ᠦᠶᠡᠷ ᠤᠰᠤᠳᠤᠯ ᠲᠤᠬᠢᠶᠠᠯᠳᠤᠪᠠᠯ ᠬᠡᠷᠬᠢᠨ ᠦᠪᠡᠷ ᠢ ᠪᠠᠨ ᠠᠪᠤᠷᠠᠬᠤ ᠪᠤᠢ
ᠨᠡᠶᠢᠲᠡᠯᠡᠭᠰᠡᠨ ᠴᠠᠭ᠄
2018-07-04
   ᠨᠢᠭᠡ ᠳᠤ᠂ ᠲᠤᠬᠠᠢ ᠶᠢᠨ ᠭᠠᠵᠠᠷ ᠤᠨ ᠲᠧᠯᠸᠢᠰ᠂ ᠷᠠᠳᠢᠤ᠋ ᠨᠡᠪᠳᠡᠷᠡᠭᠦᠯᠭᠡ ᠠᠴᠠ ᠬᠠᠩᠭᠠᠭᠰᠠᠨ  ᠦᠶᠡᠷ ᠤᠰᠤᠳᠤᠯ ᠤᠨ ᠮᠡᠳᠡᠭᠡ ᠵᠠᠩᠬᠢ ᠶᠢ ᠦᠨᠳᠦᠰᠦᠯᠡᠨ᠂ ᠦᠪᠡᠷ ᠤᠨ ᠪᠠᠶᠢᠭ᠎ᠠ ᠭᠠᠵᠠᠷ ᠤᠷᠤᠨ ᠪᠠ ᠨᠦᠬᠦᠴᠡᠯ ᠢ ᠦᠵᠡᠵᠦ᠂ ᠬᠠᠮᠤᠭ ᠤᠨ ᠠᠮᠤᠷ ᠲᠦᠪᠰᠢᠨ ᠲᠤᠳᠠᠭᠠᠨ ᠵᠠᠶᠢᠯᠠᠬᠤ ᠵᠠᠮ ᠱᠤᠭᠤᠮ ᠢ ᠰᠤᠩᠭᠤᠨ ᠲᠤᠭᠳᠠᠭᠠᠭᠰᠠᠨ ᠪᠠᠶᠢᠬᠤ ᠬᠡᠷᠡᠭᠳᠡᠢ᠃    ᠬᠤᠶᠠᠷ ᠲᠤ᠂ ᠵᠠᠮ ᠤᠨ ᠳᠡᠮᠳᠡᠭ ᠤᠳ ᠢ ᠲᠤᠳᠤᠷᠬᠠᠢ ᠲᠠᠨᠢᠨ᠂ ᠲᠤᠳᠠᠭᠠᠨ ᠵᠠᠶᠢᠯᠠᠬᠤ ᠵᠠᠮ ᠱᠤᠭᠤᠮ ᠪᠠ ᠵᠤᠷᠢᠬᠤ ᠭᠠᠵᠠᠷ ᠢ ᠤᠷᠢᠳᠴᠢᠯᠠᠨ ᠲᠤᠭᠳᠠᠭᠠᠵᠤ᠂ ᠠᠶᠤᠨ ᠰᠠᠨᠳᠤᠷᠬᠤ ᠠᠴᠠ ᠪᠤᠯᠵᠦ ᠪᠤᠷᠤᠭᠤ ᠵᠠᠮ ᠢᠶᠠᠷ ᠶᠠᠪᠤᠬᠤ ᠶᠢ ᠰᠡᠷᠭᠡᠶᠢᠯᠡᠬᠦ ᠬᠡᠷᠡᠭᠳᠡᠢ᠃    ᠭᠤᠷᠪᠠ ᠳᠤ᠂ ᠦᠪᠡᠷ ᠢ ᠪᠠᠨ ᠠᠪᠤᠷᠠᠬᠤ ᠪᠡᠯᠡᠳᠭᠡᠯ ᠠᠵᠢᠯ ᠢᠶᠠᠨ ᠰᠠᠶᠢᠳᠤᠷ ᠬᠢᠬᠦ ᠬᠡᠷᠡᠭᠳᠡᠢ᠃ ᠢᠳᠡᠬᠦ ᠢᠳᠡᠭᠡᠨ ᠤᠮᠳᠠᠭᠠᠨ ᠪᠠ ᠡᠳᠦᠷ  ᠲᠤᠳᠤᠮ ᠤᠨ ᠬᠡᠷᠡᠭᠰᠡᠯ ᠢ ᠤᠷᠢᠳᠴᠢᠯᠡᠨ ᠪᠡᠯᠡᠳᠭᠡᠭᠰᠡᠨ ᠪᠠᠶᠢᠬᠤ ᠬᠡᠷᠡᠭᠳᠡᠢ᠃ ᠮᠤᠳᠤᠨ ᠫᠧᠩᠰᠡ ᠵᠡᠷᠭᠡ ᠬᠦᠪᠪᠦᠮᠡᠯ ᠪᠤᠳᠠᠰ ᠢ ᠤᠷᠢᠳᠴᠢᠯᠠᠨ ᠪᠡᠯᠡᠳᠭᠡᠬᠦ ᠬᠡᠷᠡᠭᠳᠡᠢ᠃ ᠦᠨᠡᠳᠦ ᠡᠳ᠋ ᠪᠤᠳᠠᠰ ᠢᠶᠠᠨ ᠤᠷᠢᠳᠴᠢᠯᠡᠨ ᠬᠤᠷᠢᠶᠠᠨ ᠲᠠᠯᠪᠢᠵᠦ᠂ ᠡᠳ᠋ ᠬᠦᠷᠦᠩᠭᠡ ᠶᠢᠨ ᠬᠤᠷᠤᠭᠳᠠᠯ ᠠᠴᠠ ᠵᠠᠶᠢᠯᠠᠰᠬᠢᠬᠦ ᠬᠡᠷᠡᠭᠳᠡᠢ᠃ ᠭᠠᠷ ᠤᠳᠠᠰᠤ ᠵᠡᠷᠭᠡ ᠬᠡᠷᠡᠭᠯᠡᠵᠦ ᠪᠤᠯᠬᠤ ᠴᠢᠮᠡᠭᠡ ᠨᠡᠪᠳᠡᠷᠡᠭᠦᠯᠭᠡ ᠶᠢᠨ ᠲᠦᠬᠦᠭᠡᠷᠦᠮᠵᠢ ᠵᠢ‌ᠤᠷᠢᠳᠴᠢᠯᠡᠨ ᠪᠡᠯᠡᠳᠭᠡᠭᠰᠡᠨ ᠪᠠᠶᠢᠬᠤ ᠬᠡᠷᠡᠭᠳᠡᠢ᠃
 
ᠢᠷᠡᠯᠲᠡ᠄ ᠤᠯᠠᠭᠠᠨᠴᠠᠪ ᠤᠨ ᠡᠳᠦᠷ ᠤᠨ ᠰᠤᠨᠢᠨ— ᠮᠤᠩᠭᠤᠯ ᠵᠢᠷᠭᠢᠶ᠎ᠡ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2