ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 8 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠴᠧᠨ ᠹᠠᠩ᠂ ᠴᠢᠦᠶ ᠲᠢᠩ᠂ ᠲᠢᠶᠠᠨ ᠰᠢᠶᠣᠤ ᠬᠠᠩ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮ ᠡᠮᠨᠡᠯᠭᠡ ᠶᠢᠨ ᠲᠠᠭᠠᠳᠬᠠᠯ ᠳᠤ ᠣᠷᠣᠯᠴᠠᠭᠰᠠᠨ 3 ᠳ᠋ᠦᠩᠰᠢᠭᠤᠷ ᠭᠠᠷᠤᠶ ᠴᠢᠰᠤᠨ ᠳᠠᠷᠤᠯᠲᠠ ᠥᠨᠳᠥᠷ | ᠡᠪᠡᠳᠴᠢᠳᠠᠨ᠂ ᠰᠢᠬᠢᠷ ᠰᠢᠵᠢᠩ ᠡᠪᠡᠳᠴᠢᠲᠡᠨ ᠲᠦᠷᠦᠭᠦᠬᠡᠨ ︽ᠠᠰᠢᠬᠳᠠᠢ ᠴᠢᠮᠡᠭᠡ︾ ᠤᠯᠪᠠ᠄ ᠲᠡᠲᠡᠨ ᠤ | ᠤᠯᠤᠰ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠬᠡᠷᠡᠭᠯᠡᠬᠦ ᠡᠮ ᠤᠨ ᠭᠠᠷᠴᠠᠭ ᠤᠨ ᠬᠡᠪᠴᠢᠶᠡᠨ | ᠳᠣᠲᠣᠷᠠᠬᠢ ᠡᠭᠦᠳᠡᠨ ᠡᠮᠨᠡᠯᠭᠡ ᠳᠤ ᠡᠮ ᠬᠡᠷᠡᠭᠯᠡᠭᠰᠡᠨ ᠵᠠᠷᠤᠳᠠᠯ ᠤᠨ ᠲᠠᠩᠰᠠᠠ ᠠᠴᠠ ᠲᠠᠶᠢᠯᠬᠤ ᠬᠠᠷᠢᠴᠠᠯ ᠢ | 50% ᠠᠴᠠ ᠳᠡᠭᠡᠭᠰᠢ ᠪᠣᠯᠲᠠᠯ᠎ᠠ ᠲᠡᠭᠡᠭᠰᠢᠯᠡᠭᠦᠯᠪᠡ᠃ ᠡᠮᠦᠨᠡᠭᠡᠨ᠂ ᠮᠠᠨ ᠤ ᠤᠯᠤᠰ ᠤᠨ ᠣᠯᠠᠨ ᠭᠠᠵᠠᠷ ᠤᠨ ᠬᠢᠨ | ᠡᠭᠦᠳᠡᠨ ᠡᠮᠨᠡᠯᠭᠡ ᠶᠢᠨ ᠬᠦᠨᠳᠦ ᠡᠪᠡᠳᠴᠢᠨ ᠪᠤᠶᠤ ᠤᠳᠠᠭᠠᠨ ᠴᠢᠨᠠᠷᠲᠠᠶ ᠡᠪᠡᠳᠴᠢᠨ ᠤ ᠪᠠᠲᠤᠯᠠᠭ᠎ᠠ ᠶᠢᠨ | ᠲᠣᠭᠲᠠᠴᠠ ᠪᠠᠷ ᠳᠠᠮᠵᠢᠭᠤᠯᠤᠨ᠂ ᠡᠪᠡᠳᠴᠢᠨ ᠤ ᠪᠠᠶᠢᠳᠠᠯ ᠨᠢ ᠬᠦᠨᠳᠦ ᠨᠣᠴᠢᠲᠠᠶ᠂ ᠵᠣᠬᠢᠬᠤ ᠡᠪᠡᠳᠴᠢᠨ ᠤ | ᠪᠠᠶᠢᠳᠠᠯ ᠳᠤ ᠲᠣᠬᠢᠷᠠᠬᠤ ᠵᠠᠷᠢᠮ ᠴᠢᠰᠤᠨ ᠳᠠᠷᠤᠯᠲᠠ ᠥᠨᠳᠥᠷ ᠡᠪᠡᠳᠴᠢᠳᠠᠨ᠂ ᠰᠢᠬᠢᠷ ᠰᠢᠵᠢᠩ ᠡᠪᠡᠳᠴᠢᠲᠡᠨ ᠤ | ᠡᠪᠡᠳᠴᠢᠨ ᠤ ᠳᠠᠷᠤᠭᠠᠰᠤ ᠶᠢ ᠬᠥᠩᠭᠡᠷᠡᠭᠦᠯᠵᠡᠶ᠃ ᠭᠡᠪᠡᠴᠦ ᠡᠯ᠎ᠡ ᠭᠠᠵᠠᠷ ᠤᠨ ᠡᠭᠦᠳᠡᠨ ᠡᠮᠨᠡᠯᠭᠡ ᠶᠢᠨ ᠤᠳᠠᠭᠠᠨ | ᠴᠢᠨᠠᠷᠲᠠᠶ ᠡᠪᠡᠳᠴᠢᠨ ᠤ ᠪᠠᠲᠤᠯᠠᠭ᠎ᠠ ᠬᠠᠨᠭ᠍ᠭᠠᠬᠤ ᠨᠥᠬᠦᠴᠡᠯ ᠨᠢ ᠨᠡᠶᠢᠳᠡᠮ ᠳᠡᠭᠡᠨ ᠨᠡᠯᠢᠶᠡᠳ ᠥᠨᠳᠥᠷ ᠪᠠᠶᠢᠵᠤ᠂ | ᠡᠷᠴᠢᠮ ᠨᠢ ᠴᠦ ᠠᠳᠠᠯᠢ ᠥᠬᠡᠶ ᠪᠠᠶᠢᠨ᠎ᠠ᠃ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠡᠷᠡᠭᠦᠯ ᠬᠠᠮᠠᠭᠠᠯᠠᠯ ᠤᠨ ᠬᠥᠭᠵᠢᠯᠲᠡ ᠶᠢᠨ ᠰᠤᠳᠤᠯᠭᠠᠨ ᠤ ᠲᠥᠪ ᠤᠨ ᠰᠤᠳᠤᠯᠤᠭᠴᠢ᠂ ᠡᠮ ᠡᠮᠨᠡᠯᠭᠡ ᠶᠢᠨ | ᠪᠠᠲᠤᠯᠠᠭ᠎ᠠ ᠶᠢᠨ ᠰᠤᠳᠤᠯᠭᠠᠨ ᠤ ᠲᠠᠰᠤᠭ ᠤᠨ ᠡᠷᠬᠢᠯᠡᠭᠴᠢ ᠭᠦ᠋ ᠰᠢᠤᠸᠠᠢ ᠹᠸᠢ ᠬᠡᠯᠡᠭᠦ ᠳᠡᠭᠡᠨ᠂ ᠮᠠᠨ ᠤ ᠤᠯᠤᠰ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠪᠠ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠭᠡᠵᠦ ᠬᠤᠪᠢᠶᠠᠨ᠎ᠠ᠃ ᠡᠨᠡᠭᠦ ᠡᠮ | ᠡᠮᠨᠡᠯᠭᠡ ᠶᠢᠨ ᠳᠠᠭᠠᠳᠬᠠᠯ ᠤᠨ ᠰᠢᠨ᠎ᠠ ᠠᠷᠭ᠎ᠠ ᠠᠪᠴᠠᠯ ᠨᠢ ᠠᠰᠢᠭ ᠬᠦᠷᠲᠡᠭᠰᠡᠳ ᠢ ︽ᠳᠡᠰ ᠲᠡᠪᠰᠢᠭᠦᠯᠵᠦ︾᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠠᠬᠢ ᠡᠩ ᠤᠨ ᠴᠢᠰᠤᠨ ᠲᠠᠷᠤᠯᠲᠠ | ᠥᠨᠳᠥᠷ ᠡᠪᠡᠳᠴᠢᠳᠠᠨ᠂ ᠰᠢᠬᠢᠷ ᠰᠢᠵᠢᠩ ᠡᠪᠡᠳᠴᠢᠲᠡᠨ ᠢ ᠬᠠᠮᠤᠷᠴᠠᠶ︔ ᠬᠤᠶᠠᠷ ᠶᠡᠭᠡ ᠤᠳᠠᠭᠠᠨ ᠴᠢᠨᠠᠷᠲᠠᠶ | ᠡᠪᠡᠳᠴᠢᠨ ᠤ ᠡᠭᠦᠳᠡᠨ ᠡᠮᠨᠡᠯᠭᠡ ᠶᠢᠨ ᠳᠠᠩᠰᠠᠨ ᠠᠴᠠ ᠲᠠᠶᠢᠯᠬᠤ ᠬᠠᠷᠢᠴᠠᠯ ᠢ ᠨᠡᠮᠡᠭᠳᠡᠭᠦᠯᠦᠭᠰᠡᠨ ᠨᠢ ᠬᠡᠳᠦᠨ | ᠳ᠋ᠦᠩᠰᠢᠭᠤᠷ ᠡᠪᠡᠳᠴᠢᠲᠡᠨ ᠤ ᠡᠮ ᠡᠮᠨᠡᠯᠭᠡ ᠶᠢᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠭᠦ ᠪᠤᠯᠤᠨ᠎ᠠ | ᠬᠡᠪᠡ᠃ |