ᠱᠢ ᠼᠦᠢ ᠴᠢᠨ᠂ ᠡᠮᠡᠭᠳᠡᠢ᠂ ᠬᠢᠳᠡᠳ ᠦᠨᠳᠦᠰᠦᠳᠡᠨ᠂1973 ᠤᠨ ᠤ10 ᠰᠠᠷ᠎ᠠ ᠳᠤ ᠲᠦᠷᠦᠵᠦ᠂ ᠱᠠᠨ | ᠰᠢ ᠶᠢᠨ ᠲᠢᠶᠠᠨ ᠵᠧᠨ ᠤ ᠬᠦᠮᠦᠨ᠂1997 ᠣᠨ ᠤ7 ᠰᠠᠷ᠎ᠠ ᠳᠤ ᠠᠵᠢᠯ ᠳᠤ ᠤᠷᠤᠯᠴᠠᠵᠤ᠂1999 ᠤᠨ ᠤ6 | ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠵᠦ᠂ ᠦᠪᠦᠷ ᠮᠤᠩᠭᠤᠯ ᠤᠨ ᠲᠠᠷᠢᠶᠠᠯᠠᠩ ᠮᠠᠯ | ᠠᠵᠦ ᠠᠬᠤᠢ ᠶᠢᠨ ᠲᠡᠭᠡᠳᠦ ᠰᠤᠷᠭᠠᠭᠤᠯᠢ ᠶᠢᠨ ᠨᠤᠳᠤᠭ ᠪᠡᠯᠴᠢᠭᠡᠷ ᠤᠨ ᠲᠤᠰᠬᠠᠢ ᠮᠡᠷᠭᠡᠵᠢᠯ ᠪᠤᠯᠤᠨ ᠦᠪᠦᠷ | ᠮᠤᠩᠭᠤᠯ ᠤᠨ ᠨᠠᠮ ᠤᠨ ᠰᠤᠷᠭᠠᠭᠤᠯᠢ ᠶᠢᠨ ᠤᠯᠠᠨ ᠨᠡᠶᠢᠳᠡ ᠶᠢᠨ ᠬᠠᠮᠢᠶᠠᠷᠤᠯᠳᠠ ᠶᠢᠨ ᠲᠤᠰᠬᠠᠢ ᠮᠡᠷᠭᠡᠵᠢᠯ ᠠᠴᠠ | ᠲᠡᠭᠦᠰᠴᠦ᠂ ᠠᠵᠢᠯ ᠤᠨ ᠪᠠᠶᠢᠷᠢ ᠳᠡᠭᠡᠷ᠎ᠡ ᠪᠠᠨ ᠰᠤᠷᠤᠯᠴᠠᠭᠰᠠᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠂ | ᠲᠠᠷᠢᠶᠠᠯᠠᠩ ᠤᠨ ᠤᠬᠠᠭᠠᠨ ᠤ ᠤᠶᠤᠳᠠᠨ᠂ ᠤᠯᠠᠨ ᠨᠡᠶᠢᠳᠡ ᠶᠢᠨ ᠬᠠᠮᠢᠶᠠᠷᠤᠯᠳᠠ ᠶᠢᠨ ᠮᠠᠰᠲ᠋ᠧᠷ ᠴᠤᠯᠠ ᠲᠠᠢ᠂ ᠤᠳᠤ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ | ᠤᠷᠳᠤᠨ ᠤ ᠨᠠᠮ ᠤᠨᠤᠳᠤᠷᠢᠳᠬᠤ ᠲᠤᠭᠤᠶᠢᠯᠠᠩ ᠤᠨ ᠪᠦᠷᠢᠯᠳᠦᠭᠦᠨ᠂ ᠳᠡᠳ᠋ ᠰᠢᠶᠠᠨ ᠤ ᠲᠠᠷᠤᠭ᠎ᠠ ᠶᠢᠨ | ᠲᠤᠰᠢᠶᠠᠯ ᠳᠤ ᠪᠤᠢ᠃ | 1993·09—1997·07 ᠦᠪᠦᠷ ᠮᠤᠩᠭᠤᠯ ᠤᠨ ᠲᠠᠷᠢᠶᠠᠯᠠᠩ ᠮᠠᠯ ᠠᠵᠦ ᠠᠬᠤᠢ ᠶᠢᠨ ᠲᠡᠭᠡᠳᠦ | ᠰᠤᠷᠭᠠᠭᠤᠯᠢ ᠶᠢᠨ ᠨᠤᠳᠤᠭ ᠪᠡᠯᠴᠢᠭᠡᠷ ᠤᠨ ᠲᠤᠰᠬᠠᠢ ᠮᠡᠷᠭᠡᠵᠢᠯ ᠳᠤ ᠰᠤᠷᠤᠯᠴᠠᠵᠤ᠂ ᠲᠤᠰ ᠵᠢᠯ ᠤᠨ7 ᠰᠠᠷ᠎ᠠ ᠳᠤ | ᠦᠪᠡᠷᠳᠡᠭᠡᠨ ᠵᠠᠰᠠᠬᠤ ᠤᠷᠤᠨ ᠤ ᠵᠤᠬᠢᠶᠠᠨ ᠪᠠᠶᠢᠭᠤᠯᠬᠤ ᠬᠡᠯᠳᠡᠰ ᠠᠴᠠ ᠰᠤᠩᠭᠤᠨ ᠲᠤᠮᠢᠯᠠᠭᠳᠠᠵᠠᠢ᠃ | 1997·07—1997·10 ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠰᠤᠩᠭᠤᠨ ᠲᠤᠮᠢᠯᠠᠭᠰᠠᠨ | ᠰᠤᠷᠤᠭᠴᠢ ᠶᠢᠨ ᠪᠤᠯᠪᠠᠰᠤᠷᠠᠯ ᠳᠤ ᠤᠷᠤᠯᠴᠠᠵᠠᠢ᠃ | 1997·10—2000·03 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠯᠢᠶᠠᠩᠴᠧᠩ | ᠰᠢᠶᠠᠨ ᠤ ᠤᠤᠯ ᠤᠨ ᠴᠧᠩ ᠭᠤᠸᠠᠨ ᠪᠠᠯᠭᠠᠰᠤ ᠶᠢᠨ ᠲᠦᠯᠦᠪᠯᠡᠭᠡᠳᠦ ᠦᠷᠡᠵᠢᠯ ᠤᠨ ᠲᠤᠰᠬᠠᠢ ᠮᠡᠷᠭᠡᠵᠢᠯ ᠤᠨ | ᠡᠷᠬᠢᠯᠡᠭᠴᠢ᠂ ᠲᠦᠯᠦᠪᠯᠡᠭᠡᠳᠦ ᠦᠷᠡᠵᠢᠯ ᠤᠨ ᠦᠷᠳᠡᠭᠡᠨ ᠲᠠᠷᠤᠭ᠎ᠠ᠂ ᠬᠠᠢ ᠴᠧᠩ ᠲᠤᠰᠬᠤᠨ ᠤ ᠵᠦᠪᠯᠡᠯ ᠤᠨ | ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ᠃ | 2000·03 —2005·11ᠡᠪ ᠬᠠᠮᠳᠤ ᠵᠠᠯᠠᠭᠤᠴᠤᠳ ᠤᠨ ᠡᠪᠯᠡᠯ ᠯᠢᠶᠠᠩᠴᠧᠩ ᠰᠢᠶᠠᠨ ᠤ ᠬᠤᠷᠢᠶ᠎ᠠ ᠶᠢᠨ | ᠳᠡᠳ᠋ ᠱᠦᠵᠢ ︵ ᠲᠤᠰ ᠬᠤᠭᠤᠴᠠᠭᠠᠨ ᠳᠤ᠄2001·02—2001·06 ᠦᠪᠦᠷ ᠮᠤᠩᠭᠤᠯ ᠤᠨ ᠨᠠᠮ ᠤᠨ | ᠰᠤᠷᠭᠠᠭᠤᠯᠢ ᠳᠤ ᠠᠩᠬᠠᠳᠤᠭᠠᠷ ᠬᠤᠭᠤᠴᠠᠭᠠᠨ ᠤ ᠳᠡᠳ᠋ ᠰᠠᠯᠠᠭᠠᠨ ᠳᠡᠰ ᠠᠴᠠ ᠲᠡᠭᠡᠭᠰᠢᠬᠢ ᠰᠤᠩᠭᠤᠨ ᠲᠤᠮᠢᠯᠠᠭᠰᠠᠨ | ᠰᠤᠷᠤᠭᠴᠢ ᠶᠢᠨ ᠺᠠᠳ᠋ᠷ ᠤᠨ ᠪᠤᠯᠪᠠᠰᠤᠷᠠᠯ ᠳᠤ ᠤᠷᠤᠯᠴᠠᠵᠠᠢ︶᠃ | 2001·07—2002·07 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤᠡᠪᠯᠡᠯ ᠤᠨ | ᠬᠤᠷᠢᠶᠠᠨ ᠤ ᠵᠠᠯᠠᠭᠤᠴᠤᠳ ᠠᠵᠢᠯᠴᠢᠨ ᠲᠠᠷᠢᠶᠠᠯᠠᠩ ᠮᠠᠯ ᠠᠵᠦ ᠠᠬᠤᠢ ᠶᠢᠨ ᠬᠡᠯᠳᠡᠰ ᠲᠤ ᠤᠤᠯ ᠲᠤᠰᠢᠶᠠᠯ ᠢᠶᠠᠨ | ᠦᠯᠡᠳᠡᠭᠡᠵᠦ ᠬᠡᠯᠳᠡᠰ ᠤᠨ ᠲᠠᠷᠤᠭ᠎ᠠ ᠶᠢᠨ ᠬᠠᠪᠰᠤᠷᠤᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠪᠠ᠃ | 2002·07—2003·10 ᠤᠤᠯ ᠤᠨ ᠤᠯᠠᠭᠠᠨᠴᠠᠪ ᠠᠶᠢᠮᠠᠭ ᠤᠨ ᠨᠠᠮ ᠤᠨ ᠰᠤᠷᠭᠠᠭᠤᠯᠢ ᠳᠤ ᠭᠠᠵᠠᠷ ᠤᠨ | ᠳᠡᠰ ᠤᠨ ᠪᠡᠯᠡᠳᠭᠡᠯ ᠺᠠᠳ᠋ᠷ ᠤᠨ ᠪᠤᠯᠪᠠᠰᠤᠷᠠᠯ ᠳᠤ ᠤᠷᠤᠯᠴᠠᠪᠠ᠃ | 2005·11—2009·03 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠯᠢᠶᠠᠩᠴᠧᠩ | ᠰᠢᠶᠠᠨ ᠤ ᠠᠵᠦ ᠤᠶᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ | ᠪᠠᠶᠢᠪᠠ᠃ | 2009·03—2010·11ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠯᠢᠶᠠᠩᠴᠧᠩ ᠰᠢᠶᠠᠨ ᠤ | ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠳᠡᠳ᠋ ᠬᠡᠯᠳᠡᠰ ᠤᠨ ᠲᠠᠷᠤᠭ᠎ᠠ ︵ᠰᠠᠯᠠᠭᠠᠨ ᠳᠡᠰ︶ ᠶᠢᠨ | ᠲᠤᠰᠢᠶᠠᠯ ᠢ ᠡᠭᠦᠷᠭᠡᠯᠡᠵᠦ ᠪᠠᠶᠢᠪᠠ᠃ | 2010·11—2013·12 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠯᠢᠶᠠᠩᠴᠧᠩ | ᠰᠢᠶᠠᠨ ᠤ ᠲᠠᠭ᠎ᠠ ᠶᠢᠨ ᠨᠠᠭᠤᠷ ᠪᠠᠯᠭᠠᠰᠤ ᠶᠢᠨ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠲᠠᠷᠤᠭ᠎ᠠ ᠶᠢᠨ | ᠲᠤᠰᠢᠶᠠᠯ ᠢ ᠡᠭᠦᠷᠭᠡᠯᠡᠵᠦ ᠪᠠᠶᠢᠪᠠ᠃ | 2013·12—2016·06 ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠯᠢᠶᠠᠩᠴᠧᠩ | ᠰᠢᠶᠠᠨ ᠤ ᠲᠠᠭ᠎ᠠ ᠶᠢᠨ ᠨᠠᠭᠤᠷ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ ᠶᠢᠨ ᠲᠤᠰᠢᠶᠠᠯ ᠢ ᠡᠭᠦᠷᠭᠡᠯᠡᠵᠦ | ᠪᠠᠶᠢᠪᠠ ︵ ᠲᠤᠰ ᠬᠤᠭᠤᠴᠠᠭᠠᠨ ᠳᠤ᠄2011·08—2014·01ᠦᠪᠦᠷ ᠮᠤᠩᠭᠤᠯ ᠤᠨ ᠨᠠᠮ ᠤᠨ | ᠰᠤᠷᠭᠠᠭᠤᠯᠢ ᠳᠤ ᠤᠯᠠᠨ ᠨᠡᠶᠢᠳᠡ ᠶᠢᠨ ᠬᠠᠮᠢᠶᠠᠷᠤᠯᠳᠠ ᠶᠢᠨ ᠲᠤᠰᠬᠠᠢ ᠮᠡᠷᠭᠡᠵᠢᠯ ᠢᠶᠠᠷ ᠠᠵᠢᠯ ᠤᠨ ᠪᠠᠶᠢᠷᠢ ᠲᠡᠭᠡᠷ᠎ᠡ | ᠰᠤᠷᠤᠯᠴᠠᠭᠰᠠᠨ ᠠᠰᠫᠢᠷᠠᠨᠲ ᠤᠨ ᠠᠩᠬᠢ ᠳᠤ ᠰᠤᠷᠤᠯᠴᠠᠵᠤ᠂ ᠤᠯᠠᠨ ᠨᠡᠶᠢᠳᠡ ᠶᠢᠨ ᠬᠠᠮᠢᠶᠠᠷᠤᠯᠳᠠ ᠶᠢᠨ ᠮᠠᠰᠲ᠋ᠧᠷ | ᠴᠤᠯᠠ ᠬᠠᠮᠠᠭᠠᠯᠠᠵᠠᠢ︶᠃ | 2016·06—ᠤᠳᠤ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ | ᠲᠤᠭᠤᠶᠢᠯᠠᠩ ᠤᠨ ᠪᠦᠷᠢᠯᠳᠦᠭᠦᠨ᠂ ᠳᠡᠳ᠋ ᠰᠢᠶᠠᠨ ᠤ ᠲᠠᠷᠤᠭ᠎ᠠ ᠵᠢᠨᠲ᠋ᠤᠰᠢᠶᠠᠯ ᠢ ᠡᠭᠦᠷᠭᠡᠯᠡᠵᠦ ᠪᠤᠢ᠃ |