠯ᠂ ᠬᠠᠨᠤᠮᠠᠯ ᠪᠤᠰᠤ ᠦᠭᠡᠭᠦᠨ ᠬᠦᠴᠢᠯ ᠪᠠ | ᠢᠳᠡᠰᠢ ᠶᠢᠨ ᠰᠢᠷᠭᠡᠭ ᠠᠭᠤᠯᠤᠭᠳᠠᠵᠤ ᠪᠠᠶᠢᠬᠤ ᠮᠦᠷᠳᠡᠭᠡᠨ ᠰᠢᠬᠢᠷ ᠤᠨ ᠠᠭᠤᠯᠤᠭᠳᠠᠴᠠ ᠪᠠᠰᠠ ᠲᠦᠢᠯ ᠤᠨ ᠲᠤᠤᠷ᠎ᠠ | ᠪᠠᠶᠢᠳᠠᠭ᠃ ᠴᠠᠭᠠᠨ ᠰᠠᠷ᠎ᠠ ᠶᠢᠨ ᠬᠤᠭᠤᠴᠠᠭᠠᠨ ᠳᠤ ᠠᠷᠪᠢᠨ ᠦᠭᠡᠬᠦ ᠲᠤᠰᠤ ᠲᠠᠢ ᠶᠠᠭᠤᠮ᠎ᠠ ᠢᠳᠡᠪᠡᠯ ᠠᠮᠠᠷᠬᠠᠨ | ᠱᠠᠩᠳᠠᠭᠤᠷᠠᠵᠤ᠂ ᠮᠠᠷᠢᠶ᠎ᠠ ᠨᠡᠮᠡᠭᠳᠡᠳᠡᠭ᠃ ᠬᠠᠷᠢᠨ ᠠᠷᠪᠠᠢ ᠶᠢᠨ ᠴᠢᠢᠳᠠᠮ ᠨᠢ ᠱᠠᠩᠳᠠᠭᠤᠨ ᠢ ᠲᠠᠷᠤᠬᠤ᠂ | ᠰᠢᠩᠭᠡᠭᠡᠯᠳᠡ ᠶᠢ ᠠᠬᠢᠭᠤᠯᠬᠤ᠂ ᠬᠤᠳᠤᠭᠤᠳᠦ ᠶᠢ ᠰᠠᠶᠢᠵᠢᠷᠠᠭᠤᠯᠬᠤ ᠦᠢᠯᠡᠳᠦᠯ ᠲᠠᠢ᠃ ᠠᠷᠪᠠᠢ ᠶᠢᠨ ᠴᠢᠢᠳᠠᠮ ᠳᠤ | ᠪᠠᠰᠠ ᠴᠠᠢ ᠤᠰᠤᠨ ᠳᠤ ᠠᠭᠤᠰᠬᠤ ᠢᠳᠡᠰᠢᠨ ᠰᠢᠷᠭᠡᠭᠯᠢᠭ ᠠᠭᠤᠯᠤᠭᠳᠠᠵᠤ ᠪᠠᠶᠢᠨ᠎ᠠ᠂ ᠲᠡᠷᠡ ᠨᠢ ᠬᠤᠳᠤᠭᠤᠳᠦ | ᠬᠡᠳᠡᠰᠦᠨ ᠲᠤᠳᠤᠷᠠᠬᠢ ︽ᠬᠤᠭ ᠨᠤᠪᠰᠢ︾ ᠶᠢ ᠪᠡᠶ᠎ᠠ ᠠᠴᠠ ᠭᠠᠳᠠᠭᠰᠢᠯᠠᠭᠤᠯᠵᠤ᠂ ᠶᠠᠮᠠᠷᠴᠦ ᠢᠯᠴᠢ ᠪᠠ ᠲᠠᠷᠤᠭᠠᠰᠤ | ᠠᠪᠴᠢᠷᠠᠬᠤ ᠦᠭᠡᠢ ᠶᠤᠮ᠃ | |