— ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠠ ᠮᠠᠶ᠋ᠢᠭ ᠤᠨ ᠬᠤᠷᠰᠢᠬᠰᠠᠨ | ᠡᠮ ᠡᠮᠨᠡᠯᠭᠡ ᠶᠢᠨ ᠲᠦᠷᠢᠮ ᠤᠨ ᠠᠮᠵᠢᠯᠳᠠ ᠪᠦᠳᠣᠮᠵᠢ ᠶᠢᠨ ᠲᠣᠬᠠᠢ ᠰᠢᠷᠪᠢᠯᠳᠠ | ᠦᠬᠡᠷᠡᠴᠢᠯᠡᠯᠳᠡ ᠨᠡᠭᠡᠭᠡᠯᠳᠡ ᠬᠢᠭᠰᠡᠨ 40 ᠵᠢᠯ ᠤᠨ ᠲᠣᠷᠰᠢ ᠮᠠᠨ ᠤ ᠣᠷᠣᠨ ᠤ ᠠᠷᠠᠳ ᠤᠨ ᠠᠮᠢᠳᠣᠷᠠᠯ | ᠦᠰᠣᠳ ᠶᠡᠭᠡ ᠬᠤᠪᠢᠷᠠᠯᠳᠠ ᠲᠠᠢ ᠪᠣᠯᠵᠣ᠂ ᠮᠠᠯᠵᠢᠬᠤ ᠲᠠᠷᠢᠶᠠᠯᠠᠬᠤ ᠣᠷᠣᠨ ᠤ ᠰᠢᠨ᠎ᠠ ᠮᠠᠶ᠋ᠢᠭ ᠤᠨ ᠬᠤᠷᠰᠢᠬᠰᠠᠨ | ᠡᠮ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠲᠦᠷᠦᠯ ᠵᠦᠢᠯ ᠣᠯᠠᠰᠢᠷᠠᠵᠣ᠂ ᠲᠠᠩᠰᠠᠨ ᠠᠴᠠ | ᠲᠠᠶᠢᠯᠬᠤ ᠬᠠᠷᠢᠴᠠᠯ ᠪᠠ ᠪᠠᠷᠢᠮᠵᠢᠶ᠎ᠠ ᠦᠨᠳᠣᠷᠵᠢᠵᠣ ᠪᠠᠶᠢᠬᠤ ᠪᠦᠭᠡᠳ ᠰᠢᠨ᠎ᠠ ᠲᠣᠭᠳᠠᠭᠠᠯ ᠴᠤ ᠣᠯᠠᠰᠢᠷᠠᠵᠣ᠂ | ᠶᠠᠳᠠᠭᠤ ᠠᠴᠠ ᠠᠩᠬᠢᠵᠢᠷᠠᠨ ᠪᠠᠶᠠᠵᠢᠨ ᠴᠢᠨᠡᠭᠡᠯᠢᠭᠵᠢᠬᠦ ᠵᠠᠮ ᠨᠡᠩ ᠰᠠᠷᠠᠭᠤᠯ ᠠᠭᠤᠳᠠᠮ ᠪᠣᠯᠣᠬᠰᠠᠨ ᠪᠠᠶᠢᠨ᠎ᠠ᠃ | ᠮᠠᠨ ᠤ ᠣᠷᠣᠨ ᠡᠮ ᠡᠮᠨᠡᠯᠭᠡ ᠡᠷᠡᠬᠦᠯ ᠬᠠᠮᠠᠭᠠᠯᠠᠯ ᠤᠨ ᠰᠢᠰ᠊ᠳ᠋᠊ᠤᠮ ᠤᠨ ᠦᠬᠡᠷᠡᠴᠢᠯᠡᠯᠳᠡ ᠶᠢ | ᠬᠦᠨᠵᠡᠭᠡᠶᠢᠷᠡᠬᠦᠯᠵᠣ᠂ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠡᠷᠭᠡ | ᠠᠰᠢᠭ ᠢ ᠬᠠᠮᠠᠭᠠᠯᠠᠵᠣ᠂ ᠨᠡᠶᠢᠭᠡᠮ ᠤᠨ ᠡᠷᠭᠡ ᠲᠡᠭᠰᠢ ᠲᠦᠪ ᠭᠤᠣᠯᠴᠢ ᠶᠢ ᠪᠠᠳᠣᠯᠠᠵᠣ᠂ ᠠᠷᠠᠳ ᠣᠯᠠᠨ ᠤ ᠵᠣᠯ | ᠵᠢᠷᠭᠠᠯᠳᠣ ᠲᠦᠷᠦᠭᠳᠡᠯ ᠢ ᠨᠡᠮᠡᠭᠳᠡᠬᠦᠯᠬᠦ ᠶᠢᠨ ᠲᠦᠯᠦᠬᠡ 2016 ᠣᠨ ᠤ 6 ᠰᠠᠷ᠎ᠠ ᠳᠤ ︽ᠦᠪᠣᠷ ᠮᠣᠩᠭᠤᠯ ᠤᠨ | ᠦᠪᠡᠷᠳᠡᠭᠡᠨ ᠵᠠᠰᠠᠬᠤ ᠣᠷᠣᠨ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠦᠨᠳᠣᠰᠣᠨ ᠡᠮ ᠡᠮᠨᠡᠯᠭᠡ ᠶᠢᠨ | ᠲᠠᠭᠠᠳᠬᠠᠯ ᠤᠨ ᠲᠦᠷᠢᠮ ᠢ ᠨᠡᠶᠢᠯᠡᠬᠦᠯᠣᠨ ᠨᠡᠶᠢᠳᠭᠡᠬᠦ ᠲᠦᠰᠦᠪ︾ ᠢ ᠲᠠᠷᠣᠮᠠᠯᠯᠠᠨ ᠲᠠᠷᠬᠠᠭᠠᠵᠣ ︽ᠨᠢᠬᠡᠳᠣᠯᠳᠠᠢ | ᠲᠦᠯᠦᠪᠵᠢᠬᠦᠯᠬᠦ᠂ ᠵᠣᠬᠢᠴᠠᠭᠤᠯᠣᠨ ᠬᠦᠭᠵᠢᠬᠦᠯᠬᠦ᠂ ᠦᠨᠳᠣᠰᠣᠨ ᠪᠠᠶᠢᠳᠠᠯ ᠳᠠᠭᠠᠨ ᠰᠠᠭᠤᠷᠢᠯᠠᠬᠤ᠂ ᠭᠠᠵᠠᠷ | ᠣᠷᠣᠨ ᠳᠠᠭᠠᠨ ᠲᠣᠬᠢᠷᠠᠭᠤᠯᠬᠤ᠂ ᠡᠮᠬᠢ ᠲᠢᠭᠯᠢᠮ ᠲᠠᠢ ᠨᠡᠶᠢᠯᠡᠬᠦᠯᠦᠨ ᠨᠡᠶᠢᠳᠭᠡᠬᠦ᠂ ᠰᠢᠨ᠎ᠠ ᠲᠣᠭᠳᠠᠴᠠ ᠶᠢ ᠡᠬᠦᠳᠬᠦ᠂ | ᠦᠷ᠎ᠠ ᠪᠦᠳᠣᠮᠵᠢ ᠶᠢ ᠲᠡᠭᠡᠭᠰᠢᠯᠡᠬᠦᠯᠬᠦ︾ ᠵᠠᠷᠴᠢᠮ ᠢ ᠲᠣᠷᠠᠳᠣᠨ ᠭᠠᠷᠭᠠᠪᠠ᠃ | ᠮᠠᠨ ᠤ ᠣᠷᠣᠨ ᠤ ᠡᠯ᠎ᠡ ᠠᠶᠢᠮᠠᠬ ᠬᠤᠳᠠ ᠶᠢᠨ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ ︽ | ᠶᠠᠰᠤ ᠴᠢᠨᠠᠷ ᠢ ᠪᠠᠳᠤᠯᠠᠬᠤ᠂ ᠡᠪᠡᠳᠴᠢᠳᠡᠨ ᠳᠤ ᠲᠦᠬᠦᠮ ᠦᠵᠡᠬᠦᠯᠬᠦ᠂ ᠬᠠᠮᠢᠶᠠᠷᠤᠯᠳᠠ ᠪᠠᠨ ᠲᠦᠷᠢᠮᠵᠢᠬᠦᠯᠬᠦ︾ | ᠵᠠᠷᠴᠢᠮ ᠶᠤᠰᠤ ᠪᠠᠷ ᠬᠦᠨᠳᠦ ᠡᠪᠡᠳᠴᠢᠨ ᠢ ᠲᠦᠪᠯᠡᠷᠡᠬᠦᠯᠦᠨ ᠠᠪᠤᠷᠠᠨ ᠵᠠᠰᠠᠬᠤ ᠳᠤᠭᠳᠠᠭᠰᠠᠨ ᠴᠡᠭ ᠤᠨ ᠡᠮᠨᠡᠯᠭᠡ ᠶᠢᠨ | ᠬᠤᠷᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠷᠴᠢᠮ ᠲᠡᠭᠡᠷ᠎ᠡ ᠪᠠᠨ ᠬᠤᠰᠢᠭᠤ ᠰᠢᠶᠠᠨ ᠤ ᠲᠡᠰ ᠤᠨ ᠡᠮᠨᠡᠯᠭᠡ ᠶᠢᠨ | ᠬᠤᠷᠢᠶ᠎ᠠ ᠳᠤ ᠪᠠᠶᠢᠭᠤᠯᠬᠤ ᠠᠵᠢᠯ ᠤᠨ ᠱᠠᠭᠠᠷᠳᠠᠯᠭ᠎ᠠ ᠶᠢ ᠭᠡᠷᠡᠭᠵᠢᠬᠦᠯᠵᠦ᠂ ᠬᠤᠰᠢᠭᠤ ᠰᠢᠶᠠᠨ ᠤ ᠲᠡᠰ ᠤᠨ | ᠡᠮᠨᠡᠯᠭᠡ ᠶᠢᠨ ᠬᠤᠷᠢᠶᠠᠨ ᠳᠤ ᠪᠠᠶᠢᠭᠤᠯᠬᠤ ᠨᠦᠬᠦᠴᠡᠯ ᠬᠦᠷᠦᠯᠴᠡᠬᠦ ᠪᠤᠯ ᠠᠶᠢᠮᠠᠬ ᠬᠤᠳᠠ ᠶᠢᠨ ᠲᠡᠰ ᠤᠨ | ᠡᠮᠨᠡᠯᠭᠡ ᠶᠢᠨ ᠬᠤᠷᠢᠶ᠎ᠠ ᠪᠤᠶᠤ ᠤᠷᠤᠨ ᠤ ᠳᠤᠳᠤᠷᠠᠬᠢ ᠠᠵᠢᠯ ᠳᠦᠷᠦᠯ ᠢᠶᠠᠷ ᠢᠶᠠᠨ ᠬᠠᠪᠰᠤᠷᠤᠨ ᠲᠡᠳᠬᠦᠬᠦ | ᠡᠮᠨᠡᠯᠭᠡ ᠶᠢᠨ ᠬᠤᠷᠢᠶ᠎ᠠ ᠳᠤ ᠪᠠᠶᠢᠭᠤᠯᠤᠨ᠂ ᠠᠶᠢᠮᠠᠬ ᠬᠤᠳᠠ ᠶᠢᠨ ᠲᠡᠰ ᠤᠨ ᠡᠮᠨᠡᠯᠭᠡ ᠶᠢᠨ ᠬᠤᠷᠢᠶ᠎ᠠ ᠨᠢ ᠤᠨᠤᠰᠢᠯᠠᠨ | ᠵᠠᠰᠠᠬᠤ ᠨᠦᠬᠦᠴᠡᠯ ᠦᠭᠡᠢ ᠪᠤᠯ ᠤᠢᠢᠷ᠎ᠠ ᠵᠡᠷᠭᠡᠯᠡᠳᠡᠭᠡ ᠨᠦᠬᠦᠴᠡᠯ ᠲᠠᠢ ᠠᠶᠢᠮᠠᠬ ᠬᠤᠳᠠ ᠶᠢᠨ ᠲᠡᠰ ᠤᠨ ᠡᠮᠨᠡᠯᠭᠡ ᠶᠢᠨ | ᠬᠤᠷᠢᠶ᠎ᠠ ᠳᠤ ᠵᠦᠪᠳᠡᠯᠴᠡᠨ ᠪᠠᠶᠢᠭᠤᠯᠵᠤ ᠪᠤᠯᠤᠨ᠎ᠠ᠃ ᠤᠨᠴᠠᠭᠠᠢ ᠪᠠᠶᠢᠳᠠᠯ ᠠᠴᠠ ᠭᠠᠳᠠᠨ᠎ᠠ᠂ ᠳᠤᠭᠳᠠᠭᠰᠠᠨ ᠴᠡᠭ ᠤᠨ | ᠡᠮᠴᠢᠯᠡᠭᠡᠨ ᠤ ᠪᠠᠶᠢᠭᠤᠯᠤᠮᠵᠢ ᠶᠢ ᠤᠷᠤᠨ ᠤ ᠭᠠᠳᠠᠨ᠎ᠠ ᠪᠠᠶᠢᠭᠤᠯᠵᠤ ᠪᠤᠯᠬᠤ ᠦᠭᠡᠢ ᠭᠡᠵᠦ ᠱᠠᠭᠠᠷᠳᠠᠪᠠ᠃ | ᠮᠠᠨ ᠤ ᠣᠷᠣᠨ ᠡᠷᠡᠬᠦᠯ ᠮᠡᠨᠳᠦ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠦᠭᠰᠡᠠ ᠠᠴᠠ ᠨᠠᠭᠠᠰᠢ᠂ ᠬᠦᠨᠳᠤ ᠡᠪᠡᠳᠴᠢᠳᠡᠨ ᠢ ᠲᠦᠪᠯᠡᠷᠡᠭᠦᠯᠤᠨ ᠡᠮᠨᠡᠨ ᠵᠠᠰᠠᠬᠤ ᠬᠡᠯᠪᠡᠷᠢ ᠪᠠᠷ ᠨᠢᠭᠡ | ᠪᠦᠯᠦᠭ ᠢ ᠠᠪᠤᠷᠠᠨ ᠲᠤᠰᠠᠯᠠᠬᠤ᠂ ᠤᠳᠠᠭᠠᠨ ᠴᠢᠨᠠᠷᠳᠡᠢ ᠠᠷᠬᠠᠭ ᠲᠠᠢ ᠡᠪᠡᠳᠴᠢᠳᠠᠨ ᠢ ᠭᠡᠷ᠎ᠠ ᠲᠤᠬᠳᠠᠵᠤ | ᠦᠢᠯᠡᠴᠢᠯᠡᠭᠡ ᠬᠠᠨᠭ᠍ᠭᠠᠵᠤ ᠬᠠᠮᠢᠶᠠᠷᠬᠤ ᠬᠡᠯᠪᠡᠷᠢ ᠪᠠᠷ ᠨᠢᠭᠡ ᠪᠦᠯᠦᠭ ᠢ ᠠᠪᠤᠷᠠᠨ ᠲᠤᠰᠠᠯᠠᠬᠤ᠂ ᠬᠦᠨᠳᠤ | ᠡᠪᠡᠳᠴᠢᠳᠡᠨ ᠤ ᠦᠨᠳᠦᠰᠦᠨ ᠵᠦᠢᠯ ᠢ ᠪᠠᠳᠤᠯᠠᠬᠤ ᠬᠡᠯᠪᠡᠷᠢ ᠪᠠᠷ ᠨᠢᠭᠡ ᠪᠦᠯᠦᠭ ᠢ ᠠᠪᠤᠷᠠᠨ ᠲᠤᠰᠠᠯᠠᠬᠤ ︽ᠭᠤᠷᠪᠠᠨ | ᠨᠢᠭᠡ ᠪᠦᠯᠦᠭ︾ ᠤᠨ ᠠᠵᠢᠯᠯᠠᠭ᠎ᠠ ᠶᠢᠨ ᠲᠦᠯᠦᠪᠯᠡᠭᠡ ᠪᠠᠷ ᠨᠡᠩ ᠤᠯᠠᠨ ᠮᠠᠯᠴᠢᠨ ᠲᠠᠷᠢᠶᠠᠴᠢᠨ ᠳᠤ ᠠᠰᠢᠭ | ᠬᠦᠷᠳᠡᠭᠡᠵᠤ ᠪᠤᠢ᠃ | | | ᠠᠯᠠᠱᠠ ᠪᠠᠷᠠᠭᠤᠨ ᠬᠤᠰᠢᠭᠤᠨ ᠤ ᠠᠯᠳᠠᠨᠴᠤᠭ ᠰᠣᠮᠣᠨ ᠤ ᠥᠨᠳᠤᠷᠮᠤᠳᠤ ᠭᠠᠴᠠᠭ᠎ᠠ ᠶᠢᠨ ᠮᠠᠯᠴᠢᠨ ᠳ᠋ᠥᠡᠭ | ᠵᠢᠶᠤᠤ ᠱᠠᠨ 2003 ᠤᠨ ᠳᠤ ᠲᠤᠳᠤᠷ᠎ᠠ ᠪᠥᠬᠡᠷ ᠠ ᠶᠢᠨ ᠥᠷᠪᠢᠰᠤᠯ ᠳᠤ ᠨᠡᠷᠪᠡᠭᠳᠡᠵᠥ᠂ ᠪᠡᠭᠡᠵᠢᠩ ᠳᠤ ᠤᠴᠢᠵᠥ | 2 ᠲᠥᠮᠡ ᠭᠠᠷᠤᠢ ᠲᠥᠬᠦᠷᠢᠭ ᠵᠠᠷᠤᠴᠠᠭᠤᠯᠵᠥ ᠮᠠᠰᠠ ᠵᠠᠰᠠᠯ ᠬᠢᠯᠬᠡᠵᠥ᠂ ᠪᠤᠴᠠᠵᠥ ᠢᠷᠡᠭᠡᠳ 13000 ᠭᠠᠷᠤᠢ | ᠲᠥᠬᠦᠷᠢᠭ ᠢ ᠨᠢ ᠬᠤᠷᠰᠢᠬᠰᠠᠨ ᠡᠮ ᠡᠮᠨᠡᠯᠭᠡ ᠪᠠᠷ ᠲᠠᠮᠵᠢᠭᠤᠯᠤᠨ ᠲᠠᠩᠰᠠᠨ ᠠᠴᠠ ᠲᠠᠶᠢᠯᠠᠬᠰᠠᠨ ᠪᠠᠶᠢᠨ᠎ᠠ᠃ | ᠤᠳᠤ ᠬᠢᠩᠭᠠᠨ ᠠᠶᠢᠮᠠᠭ ᠤᠨ ᠵᠠᠯᠠᠶᠢᠳ ᠬᠤᠰᠢᠭᠤ᠂ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤ᠂ | ᠬᠤᠷᠴᠢᠨ ᠪᠠᠷᠠᠭᠤᠨ ᠭᠠᠷᠤᠨ ᠲᠤᠮᠳᠠᠳᠦ ᠬᠤᠰᠢᠭᠤᠨ ᠠᠴᠠ ᠢᠷᠡᠭᠰᠡᠨ ᠲᠦᠷᠦᠯᠬᠢ ᠵᠢᠷᠦᠭᠡᠨ ᠡᠪᠡᠳᠴᠢᠨ ᠲᠠᠢ 7 | ᠬᠡᠤᠭᠡᠳ ᠢ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠲᠦᠷᠦᠯ ᠵᠦᠢᠯ ᠢᠶᠠᠷ ᠠᠢ ᠶᠸᠦ ᠨᠢᠬᠦᠯᠡᠰᠦᠩᠬᠦᠢ ᠰᠠᠭᠤᠷᠢ | ᠮᠦᠩᠬᠦ ᠶᠢᠨ ᠨᠡᠶᠢᠭᠡᠮᠯᠢᠭ ᠠᠴᠠ ᠬᠠᠷᠢᠭᠤᠴᠠᠠ᠂ ᠡᠮᠨᠡᠯᠭᠡ ᠳᠤ ᠰᠠᠭᠤᠭᠰᠠᠨ ᠵᠠᠷᠤᠳᠠᠯ ᠤᠨ ᠬᠢᠨᠢ 50% ᠶᠢ ᠨᠢ | ᠭᠠᠷᠭᠠᠵᠦ᠂ ᠲᠡᠩᠰᠠᠨ ᠠᠴᠠ ᠲᠠᠶᠢᠯᠬᠤ ᠬᠤᠪᠢ ᠬᠦᠮᠦᠨ ᠤ ᠭᠠᠷᠭᠠᠬᠤ ᠵᠠᠷᠤᠳᠠᠯ ᠢ 5000 ᠲᠦᠭᠦᠷᠢᠭ ᠠᠴᠠ | ᠬᠡᠳᠦᠷᠡᠬᠦᠯᠬᠦ ᠦᠭᠡᠢ ᠪᠠᠶᠢᠬᠤ ᠶᠢ ᠪᠠᠳᠤᠯᠠᠵᠥ ᠪᠠᠶᠢᠨ᠎ᠠ᠃ | ᠤᠢᠢᠯᠠᠭᠠᠬᠰᠠᠠ ᠢᠶᠠᠷ᠂ ᠲᠤᠰ ᠠᠶᠢᠮᠠᠭ ᠤᠨ ᠲᠤᠳᠤᠯᠠᠭᠰᠠᠠ ᠠᠪᠤᠷᠠᠨ ᠲᠤᠰᠠᠯᠠᠬᠤ ᠴᠢᠬᠤᠯᠠᠳᠠᠢ 835 ᠬᠦᠨᠳᠦ | ᠡᠪᠡᠳᠴᠢᠳᠠᠨ ᠤ 819 ᠶᠢ ᠨᠢ ᠠᠪᠤᠷᠠᠨ ᠲᠤᠰᠠᠯᠠᠵᠦ᠂ ᠠᠪᠤᠷᠠᠨ ᠲᠤᠰᠠᠯᠠᠭᠰᠠᠨ ᠨᠤᠷᠮ᠎ᠠ ᠨᠢ 98.1% ᠳᠤ ᠬᠦᠷᠪᠡ | ︔ ᠤᠳᠠᠭᠠᠠ ᠴᠢᠨᠠᠷ ᠲᠠᠢ ᠠᠷᠬᠠᠭ ᠡᠪᠡᠳᠴᠢᠠ ᠲᠠᠢ 43226 ᠬᠦᠮᠦᠠ ᠲᠠᠢ ᠦᠢᠯᠡᠴᠢᠯᠡᠭᠡ ᠬᠠᠩᠭᠠᠬᠤ ᠭᠡᠷ᠎ᠠ | ᠲᠤᠭᠳᠠᠵᠦ᠂ ᠭᠡᠷ᠎ᠠ ᠶᠢᠨ ᠬᠠᠮᠢᠶᠠᠷᠤᠯᠳᠠ ᠶᠢᠨ ᠬᠡᠪᠴᠢᠶᠠᠠ ᠳᠤ ᠤᠷᠤᠭᠰᠠᠨ ᠬᠦᠮᠦᠨ 44053 ᠪᠠᠶᠢᠵᠥ᠂ ᠠᠪᠤᠷᠠᠨ | ᠲᠤᠰᠠᠯᠠᠭᠰᠠᠨ ᠨᠤᠷᠮ᠎ᠠ 100% ᠳᠤ ᠬᠦᠷᠪᠡ︔ 247 ᠬᠦᠨᠳᠦ ᠡᠪᠡᠳᠴᠢᠳᠡᠨ ᠳᠤ ᠪᠠᠳᠤᠯᠠᠭ᠎ᠠ ᠬᠠᠩᠭᠠᠵᠦ᠂ | 244 ᠬᠦᠮᠦᠨ ᠢ ᠠᠪᠤᠷᠠᠨ ᠲᠤᠰᠠᠯᠠᠵᠦ᠂ ᠠᠪᠤᠷᠠᠨ ᠲᠤᠰᠠᠯᠠᠭᠰᠠᠨ ᠬᠡᠮᠵᠢᠶ᠎ᠡ 98.8% ᠳᠤ ᠬᠦᠷᠪᠡ᠃ | ︽ᠬᠡᠤᠭᠡᠠ ᠤ ᠮᠢᠨᠢ ᠮᠡᠰᠡ ᠵᠠᠰᠠᠯ ᠢ ᠠᠮᠵᠢᠯᠳᠠ ᠲᠠᠢ ᠰᠠᠶᠢᠨ ᠬᠢᠭᠰᠡᠨ᠂ ᠰᠠᠳᠬᠢᠯ ᠤᠨ ᠲᠡᠷᠤᠭᠠᠰᠤ ᠬᠦᠡᠭᠬᠡᠷᠡᠯᠠ | ᠳ᠋ᠠ︾ ᠬᠡᠵᠥ ᠵᠠᠯᠠᠶᠢᠳ ᠬᠤᠰᠢᠭᠤᠨ ᠤ ᠬᠦᠷᠡᠯ ᠪᠠᠯᠭᠠᠰᠦ ᠶᠢᠨ ᠴᠠᠭᠠᠨᠵᠢᠷᠦᠭᠡ ᠭᠠᠴᠠᠭ᠎ᠠ ᠶᠢᠨ ᠸᠠᠩ ᠯᠢᠨ ᠨᠠ ᠶᠢᠨ | ᠬᠡᠷ ᠤᠨ ᠬᠦᠮᠦᠰ ᠪᠠᠶᠠᠷᠯᠠᠵᠠᠭᠠᠨ᠎ᠠ᠃ 11 ᠨᠠᠰᠤᠳᠠᠢ ᠸᠠᠩ ᠯᠢᠨ ᠨᠠ ᠲᠦᠷᠦᠯᠬᠢ ᠵᠢᠷᠦᠭᠡᠨ ᠡᠪᠡᠳᠴᠢᠨ ᠲᠠᠢ᠂ | ᠪᠡᠭᠡᠵᠢᠩ ᠤᠨ ᠠᠭᠠᠷ ᠤᠨ ᠴᠡᠷᠢᠭ ᠤᠨ ᠶᠡᠷᠦᠩᠭᠡᠢ ᠡᠮᠨᠡᠯᠭᠡ ᠶᠢᠨ ᠬᠤᠷᠢᠶ᠎ᠡ ᠳᠤ ᠢᠷᠡᠵᠤ ᠡᠮᠨᠡᠭᠦᠯᠤᠨ᠂ ᠮᠡᠰᠡ ᠵᠠᠰᠠᠯ | ᠬᠢᠵᠥ ᠡᠮᠨᠡᠯᠭᠡ ᠠᠴᠠ ᠭᠠᠷᠳᠠᠯ᠎ᠠ 4 ᠡᠳᠦᠷ ᠯᠠ ᠬᠡᠷᠡᠭᠰᠡᠵᠤ᠂ ᠡᠮᠨᠡᠭᠦᠯᠦᠭᠰᠡᠨ ᠪᠦᠭᠦ ᠵᠠᠷᠤᠳᠠᠯ ᠨᠢ 5800 | ᠲᠦᠭᠦᠷᠢᠭ ᠲᠤ ᠬᠦᠷᠪᠡ᠂ ᠡᠭᠦᠨ ᠳᠤ ᠦᠪᠡᠷᠰᠠᠳ ᠢᠶᠠᠨ ᠰᠠᠶ᠋ᠢ 600 ᠲᠦᠭᠦᠷᠢᠭ ᠭᠠᠷᠭᠠᠵᠡᠢ᠃ ᠲᠤᠰ ᠠᠶᠢᠮᠠᠭ | ᠤᠳᠠᠭᠠᠠ ᠬᠤᠭᠤᠴᠠᠭ᠎ᠠ ᠡᠮ ᠤᠤᠭᠤᠵᠦ ᠡᠮᠴᠢᠯᠡᠬᠦᠯᠵᠥ ᠪᠠᠶᠢᠭ᠎ᠠ ᠠᠷᠬᠠᠭ ᠡᠪᠡᠳᠴᠢᠨ ᠲᠠᠢ ᠶᠠᠳᠠᠭᠤ ᠬᠦᠴᠢᠷᠳᠡᠯᠳᠡᠢ | ᠡᠪᠡᠳᠴᠢᠳᠠᠨ ᠳᠤ ︽ᠭᠡᠷ ᠪᠦᠯᠢ ᠶᠢᠨ ᠡᠮᠴᠢ ᠲᠠᠢ ᠭᠡᠷ᠎ᠠ ᠲᠤᠭᠳᠠᠵᠦ ᠦᠢᠯᠡᠴᠢᠯᠡᠭᠡ ᠬᠠᠩᠭᠠᠬᠤ︾᠂ ︽ᠡᠮ ᠤᠨ | ᠵᠦᠢᠯᠡᠰ ᠤᠨ ᠦᠨ᠎ᠡ ᠬᠠᠩᠰᠢ ᠶᠢ ᠪᠠᠭᠤᠷᠠᠭᠤᠯᠤᠨ ᠲᠦᠪᠯᠡᠷᠡᠬᠦᠯᠦᠨ ᠬᠤᠳᠠᠯᠳᠤᠨ ᠠᠪᠬᠤ︾᠂ ︽ᠡᠮ ᠡᠮᠴᠢᠯᠡᠭᠡ ᠶᠢ | ᠡᠬᠦᠳᠡᠠ ᠳᠤᠨᠢ ᠬᠦᠷᠭᠡᠬᠦ︾᠂ ︽ᠡᠮ ᠤᠨ ᠰᠦᠢᠳᠭᠡᠯ ᠦᠢᠯᠡᠴᠢᠯᠡᠭᠡᠨ ᠤ ᠰᠦᠢᠳᠭᠡᠯ ᠢ ᠲᠤᠭᠳᠠᠭᠰᠠᠨ ᠲᠤᠭ᠎ᠠ ᠪᠠᠷ | ᠨᠦᠬᠦᠪᠦᠷᠢᠯᠡᠬᠦ︾ ᠵᠡᠷᠭᠡ ᠦᠪᠡᠷᠮᠢᠴᠠ ᠦᠢᠯᠡᠴᠢᠯᠡᠭᠡᠨ ᠤ ᠬᠠᠮᠢᠶᠠᠷᠤᠯᠳᠠ ᠶᠢᠨ ᠬᠡᠯᠪᠡᠷᠢ ᠶᠢ ᠬᠡᠷᠡᠭᠯᠡᠵᠦ᠂ ᠲᠠᠩᠰᠠᠯᠠᠵᠥ | ᠺᠠᠷᠳ᠋ᠯᠠᠭᠰᠠᠠ ᠶᠠᠳᠠᠭᠤ ᠬᠦᠴᠢᠷᠳᠡᠯᠳᠡᠢ ᠡᠷᠦᠭᠡ ᠳᠤ 10 ᠵᠦᠢᠯ ᠤᠨ ᠲᠦᠯᠦᠪᠦᠷᠢ ᠲᠠᠢ ᠦᠢᠯᠡᠴᠢᠯᠡᠭᠡ ᠬᠠᠩᠭᠠᠨ᠂ | ᠵᠠᠷᠤᠳᠠᠯ ᠮᠦᠩᠬᠦ ᠶᠢ ᠡᠮᠨᠡᠯᠭᠡ ᠶᠢᠨ ᠲᠠᠭᠠᠳᠬᠠᠯ ᠠᠴᠠ ᠭᠠᠷᠭᠠᠵᠥ᠂ ᠤᠯᠠᠨ ᠨᠡᠶᠢᠳᠡ ᠶᠢᠨ ᠦᠨᠳᠦᠰᠦᠨ ᠡᠷᠡᠬᠦᠯ | ᠬᠠᠮᠠᠭᠠᠯᠠᠯ ᠤᠨ ᠨᠦᠬᠦᠪᠦᠷᠢ᠂ ᠡᠮ ᠡᠮᠨᠡᠯᠭᠡ ᠶᠢᠨ ᠪᠠᠶᠢᠭᠤᠯᠤᠮᠵᠢ ᠠᠴᠠ ᠬᠡᠯᠳᠦᠷᠢᠬᠦᠯᠬᠦ ᠵᠡᠷᠭᠡ ᠪᠠᠷ ᠲᠠᠮᠵᠢᠭᠰᠠᠨ ᠤ | ᠲᠡᠷᠠᠭ᠎ᠠ ᠨᠢᠭᠡ ᠦᠢᠯᠡᠴᠢᠯᠡᠭᠡᠨ ᠤ ᠲᠦᠷᠦᠯ ᠳᠤ ᠬᠤᠪᠢ ᠬᠦᠮᠦᠨ 30 ᠲᠦᠭᠦᠷᠢᠭ ᠯᠠ ᠭᠠᠷᠭᠠᠪᠠᠯ ᠪᠤᠯᠴᠢᠬᠠᠨ᠎ᠠ᠃ | ᠤᠳᠤ ᠲᠤᠰ ᠠᠶᠢᠮᠠᠭ ᠤᠨ ᠠᠷᠬᠠᠭ ᠡᠪᠡᠳᠴᠢᠨ ᠤ ᠦᠢᠯᠡᠴᠢᠯᠡᠭᠡ ᠶᠢᠨ ᠭᠡᠷ᠎ᠠ ᠲᠤᠭᠳᠠᠭᠰᠠᠨ ᠡᠪᠡᠳᠴᠢᠳᠡᠨ | 50% ᠶᠢ ᠲᠡᠪᠠᠭᠠᠳ ᠪᠠᠶᠢᠨ᠎ᠠ᠃ | ᠮᠠᠨ ᠤ ᠣᠷᠣᠨ ᠬᠦᠨᠳᠦ ᠡᠪᠡᠳᠴᠢᠨ ᠢ ᠳᠤᠰᠬᠠᠢ ᠲᠦᠷᠦᠯ ᠢᠶᠠᠷ ᠠᠪᠤᠷᠠᠨ ᠵᠠᠰᠠᠬᠤ ᠠᠵᠢᠯ ᠢ ᠴᠢᠩᠭᠠᠳᠬᠠᠨ᠂ | ᠡᠮᠴᠢᠯᠡᠭᠡᠨ ᠤ ᠤᠨᠤᠰᠢᠯᠠᠨ ᠡᠮᠨᠡᠬᠦ ᠠᠵᠢᠯᠯᠠᠭ᠎ᠠ ᠶᠢ ᠲᠦᠷᠢᠮᠵᠢᠬᠦᠯᠵᠦ᠂ ᠤᠨᠤᠰᠢᠯᠠᠨ ᠵᠠᠰᠠᠬᠤ ᠰᠦᠢᠳᠭᠡᠯ ᠢ ᠴᠢᠩᠭ᠎ᠠ | ᠬᠢᠵᠠᠭᠠᠷᠯᠠᠬᠤ ᠶᠢᠨ ᠲᠦᠯᠦᠭᠡ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ | ᠲᠦᠯᠦᠪᠯᠡᠭᠡᠳᠦ ᠦᠷᠡᠵᠢᠯ ᠤᠨ ᠵᠦᠪᠯᠡᠯ ᠲᠦᠷᠦᠬᠦᠭᠡᠨ ︽ᠬᠦᠨᠳᠦ ᠡᠪᠡᠳᠴᠢᠨ ᠢ ᠳᠤᠰᠬᠠᠢ ᠲᠦᠷᠦᠯ ᠢᠶᠠᠷ ᠠᠪᠤᠷᠠᠨ | ᠵᠠᠰᠠᠬᠤ ᠠᠵᠢᠯ ᠳᠤᠮᠳᠠᠬᠢ ᠤᠨᠤᠰᠢᠯᠠᠨ ᠵᠠᠰᠠᠬᠤ ᠠᠵᠢᠯᠯᠠᠭ᠎ᠠ ᠶᠢ ᠤᠯᠠᠮ ᠴᠢᠨᠠᠬᠰᠢᠳᠠ ᠲᠦᠷᠢᠮᠵᠢᠬᠦᠯᠬᠦ ᠳᠤᠬᠠᠢ | ᠮᠡᠳᠡᠭᠳᠡᠯ︾ ᠢ ᠪᠠᠭᠤᠯᠭᠠᠪᠠ᠃ | | | ᠣᠳᠣᠬᠠᠨ ᠳᠤ ᠮᠠᠨ ᠤ ᠣᠷᠣᠨ ᠤ ᠣᠯᠠᠩᠬᠢ ᠭᠠᠵᠠᠷ ᠣᠷᠣᠨ ᠳᠤ ᠶᠠᠳᠠᠭᠤ ᠬᠦᠴᠢᠷᠳᠡᠯᠳᠡᠢ ᠬᠦᠮᠦᠨ ᠠᠮᠠ | ᠪᠤᠶᠤ ᠶᠠᠳᠠᠭᠤ ᠬᠦᠴᠢᠷᠳᠡᠯᠳᠡᠢ ᠬᠡᠷ ᠪᠦᠯᠢ ᠶᠢᠨ ᠬᠢᠨ ᠰᠠᠶᠢᠠ ᠲᠤᠷ᠎ᠠ ᠠᠴᠠ ᠪᠠᠨ 1 ᠭᠡᠷ ᠪᠦᠯᠢ ᠶᠢᠨ ᠡᠮᠴᠢ ᠶᠢᠨ | ᠪᠦᠯᠬᠦᠮ ᠲᠠᠢ ᠦᠢᠯᠡᠴᠢᠯᠡᠭᠡᠨ ᠤ ᠵᠦᠪᠯᠡᠯᠴᠡᠭᠡᠷ ᠲᠤᠭᠳᠠᠪᠠ᠃ ᠭᠡᠷ ᠪᠦᠯᠢ ᠶᠢᠨ ᠡᠮᠴᠢ ᠶᠢᠨ ᠪᠦᠯᠬᠦᠮ ᠠᠴᠠ ᠶᠠᠳᠠᠭᠤ | ᠬᠦᠴᠢᠷᠳᠡᠯᠳᠡᠢ ᠡᠷᠦᠭᠡ ᠳᠤ ᠦᠨᠳᠦᠰᠦᠨ ᠡᠮᠴᠢᠯᠡᠭᠡ᠂ ᠦᠨᠳᠦᠰᠦᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠪᠠ | ᠵᠦᠪᠯᠡᠨ ᠲᠤᠭᠳᠠᠭᠰᠠᠨ ᠡᠷᠡᠬᠦᠯ ᠮᠠᠨᠳᠦ ᠶᠢᠨ ᠬᠠᠮᠢᠶᠠᠷᠤᠯᠳᠠ ᠶᠢᠨ ᠦᠢᠯᠡᠴᠢᠯᠡᠭᠡ ᠬᠠᠩᠭᠠᠨ᠎ᠠ᠃ ᠦᠨᠳᠦᠰᠦᠨ | ᠡᠮᠴᠢᠯᠡᠭᠡ ᠶᠢᠨ ᠦᠢᠯᠡᠴᠢᠯᠡᠭᠡ ᠨᠢ ᠡᠩ ᠤᠨ ᠡᠪᠡᠳᠴᠢᠨ ᠪᠠ ᠦᠷᠬᠦᠯᠵᠢ ᠲᠤᠬᠢᠶᠠᠯᠳᠤᠳᠠᠭ ᠡᠪᠡᠳᠴᠢᠨ ᠢ ᠮᠤᠩᠭᠤᠯ | ᠬᠢᠳᠡᠳ ᠡᠸᠦ᠋ᠷᠤᠫᠠ ᠡᠮ ᠡᠮᠨᠡᠯᠭᠡ ᠪᠠᠷ ᠡᠮᠨᠡᠨ ᠵᠠᠰᠠᠬᠤ᠂ ᠵᠤᠬᠢᠰᠳᠠᠢ ᠡᠮ ᠬᠡᠷᠡᠭᠯᠡᠬᠦ ᠪᠠ ᠡᠮᠨᠡᠬᠦ ᠵᠢᠯᠤᠭᠤᠳᠤᠯᠭ᠎ᠠ | ᠬᠠᠩᠭᠠᠬᠤ ᠵᠢᠴᠢ ᠡᠮᠨᠡᠯᠭᠡ ᠰᠤᠯᠢᠬᠤ ᠳᠤ ᠤᠷᠢᠳᠴᠢᠯᠠᠨ ᠪᠤᠯᠵᠤᠬᠤ ᠵᠡᠷᠭᠡ ᠦᠢᠯᠡᠴᠢᠯᠡᠭᠡ ᠬᠠᠨᠭ᠍ᠭᠠᠵᠣ᠂ ᠤᠯᠠᠨ | ᠨᠡᠶᠢᠳᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠳᠤ ᠤᠯᠤᠰ ᠤᠨ ᠦᠨᠳᠦᠰᠦᠨ ᠤᠯᠠᠨ ᠨᠡᠶᠢᠳᠡ ᠶᠢᠨ ᠡᠷᠡᠬᠦᠯ | ᠬᠠᠮᠠᠭᠠᠯᠠᠯ ᠤᠨ ᠦᠢᠯᠡᠴᠢᠯᠡᠭᠡ ᠶᠢᠨ ᠲᠦᠷᠦᠯ ᠵᠦᠢᠯ ᠪᠠ ᠲᠤᠭᠳᠠᠭᠰᠠᠨ ᠪᠤᠰᠤᠳ ᠤᠯᠠᠨ ᠨᠡᠶᠢᠳᠡ ᠶᠢᠨ ᠡᠷᠡᠬᠦᠯ | ᠬᠠᠮᠠᠭᠠᠯᠠᠯ ᠤᠨ ᠦᠢᠯᠡᠴᠢᠯᠡᠭᠡ ᠵᠡᠷᠭᠡ ᠶᠢ ᠪᠠᠭᠳᠠᠭᠠᠨ᠎ᠠ︔ ᠡᠷᠡᠬᠦᠯ ᠮᠡᠨᠳᠦ ᠶᠢᠨ ᠬᠠᠮᠢᠶᠠᠷᠤᠯᠳᠠ ᠶᠢᠨ ᠦᠢᠯᠡᠴᠢᠯᠡᠭᠡ ᠨᠢ | ᠭᠤᠤᠯᠳᠠᠭᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠷᠡᠬᠦᠯ ᠴᠢᠬᠢᠷᠠᠭ ᠤᠨ ᠪᠠᠶᠢᠳᠠᠯ ᠪᠠ ᠱᠠᠭᠠᠷᠳᠠᠯᠭ᠎ᠠ ᠳᠤ | ᠵᠤᠷᠢᠭᠤᠯᠵᠥ ᠠᠳᠠᠯᠢ ᠪᠤᠰᠦ ᠲᠦᠷᠦᠯ ᠤᠨ ᠦᠪᠡᠷᠮᠢᠴᠠ ᠵᠦᠪᠯᠡᠯᠴᠡᠭᠡᠷ ᠲᠤᠭᠳᠠᠭᠰᠠᠨ ᠦᠢᠯᠡᠴᠢᠯᠡᠭᠡ ᠬᠠᠩᠭᠠᠵᠦ᠂ | ᠡᠷᠡᠬᠦᠯ ᠮᠡᠨᠳᠦ ᠶᠢᠨ ᠪᠠᠶᠢᠳᠠᠯ ᠳᠤ ᠲᠤᠳᠤᠯᠠᠯᠳᠠ ᠬᠢᠵᠥ᠂ ᠡᠷᠡᠬᠦᠯ ᠴᠢᠬᠢᠷᠠᠭ ᠤᠨ ᠵᠢᠯᠤᠭᠤᠳᠤᠯᠭ᠎ᠠ᠂ ᠭᠡᠷ ᠪᠦᠯᠢ ᠶᠢᠨ | ᠡᠪᠡᠳᠴᠢᠳᠡᠨ ᠤ ᠤᠷᠤ᠂ ᠭᠡᠷ ᠲᠡᠭᠡᠨ ᠠᠰᠠᠷᠠᠨ ᠬᠠᠷᠠᠭᠠᠯᠵᠠᠬᠤ᠂ ᠮᠤᠩᠭᠤᠯ ᠬᠢᠳᠡᠳ ᠡᠮ ᠡᠮᠨᠡᠯᠭᠡ ᠶᠢᠨ ︽ | ᠤᠷᠢᠳᠴᠢᠯᠠᠨ ᠰᠡᠷᠭᠡᠶᠢᠯᠡᠬᠦ︾ ᠦᠢᠯᠡᠴᠢᠯᠡᠭᠡ ᠵᠡᠷᠭᠡ ᠶᠢ ᠬᠠᠨᠭ᠍ᠭᠠᠬᠤ ᠶᠢ ᠪᠠᠳᠤᠯᠠᠵᠣ ᠪᠠᠶᠢᠨ᠎ᠠ᠃ | ᠬᠢᠩᠭᠠᠨ ᠠᠶᠢᠮᠠᠭ ᠤᠯᠠᠭᠠᠨ ᠬᠤᠭᠤᠯᠠᠢ ᠶᠢᠨ ᠦᠮᠠᠨ᠂ ᠬᠤᠳᠤᠭᠤᠳᠦᠠ ᠦᠮᠠᠨ᠂ ᠬᠤᠰᠬᠢᠨᠠᠭ ᠤᠨ ᠦᠮᠠᠨ᠂ | ᠬᠦᠨᠳᠤᠷᠠᠯᠳᠠ ᠶᠢᠨ ᠬᠤᠭᠤᠴᠠᠭᠠᠨ ᠳᠤ ᠤᠷᠤᠭᠰᠠᠨ ᠤᠳᠠᠭᠠᠨ ᠴᠢᠨᠠᠷᠳᠠᠢ ᠪᠦᠭᠡᠷ᠎ᠠ ᠶᠢᠨ ᠡᠪᠡᠳᠴᠢᠨ᠂ ᠬᠡᠤᠭᠡᠳ ᠤᠨ | ᠲᠦᠷᠭᠡᠠ ᠴᠢᠨᠠᠷᠳᠠᠢ ᠯᠢᠮᠪᠠ ᠶᠢᠨ ᠡᠰ ᠤᠨ ᠴᠢᠰᠤᠨ ᠤ ᠡᠪᠡᠳᠴᠢᠠ᠂ ᠬᠡᠤᠭᠡᠳ ᠤᠨ ᠲᠦᠷᠦᠯᠬᠢ ᠴᠢᠨᠠᠷᠳᠠᠢ ᠵᠢᠷᠦᠭᠡᠨ | ᠡᠪᠡᠳᠴᠢᠨ᠂ ᠲᠤᠮᠳᠠ ᠴᠢᠮᠦᠭᠡᠨ ᠶᠠᠰᠤᠨ ᠤ ᠦᠬᠦᠵᠢᠯ ᠵᠡᠷᠭᠡ ᠬᠦᠨᠳᠦ ᠡᠪᠡᠳᠴᠢᠨ ᠳᠤ ᠨᠡᠷᠪᠡᠭᠳᠡᠭᠰᠡᠨ ᠮᠠᠯᠵᠢᠬᠤ | ᠲᠡᠷᠢᠶᠠᠯᠠᠬᠤ ᠤᠷᠤᠨ ᠤ ᠶᠠᠳᠠᠭᠤ ᠬᠦᠴᠢᠷᠳᠡᠯᠳᠡᠢ ᠬᠦᠮᠦᠨ ᠢ ᠲᠦᠪᠯᠡᠷᠡᠬᠦᠯᠦᠨ ᠠᠪᠤᠷᠠᠨ ᠲᠤᠰᠠᠯᠠᠵᠣ ᠪᠠᠶᠢᠨ᠎ᠠ᠃ | ᠨᠢᠳᠤᠨᠤᠨ ᠲᠤᠰ ᠠᠶᠢᠮᠠᠭ ᠤᠯᠤᠰ ᠠᠴᠠ ᠲᠤᠭᠳᠠᠭᠠᠭᠰᠠᠨ ᠲᠦᠪᠯᠡᠷᠡᠬᠦᠯᠦᠨ ᠠᠪᠤᠷᠠᠨ ᠲᠤᠰᠠᠯᠠᠵᠦ ᠵᠠᠰᠠᠯᠳᠠ ᠬᠢᠬᠦ 9 | ᠲᠦᠷᠦᠯ ᠤᠨ ᠬᠦᠨᠳᠦ ᠡᠪᠡᠳᠴᠢᠨ ᠪᠠᠶᠢᠬᠰᠡᠨ ᠢ ᠬᠡᠪᠴᠢᠶ᠎ᠡ ᠶᠢ ᠨᠢ ᠦᠷᠭᠡᠳᠭᠡᠨ ᠲᠤᠮᠳᠠ ᠴᠢᠮᠦᠭᠡᠨ ᠶᠠᠰᠤᠨ ᠤ | ᠦᠬᠦᠵᠢᠯ ᠤᠨ ᠡᠪᠡᠳᠴᠢᠠ ᠳᠤ ᠨᠠᠷᠪᠡᠭᠳᠡᠭᠰᠡᠳ ᠢ ᠴᠤ ᠠᠪᠤᠷᠠᠨ ᠲᠤᠰᠠᠯᠠᠬᠤ ᠪᠠᠷ ᠪᠤᠯᠪᠠ᠃ ᠡᠨᠡ ᠵᠢᠯ᠂ ᠲᠤᠰ | ᠠᠶᠢᠮᠠᠭ ᠪᠤᠳᠠᠳᠠᠢ ᠪᠠᠶᠢᠳᠠᠯ ᠲᠠᠢ ᠪᠠᠨ ᠤᠶᠠᠯᠳᠤᠭᠤᠯᠤᠨ᠂ ᠠᠶᠢᠮᠠᠭ ᠤᠨ ᠡᠷᠡᠬᠦᠯ ᠬᠠᠮᠠᠭᠠᠯᠠᠯ ᠪᠠ ᠲᠦᠯᠦᠪᠯᠡᠭᠡᠳᠦ | ᠦᠷᠡᠵᠢᠯ ᠤᠨ ᠵᠦᠪᠯᠡᠯ ᠠᠴᠠ ᠴᠠᠭᠠᠨ ᠬᠠᠷᠠᠩ ᠡᠪᠡᠳᠴᠢᠠ ᠳᠤ ᠨᠡᠷᠪᠡᠭᠳᠡᠭᠰᠡᠡ ᠡᠪᠡᠳᠴᠢᠳᠠᠨ ᠢ ᠴᠤ ᠲᠦᠪᠯᠡᠷᠡᠬᠦᠯᠦᠨ | ᠠᠪᠤᠷᠠᠨ ᠲᠤᠰᠠᠯᠠᠬᠤ ᠬᠡᠪᠴᠢᠶᠡᠨ ᠳᠤ ᠤᠷᠤᠭᠤᠯᠬᠤ ᠪᠠᠷ ᠠᠶᠢᠮᠠᠭ ᠤᠨ ᠵᠠᠬᠢᠷᠭ᠎ᠠ ᠳᠤ ᠭᠤᠶᠤᠴᠢᠯᠠᠯ ᠲᠠᠪᠰᠢᠭᠦᠯᠤᠭᠡᠳ | ᠪᠠᠶᠢᠨ᠎ᠠ᠃ | ᠮᠠᠨ ᠤ ᠣᠷᠣᠨ ᠡᠮ ᠡᠮᠨᠡᠯᠭᠡ ᠶᠢᠨ ᠪᠠᠳᠤᠯᠠᠭ᠎ᠠ ᠬᠠᠩᠭᠠᠵᠦ ᠵᠤᠯᠭᠠᠭᠤᠯᠬᠤ ᠲᠤᠭᠳᠠᠴᠠ ᠶᠢ ᠪᠠᠶᠢᠭᠤᠯᠤᠨ | ᠲᠡᠬᠦᠯᠳᠡᠷᠵᠢᠬᠦᠯᠵᠥ᠂ ᠡᠮ ᠡᠮᠨᠡᠯᠭᠡ ᠶᠢᠨ ᠪᠠᠳᠤᠯᠠᠭ᠎ᠠ ᠶᠢᠨ ᠲᠦᠪᠰᠢᠨ ᠢ ᠲᠡᠭᠡᠭᠰᠢᠯᠡᠬᠦᠯᠤᠠ᠂ ᠮᠠᠯᠵᠢᠬᠤ ᠲᠡᠷᠢᠶᠠᠯᠠᠬᠤ | ᠤᠷᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠮᠴᠢᠯᠡᠭᠡᠨ ᠤ ᠵᠠᠷᠤᠳᠠᠯ ᠤᠨ ᠲᠠᠷᠤᠭᠠᠰᠦ ᠶᠢ ᠦᠨᠡᠨ ᠬᠦ | ᠬᠦᠩᠭᠡᠷᠡᠬᠦᠯᠵᠦ᠂ ᠡᠪᠡᠳᠴᠢᠨ ᠠᠴᠠ ᠪᠤᠯᠵᠦ ᠲᠠᠬᠢᠨ ᠶᠠᠳᠠᠭᠤᠷᠠᠬᠤ ᠶᠢ ᠪᠦᠳᠦᠮᠵᠢᠳᠡᠢ ᠰᠡᠷᠭᠡᠶᠢᠯᠡᠬᠦ ᠶᠢᠨ ᠵᠡᠷᠬᠡ ᠪᠠᠷ | ᠪᠠᠰᠠ ᠶᠠᠳᠠᠭᠤ ᠬᠦᠴᠢᠷᠳᠡᠯᠳᠡᠢ ᠬᠦᠮᠦᠨ ᠠᠮᠠ ᠳᠤ ᠵᠤᠷᠢᠭᠤᠯᠤᠭᠰᠠᠠ ᠤᠯᠠᠠ ᠠᠷᠪᠢᠠ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠲᠤᠭᠳᠠᠭᠠᠪᠠ᠃ | ※ | ᠬᠠᠮᠢᠶ᠎ᠠ ᠪᠦᠬᠦᠢ ᠬᠤᠯᠪᠣᠭᠠᠰᠣ | | | ᠲᠠᠩᠰᠠᠨ ᠠᠴᠠ ᠲᠠᠶᠢᠯᠬᠤ ᠲᠦᠷᠦᠯ ᠵᠦᠢᠯ | ᠡᠮᠨᠡᠯᠭᠡ ᠳᠤ ᠰᠠᠭᠤᠵᠣ ᠡᠮᠨᠡᠬᠦᠯᠦᠭᠰᠡᠨ ᠰᠦᠢᠳᠭᠡᠯ᠂ ᠲᠦᠷᠬᠡᠨ ᠡᠮᠴᠢᠯᠡᠭᠡᠨ ᠤ ᠰᠠᠯᠠᠭᠠᠨ ᠳᠤ ᠡᠮᠨᠡᠬᠦᠯᠬᠦ ᠶᠢᠨ | ᠬᠠᠮᠳᠣ ᠡᠮᠨᠡᠯᠭᠡ ᠳᠤ ᠰᠢᠯᠵᠢᠨ ᠰᠠᠭᠤᠵᠣ ᠡᠮᠨᠡᠬᠦᠯᠦᠭᠰᠡᠨ ᠡᠮᠣᠨ᠎ᠠ 7 ᠡᠳᠣᠷ ᠤᠨ ᠲᠣᠳᠣᠷᠠᠬᠢ ᠡᠮ ᠡᠮᠨᠡᠯᠭᠡ ᠶᠢᠨ | ᠰᠦᠢᠳᠭᠡᠯ᠂ ᠡᠬᠦᠳᠡᠨ ᠡᠮᠨᠡᠯᠭᠡ ᠳᠤ ᠡᠮᠨᠡᠬᠦᠯᠬᠦ ᠣᠨᠴᠠ ᠡᠪᠡᠳᠴᠢᠨ ᠤ ᠲᠣᠭᠳᠠᠭᠠᠯ ᠳᠤ ᠲᠣᠬᠢᠷᠠᠬᠤ ᠡᠮ ᠡᠮᠨᠡᠯᠭᠡ ᠶᠢᠨ | ᠰᠦᠢᠳᠭᠡᠯ᠂ ᠲᠣᠭᠳᠠᠭᠠᠯ ᠳᠤ ᠲᠣᠬᠢᠷᠠᠬᠤ ᠪᠣᠰᠣᠳ ᠵᠦᠢᠯ ᠤᠨ ᠰᠦᠢᠳᠭᠡᠯ᠃ | | | ᠬᠦᠨᠳᠣ ᠶᠡᠭᠡ ᠡᠪᠡᠳᠴᠢᠨ ᠳᠤ ᠦᠭᠬᠦ ᠨᠦᠬᠦᠪᠦᠷᠢ | ᠬᠡᠣᠬᠡᠳ ᠤᠨ ᠲᠦᠷᠦᠯᠬᠢ ᠶᠢᠨ ᠴᠢᠨᠠᠷᠳᠠᠢ ᠵᠢᠷᠣᠬᠡᠨ ᠡᠪᠡᠳᠴᠢᠨ᠂ ᠲᠦᠷᠭᠡᠨ ᠴᠢᠨᠠᠷᠳᠠᠢ ᠴᠢᠰᠣ ᠴᠠᠶᠢᠬᠤ | ᠡᠪᠡᠳᠴᠢᠨ᠂ ᠬᠦᠨᠳᠣ ᠴᠢᠨᠠᠷᠳᠠᠢ ᠮᠡᠳᠡᠷᠡᠯ ᠤᠨ ᠡᠪᠡᠳᠴᠢᠨ᠂ ᠬᠦᠨᠳᠣᠷᠡᠯᠳᠡ ᠶᠢᠨ ᠬᠤᠭᠤᠴᠠᠭᠠᠨ ᠳᠤ ᠣᠷᠣᠬᠰᠠᠨ | ᠣᠳᠠᠭᠠᠨ ᠴᠢᠨᠠᠷᠳᠠᠢ ᠪᠦᠬᠡᠷᠡᠨ ᠡᠪᠡᠳᠴᠢᠨ᠂ ᠣᠯᠠᠨ ᠡᠮ ᠳᠤ ᠲᠠᠭᠠᠭᠠᠮᠠᠭᠠᠢ ᠠᠭᠤᠰᠬᠢᠨ ᠤ ᠰᠦᠷᠢᠶ᠎ᠠ᠂ ᠪᠷᠦ᠋ᠽᠧᠯ | ᠰᠠᠪᠬᠠᠨᠴᠢᠷ ᠪᠠᠺ᠊ᠳ᠋᠊ᠤᠷᠢ ᠡᠪᠡᠳᠴᠢᠨ᠂ ᠣᠷᠣᠭᠤᠯ ᠲᠠᠩᠨᠠᠢ ᠰᠡᠳᠡᠷᠭᠡᠢ ᠵᠡᠷᠭᠡ ᠬᠦᠨᠳᠣ ᠶᠡᠭᠡ ᠡᠪᠡᠳᠴᠢᠨ ᠳᠤ | ᠨᠦᠬᠦᠪᠦᠷᠢ ᠦᠭᠬᠦ ᠬᠡᠯᠪᠡᠷᠢ ᠪᠠᠷ ᠲᠣᠰᠠᠯᠠᠨ᠎ᠠ᠃ I ᠬᠡᠯᠪᠡᠷᠢᠳᠣ ᠰᠢᠬᠢᠷ ᠰᠢᠵᠢᠩ ᠡᠪᠡᠳᠴᠢᠨ᠂ ᠣᠷᠰᠢᠬᠳᠣ | ᠪᠠᠭ᠋ᠣᠣ ᠶᠢᠨ 2 ᠵᠦᠢᠯ ᠤᠨ ᠣᠳᠠᠭᠠᠨ ᠴᠢᠨᠠᠷᠳᠠᠢ ᠡᠪᠡᠳᠴᠢᠨ ᠳᠤ ᠡᠬᠦᠳᠡᠨ ᠡᠮᠨᠡᠯᠭᠡ ᠳᠤ ᠡᠮᠨᠡᠬᠦᠯᠦᠭᠰᠡᠨ ᠣᠨᠴᠠ | ᠨᠦᠬᠦᠪᠦᠷᠢ ᠦᠭᠬᠦᠨ᠎ᠠ᠃ | | | ᠬᠦᠨᠳᠣ ᠶᠡᠭᠡ ᠡᠪᠡᠳᠴᠢᠨ ᠤ ᠲᠠᠩᠰᠠᠨ ᠠᠴᠠ ᠲᠠᠶᠢᠯᠬᠤ ᠬᠡᠪᠴᠢᠶ᠎ᠠ | ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠳᠤ ᠣᠷᠣᠯᠴᠠᠬᠰᠠᠨ | ᠬᠡᠣᠬᠡᠳ ᠤᠨ ᠲᠦᠷᠦᠯᠬᠢ ᠶᠢᠨ ᠴᠢᠨᠠᠷᠳᠠᠢ ᠵᠢᠷᠣᠬᠡᠨ ᠡᠪᠡᠳᠴᠢᠨ᠂ ᠲᠦᠷᠭᠡᠨ ᠴᠢᠨᠠᠷᠳᠠᠢ ᠴᠢᠰᠣ ᠴᠠᠶᠢᠬᠤ ᠡᠪᠡᠳᠴᠢᠨ᠂ | ᠬᠦᠨᠳᠣ ᠴᠢᠨᠠᠷᠳᠠᠢ ᠮᠡᠳᠡᠷᠡᠯ ᠤᠨ ᠡᠪᠡᠳᠴᠢᠨ᠂ ᠬᠦᠨᠳᠣᠷᠡᠯᠳᠠ ᠶᠢᠨ ᠬᠤᠭᠤᠴᠠᠭᠠᠨ ᠳᠤ ᠣᠷᠣᠬᠰᠠᠨ ᠣᠳᠠᠭᠠᠨ | ᠴᠢᠨᠠᠷᠳᠠᠢ ᠪᠦᠬᠡᠷᠡᠨ ᠡᠪᠡᠳᠴᠢᠨ᠂ ᠡᠮᠡᠭᠳᠡᠶᠢᠴᠣᠳ ᠤᠨ ᠬᠦᠬᠦᠨ ᠪᠣᠯᠴᠢᠷᠬᠠᠢ ᠶᠢᠨ ᠦᠮᠡᠨ᠂ ᠡᠮᠡᠭᠳᠡᠶᠢᠴᠣᠳ ᠤᠨ | ᠰᠠᠪᠠᠨ ᠤ ᠬᠦᠵᠦᠬᠦᠨ ᠤ ᠦᠮᠡᠨ᠂ ᠬᠦᠨᠳᠣ ᠶᠡᠭᠡ ᠮᠡᠳᠡᠷᠡᠯ ᠤᠨ ᠡᠪᠡᠳᠴᠢᠨ᠂ ᠠᠶᠢᠽ ᠡᠪᠡᠳᠴᠢᠨ ᠳᠤ ᠲᠠᠮ ᠢᠶᠠᠷ | ᠬᠠᠯᠳᠠᠪᠦᠷᠢᠯᠠᠬᠳᠠᠬᠰᠠᠳ᠂ ᠣᠯᠠᠨ ᠡᠮ ᠳᠤ ᠲᠠᠭᠠᠭᠠᠮᠠᠭᠠᠢ ᠠᠭᠤᠰᠬᠢᠨ ᠤ ᠰᠦᠷᠢᠶ᠎ᠠ᠂ ᠠᠭᠤᠰᠬᠢᠨ ᠤ ᠦᠮᠠᠨ᠂ | ᠣᠯᠠᠭᠠᠨ ᠬᠤᠭᠤᠯᠠᠢ ᠶᠢᠨ ᠦᠮᠠᠨ᠂ ᠬᠤᠳᠣᠭᠤᠳᠣᠨ ᠤ ᠦᠮᠡᠨ᠂ ᠬᠤᠳᠣᠷᠢᠩᠬᠠᠢ ᠬᠡᠳᠡᠰᠣᠨ ᠤ ᠦᠮᠡᠨ᠂ | ᠬᠤᠰᠬᠢᠨᠠᠭ ᠤᠨ ᠦᠮᠡᠨ᠂ ᠣᠳᠠᠭᠠᠨ ᠴᠢᠨᠠᠷᠳᠠᠢ ᠮᠦᠬᠦᠯᠢᠭ ᠡᠰ ᠤᠨ ᠴᠢᠰᠣ ᠴᠠᠶᠢᠬᠤ ᠡᠪᠡᠳᠴᠢᠨ᠂ ᠲᠦᠷᠬᠡᠨ | ᠴᠢᠨᠠᠷᠳᠠᠢ ᠵᠢᠷᠣᠬᠡᠨ ᠪᠣᠯᠴᠢᠩ ᠤᠨ ᠲᠦᠭᠵᠢᠷᠡᠯ᠂ ᠲᠠᠷᠢᠬᠢᠨ ᠳᠤ ᠴᠢᠰᠣ ᠬᠠᠷᠪᠣᠬᠤ᠂ ᠴᠢᠰᠣ ᠭᠤᠭᠤᠵᠢᠮᠠᠳᠠᠭᠠᠢ | ᠡᠪᠡᠳᠴᠢᠨ᠂ I ᠬᠡᠯᠪᠡᠷᠢᠳᠣ ᠰᠢᠬᠢᠷ ᠰᠢᠵᠢᠩ ᠡᠪᠡᠳᠴᠢᠨ᠂ ᠣᠷᠰᠢᠬᠳᠣ ᠪᠠᠭ᠋ᠣᠣ᠂ ᠣᠷᠣᠭᠤᠯ ᠲᠠᠩᠨᠠᠢ ᠰᠡᠳᠡᠷᠬᠦ᠂ | ᠪᠷᠦ᠋ᠽᠧᠯ ᠰᠠᠪᠬᠠᠨᠴᠢᠷ ᠪᠠᠺ᠊ᠳ᠋᠊ᠤᠷᠢ ᠡᠪᠡᠳᠴᠢᠨ᠃ | | | ᠬᠤᠳᠠᠯᠳᠣᠭᠠᠨ ᠤ ᠲᠠᠭᠠᠳᠬᠠᠯ ᠳᠤ ᠣᠷᠣᠯᠴᠠᠭᠤᠯᠬᠤ ᠬᠡᠪᠴᠢᠶ᠎ᠠ | ᠡᠮᠡᠭᠳᠡᠶᠢᠴᠣᠳ ᠤᠨ ᠬᠦᠬᠦᠨ ᠪᠣᠯᠴᠢᠷᠬᠠᠢ ᠶᠢᠨ ᠦᠮᠡᠨ᠂ ᠡᠮᠡᠭᠳᠡᠶᠢᠴᠣᠳ ᠤᠨ ᠰᠠᠪᠠᠨ ᠤ ᠬᠦᠵᠦᠬᠦᠨ ᠤ | ᠦᠮᠡᠨ᠂ ᠠᠭᠤᠰᠬᠢᠨ ᠤ ᠦᠮᠠᠨ᠂ ᠣᠯᠠᠭᠠᠨ ᠬᠤᠭᠤᠯᠠᠢ ᠶᠢᠨ ᠦᠮᠠᠨ᠂ ᠬᠤᠳᠣᠭᠤᠳᠣᠨ ᠤ ᠦᠮᠡᠨ᠂ ᠬᠤᠳᠣᠷᠢᠩᠬᠠᠢ | ᠬᠡᠳᠡᠰᠣᠨ ᠤ ᠦᠮᠡᠨ᠂ ᠬᠤᠰᠬᠢᠨᠠᠭ ᠤᠨ ᠦᠮᠡᠨ᠂ ᠲᠦᠷᠬᠡᠨ ᠴᠢᠨᠠᠷᠳᠠᠢ ᠵᠢᠷᠣᠬᠡᠨ ᠪᠣᠯᠴᠢᠩ ᠤᠨ ᠲᠦᠭᠵᠢᠷᠡᠯ᠂ | ᠲᠠᠷᠢᠬᠢᠨ ᠳᠤ ᠴᠢᠰᠣ ᠬᠠᠷᠪᠣᠬᠤ᠂ ᠣᠳᠠᠭᠠᠨ ᠴᠢᠨᠠᠷᠳᠠᠢ ᠮᠦᠬᠦᠯᠢᠭ ᠡᠰ ᠤᠨ ᠴᠢᠰᠣ ᠴᠠᠶᠢᠬᠤ ᠡᠪᠡᠳᠴᠢᠨ᠂ ᠴᠢᠰᠣ | ᠭᠤᠭᠤᠵᠢᠮᠠᠳᠠᠭᠠᠢ ᠡᠪᠡᠳᠴᠢᠨ ᠪᠠ ᠠᠶᠢᠽ ᠵᠡᠷᠭᠡ 12 ᠵᠦᠢᠯ ᠤᠨ ᠡᠪᠡᠳᠴᠢᠨ ᠳᠤ ᠭᠠᠭᠴᠠ ᠲᠦᠷᠦᠯ ᠤᠨ | ᠡᠪᠡᠳᠴᠢᠨ ᠤ ᠬᠡᠯᠪᠡᠷᠢ ᠪᠠᠷ ᠬᠤᠳᠠᠯᠳᠣᠭᠠᠨ ᠤ ᠲᠠᠭᠠᠳᠬᠠᠯ ᠳᠤ ᠣᠷᠣᠯᠴᠠᠭᠤᠯᠣᠨ ᠪᠠᠳᠣᠯᠠᠭ᠎ᠠ ᠬᠠᠩᠭᠠᠨ᠎ᠠ᠃ | | | ᠲᠠᠩᠰᠠᠨ ᠠᠴᠠ ᠲᠠᠶᠢᠯᠬᠤ ᠬᠠᠷᠢᠴᠠᠯ | ᠪᠦᠬᠦ ᠣᠷᠣᠨ ᠤ ᠬᠡᠪᠴᠢᠶᠡᠨ ᠲᠣᠳᠣᠷᠠᠬᠢ ᠨᠢᠬᠡᠳᠣᠬᠡᠷ ᠲᠡᠰ ᠤᠨ ᠡᠮᠨᠡᠯᠭᠡ ᠶᠢᠨ ᠬᠤᠷᠢᠶ᠎ᠠ ᠬᠤᠳᠠ | ᠪᠠᠯᠭᠠᠰᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠳᠤ ᠪᠦᠷ | ᠬᠦᠬᠡ ᠲᠦᠷᠦᠯ ᠤᠨ ᠡᠮ ᠤᠨ ᠵᠦᠢᠯ᠂ ᠣᠯᠣᠰ ᠤᠨ ᠦᠨᠳᠣᠰᠣᠨ ᠡᠮ ᠤᠨ ᠵᠦᠢᠯ ᠪᠠ ᠶᠡᠷᠣ ᠶᠢᠨ ᠬᠡᠷᠡᠭᠯᠡᠳᠡᠭ ᠡᠮ ᠢ | ᠬᠡᠷᠡᠭᠯᠡᠪᠡᠯ ᠰᠠᠶ᠋ᠢ ᠲᠠᠩᠰᠠᠨ ᠠᠴᠠ ᠲᠠᠶᠢᠯᠵᠣ ᠦᠭᠬᠦᠨ᠎ᠠ᠂ ᠲᠣᠭᠳᠠᠭᠠᠯ ᠠᠴᠠ ᠭᠠᠳᠠᠭᠤᠷᠬᠢ ᠡᠮ ᠢ ᠬᠡᠷᠡᠭᠯᠡᠪᠡᠯ | ᠲᠠᠩᠰᠠᠨ ᠠᠴᠠ ᠲᠠᠶᠢᠯᠵᠣ ᠦᠭᠬᠦ ᠦᠭᠡᠢ᠃ | ᠪᠦᠬᠦ ᠣᠷᠣᠨ ᠤ ᠬᠡᠪᠴᠢᠶᠡᠨ ᠲᠣᠳᠣᠷᠠᠬᠢ ᠬᠤᠶᠠᠳᠣᠭᠠᠷ ᠲᠡᠰ ᠤᠨ ᠡᠮᠨᠡᠯᠭᠡ ᠶᠢᠨ ᠬᠤᠷᠢᠶ᠎ᠠ ᠬᠤᠳᠠ | ᠪᠠᠯᠭᠠᠰᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠳᠤ ᠬᠦᠬᠡ | ᠲᠦᠷᠦᠯ ᠤᠨ ᠡᠮ ᠤᠨ ᠵᠦᠢᠯ᠂ ᠣᠯᠣᠰ ᠤᠨ ᠦᠨᠳᠣᠰᠣᠨ ᠡᠮ ᠤᠨ ᠵᠦᠢᠯ ᠪᠠ ᠶᠡᠷᠣ ᠶᠢᠨ ᠬᠡᠷᠡᠭᠯᠡᠳᠡᠭ ᠡᠮ ᠢ | ᠬᠡᠷᠡᠭᠯᠡᠪᠡᠯ᠂ ᠪᠦᠬᠦ ᠰᠦᠢᠳᠭᠡᠯ ᠤᠨ 80% ᠠᠴᠠ ᠲᠡᠭᠡᠭᠰᠢᠬᠢ ᠶᠢ ᠲᠠᠩᠰᠠᠨ ᠠᠴᠠ ᠲᠠᠶᠢᠯᠵᠣ ᠦᠭᠬᠦᠨ᠎ᠠ᠂ | ᠲᠣᠭᠳᠠᠭᠠᠯ ᠠᠴᠠ ᠭᠠᠳᠠᠭᠤᠷᠬᠢ ᠡᠮ ᠢ ᠬᠡᠷᠡᠭᠯᠡᠪᠡᠯ᠂ ᠲᠠᠩᠰᠠᠨ ᠠᠴᠠ ᠲᠠᠶᠢᠯᠬᠤ ᠬᠠᠷᠢᠴᠠᠯ ᠨᠢ ᠪᠦᠬᠦ ᠰᠦᠢᠳᠭᠡᠯ ᠤᠨ | 5% ᠶᠢ ᠬᠡᠳᠣᠷᠡᠵᠣ ᠪᠣᠯᠬᠤ ᠦᠭᠡᠢ᠃ | ᠪᠦᠬᠦ ᠣᠷᠣᠨ ᠤ ᠬᠡᠪᠴᠢᠶᠡᠨ ᠲᠣᠳᠣᠷᠠᠬᠢ ᠭᠤᠷᠪᠠᠳᠣᠭᠠᠷ ᠲᠡᠰ ᠤᠨ ᠡᠮᠨᠡᠯᠭᠡ ᠶᠢᠨ ᠬᠤᠷᠢᠶ᠎ᠠ ᠬᠤᠳᠠ | ᠪᠠᠯᠭᠠᠰᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠳᠤ ᠬᠦᠬᠡ | ᠲᠦᠷᠦᠯ ᠤᠨ ᠡᠮ ᠤᠨ ᠵᠦᠢᠯ᠂ ᠣᠯᠣᠰ ᠤᠨ ᠦᠨᠳᠣᠰᠣᠨ ᠡᠮ ᠤᠨ ᠵᠦᠢᠯ ᠪᠠ ᠶᠡᠷᠣ ᠶᠢᠨ ᠬᠡᠷᠡᠭᠯᠡᠳᠡᠭ ᠡᠮ ᠢ | ᠬᠡᠷᠡᠭᠯᠡᠪᠡᠯ᠂ ᠪᠦᠬᠦ ᠰᠦᠢᠳᠭᠡᠯ ᠤᠨ 60% ᠠᠴᠠ ᠲᠡᠭᠡᠭᠰᠢᠬᠢ ᠶᠢ ᠲᠠᠩᠰᠠᠨ ᠠᠴᠠ ᠲᠠᠶᠢᠯᠵᠣ ᠦᠭᠬᠦᠨ᠎ᠠ᠂ | ᠲᠣᠭᠳᠠᠭᠠᠯ ᠠᠴᠠ ᠭᠠᠳᠠᠭᠤᠷᠬᠢ ᠡᠮ ᠢ ᠬᠡᠷᠡᠭᠯᠡᠪᠡᠯ᠂ ᠲᠠᠩᠰᠠᠨ ᠠᠴᠠ ᠲᠠᠶᠢᠯᠬᠤ ᠬᠠᠷᠢᠴᠠᠯ ᠨᠢ 10% ᠶᠢ ᠬᠡᠳᠣᠷᠡᠵᠣ | ᠪᠣᠯᠬᠤ ᠦᠭᠡᠢ᠃ | ᠮᠠᠨ ᠤ ᠣᠷᠣᠨ ᠪᠠᠰᠠ ᠨᠢᠬᠡ ᠪᠦᠯᠦᠭ ᠰᠢᠨ᠎ᠠ ᠨᠡᠮᠡᠭᠳᠡᠭᠰᠡᠨ ᠡᠮ ᠤᠨ ᠵᠦᠢᠯ ᠢ ᠬᠤᠳᠠ ᠪᠠᠯᠭᠠᠰᠣᠨ ᠤ | ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠬᠡᠪᠴᠢᠶᠡᠨ ᠳᠤ | ᠣᠷᠣᠭᠤᠯᠣᠬᠰᠠᠨ ᠪᠠᠶᠢᠨ᠎ᠠ᠃ ᠨᠡᠶᠢᠳᠡ 1988 ᠲᠦᠷᠦᠯ ᠵᠦᠢᠯ᠂ ᠡᠬᠦᠨ ᠤ ᠲᠣᠳᠣᠷ᠎ᠠ ᠬᠢᠳᠠᠳ ᠡᠸᠦ᠋ᠷᠦᠫᠠ ᠡᠮ | 1052 ᠵᠦᠢᠯ᠂ ᠬᠢᠳᠠᠳ ᠨᠠᠶᠢᠷᠠᠯᠭ᠎ᠠ ᠶᠢᠨ ᠡᠮ 720᠂ ᠦᠨᠳᠣᠰᠣᠳᠠᠨ ᠤ ᠡᠮ 216 ᠵᠦᠢᠯ᠂ ᠬᠠᠪᠣᠳᠠᠷ ᠢ | ᠡᠮᠨᠡᠨ ᠵᠠᠰᠠᠬᠤ ᠡᠮ 4 ᠲᠦᠷᠦᠯ ᠤᠨ 29 ᠵᠦᠢᠯ ᠪᠠᠶᠢᠨ᠎ᠠ᠃ ᠡᠬᠦᠨ ᠤ ᠲᠣᠳᠣᠷ᠎ᠠ ᠲᠣᠬᠳᠠᠭᠰᠠᠨ ᠴᠡᠭ ᠤᠨ | ᠡᠮᠨᠡᠯᠭᠡ ᠶᠢᠨ ᠬᠤᠷᠢᠶᠠᠨ ᠳᠤ ᠡᠮᠨᠡᠨ ᠵᠠᠰᠠᠭᠤᠯᠪᠠᠯ ᠣᠯᠣᠰ ᠤᠨ ᠦᠨᠳᠣᠰᠣᠨ ᠡᠮ ᠤᠨ ᠵᠦᠢᠯ ᠢ ᠲᠠᠩᠰᠠᠨ ᠠᠴᠠ | ᠲᠠᠶᠢᠯᠬᠤ ᠬᠠᠷᠢᠴᠠᠯ ᠢ 10% ᠨᠡᠮᠡᠭᠳᠡᠭᠦᠯᠵᠣ᠂ ᠦᠨᠳᠣᠰᠣᠳᠠᠨ ᠤ ᠡᠮ ᠤᠨ ᠵᠦᠢᠯ ᠢ ᠲᠠᠩᠰᠠᠨ ᠠᠴᠠ ᠲᠠᠶᠢᠯᠬᠤ | ᠬᠠᠷᠢᠴᠠᠯ ᠢ 15% ᠨᠡᠮᠡᠭᠳᠡᠬᠦᠯᠪᠠ᠂ ᠬᠡᠷᠪᠡ ᠬᠦᠬᠡᠭᠴᠢᠨ ᠲᠦᠷᠦᠯ ᠤᠨ ᠡᠮ ᠢ ᠬᠡᠷᠡᠭᠯᠡᠪᠡᠯ 90% ᠶᠢ ᠨᠢ | ᠲᠠᠩᠰᠠᠨ ᠠᠴᠠ ᠲᠠᠶᠢᠯᠬᠤ ᠰᠠᠭᠤᠷᠢ ᠲᠣᠭᠠᠨ ᠳᠤ ᠣᠷᠣᠭᠤᠯᠪᠠ᠃ | | | ᠬᠤᠳᠠᠯᠳᠣᠭᠠᠨ ᠤ ᠲᠠᠭᠠᠳᠬᠠᠯ ᠤᠨ ᠲᠠᠩᠰᠠᠨ ᠠᠴᠠ ᠲᠠᠶᠢᠯᠬᠤ ᠬᠠᠷᠢᠴᠠᠯ | ᠭᠠᠭᠴᠠ ᠲᠦᠷᠦᠯ ᠤᠨ ᠡᠪᠡᠳᠴᠢᠨ ᠤ ᠵᠦᠢᠯ ᠤᠨ ᠬᠤᠳᠠᠯᠳᠣᠭᠠᠨ ᠤ ᠲᠠᠭᠠᠳᠬᠠᠯ ᠳᠤ ᠣᠷᠣᠯᠴᠠᠬᠰᠠᠨ 12 | ᠵᠦᠢᠯ ᠤᠨ ᠡᠪᠡᠳᠴᠢᠨ ᠳᠤ ᠬᠤᠳᠠᠯᠳᠣᠭᠠᠨ ᠤ ᠲᠠᠭᠠᠳᠬᠠᠯ ᠤᠨ ᠺᠣᠮᠫᠠᠨᠢ ᠠᠴᠠ ᠨᠦᠬᠦᠪᠦᠷᠢ ᠦᠭᠬᠦᠨ᠎ᠠ᠂ ᠪᠣᠳᠠᠳᠠᠢ | ᠨᠦᠬᠦᠪᠦᠷᠢ ᠦᠭᠬᠦ ᠬᠠᠷᠢᠴᠠᠯ ᠨᠢ 70% ᠠᠴᠠ ᠲᠣᠣᠷ᠎ᠠ ᠪᠠᠶᠢᠵᠣ ᠪᠣᠯᠬᠤ ᠦᠭᠡᠢ᠂ ᠨᠦᠬᠦᠪᠦᠷᠢᠯᠡᠬᠦ ᠬᠡᠪᠴᠢᠶ᠎ᠠ ᠨᠢ | ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ ᠨᠦᠯᠦᠬᠡ ᠶᠢ ᠬᠦᠷᠳᠡᠬᠦ ᠦᠭᠡᠢ᠂ | ᠦᠬᠡᠷ᠎ᠠ ᠪᠠᠷ ᠬᠡᠯᠡᠪᠡᠯ ᠬᠤᠶᠠᠷ ᠵᠦᠢᠯ ᠤᠨ ᠲᠠᠭᠠᠳᠬᠠᠯ ᠤᠨ ᠠᠰᠢᠭ ᠢ ᠬᠠᠮᠳᠣ ᠪᠠᠷ ᠡᠳ᠋ᠯᠡᠵᠣ ᠪᠣᠯᠣᠨ᠎ᠠ᠃ | ᠣᠷᠣᠭᠤᠯ ᠲᠠᠩᠨᠠᠢ ᠶᠢᠨ ᠰᠡᠳᠡᠷᠭᠡᠢ ᠶᠢ ᠵᠠᠰᠠᠬᠤ ᠮᠠᠰᠠ ᠵᠠᠰᠠᠯ ᠢ ᠬᠠᠩᠰᠢ ᠲᠣᠬᠳᠠᠭᠠᠨ ᠬᠢᠵᠠᠭᠠᠷᠯᠠᠵᠣ ᠮᠠᠰᠠ | ᠵᠠᠰᠠᠯ ᠬᠢᠯᠬᠡᠵᠣ᠂ 70% ᠶᠢ ᠨᠢ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ | ᠲᠠᠭᠠᠳᠬᠠᠯ ᠠᠴᠠ ᠲᠠᠩᠰᠠᠨ ᠠᠴᠠ ᠲᠠᠶᠢᠯᠵᠣ᠂ ᠪᠣᠰᠣᠳ ᠬᠡᠰᠡᠭ ᠢ ᠨᠢ ᠨᠢᠬᠦᠯᠡᠰᠦᠩᠬᠦᠢ ᠶᠢᠨ ᠪᠠᠶᠢᠭᠤᠯᠭ᠎ᠠ ᠠᠴᠠ | ᠨᠦᠬᠦᠪᠦᠷᠢ ᠦᠭᠬᠦᠨ᠎ᠠ᠃ | I ᠬᠡᠯᠪᠡᠷᠢᠳᠣ ᠰᠢᠬᠢᠷ ᠰᠢᠵᠢᠩ ᠡᠪᠡᠳᠴᠢᠨ᠂ ᠣᠷᠰᠢᠬᠳᠣ ᠪᠠᠭ᠋ᠣᠣ ᠶᠢᠨ 2 ᠵᠦᠢᠯ ᠤᠨ ᠣᠳᠠᠭᠠᠨ ᠴᠢᠨᠠᠷᠳᠠᠢ | ᠡᠪᠡᠳᠴᠢᠨ ᠳᠤ ᠦᠭᠬᠦ ᠨᠦᠬᠦᠪᠦᠷᠢ ᠨᠢ 70% ᠠᠴᠠ ᠲᠡᠭᠡᠭᠰᠢ ᠪᠠᠶᠢᠬᠤ ᠬᠡᠷᠡᠭᠳᠡᠢ᠃ | | | | ᠣᠨᠴᠠᠭᠠᠢ ᠡᠪᠡᠳᠴᠢᠨ ᠳᠤ ᠦᠭᠬᠦ ᠨᠦᠬᠦᠪᠦᠷᠢ | ᠡᠯ᠎ᠠ ᠱᠠᠳᠣᠨ ᠤ ᠬᠤᠳᠠ ᠪᠠᠯᠭᠠᠰᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠤᠨ | ᠲᠣᠭᠳᠠᠬᠰᠠᠨ ᠴᠡᠭ ᠤᠨ ᠡᠮ ᠡᠮᠨᠡᠯᠭᠡ ᠶᠢᠨ ᠪᠠᠶᠢᠭᠤᠯᠭ᠎ᠠ ᠨᠢᠬᠡ ᠪᠦᠯᠦᠭ ᠲᠦᠷᠦᠯ ᠵᠦᠢᠯ ᠤᠨ ᠨᠦᠬᠦᠪᠦᠷᠢ ᠶᠢᠨ | ᠬᠠᠷᠢᠴᠠᠯ ᠢ ᠣᠣᠯ ᠤᠨ 60% ᠪᠠᠶᠢᠬᠰᠠᠨ ᠢ ᠦᠰᠭᠡᠭᠡᠳ 80% ᠪᠣᠯᠭᠠᠪᠠ᠃ ᠵᠢᠷᠣᠭᠡᠨ ᠤ ᠯᠣᠬᠰᠢᠭᠤᠯᠣᠬᠴᠢ᠂ | ᠵᠣᠬᠢᠶᠠᠮᠠᠯ ᠦᠶ᠎ᠠ ᠬᠡᠰᠢᠬᠦᠣ᠂ ᠵᠣᠬᠢᠶᠠᠮᠠᠯ ᠬᠤᠭᠤᠯᠠᠢ᠂ ᠵᠣᠬᠢᠶᠠᠮᠠᠯ ᠲᠣᠮᠳᠠ ᠴᠢᠮᠣᠬᠡᠨ ᠤ ᠶᠠᠰᠣ᠂ ᠬᠡᠣᠬᠡᠳ ᠤᠨ | ᠵᠣᠬᠢᠶᠠᠮᠠᠯ ᠴᠢᠬᠢᠨ ᠤ ᠲᠣᠩ᠂ ᠬᠡᠣᠬᠡᠳ ᠤᠨ ᠲᠦᠷᠦᠯᠬᠢ ᠶᠢᠨ ᠴᠢᠨᠠᠷᠳᠠᠢ ᠵᠢᠷᠣᠬᠡᠨ ᠡᠪᠡᠳᠴᠢᠨ ᠳᠤ | ᠯᠣᠬᠰᠢᠭᠤᠯᠣᠬᠴᠢ ᠲᠠᠭᠠᠷᠠᠭᠤᠯᠬᠤ᠂ ᠰᠣᠳᠠᠯ ᠲᠣᠳᠣᠷ᠎ᠠ ᠲᠣᠯᠣᠭᠤᠷ ᠲᠠᠭᠠᠷᠠᠭᠤᠯᠬᠤ ᠵᠡᠷᠭᠡ ᠪᠡᠶ᠎ᠠ ᠲᠣᠳᠣᠷ᠎ᠠ | ᠵᠣᠬᠢᠶᠠᠮᠠᠯ ᠡᠷᠭᠡᠳᠡᠨ ᠲᠠᠭᠠᠷᠠᠭᠤᠯᠬᠤ ᠰᠦᠢᠳᠭᠡᠯ ᠢ ᠦᠪᠡᠷ ᠢᠶᠠᠨ ᠣᠷᠢᠳ ᠢᠶᠠᠷ 30% ᠲᠣᠰᠢᠶᠠᠵᠣ ᠪᠠᠶᠢᠬᠰᠠᠨ ᠢ | ᠪᠠᠭᠤᠷᠠᠭᠤᠯᠵᠣ 20% ᠪᠣᠯᠭᠠᠵᠣ᠂ 80% ᠶᠢᠨ ᠨᠦᠬᠦᠪᠦᠷᠢ ᠦᠭᠬᠦ ᠪᠣᠯᠭᠠᠪᠠ︔ ᠲᠡᠭᠡᠷ᠎ᠠ ᠲᠣᠷᠠᠳᠣᠬᠰᠠᠨ ᠪᠡᠶ᠎ᠠ | ᠲᠣᠳᠣᠷ᠎ᠠ ᠲᠠᠭᠠᠷᠠᠭᠤᠯᠬᠤ ᠵᠣᠬᠢᠶᠠᠮᠠᠯ ᠡᠷᠭᠡᠳᠡᠨ ᠢ ᠣᠯᠣᠰ ᠤᠨ ᠭᠠᠳᠠᠨ᠎ᠠ ᠠᠴᠠ ᠣᠷᠣᠭᠤᠯᠣᠬᠰᠠᠨ ᠪᠣᠯ ᠦᠪᠡᠷ ᠢᠶᠠᠨ | ᠣᠷᠢᠳ ᠢᠶᠠᠷ 60% ᠲᠣᠰᠢᠶᠠᠵᠣ ᠪᠠᠶᠢᠬᠰᠠᠨ ᠢ ᠪᠠᠭᠤᠷᠠᠭᠤᠯᠵᠣ 50% ᠪᠣᠯᠭᠠᠨ᠂ 50% ᠶᠢᠨ ᠨᠦᠬᠦᠪᠦᠷᠢ | ᠦᠭᠬᠦ ᠪᠣᠯᠭᠠᠪᠠ᠃ | ᠵᠣᠬᠢᠶᠠᠭᠴᠢ᠄ ᠶᠢᠨ ᠭᠠᠩ ᠬᠡᠰᠢᠭᠪᠦᠶᠠᠨ ᠪᠣᠣ ᠴᠢᠩ ᠱᠧᠩ | ᠨᠠᠶᠢᠷᠠᠭᠤᠯᠤᠭᠴᠢ᠄ ᠰᠠᠴᠣᠷᠠ | | |