ᠨᠢᠭᠡ᠂ ᠲᠠᠭᠠᠳᠬᠠᠯ ᠳᠤ ᠤᠷᠤᠯᠴᠠᠬᠤ ᠱᠠᠭᠠᠷᠳᠠᠯᠭ᠎ᠠ | ᠪᠦᠬᠦᠯᠢ16ᠨᠠᠰᠤᠨ ᠳᠤ ᠬᠦᠷᠴᠦ ︵ᠰᠤᠷᠭᠠᠭᠤᠯᠢ ᠳᠤ ᠰᠠᠭᠤᠭ᠎ᠠ ᠰᠤᠷᠤᠭᠴᠢ ᠶᠢ ᠪᠠᠭᠳᠠᠭᠠᠬᠤ ᠦᠭᠡᠢ︶᠂ | ᠤᠯᠤᠰ ᠤᠨ ᠪᠠᠶᠢᠭᠤᠯᠤᠯᠭ᠎ᠠ ᠨᠢᠭᠡᠴᠡ ᠪᠤᠯᠤᠨ ᠠᠵᠢᠯ ᠤᠶᠢᠯᠡᠰ ᠤᠨ ᠨᠢᠭᠡᠴᠡ ᠶᠢᠨ ᠠᠵᠢᠯᠳᠡᠳ ᠠᠴᠠ ᠪᠤᠰᠤᠳ ᠬᠦᠮᠦᠨ | ᠵᠢᠴᠢ ᠠᠵᠢᠯᠳᠡᠳ ᠠᠵᠢᠯᠴᠢᠨ ᠤ ᠦᠨᠳᠦᠰᠦᠨ ᠠᠰᠠᠷᠠᠮᠵᠢ ᠶᠢᠨ ᠲᠠᠭᠠᠳᠬᠠᠯ ᠤᠨ ᠪᠠᠶᠢᠭᠤᠯᠤᠯ ᠤᠨ ᠬᠦᠷᠢᠶ᠎ᠡ ᠬᠡᠪᠴᠢᠶᠡᠨ ᠳᠤ | ᠪᠠᠭᠳᠠᠬᠤ ᠦᠭᠡᠢ ᠬᠤᠳᠠ ᠬᠦᠳᠡᠭᠡ ᠶᠢᠨ ᠰᠠᠭᠤᠭᠠᠯᠢ ᠠᠷᠠᠳ ᠨᠢ ᠡᠷᠦᠬᠡ ᠠᠮᠠ ᠶᠢᠨ ᠪᠠᠶᠢᠭ᠎ᠠ ᠭᠠᠵᠠᠷ ᠲᠠᠭᠠᠨ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠲᠠᠭᠠᠳᠬᠠᠯ ᠳᠤ ᠤᠷᠤᠯᠴᠠᠵᠦ ᠪᠤᠯᠤᠨ᠎ᠠ᠃ | ᠬᠤᠶᠠᠷ᠂ ᠲᠠᠭᠠᠳᠬᠠᠯ ᠤᠨ ᠰᠤᠶᠢᠳᠭᠡᠯ ᠢ ᠲᠤᠰᠢᠶᠠᠬᠤ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠨᠢ ᠵᠢᠯ ︵ᠤᠨ︶ ᠢᠶᠠᠷ ᠰᠤᠶᠢᠳᠭᠡᠯ | ᠲᠤᠰᠢᠶᠠᠬᠤ ᠶᠢ ᠬᠡᠷᠡᠭᠵᠢᠭᠦᠯᠵᠦ᠂ ᠰᠤᠶᠢᠳᠭᠡᠯ ᠲᠤᠰᠢᠶᠠᠬᠤ ᠬᠤᠭᠤᠴᠠᠭ᠎ᠠ ᠨᠢ ᠵᠠᠷᠯᠠᠨ ᠨᠡᠶᠢᠳᠡᠯᠡᠭᠰᠡᠨ ᠡᠳᠦᠷ | ᠬᠤᠭᠤᠴᠠᠭ᠎ᠠ ᠪᠠᠷ ᠪᠠᠷᠢᠮᠵᠢᠶ᠎ᠠ ᠪᠤᠯᠭᠠᠨ᠎ᠠ᠂ ᠬᠤᠭᠤᠴᠠᠭ᠎ᠠ ᠬᠡᠳᠦᠷᠡᠭᠰᠡᠨ ᠪᠤᠯ ᠨᠦᠬᠦᠵᠦ ᠲᠤᠰᠢᠶᠠᠬᠤ ᠪᠠᠷ ᠦᠵᠡᠵᠦ᠂ | ᠨᠦᠬᠦᠵᠦ ᠲᠤᠰᠢᠶᠠᠬᠤ ᠨᠢ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠨᠦᠬᠦᠪᠦᠷᠢ ᠶᠢ ᠬᠦᠷᠳᠡᠵᠦ ᠲᠡᠶᠢᠯᠬᠦ ᠦᠭᠡᠢ᠃ | ᠭᠤᠷᠪᠠ᠂ ᠤᠳᠤᠬᠢ ᠱᠠᠳᠤᠨ ᠤ ᠬᠤᠪᠢ ᠬᠦᠮᠦᠨ ᠤ ᠰᠤᠶᠢᠳᠭᠡᠯ ᠲᠤᠰᠢᠶᠠᠬᠤ ᠵᠢᠴᠢ ᠡᠳ᠋ ᠤᠨ ᠵᠠᠰᠠᠭ ᠤᠨ | ᠨᠦᠬᠦᠪᠦᠷᠢ ᠶᠢᠨ ᠪᠠᠷᠢᠮᠵᠢᠶ᠎ᠠ ︵ ᠢᠯᠡᠭᠦᠦ ᠲᠤᠰᠢᠶᠠᠪᠠᠯ ᠢᠯᠡᠭᠦᠦ ᠨᠦᠬᠦᠪᠦᠷᠢ ᠤᠯᠤᠨ᠎ᠠ︶ | ᠤᠳᠤᠬᠠᠨ ᠳᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠬᠤᠪᠢ ᠬᠦᠮᠦᠨ ᠤ | ᠵᠢᠯ ᠤᠨ ᠰᠤᠶᠢᠳᠭᠡᠯ ᠲᠤᠰᠢᠶᠠᠬᠤ ᠪᠠᠷᠢᠮᠵᠢᠶ᠎ᠠ ᠶᠢ13 ᠲᠡᠰ ᠬᠤᠪᠢᠶᠠᠵᠤ᠂ ᠲᠠᠭᠠᠳᠬᠠᠯ ᠤᠷᠤᠯᠴᠠᠬᠤ ᠬᠦᠮᠦᠨ ᠰᠤᠶᠢᠳᠭᠡᠯ | ᠲᠤᠰᠢᠶᠠᠬᠤ ᠲᠡᠰ ᠢᠶᠠᠨ ᠦᠪᠡᠰᠤᠪᠡᠨ ᠰᠤᠩᠭᠤᠵᠦ ᠪᠤᠯᠤᠨ᠎ᠠ ᠃ ᠵᠠᠰᠠᠭ ᠤᠨ ᠤᠷᠳᠤᠨ ᠤ ᠡᠳ᠋ ᠤᠨ ᠵᠠᠰᠠᠭ ᠠᠴᠠ | ᠲᠠᠭᠠᠳᠬᠠᠯ ᠳᠤ ᠤᠷᠤᠯᠴᠠᠬᠤ ᠰᠤᠶᠢᠳᠭᠡᠯ ᠲᠤᠰᠢᠶᠠᠬᠤ ᠬᠦᠮᠦᠰ ᠲᠤ ᠨᠦᠬᠦᠪᠦᠷᠢ ᠬᠠᠩᠭᠠᠨ ᠦᠭᠴᠦ᠂ ᠢᠯᠡᠭᠦᠦ ᠲᠤᠰᠢᠶᠠᠪᠠᠯ | ᠢᠯᠡᠭᠦᠦ ᠨᠦᠬᠦᠪᠦᠷᠢ ᠤᠯᠤᠨ᠎ᠠ᠃ ᠪᠤᠳᠠᠳᠠᠢ ᠰᠤᠶᠢᠳᠭᠡᠯ ᠲᠤᠰᠢᠶᠠᠬᠤ ᠵᠢᠴᠢ ᠨᠦᠬᠦᠪᠦᠷᠢ ᠶᠢᠨ ᠪᠠᠷᠢᠮᠵᠢᠶ᠎ᠠ ᠨᠢ ᠲᠤᠤᠷᠠᠬᠢ | ᠮᠡᠳᠦ᠄ | ᠬᠤᠪᠢ ᠬᠦᠮᠦᠨ ᠤ ᠰᠤᠶᠢᠳᠭᠡᠯ ᠲᠤᠰᠢᠶᠠᠬᠤ ᠲᠡᠰ 100 200 300 400 500 | 600 700 | ᠡᠳ᠋ ᠤᠨ ᠵᠠᠰᠠᠭ ᠠᠴᠠ ᠨᠦᠬᠦᠪᠦᠷᠢ ᠦᠭᠬᠦ ᠪᠠᠷᠢᠮᠵᠢᠶ᠎ᠠ 30 35 40 45 60 | 65 70 | ᠬᠤᠪᠢ ᠬᠦᠮᠦᠨ ᠤ ᠰᠤᠶᠢᠳᠭᠡᠯ ᠲᠤᠰᠢᠶᠠᠬᠤ ᠲᠡᠰ 800 900 1000 1500 2000 | 3000 | ᠡᠳ᠋ ᠤᠨ ᠵᠠᠰᠠᠭ ᠠᠴᠠ ᠨᠦᠬᠦᠪᠦᠷᠢ ᠦᠭᠬᠦ ᠪᠠᠷᠢᠮᠵᠢᠶ᠎ᠠ 75 80 85 85 85 | 85 | ᠲᠦᠷᠪᠡ᠂ ᠨᠠᠰᠤᠵᠢᠯ ᠤᠨ ᠮᠦᠩᠭᠦᠨ ᠤ ᠬᠠᠷᠠᠭᠠᠯᠵᠠᠯ | ᠲᠠᠭᠠᠳᠬᠠᠯ ᠳᠤ ᠤᠷᠤᠯᠴᠠᠬᠤ ᠬᠦᠮᠦᠰ ᠤᠨ ᠰᠠᠷ᠎ᠠ ᠪᠦᠷᠢ ᠶᠢᠨ ᠤᠯᠬᠤ ᠨᠠᠰᠤᠵᠢᠯ ᠤᠨ ᠮᠦᠩᠬᠦ ᠨᠢ ᠦᠨᠳᠦᠰᠦᠨ | ᠨᠠᠰᠦᠵᠢᠯ ᠤᠨ ᠮᠦᠩᠬᠦ ᠪᠤᠯᠤᠨ ᠬᠤᠪᠢ ᠬᠦᠮᠦᠨ ᠤ ᠲᠠᠩᠰᠠ ᠡᠷᠦᠬᠡ ᠶᠢᠨ ᠨᠠᠰᠤᠵᠢᠯ ᠤᠨ ᠮᠦᠩᠬᠦ ᠠᠴᠠ ᠪᠦᠷᠢᠯᠳᠦᠵᠦ᠂ | ᠨᠠᠰᠤᠨ ᠲᠤᠷᠰᠢᠳᠡ ᠤᠯᠭᠤᠨ᠎ᠠ᠃ | ᠬᠤᠪᠢ ᠬᠦᠮᠦᠨ ᠤ ᠲᠠᠩᠰᠠ ᠡᠷᠦᠬᠡ ᠶᠢᠨ ᠨᠠᠰᠤᠵᠢᠯ ᠤᠨ ᠮᠦᠩᠬᠦ ᠶᠢ ᠪᠤᠳᠤᠬᠤ ᠠᠷᠭ᠎ᠠ ᠨᠢ᠄ ᠬᠤᠪᠢ ᠬᠦᠮᠦᠨ ᠤ | ᠲᠠᠩᠰᠠ ᠡᠷᠦᠬᠡ ᠶᠢᠨ ᠬᠤᠷᠠᠮᠳᠤᠭᠤᠯᠤᠭᠰᠠᠨ ᠪᠦᠬᠦ ᠲᠤᠭ᠎ᠠ ᠶᠢ ᠬᠤᠪᠢ ᠬᠦᠮᠦᠨ ᠤ ᠲᠠᠩᠰᠠ ᠡᠷᠦᠬᠡ ᠶᠢᠨ ᠨᠠᠰᠤᠵᠢᠯ ᠤᠨ | ᠮᠦᠩᠬᠦ ᠶᠢ ᠪᠤᠳᠤᠬᠤ ᠰᠠᠷ᠎ᠠ ᠶᠢᠨ ᠲᠤᠭ᠎ᠠ139 ᠪᠠᠷ ᠬᠤᠪᠢᠶᠠᠨ᠎ᠠ᠃ ᠲᠠᠷᠤᠢ᠄ ᠬᠤᠪᠢ ᠬᠦᠮᠦᠨ ᠤ ᠲᠠᠩᠰᠠ | ᠡᠷᠦᠬᠡ ᠵᠢᠨᠨᠠᠰᠤᠵᠢᠯ ᠤᠨ ᠮᠦᠩᠬᠦ ᠶᠢᠨ ᠰᠠᠷ᠎ᠠ ᠶᠢᠨ ᠪᠠᠷᠢᠮᠵᠢᠶ᠎ᠠ= ᠬᠤᠪᠢ ᠬᠦᠮᠦᠨ ᠤ ᠲᠠᠩᠰᠠ ᠡᠷᠦᠬᠡ ᠶᠢᠨ | ᠬᠤᠷᠠᠮᠳᠤᠭᠤᠯᠤᠭᠰᠠᠨ ᠪᠦᠬᠦ ᠲᠤᠭ᠎ᠠ÷139᠃ ᠤᠳᠤᠬᠢ ᠱᠠᠳᠤᠨ ᠳᠠᠬᠢ ᠦᠨᠳᠦᠰᠦᠨ ᠠᠰᠠᠷᠠᠮᠵᠢ ᠶᠢᠨ ᠮᠦᠩᠬᠦ ᠶᠢᠨ | ᠪᠠᠷᠢᠮᠵᠢᠶ᠎ᠠ᠄ | ᠨᠠᠰᠤ ᠵᠢᠯ 60-69 ᠪᠦᠬᠦᠯᠢ ᠨᠠᠰᠤ 70-79 ᠪᠦᠬᠦᠯᠢ ᠨᠠᠰᠤ 80 ᠪᠦᠬᠦᠯᠢ ᠨᠠᠰᠤᠨ ᠠᠴᠠ | ᠲᠡᠭᠡᠭᠰᠢ | ᠦᠨᠳᠦᠰᠦᠨ ᠨᠠᠰᠤᠵᠢᠯ ᠤᠨ ᠮᠦᠩᠬᠦ 143 ᠲᠦᠭᠦᠷᠢᠭ 153 ᠲᠦᠭᠦᠷᠢᠭ 163 ᠲᠦᠭᠦᠷᠢᠭ | ᠲᠠᠪᠤ᠂ ᠬᠦᠨᠳᠦ ᠵᠡᠮᠳᠡᠭᠴᠦᠳ᠂ ᠲᠤᠤᠷ᠎ᠠ ᠪᠠᠳᠤᠯᠠᠭᠠᠳᠤ ᠲᠠᠪᠤᠨ ᠪᠠᠳᠤᠯᠠᠭᠠᠳᠤ ᠬᠦᠮᠦᠰ ᠪᠤᠯᠤᠨ ᠲᠠᠩᠰᠠᠯᠠᠵᠤ | ᠺᠡᠷᠲ᠋ᠠᠯᠠᠭᠰᠠᠨ ᠶᠠᠳᠠᠭᠤ ᠬᠦᠴᠢᠷᠳᠡᠯ ᠠᠴᠠ ᠠᠩᠬᠢᠵᠢᠷᠠᠭᠠᠳᠤᠢ ᠬᠦᠮᠦᠰ ᠡᠳ᠋ ᠤᠨ ᠵᠠᠰᠠᠭ ᠤᠨ ᠰᠤᠶᠢᠳᠭᠡᠯ ᠲᠤᠰᠢᠶᠠᠬᠤ | ᠨᠦᠬᠦᠪᠦᠷᠢ ᠶᠢ ᠬᠦᠷᠳᠡᠨ᠎ᠡ᠃ ᠬᠦᠨᠳᠦ ᠵᠡᠮᠳᠡᠭᠴᠦᠳ ︵ ᠨᠢᠭᠡᠳᠦᠭᠡᠷ ᠲᠡᠰ᠂ ᠬᠤᠶᠠᠳᠤᠭᠠᠷ ᠲᠡᠰ︶ ᠲᠤᠤᠷ᠎ᠠ ᠪᠠᠳᠤᠯᠠᠭᠠᠳᠤ | ᠲᠠᠪᠤᠨ ᠪᠠᠳᠤᠯᠠᠭᠠᠳᠤ ᠬᠦᠮᠦᠰ ᠪᠤᠯᠤᠨ ᠲᠠᠩᠰᠠᠯᠠᠵᠤ ᠺᠡᠷᠲ᠋ᠠᠯᠠᠭᠰᠠᠨ ᠶᠠᠳᠠᠭᠤ ᠬᠦᠴᠢᠷᠳᠡᠯ ᠠᠴᠠ ᠠᠩᠬᠢᠵᠢᠷᠠᠭᠠᠳᠤᠢ ᠬᠦᠮᠦᠰ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠦᠵᠢᠯ ᠤᠨ ᠲᠠᠭᠠᠳᠬᠠᠯ ᠢ ᠤᠷᠤᠯᠴᠠᠬᠤ ᠳᠤ᠂ ᠡᠳ᠋ ᠤᠨ | ᠵᠠᠰᠠᠭ ᠠᠴᠠ ᠵᠢᠯ ᠪᠦᠷᠢ ᠶᠢᠨ 100 ᠲᠦᠭᠦᠷᠢᠭ ᠤᠨ ᠰᠤᠶᠢᠳᠭᠡᠯ ᠲᠤᠰᠢᠶᠠᠬᠤ ᠨᠦᠬᠦᠪᠦᠷᠢ ᠤᠯᠭᠤᠨ᠎ᠠ᠃ | ᠵᠢᠷᠭᠤᠭ᠎ᠠ᠂ ᠲᠠᠩᠰᠠ ᠠᠴᠠ ᠬᠠᠰᠤᠬᠤ ᠪᠠ ᠵᠠᠷᠤᠳᠠᠯ ᠪᠤᠴᠠᠭᠠᠬᠤ | ᠲᠠᠭᠠᠳᠬᠠᠯ ᠳᠤ ᠤᠷᠤᠯᠴᠠᠭᠰᠠᠳ ᠠᠴᠠ ᠨᠠᠰᠤ ᠪᠠᠷᠠᠬᠤ᠂ ᠭᠠᠳᠠᠭᠠᠳᠤ ᠳᠤ ᠭᠠᠷᠴᠤ ᠰᠠᠭᠤᠷᠢᠰᠢᠬᠤ ᠡᠰᠡᠭᠦᠯ᠎ᠡ | ᠪᠠᠶᠢᠭᠤᠯᠤᠯᠭ᠎ᠠ ᠠᠵᠢᠯ ᠤᠶᠢᠯᠡᠰ ᠤᠨ ᠨᠢᠭᠡᠴᠡ ᠶᠢᠨ ᠨᠠᠰᠤᠵᠢᠯ ᠤᠨ ᠲᠠᠭᠠᠳᠬᠠᠯ ᠵᠡᠷᠭᠡ ᠪᠤᠰᠤᠳ ᠨᠡᠶᠢᠭᠡᠮ ᠤᠨ | ᠨᠠᠰᠤᠵᠢᠯ ᠤᠨ ᠲᠠᠭᠠᠳᠬᠠᠯ ᠤᠨ ᠮᠦᠩᠬᠦ ᠶᠢ ᠬᠦᠷᠳᠡᠵᠦ ᠪᠠᠶᠢᠭ᠎ᠠ ᠬᠤᠳᠠ ᠪᠠᠯᠭᠠᠰᠤ ᠶᠢᠨ ᠠᠵᠢᠯᠳᠡᠳ ᠤᠨ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠨᠠᠰᠦᠵᠢᠯ ᠤᠨ ᠲᠠᠭᠠᠳᠬᠠᠯ ᠤᠨ ᠬᠠᠷᠢᠴᠠᠭ᠎ᠠ ᠶᠢ ᠨᠢ ᠵᠤᠭᠰᠤᠭᠠᠨ᠂ ᠲᠠᠩᠰᠠ ᠠᠴᠠ | ᠬᠠᠰᠤᠵᠦ ᠲᠠᠩᠰᠠᠯᠠᠨ᠎ᠠ᠃ ᠭᠡᠬᠦ ᠳᠡᠭᠡᠨ ᠴᠢᠰᠤᠨ ᠲᠦᠷᠦᠯ ᠤᠨ ᠬᠠᠷᠢᠴᠠᠭ᠎ᠠ ᠲᠠᠢ ᠬᠦᠮᠦᠰ ᠲᠤ ᠨᠢ ᠲᠤᠭ᠎ᠠ ᠶᠤᠰᠤᠭᠠᠷ | ᠬᠤᠪᠢ ᠬᠦᠮᠦᠨ ᠤ ᠲᠠᠩᠰᠠ ᠡᠷᠦᠬᠡ ᠶᠢᠨ ᠵᠤᠭᠤᠰ ᠶᠢ ᠪᠤᠴᠠᠭᠠᠨ ᠦᠭᠭᠦᠨ᠎ᠡ᠃ | | ︵ᠨᠡᠶᠢᠭᠡᠮ ᠤᠨ ᠪᠠᠳᠤᠯᠠᠭ᠎ᠠ ᠠᠵᠢᠯ ᠤᠶᠢᠯᠡᠰ ᠤᠨ ᠬᠠᠮᠢᠶᠠᠷᠤᠯᠳᠠ ᠶᠢᠨ ᠲᠤᠪᠴᠢᠶ᠎ᠠ ᠶᠢᠨ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠲᠠᠰᠤᠭ︶ |