| ᠯᠢᠶᠠᠩᠴᠧᠩ ᠵᠠᠰᠠᠭ ᠠᠯᠪᠠᠨ ᠲᠠᠷᠬᠠᠭᠠᠭᠰᠠᠨ ︹ 2019 ︺ 29 ᠳ᠋ᠦᠭᠡᠷ ᠲᠣᠭᠠᠲᠤ | ︽ᠯᠢᠶᠠᠩᠴᠧᠩ ᠰᠢᠶᠠᠨ ᠤ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠨᠢ ᠪᠠᠲᠤᠯᠠᠵᠤ | ᠰᠤᠷᠤᠯᠭ᠎ᠠ ᠶᠢ ᠨᠢ ᠰᠡᠷᠭᠦᠭᠡᠬᠦ ᠶᠢ ᠢᠳᠬᠠᠬᠤ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠪᠠᠶᠢᠭᠤᠯᠤᠯᠭ᠎ᠠ ᠳᠤ᠄ | ᠲᠥᠪ ᠤᠨ ᠨᠠᠢᠮᠠᠳᠤᠭᠠᠷ ᠲᠤᠭᠤᠷᠢᠨ ᠪᠠᠶᠢᠴᠠᠭᠠᠬᠤ ᠲᠤᠭᠤᠶᠢᠯᠠᠩ ᠠᠴᠠ ᠥᠪᠥᠷ ᠮᠣᠩᠭᠤᠯ ᠳᠤ ᠶᠠᠳᠠᠭᠤ ᠠᠴᠠ | ᠠᠩᠭᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ | ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ | ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ | ᠬᠢᠬᠦ ᠶᠢᠨ ᠲᠤᠰᠠᠳᠠ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠵᠤ ᠰᠤᠷᠤᠯᠭ᠎ᠠ ᠪᠠᠨ ᠳᠣᠷᠭᠤᠨ ᠵᠣᠭᠰᠣᠭᠰᠠᠨ | ᠰᠤᠷᠤᠭᠴᠢᠳ ᠤᠨ ᠦᠨᠡᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠪᠠ ᠢᠳᠬᠠᠨ ᠪᠤᠴᠠᠭᠠᠬᠤ ᠠᠵᠢᠯ ᠢ ᠰᠠᠶᠢᠲᠤᠷ | ᠬᠢᠬᠦ ᠲᠤᠬᠠᠶ ᠪᠠᠴᠢᠮ ᠮᠡᠳᠡᠭᠳᠡᠯ︾ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠨᠴᠠᠭᠠᠶᠢᠯᠠᠨ ᠲᠤᠰ ᠲᠥᠰᠦᠯ ᠢ | ᠲᠣᠭᠲᠠᠭᠠᠪᠠ᠃ | ᠨᠢᠭᠡ᠂ ᠤᠯᠤᠰ ᠲᠥᠷᠥ ᠶᠢᠨ ᠵᠤᠭᠰᠤᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠨ᠂ ᠵᠣᠬᠢᠴᠠᠭᠤᠯᠤᠨ ᠬᠠᠮᠵᠢᠯᠴᠠᠭ᠎ᠠ ᠪᠠᠨ ᠴᠢᠩᠭᠠᠷᠠᠭᠤᠯᠬᠤ ᠬᠡᠷᠡᠭᠲᠡᠢ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠨ ᠰᠤᠷᠤᠯᠭ᠎ᠠ ᠶᠢ ᠨᠢ ᠪᠠᠲᠤᠯᠠᠬᠤ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠰᠢᠶᠠᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠯᠢᠶᠠᠩᠴᠧᠩ ᠰᠢᠶᠠᠨ ᠤ ᠰᠤᠷᠤᠯᠭ᠎ᠠ ᠪᠠᠨ ᠳᠣᠷᠭᠤᠨ | ᠵᠣᠭᠰᠣᠬᠤ ᠶᠢ ᠬᠢᠵᠠᠭᠠᠷᠯᠠᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠨᠢ ᠪᠠᠲᠤᠯᠠᠵᠤ | ᠰᠤᠷᠤᠯᠭ᠎ᠠ ᠪᠠᠨ ᠰᠡᠷᠭᠦᠭᠡᠬᠦ ᠶᠢ ᠢᠳᠬᠠᠨ ᠪᠠᠶᠢᠴᠠᠭᠠᠬᠤ ᠠᠵᠢᠯ ᠤᠨ ᠲᠤᠭᠤᠶᠢᠯᠠᠩ ᠢ ᠪᠠᠶᠢᠭᠤᠯᠤᠨ᠎ᠠ᠃ | ᠳᠤᠭᠤᠶᠢᠯᠠᠩ ᠤᠨ ᠳᠠᠷᠤᠭ᠎ᠠ᠄ ᠱᠢ ᠼᠦᠢ ᠴᠢᠨ ᠵᠠᠰᠠᠭ ᠤᠨ ᠣᠷᠳᠣᠨ ᠤ ᠰᠢᠶᠠᠨ ᠤ ᠳᠡᠳ᠋ ᠳᠠᠷᠤᠭ᠎ᠠ᠃ | ᠲᠡᠳ᠋ ᠳᠤᠭᠤᠶᠢᠯᠠᠩ ᠤᠨ ᠳᠠᠷᠤᠭ᠎ᠠ᠄ ᠸᠠᠩ ᡁᠢ ᠹᠡ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ | ᠳ᠋ᠠᠶ ᠵᠢᠶᠠᠨ ᠵᠦᠩ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ | ᠭᠡᠰᠢᠭᠦᠨ᠄ ᠳ᠋ᠠᠶ ᠴᠢᠩ ᠾᠧ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠨᠠᠮ ᠤᠨ ᠬᠤᠷᠢᠶᠠᠨ ᠤ ᠭᠡᠰᠢᠭᠦᠨ | ᠺᠠᠩ ᠰᠢᠤ ᠫᠢᠩ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠵᠤᠤ ᠭᠦᠸᠧ ᠵᠥᠩ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ | ᠼᠤᠤ ᠽᠧ ᠶᠦᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶᠠᠨ ᠤ ᠳᠡᠳ᠋ ᠳᠠᠷᠤᠭ᠎ᠠ | ᠸᠠᠩ ᠡᠯ ᠱᠦᠨ ᠵᠡᠮᠳᠡᠭᠴᠦᠳ ᠤᠨ ᠬᠤᠯᠪᠣᠭ᠎ᠠ ᠶᠢᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ | ᠳ᠋ᠧᠩ ᠬᠠᠢ ᠳ᠋ᠦᠩ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ | ᠠᠵᠢᠯᠯᠠᠬᠤ ᠳᠤᠭᠤᠶᠢᠯᠠᠩ ᠤᠨ ᠠᠯᠪᠠᠨ ᠭᠡᠷ ᠢ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ | ᠪᠠᠶᠢᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠳ᠋ᠠᠶ ᠵᠢᠶᠠᠨ ᠵᠦᠩ ᠨᠥᠬᠦᠷ ᠬᠠᠪᠰᠤᠷᠭᠠᠨ ᠬᠠᠷᠢᠭᠤᠴᠠᠵᠤ᠂ | ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠪᠣᠯ ᠡᠷᠬᠡᠪᠰᠢ ᠭᠦᠢᠴᠡᠳᠭᠡᠬᠦ | ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠮᠥᠨ᠃ ᠡᠯ᠎ᠡ ᠨᠢᠭᠡᠴᠡ᠂ ᠡᠯ᠎ᠡ ᠰᠢᠶᠠᠩ ᠪᠠᠯᠭᠠᠰᠤ ᠨᠤᠭᠤᠳ | ᠤᠯᠤᠰ ᠲᠥᠷᠥ ᠶᠢᠨ ᠬᠠᠷᠢᠭᠤᠴᠠᠯᠭ᠎ᠠ ᠪᠠᠨ ᠳᠡᠭᠡᠭᠰᠢᠯᠡᠭᠦᠯᠦᠨ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠬᠤ᠂ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶ᠎ᠡ ᠪᠣᠯᠤᠨ ᠤᠷᠤᠨ ᠲᠣᠭᠤᠷᠢᠭ ᠤᠨ ᠳᠣᠲᠣᠷᠠᠬᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠪᠦᠬᠦ | ᠲᠠᠯ᠎ᠠ ᠪᠠᠷ ᠬᠠᠷᠢᠭᠤᠴᠠᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠬᠦᠴᠢᠷᠳᠡᠯᠲᠡᠶ ᠶᠢ ᠬᠠᠪᠰᠤᠷᠤᠨ ᠰᠤᠷᠤᠯᠭ᠎ᠠ ᠶᠢ ᠲᠡᠳᠬᠦᠬᠦ ᠳᠦᠷᠢᠮ ᠢ ᠲᠡᠭᠦᠯᠳᠡᠷᠵᠢᠭᠦᠯᠦᠨ᠂ ᠰᠤᠷᠬᠤ ᠨᠠᠰᠤᠨ ᠤ ᠬᠡᠤᠬᠡᠳ | ᠪᠠᠭᠠᠴᠤᠳ ᠤᠨ ᠰᠤᠷᠭᠠᠭᠤᠯᠢ ᠳᠤ ᠣᠷᠣᠬᠤ ᠶᠢ ᠵᠣᠬᠢᠶᠠᠨ ᠪᠠᠶᠢᠭᠤᠯᠬᠤ ᠪᠠ ᠰᠢᠮᠳᠠᠭᠤᠯᠵᠤ᠂ ᠵᠣᠬᠢᠴᠠᠭᠤᠯᠤᠨ | ᠬᠠᠮᠵᠢᠯᠴᠠᠬᠤ ᠪᠠᠨ ᠴᠢᠩᠭᠠᠷᠠᠭᠤᠯᠤᠨ᠂ ᠠᠵᠢᠯ ᠤᠨ ᠨᠢᠭᠳᠠᠷᠠᠯ ᠤᠨ ᠬᠦᠴᠦᠨ ᠢ ᠪᠤᠢ ᠪᠣᠯᠭᠠᠵᠤ᠂ ᠢᠳᠬᠠᠨ ᠪᠤᠴᠠᠭᠠᠬᠤ | ᠠᠵᠢᠯ ᠢ ᠰᠠᠶᠢᠲᠤᠷ ᠬᠢᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ | ᠬᠠᠷᠠᠯᠲᠠ ᠶᠢ ᠪᠡᠶᠡᠯᠡᠭᠦᠯᠬᠦ ᠬᠡᠷᠡᠭᠲᠡᠶ᠃ | ᠬᠤᠶᠠᠷ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠨᠠᠷᠢᠨ ᠨᠢᠮᠪᠠᠶ ᠪᠠᠶᠢᠷᠢᠯᠠᠭᠤᠯᠤᠨ᠂ ᠬᠢᠨᠠᠮᠠᠭᠠᠶ | ᠵᠢᠭᠰᠠᠭᠠᠨ ᠪᠠᠶᠢᠴᠠᠭᠠᠬᠤ ᠬᠡᠷᠡᠭᠲᠡᠶ | ᠭᠡᠷ ᠲᠤᠨᠢ ᠬᠦᠷᠴᠦ ᠡᠷᠦᠬᠡ ᠳᠤ ᠬᠦᠷᠭᠡᠬᠦ ᠠᠷᠭ᠎ᠠ ᠮᠠᠶ᠋ᠢᠭ ᠢ ᠠᠪᠴᠤ ᠪᠠᠶᠢᠭᠠᠳ ᠰᠤᠷᠤᠯᠭ᠎ᠠ ᠠᠯᠳᠠᠭᠰᠠᠨ | ᠬᠡᠤᠬᠡᠳ ᠤᠨ ᠪᠠᠶᠢᠳᠠᠯ ᠢ ᠬᠢᠨᠠᠨ ᠪᠠᠶᠢᠴᠠᠭᠠᠵᠤ᠂ ︽ᠰᠤᠷᠤᠯᠭ᠎ᠠ ᠠᠯᠳᠠᠭᠰᠠᠨ ᠬᠡᠤᠬᠡᠳ ᠢ ᠬᠢᠨᠠᠨ ᠪᠠᠶᠢᠴᠠᠭᠠᠭᠰᠠᠨ ᠦᠷ᠎ᠡ | ᠳ᠋ᠦᠩ ᠢ ᠲᠥᠷᠥᠯ ᠬᠤᠪᠢᠶᠠᠨ ᠪᠦᠷᠢᠳᠬᠡᠬᠦ ᠪᠠᠷᠢᠮᠵᠢᠶ᠎ᠠ︾ ᠳᠤ ᠵᠢᠭᠰᠠᠭᠠᠭᠰᠠᠨ ᠪᠠᠶᠢᠳᠠᠯ ᠤᠨ ᠶᠣᠰᠣᠭᠠᠷ ᠬᠢᠨᠠᠨ ᠲᠣᠳᠣᠯᠠᠵᠤ | ᠲᠥᠷᠥᠯ ᠬᠤᠪᠢᠶᠠᠨ ᠠᠩᠭᠢᠯᠠᠵᠤ᠂ ᠰᠤᠷᠬᠤ ᠨᠠᠰᠤᠨ ᠤ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠬᠦ | ᠦᠭᠡᠢ ᠪᠠᠶᠢᠭ᠎ᠠ ᠪᠠᠶᠢᠳᠠᠯ ᠢ ᠪᠦᠬᠦ ᠲᠠᠯ᠎ᠠ ᠪᠠᠷ ᠣᠨᠣᠪᠴᠢᠲᠠᠶ ᠡᠵᠡᠮᠰᠢᠬᠦ ᠬᠡᠷᠡᠭᠲᠡᠶ᠃ | 1 ᠰᠤᠷᠭᠠᠨ ᠬᠥᠮᠦᠵᠢᠯ ᠵᠠᠰᠠᠭ ᠵᠠᠬᠢᠷᠭᠠᠨ ᠤ ᠰᠠᠯᠠᠭ᠎ᠠ ᠮᠥᠴᠢᠷ᠃ ᠡᠨᠡᠬᠦ ᠠᠵᠢᠯ ᠤᠨ ᠲᠦᠷᠦᠭᠦᠯᠡᠬᠦ ᠰᠠᠯᠠᠭ᠎ᠠ | ᠮᠥᠴᠢᠷ ᠲᠤ᠂ ᠭᠤᠤᠯᠳᠠᠭᠤ ᠡᠯ᠎ᠡ ᠰᠠᠯᠠᠭ᠎ᠠ ᠮᠥᠴᠢᠷ ᠲᠠᠢ ᠬᠠᠷᠢᠯᠴᠠᠵᠤ ᠨᠡᠪᠲᠡᠷᠡᠯᠴᠡᠬᠦ᠂ ᠮᠡᠳᠡᠭᠡ ᠵᠠᠩᠭᠢ ᠴᠤᠭᠯᠠᠭᠤᠯᠬᠤ᠂ | ᠮᠡᠳᠡᠭᠦᠯᠬᠦ ᠬᠦᠰᠦᠨᠦᠭᠲᠦ ᠶᠢ ᠡᠮᠬᠢᠯᠡᠬᠦ ᠠᠵᠢᠯ ᠢ ᠬᠠᠷᠢᠭᠤᠴᠠᠵᠤ᠂ ᠰᠤᠷᠭᠠᠭᠤᠯᠢ ᠶᠢ ᠵᠢᠯᠣᠭᠤᠳᠤᠨ ᠬᠢᠨᠠᠨ ᠪᠠᠶᠢᠴᠠᠭᠠᠵᠤ | ᠢᠳᠬᠠᠬᠤ ᠪᠠ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠨ ᠰᠤᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ | ᠬᠢᠵᠦ᠂ ᠰᠤᠷᠭᠠᠭᠤᠯᠢ ᠳᠤ ᠣᠷᠣᠵᠤ ᠰᠤᠷᠤᠯᠴᠠᠵᠤ ᠲᠡᠶᠢᠯᠬᠦ ᠦᠭᠡᠢ ᠰᠤᠷᠤᠭᠴᠢᠳ ᠲᠤ ︽ᠰᠤᠷᠭᠠᠨ ᠬᠥᠮᠦᠵᠢᠯ ᠢ ᠭᠡᠷ ᠲᠤᠨᠢ | ᠬᠦᠷᠭᠡᠬᠦ︾ ᠤᠶᠢᠯᠡᠴᠢᠯᠡᠭᠡᠨ ᠬᠠᠩᠭᠠᠬᠤ ᠬᠡᠷᠡᠭᠲᠡᠶ᠃ ᠬᠡᠷᠡᠭᠵᠢᠭᠦᠯᠬᠦ ᠲᠥᠰᠦᠯ ᠲᠣᠭᠲᠠᠭᠠᠵᠤ᠂ ᠲᠣᠭᠲᠠᠭᠰᠠᠨ ᠴᠠᠭ ᠲᠠᠭᠠᠨ | ᠲᠦᠯᠬᠢᠨ ᠠᠬᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠤᠨ | ᠬᠠᠷᠠᠯᠲᠠ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ | 2 ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ᠃ ᠲᠤᠰᠬᠠᠶ ᠬᠥᠮᠦᠨ ᠲᠤᠬᠢᠷᠠᠭᠤᠯᠤᠨ᠂ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠯᠦᠭᠡ ᠵᠣᠯᠭᠠᠭᠤᠯᠬᠤ ᠶᠢ ᠬᠠᠷᠢᠭᠤᠴᠠᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠬᠤ ᠨᠠᠰᠤᠨ ᠤ ᠬᠥᠮᠦᠨ ᠠᠮᠠ ᠶᠢᠨ ᠡᠷᠦᠬᠡ ᠠᠮᠠ ᠶᠢᠨ ᠳᠠᠩᠰᠠ ᠵᠡᠷᠭᠡ ᠮᠡᠳᠡᠭᠡ ᠵᠠᠩᠭᠢ ᠶᠢ ᠬᠠᠩᠭᠠᠵᠤ᠂ | ᠢᠯᠠᠩᠭᠤᠶ᠎ᠠ ︽ᠡᠷᠦᠬᠡ ᠶᠢᠨ ᠬᠠᠢᠷᠴᠠᠭ ᠤᠨ ᠰᠢᠯᠲᠠᠭᠠᠨ︾ ︽ᠠᠯᠠᠭ᠎ᠠ ᠪᠣᠯᠵᠤ ᠬᠤᠯᠪᠣᠭ᠎ᠠ ᠲᠠᠰᠤᠷᠠᠭᠰᠠᠨ︾ ᠲᠥᠷᠥᠯ | ᠢᠯᠭᠠᠯ ᠢ ᠵᠠᠭᠠᠭᠯᠠᠨ ᠲᠣᠭᠲᠠᠭᠠᠵᠤ᠂ ᠬᠢᠨᠠᠨ ᠪᠠᠶᠢᠴᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ | ᠬᠡᠷᠡᠭᠲᠡᠶ᠃ | 3 ᠠᠷᠠᠳ ᠤᠨ ᠶᠠᠪᠤᠳᠠᠯ ᠤᠨ ᠰᠠᠯᠠᠭ᠎ᠠ ᠮᠥᠴᠢᠷ᠃ ᠭᠡᠷ ᠪᠦᠯᠢ ᠨᠢ ᠬᠦᠴᠢᠷᠳᠡᠯᠲᠡᠶ ᠰᠤᠷᠤᠭᠴᠢᠳ ᠢ ᠠᠪᠤᠷᠠᠨ | ᠲᠤᠰᠠᠯᠠᠬᠤ ᠶᠢ ᠬᠠᠷᠢᠭᠤᠴᠠᠨ᠎ᠠ᠃ | 4 ᠬᠠᠤᠯᠢ ᠴᠠᠭᠠᠵᠠ ᠶᠢᠨ ᠰᠠᠯᠠᠭ᠎ᠠ ᠮᠥᠴᠢᠷ᠃ ︽ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ | ᠰᠤᠷᠤᠯᠭ᠎ᠠ ᠶᠢ ᠪᠠᠲᠤᠯᠠᠬᠤ︾ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠤᠬᠠᠭᠤᠯᠭ᠎ᠠ ᠶᠢ ᠰᠠᠶᠢᠲᠤᠷ | ᠬᠢᠬᠦ ᠶᠢ ᠬᠠᠷᠢᠭᠤᠴᠠᠵᠤ᠂ ᠦᠷ᠎ᠡ ᠬᠡᠤᠬᠡᠳ ᠨᠢ ᠰᠤᠷᠭᠠᠭᠤᠯᠢ ᠳᠤ ᠣᠷᠣᠬᠤ ᠶᠢ ᠲᠡᠪᠴᠢᠭᠰᠡᠨ ᠭᠡᠷ ᠪᠦᠯᠢ ᠳᠤ ᠬᠠᠤᠯᠢ ᠪᠠᠷ | ᠵᠠᠰᠠᠬᠤ ᠬᠥᠮᠦᠵᠢᠯ ᠬᠢᠵᠦ᠂ ᠰᠤᠷᠬᠤ ᠨᠠᠰᠤᠨ ᠤ ᠬᠡᠤᠬᠡᠳ ᠪᠠᠭᠠᠴᠤᠳ ᠤᠨ ᠰᠤᠷᠭᠠᠭᠤᠯᠢ ᠳᠤ ᠣᠷᠣᠬᠤ ᠡᠷᠬᠡ ᠠᠰᠢᠭ ᠤᠨ | ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠪᠠᠲᠤᠯᠠᠨ᠎ᠠ᠃ | 5 ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ᠃ ᠠᠵᠤ ᠠᠬᠤᠶᠢᠯᠠᠯ | ᠂ ᠬᠤᠪᠢ ᠶᠢᠨ ᠡᠵᠡᠩᠨᠡᠯᠲᠡ ᠶᠢᠨ ᠡᠷᠦᠬᠡ ᠶᠢᠨ ᠬᠠᠤᠯᠢ ᠠᠴᠠ ᠵᠥᠷᠢᠴᠡᠨ ᠪᠦᠬᠦᠯᠢ 16 ᠨᠠᠰᠤ ᠬᠦᠷᠦᠭᠡᠳᠦᠢ ᠨᠠᠰᠤᠨ ᠳᠤ | ᠦᠯᠦ ᠬᠦᠷᠦᠭᠰᠡᠳ ᠢ ᠡᠯᠰᠡᠨ ᠬᠡᠷᠡᠭᠯᠡᠭᠰᠡᠨ ᠪᠠᠶᠢᠳᠠᠯ ᠳᠤ ᠬᠢᠨᠠᠨ ᠪᠠᠶᠢᠴᠠᠭᠠᠯᠲᠠ ᠬᠢᠬᠦ ᠶᠢ ᠬᠠᠷᠢᠭᠤᠴᠠᠬᠤ ᠶᠢᠨ ᠬᠠᠮᠲᠤ | ᠰᠤᠷᠤᠯᠭ᠎ᠠ ᠪᠠᠨ ᠰᠡᠷᠭᠦᠭᠡᠬᠦ ᠪᠠᠷ ᠢᠳᠬᠠᠬᠤ ᠠᠵᠢᠯ ᠢ ᠰᠠᠶᠢᠲᠤᠷ ᠬᠢᠨ᠎ᠡ᠃ | 6 ᠵᠡᠮᠳᠡᠭᠴᠦᠳ ᠤᠨ ᠬᠤᠯᠪᠣᠭᠠᠨ ᠤ ᠰᠠᠯᠠᠭ᠎ᠠ ᠮᠥᠴᠢᠷ᠃ ᠵᠡᠮᠳᠡᠭ ᠬᠡᠤᠬᠡᠳ ᠲᠤ ᠰᠢᠭᠰᠢᠨ ᠪᠠᠶᠢᠴᠠᠭᠠᠯᠲᠠ ᠬᠢᠬᠦ ᠶᠢᠨ | ᠬᠠᠮᠲᠤ ᠵᠡᠮᠳᠡᠭ ᠪᠣᠯᠤᠭᠰᠠᠨ ᠪᠠᠶᠢᠳᠠᠯ ᠢ ᠨᠢ ᠦᠵᠡᠵᠦ ᠪᠠᠶᠢᠭᠠᠳ ᠰᠤᠷᠭᠠᠭᠤᠯᠢ ᠳᠤ ᠣᠷᠣᠬᠤ ᠰᠠᠨᠠᠭᠤᠯᠭ᠎ᠠ ᠳᠤᠷᠠᠳᠤᠨ᠎ᠠ᠃ | 7 ᠡᠯ᠎ᠡ ᠰᠢᠶᠠᠩ ᠪᠠᠯᠭᠠᠰᠤ᠃ ᠰᠤᠷᠤᠯᠭ᠎ᠠ ᠪᠠᠨ ᠳᠣᠷᠭᠤᠨ ᠵᠣᠭᠰᠣᠵᠤ ᠰᠤᠷᠤᠯᠭ᠎ᠠ ᠠᠯᠳᠠᠭᠰᠠᠨ ᠨᠡᠷᠡᠰ ᠢ ᠦᠨᠳᠦᠰᠦᠯᠡᠨ | ᠨᠢᠭᠡᠳ ᠨᠢᠭᠡ ᠪᠠᠷ ᠬᠢᠨᠠᠨ ᠪᠠᠶᠢᠴᠠᠭᠠᠬᠤ᠂ ᠳᠠᠩᠰᠠᠯᠠᠬᠤ ᠪᠠ ᠡᠭᠡᠭᠦᠯᠦᠨ ᠪᠤᠴᠠᠭᠠᠬᠤ ᠠᠵᠢᠯ ᠢ ᠥᠷᠨᠢᠭᠦᠯᠬᠦ ᠬᠡᠷᠡᠭᠲᠡᠶ᠃ | ᠭᠤᠷᠪᠠ᠂ ᠨᠡᠶᠢᠯᠡᠯ ᠬᠦᠴᠦᠨ ᠢ ᠪᠦᠷᠢᠯᠳᠦᠭᠦᠯᠵᠦ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠦᠨ᠂ | ᠰᠤᠷᠤᠯᠭ᠎ᠠ ᠪᠠᠨ ᠰᠡᠷᠭᠦᠭᠡᠬᠦ ᠪᠠᠷ ᠢᠳᠬᠠᠬᠤ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠣᠶᠢᠯᠠᠭᠠᠵᠤ ᠮᠡᠳᠡᠭᠰᠡᠨ ᠰᠤᠷᠤᠯᠭ᠎ᠠ ᠠᠯᠳᠠᠭᠰᠠᠨ ᠰᠤᠷᠤᠯᠭ᠎ᠠ ᠪᠠᠨ | ᠳᠣᠷᠭᠤᠨ ᠵᠣᠭᠰᠣᠭᠰᠠᠨ ᠰᠢᠯᠲᠠᠭᠠᠨ ᠢ ᠦᠨᠳᠦᠰᠦᠯᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠲᠦᠯ ᠤᠨ | ᠣᠨᠣᠪᠴᠢᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠤᠷᠤᠯᠭ᠎ᠠ ᠠᠯᠳᠠᠭᠰᠠᠨ ᠬᠡᠤᠬᠡᠳ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠬᠦᠷᠲᠡᠬᠦ ᠬᠦᠴᠢᠷᠳᠡᠯ ᠢ ᠰᠢᠢᠳᠪᠤᠷᠢᠯᠡᠬᠦ ᠬᠡᠷᠡᠭᠲᠡᠶ᠃ | 1 ᠭᠡᠷ ᠪᠦᠯᠢ ᠶᠢᠨ ᠠᠵᠤ ᠠᠬᠤᠢ ᠶᠢᠨ ᠬᠦᠴᠢᠷᠳᠡᠯ ᠠᠴᠠ ᠪᠣᠯᠵᠤ ᠬᠥᠯᠥᠰᠥᠨ ᠠᠵᠢᠯ ᠬᠢᠵᠦ ᠲᠠᠷᠢᠶᠠᠨ ᠠᠵᠢᠯ ᠬᠢᠵᠦ | ᠪᠠᠶᠢᠪᠠᠯ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ ᠴᠠᠭ ᠲᠤᠬᠠᠶ ᠳᠤᠨᠢ ᠬᠠᠪᠰᠤᠷᠤᠨ ᠲᠡᠳᠬᠦᠵᠦ | ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ | 2 ᠰᠤᠷᠬᠤ ᠨᠠᠰᠤᠨ ᠤ ᠵᠡᠮᠳᠡᠭ ᠬᠡᠤᠬᠡᠳ ᠲᠤ ᠠᠳᠠᠯᠢ ᠪᠤᠰᠤ ᠪᠠᠶᠢᠳᠠᠯ ᠢ ᠨᠢ ᠢᠯᠭᠠᠵᠤ᠂ ᠠᠩᠭᠢ ᠳᠠᠭᠠᠵᠤ ᠰᠤᠷᠤᠯᠴᠠᠬᠤ | ᠂ ᠣᠨᠴᠠᠭᠠᠢ ᠰᠤᠷᠭᠠᠨ ᠬᠥᠮᠦᠵᠢᠯ ᠤᠨ ᠠᠩᠭᠢ᠂ ᠰᠤᠷᠭᠠᠨ ᠬᠥᠮᠦᠵᠢᠯ ᠢ ᠭᠡᠷ ᠲᠤᠨᠢ ᠬᠦᠷᠭᠡᠬᠦ ᠵᠡᠷᠭᠡ ᠲᠣᠬᠢᠷᠠᠮᠵᠢᠲᠠᠶ | ᠬᠡᠯᠪᠡᠷᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠳᠡᠬᠦ ᠶᠢᠨ ᠬᠠᠮᠲᠤ᠂ ᠬᠠᠮᠢᠶᠠᠷᠤᠯᠲᠠ ᠳᠤᠨᠢ ᠣᠷᠣᠭᠤᠯᠬᠤ | ᠬᠡᠷᠡᠭᠲᠡᠶ᠃ | 3 ᠬᠢᠨᠠᠨ ᠬᠠᠮᠠᠭᠠᠯᠠᠭᠴᠢ ᠨᠢ ᠵᠦᠶ ᠶᠣᠰᠣᠨ ᠤ ᠰᠢᠯᠲᠠᠭᠠᠨ ᠦᠭᠡᠢ ᠪᠠᠷ ᠰᠤᠷᠬᠤ ᠨᠠᠰᠤᠨ ᠤ ᠬᠡᠤᠬᠡᠳ ᠢ ᠰᠤᠷᠭᠠᠭᠤᠯᠢ ᠳᠤ | ᠣᠷᠣᠭᠤᠯᠵᠤ ᠠᠯᠪᠠᠨ ᠵᠢᠷᠤᠮ ᠤᠨ ᠰᠤᠷᠭᠠᠨ ᠬᠥᠮᠦᠵᠢᠯ ᠬᠦᠷᠲᠡᠭᠡᠬᠦ ᠪᠠᠷ ᠬᠦᠷᠭᠡᠭᠰᠡᠨ ᠦᠭᠡᠢ ᠪᠣᠯ᠂ ᠬᠤᠯᠪᠣᠭᠳᠠᠯ ᠪᠦᠬᠦᠢ | ᠲᠣᠭᠲᠠᠭᠠᠯ ᠢ ᠦᠨᠳᠦᠰᠦᠯᠡᠨ ᠰᠢᠭᠦᠮᠵᠢᠯᠡᠨ ᠰᠤᠷᠭᠠᠵᠤ᠂ ᠬᠠᠤᠯᠢ ᠶᠣᠰᠣᠭᠠᠷ ᠬᠠᠮᠢᠶ᠎ᠠ ᠪᠦᠬᠦᠢ ᠬᠠᠤᠯᠢ ᠴᠠᠭᠠᠵᠠ ᠶᠢᠨ | ᠪᠢᠴᠢᠭ ᠬᠠᠷ᠎ᠠ ᠣᠯᠭᠤᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠤᠶᠤ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ | ᠬᠠᠤᠯᠢ ᠴᠠᠭᠠᠵᠠ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ | 4 ᠰᠤᠷᠭᠠᠭᠤᠯᠢ ᠳᠠᠭᠠᠨ ᠪᠤᠴᠠᠵᠤ ᠰᠤᠷᠤᠯᠴᠠᠵᠤ ᠪᠠᠶᠢᠭ᠎ᠠ ᠰᠤᠷᠤᠭᠴᠢᠳ ᠲᠤ᠂ ᠰᠤᠷᠭᠠᠨ ᠬᠥᠮᠦᠵᠢᠯ ᠤᠨ ᠰᠠᠯᠠᠭ᠎ᠠ | ᠮᠥᠴᠢᠷ ᠤᠳ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠰᠤᠷᠭᠠᠭᠤᠯᠢ ᠶᠢ ᠵᠢᠯᠣᠭᠤᠳᠤᠨ ᠨᠢᠭᠡ ᠨᠢᠭᠡ ᠪᠠᠷ | ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠬᠠᠪᠰᠤᠷᠤᠨ ᠵᠢᠯᠣᠭᠤᠳᠴᠤ᠂ ᠲᠡᠳᠡᠨ ᠤ | ᠰᠤᠷᠤᠯᠴᠠᠬᠤ ᠢᠲᠡᠭᠡᠯ ᠢ ᠦᠨᠡᠨᠬᠦ ᠨᠡᠮᠡᠭᠳᠡᠭᠦᠯᠦᠨ᠂ ᠲᠡᠳᠡᠨ ᠤ ᠰᠤᠷᠤᠯᠭ᠎ᠠ ᠪᠠᠨ ᠤᠷᠤᠭᠰᠢᠲᠠᠶ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ | ᠲᠦᠷᠪᠡ᠂ ᠤᠯᠤᠰ ᠲᠥᠷᠥ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠴᠢᠩᠭᠠᠷᠠᠭᠤᠯᠤᠨ᠂ ᠠᠵᠢᠯ ᠢᠶᠠᠨ ᠴᠠᠭ ᠲᠤᠬᠠᠶ ᠳᠤᠨᠢ ᠪᠡᠶᠡᠯᠡᠭᠦᠯᠬᠦ ᠬᠡᠷᠡᠭᠲᠡᠶ | ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ | ᠡᠷᠬᠡᠪᠰᠢ 4 ᠳ᠋ᠦᠭᠡᠷ ᠰᠠᠷ᠎ᠠ ᠶᠢᠨ 18 ᠤ ᠡᠳᠦᠷ ᠠᠴᠠ ᠡᠮᠦᠨ᠎ᠡ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ | ᠪᠡᠶᠡᠯᠡᠭᠦᠯᠬᠦ ᠬᠡᠷᠡᠭᠲᠡᠶ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠰᠠᠯᠠᠭ᠎ᠠ ᠮᠥᠴᠢᠷ ᠤᠳ ᠲᠤᠰᠬᠠᠶ ᠬᠢᠨᠠᠨ | ᠵᠢᠯᠣᠭᠤᠳᠬᠤ ᠪᠠ ᠬᠢᠨᠠᠨ ᠰᠢᠯᠭᠠᠵᠤ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠪᠠᠨ ᠲᠡᠭᠦᠯᠳᠡᠷᠵᠢᠭᠦᠯᠵᠦ᠂ ᠬᠢᠨᠠᠨ | ᠵᠢᠯᠣᠭᠤᠳᠴᠤ ᠪᠠᠶᠢᠴᠠᠭᠠᠯᠲᠠ ᠬᠢᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ | ᠠᠵᠢᠯ ᠢ ᠴᠢᠬᠤᠯᠠᠴᠢᠯᠠᠬᠤ ᠦᠭᠡᠢ᠂ ᠠᠬᠢᠴᠠ ᠨᠢ ᠤᠳᠠᠭᠠᠨ᠂ ᠦᠷ᠎ᠡ ᠪᠦᠲᠦᠮᠵᠢ ᠨᠢ ᠢᠯᠡᠷᠬᠡᠶ ᠪᠤᠰᠤ ᠰᠢᠶᠠᠩ ᠪᠠᠯᠭᠠᠰᠤ | ᠪᠣᠯᠤᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠨᠡᠪᠲᠡᠷᠡᠭᠦᠯᠵᠦ᠂ ᠬᠤᠭᠤᠴᠠᠭ᠎ᠠ ᠬᠢᠵᠠᠭᠠᠷᠯᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠵᠤ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ | ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2019 ᠤᠨ ᠤ 4 ᠰᠠᠷ᠎ᠠ ᠶᠢᠨ9 ᠤ ᠡᠳᠦᠷ | ᠤᠷᠴᠢᠭᠤᠯᠤᠭᠴᠢ᠄ ᠼᠦᠢ ᠴᠢᠩ | |