ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ  ᠰᠢᠨ᠎ᠡ ᠲᠦᠪᠰᠢᠨ ᠢ ᠪᠦᠬᠦ ᠬᠦᠴᠦᠨ ᠢᠶᠠᠷ ᠢᠶᠠᠨ ᠲᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2019-10-08
ᠭᠤᠤᠯ ᠰᠡᠳᠦᠪ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ  ᠰᠢᠨ᠎ᠡ ᠲᠦᠪᠰᠢᠨ ᠢ ᠪᠦᠬᠦ ᠬᠦᠴᠦᠨ ᠢᠶᠠᠷ ᠢᠶᠠᠨ ᠲᠡᠭᠡᠭᠰᠢᠯᠡᠭᠦᠯᠦᠨ᠎ᠡ ᠰᠤᠷᠪᠤᠯᠵᠢᠯᠠᠭᠰᠠᠨ‌‍ᠴᠠᠭ  ᠄ 2019 - 06 - 05 ᠰᠤᠷᠪᠤᠯᠵᠢᠯᠠᠭ᠎ᠠ ᠬᠦᠯᠢᠶᠡᠭᠴᠢ᠄ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶᠠᠨ ᠤ ᠳᠠᠷᠤᠭ᠎ᠠ  ᠭᠦᠩ ᠵᠢᠶᠠᠨ ᠲᠤᠪᠴᠢ ᠠᠭᠤᠯᠭ᠎ᠠ᠄︽ᠬᠤᠲᠠ ᠶᠢᠨ ᠨᠠᠮ ᠤᠨ ᠬᠤᠷᠢᠶᠠᠨ ᠤ ᠲᠦᠷᠪᠡᠳᠦᠭᠡᠷ ᠬᠤᠭᠤᠴᠠᠭᠠᠨ ᠤ  ᠳᠣᠯᠣᠳᠤᠭᠠᠷ ᠪᠥᠬᠦᠳᠡ ᠬᠤᠷᠠᠯ ᠪᠠ ᠪᠦᠬᠦ ᠬᠤᠲᠠ ᠶᠢᠨ ︿ᠬᠤᠶᠠᠷ ᠬᠤᠷᠠᠯ﹀ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠬᠤ ᠶᠡᠷᠦᠩᠬᠡᠶ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠭᠠᠵᠠᠷ ᠪᠠᠶᠢᠭᠤᠯᠬᠤ ᠲᠡᠮᠡᠴᠡᠬᠦ ᠬᠠᠷᠠᠯᠲᠠ ᠶᠢ ᠲᠣᠳᠣᠷᠬᠠᠶᠢᠯᠠᠪᠠ᠂ ᠡᠨᠡ ᠪᠣᠯ ᠮᠠᠨ ᠤ ᠬᠤᠲᠠ ᠶᠢᠨ ᠰᠢᠨ᠎ᠡ ᠲᠡᠤᠬᠡᠨ ᠣᠷᠣᠨ ᠪᠠᠶᠢᠷᠢ ᠳᠡᠭᠡᠷ᠎ᠡ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠂ ᠡᠨᠡ ᠨᠢ  ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃︾ ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶᠠᠨ ᠤ ᠳᠠᠷᠤᠭ᠎ᠠ ᠭᠦᠩ ᠵᠢᠶᠠᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶᠠᠨ ᠤ ᠪᠥᠬᠦ ᠺᠠᠳ᠋ᠷ ᠠᠵᠢᠯᠲᠠᠨ ᠬᠤᠲᠠ ᠶᠢᠨ ᠨᠠᠮ ᠤᠨ ᠬᠤᠷᠢᠶᠠᠨ ᠤ ᠲᠦᠷᠪᠡᠳᠦᠭᠡᠷ ᠬᠤᠭᠤᠴᠠᠭᠠᠨ ᠤ  ᠳᠣᠯᠣᠳᠤᠭᠠᠷ ᠪᠥᠬᠦᠳᠡ ᠬᠤᠷᠠᠯ ᠪᠠ ᠪᠥᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠩ ᠥᠨᠳᠥᠷ᠂ ᠨᠠᠩ ᠶᠡᠭᠡ ᠡᠷᠡᠰ ᠵᠣᠷᠢᠭ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠷᠠᠯᠵᠢᠶᠠᠴᠢᠨ ᠤᠷᠢᠬᠤ ᠶᠢ ᠠᠳᠬᠤᠨ᠂ ᠬᠠᠮᠲᠤᠷᠠᠯᠴᠠᠭ᠎ᠠ ᠶᠢ ᠠᠬᠢᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠤᠨ᠂  ᠮᠠᠨ ᠤ ᠬᠤᠲᠠ ᠶᠢ ᠥᠪᠡᠷᠲᠡᠭᠡᠨ ᠵᠠᠰᠠᠬᠤ ᠣᠷᠣᠨ ᠤ  ᠨᠡᠭᠡᠭᠡᠯᠲᠡ ᠶᠢᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠶ᠃    ︽ᠬᠤᠲᠠ ᠶᠢᠨ ᠨᠠᠮ ᠤᠨ ᠬᠤᠷᠢᠶᠠᠨ ᠤ ᠲᠦᠷᠪᠡᠳᠦᠭᠡᠷ ᠬᠤᠭᠤᠴᠠᠭᠠᠨ ᠤ  ᠳᠣᠯᠣᠳᠤᠭᠠᠷ ᠪᠥᠬᠦᠳᠡ ᠬᠤᠷᠠᠯ ᠪᠣᠯᠤᠨ ᠪᠦᠬᠦ ᠬᠤᠲᠠ ᠶᠢᠨ ︿ᠬᠤᠶᠠᠷ ᠬᠤᠷᠠᠯ﹀ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠠᠶ᠂ ᠮᠠᠨ ᠤ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠠᠷᠢᠮᠲᠠᠯᠠᠬᠤ ᠶᠡᠷᠦᠩᠬᠡᠶ ᠱᠠᠭᠠᠷᠳᠠᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠭᠠᠵᠠᠷ ᠪᠠᠶᠢᠭᠤᠯᠬᠤ ᠲᠡᠮᠡᠴᠡᠬᠦ ᠬᠠᠷᠠᠯᠲᠠ ᠶᠢ ᠲᠣᠳᠣᠷᠬᠠᠶᠢᠯᠠᠵᠤ᠂ ᠤᠯᠠᠭᠠᠨᠴᠠᠪ ᠬᠤᠲᠠ ᠶᠢᠨ ᠰᠢᠨ᠎ᠡ ᠲᠡᠤᠬᠡᠨ ᠣᠷᠣᠨ ᠪᠠᠶᠢᠷᠢ ᠳᠡᠭᠡᠷ᠎ᠡ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠵᠤ᠂ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠃︾ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ  ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠪᠠ ᠪᠥᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠩ ᠥᠨᠳᠥᠷ᠂ ᠨᠠᠩ ᠶᠡᠭᠡ ᠡᠷᠡᠰ ᠵᠣᠷᠢᠭ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠷᠠᠯᠵᠢᠶᠠᠴᠢᠨ ᠤᠷᠢᠬᠤ ᠶᠢ ᠠᠳᠬᠤᠨ ᠂ ᠬᠠᠮᠲᠤᠷᠠᠯᠴᠠᠭ᠎ᠠ ᠶᠢ ᠠᠬᠢᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠯᠠᠪᠳᠠᠭᠤᠨ ᠪᠠᠲᠤᠲᠠᠶ ᠪᠣᠳᠠᠲᠠᠶ  ᠨᠠᠶᠢᠳᠠᠪᠤᠷᠢᠵᠢᠭᠤᠯᠬᠤ᠂ ᠮᠠᠨ ᠤ ᠬᠤᠲᠠ ᠶᠢ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ  ᠶᠢᠨ ᠭᠠᠵᠠᠷ ᠪᠣᠯᠭᠠᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ  ᠭᠡᠵᠦ ᠤᠯᠠᠭᠠᠨᠴᠠᠪ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶᠠᠨ ᠤ ᠳᠠᠷᠤᠭ᠎ᠠ  ᠭᠦᠩ ᠵᠢᠶᠠᠨ‌‍ᠰᠤᠷᠪᠤᠯᠵᠢᠯᠠᠭ᠎ᠠ ᠬᠦᠯᠢᠶᠡᠬᠦ ᠳᠡᠭᠡᠨ ᠲᠠᠨᠢᠯᠴᠠᠭᠤᠯᠪᠠ᠃    ᠭᠦᠩ ᠵᠢᠶᠠᠨ ᠲᠠᠨᠢᠯᠴᠠᠭᠤᠯᠤᠭᠰᠠᠨ ᠢᠶᠠᠷ᠂ 2018 ᠣᠨ ᠳᠤ ᠨᠢᠭᠡ ᠪᠦᠯᠦᠭ ᠢᠷᠡᠭᠡᠳᠦᠶ ᠶᠢᠨ ᠬᠥᠭᠵᠢᠯᠲᠡ ᠳᠤ ᠬᠤᠯᠪᠣᠭᠳᠠᠬᠤ ᠲᠣᠮᠣ ᠲᠥᠷᠥᠯ  ᠵᠤᠶᠢᠯ᠂ ᠰᠠᠶᠢᠨ ᠲᠥᠷᠥᠯ  ᠵᠤᠶᠢᠯ ᠢ ᠵᠠᠯᠭᠠᠭ᠎ᠠ ᠪᠠᠷ  ᠨᠠᠶᠢᠳᠠᠪᠤᠷᠢᠵᠢᠭᠤᠯᠬᠤ᠂ ᠪᠥᠬᠦ ᠬᠤᠲᠠ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ  ᠵᠤᠶᠢᠯ ᠢ ᠨᠡᠶᠢᠲᠡ 190 ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ 918.11 ᠳ᠋ᠦᠩᠰᠢᠭᠤᠷ ᠲᠥᠭᠦᠷᠢᠭ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠲᠤ ᠵᠢᠭᠰᠠᠭᠠᠭᠳᠠᠵᠤ᠂ 178.08 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠲᠤ ᠵᠢᠭᠰᠠᠭᠠᠭᠳᠠᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢᠨ ᠨᠡᠮᠡᠭᠳᠡᠯ  ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠲᠤ ᠵᠢᠭᠰᠠᠭᠠᠭᠳᠠᠵᠤ᠂ ᠪᠥᠬᠦ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠵᠠᠶ᠃     ︽ᠣᠳᠣᠬᠠᠨ ᠳᠤ᠂ ᠪᠥᠬᠦ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠠᠵᠢᠯ ᠳᠤ ᠶᠠᠭ ᠰᠢᠨ᠎ᠡ ᠠᠵᠠ ᠲᠣᠬᠢᠶᠠᠯ ᠪᠠ ᠥᠷᠢᠰᠥᠯᠳᠦᠭᠡᠨ ᠲᠤᠯᠭᠠᠷᠠᠵᠤ  ᠪᠠᠶᠢᠬᠤ ᠶᠢᠨ ᠬᠠᠮᠲᠤ ᠪᠠᠰᠠ ᠵᠠᠷᠢᠮ ᠠᠰᠠᠭᠤᠳᠠᠯ ᠣᠷᠣᠰᠢᠵᠤ  ᠪᠠᠶᠢᠨ᠎ᠠ᠃ ᠵᠢᠱᠢᠶᠡᠯᠡᠪᠡᠯ᠂ ᠮᠠᠨ ᠤ ᠬᠤᠲᠠ ᠶᠢᠨ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠨᠡᠯᠢᠶᠡᠳ ᠪᠠᠭᠤᠷᠠᠢ᠂ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠤᠴᠣᠷᠤᠩᠭᠤᠢ ᠵᠡᠷᠭᠡ ᠡᠯᠧᠮᠧᠨ᠋ᠲ ᠤᠨ ᠬᠢᠵᠠᠭᠠᠷᠯᠠᠯ ᠮᠥᠨ ᠯᠡ ᠣᠷᠣᠰᠢᠵᠤ᠂ ᠠᠵᠤ ᠠᠬᠤᠶᠢᠯᠠᠯ ᠤᠨ ᠪᠡᠯᠡ ᠮᠥᠩᠭᠦ ᠬᠤᠷᠠᠮᠳᠤᠭᠤᠯᠬᠤ ᠳᠤ ᠬᠦᠴᠢᠷ᠂ ᠠᠵᠢᠯᠴᠢᠨ ᠬᠡᠷᠡᠭᠯᠡᠬᠦ ᠳᠤ ᠬᠦᠴᠢᠷ᠂ ︿ᠬᠠᠮᠢᠶᠠᠷᠤᠯᠲᠠ ᠦᠢᠯᠡᠴᠢᠯᠡᠭᠡ﹀ ᠶᠢ ᠭᠦᠢᠴᠡᠳ ᠪᠠᠳᠠᠷᠠᠭᠤᠯᠵᠤ ᠴᠢᠳᠠᠬᠤ ᠦᠭᠡᠢ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠯᠵᠢᠶᠠᠴᠢᠨ ᠤᠷᠢᠬᠤ ᠢᠳᠡᠪᠬᠢᠵᠢᠯ ᠥᠨᠳᠥᠷ ᠪᠢᠰᠢ᠃  ᠭᠦᠩ ᠵᠢᠶᠠᠨ ᠢᠯᠡᠷᠬᠡᠶᠢᠯᠡᠬᠦ ᠳᠡᠭᠡᠨ᠂ 2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠮᠥᠨ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ  ᠰᠢᠢᠳᠪᠤᠷᠢᠳᠦ ᠢᠯᠠᠯᠲᠠ ᠣᠯᠤᠭᠰᠠᠨ ᠵᠢᠯ ᠮᠥᠨ᠂ ᠪᠠᠰᠠ ᠴᠤ ᠪᠥᠬᠦ ᠬᠤᠲᠠ ᠶᠢᠨ ᠡᠯ᠎ᠡ ᠱᠠᠲᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦᠨ ᠢ  ᠨᠠᠶᠢᠳᠠᠪᠤᠷᠢᠵᠢᠭᠤᠯᠬᠤ᠂ ᠬᠤᠳᠠᠯᠳᠤᠭᠠᠴᠢᠨ ᠤᠷᠢᠬᠤ ᠬᠠᠮᠲᠤᠷᠠᠯᠴᠠᠭ᠎ᠠ ᠶᠢ ᠠᠬᠢᠭᠤᠯᠬᠤ ᠡᠬᠢᠯᠡᠯᠲᠡ ᠶᠢᠨ ᠵᠢᠯ ᠮᠥᠨ᠃ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠪᠦᠬᠦᠢ  ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ︽ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠢᠪᠲᠤᠯᠤᠯᠲᠠ ᠶᠢᠨ ᠣᠨ︾ ᠤ ᠲᠣᠬᠢᠶᠠᠯ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠨᠥᠭᠡᠴᠡ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠦᠷᠭᠦᠯᠵᠢᠯᠡᠨ ᠴᠢᠩᠭᠠᠳᠬᠠᠨ᠎ᠠ᠃ ᠡᠯ᠎ᠡ ᠲᠥᠷᠥᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠣᠷᠣᠨ ᠪᠦᠰᠡ ᠶᠢᠨ ᠬᠠᠮᠵᠢᠯᠴᠠᠭ᠎ᠠ ᠶᠢᠨ ᠠᠵᠢᠯᠯᠠᠭ᠎ᠠ ᠶᠢ ᠡᠷᠴᠢᠮᠲᠡᠢ ᠡᠮᠬᠢ ᠳᠢᠭᠯᠢᠮ ᠲᠠᠢ ᠪᠦᠲᠦᠮᠵᠢᠲᠡᠢ ᠥᠷᠨᠢᠭᠦᠯᠵᠦ᠂ ᠲᠥᠷᠦᠯ ᠵᠦᠢᠯ ᠢ ᠵᠣᠯᠭᠠᠯᠳᠤᠭᠤᠯᠬᠤ᠂ ᠭᠡᠷ᠎ᠡ ᠲᠣᠭᠲᠠᠬᠤ᠂ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠵᠢᠯ ᠤᠨ ᠳᠣᠲᠣᠷ᠎ᠠ ︽ᠭᠤᠷᠪᠠᠨ ᠵᠠᠭᠤ︾ ᠶᠢ ᠪᠡᠶᠡᠯᠡᠭᠦᠯᠬᠦ ᠪᠠᠷ ᠴᠢᠷᠮᠠᠶᠢᠨ᠎ᠠ᠂ ᠳᠠᠷᠤᠢ 100 ᠶᠢ ᠠᠰᠢᠭᠯᠠᠯᠲᠠ ᠳᠤ ᠣᠷᠣᠭᠤᠯᠵᠤ᠂  100 ᠠᠵᠤ ᠦᠢᠯᠡᠰ ᠤᠨ ᠲᠥᠷᠦᠯ ᠵᠦᠢᠯ ᠢ ᠨᠥᠭᠡᠴᠡᠯᠡᠵᠦ᠂ ᠪᠦᠬᠦ ᠬᠤᠲᠠ ᠶᠢᠨ ᠠᠵᠤ ᠠᠬᠤᠢ ᠶᠢᠨ ᠴᠢᠨᠠᠷ  ᠰᠠᠶᠢᠳᠠᠢ  ᠬᠥᠭᠵᠢᠯᠲᠡ ᠶᠢ ᠠᠬᠢᠭᠤᠯᠵᠤ᠂ ᠮᠠᠨ ᠤ ᠬᠤᠲᠠ ᠶᠢ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠭᠠᠵᠠᠷ ᠪᠣᠯᠭᠠᠨ ᠪᠦᠲᠦᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ ᠬᠤᠲᠠ ᠶᠢᠨ ᠨᠠᠮ ᠤᠨ ᠬᠤᠷᠢᠶᠠᠨ ᠤ ᠳᠣᠯᠣᠳᠤᠭᠠᠷ ᠪᠥᠬᠦᠳᠡ ᠬᠤᠷᠠᠯ ᠪᠠ ᠪᠦᠬᠦ ᠬᠤᠲᠠ ᠶᠢᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠨᠡ ᠵᠢᠯ ᠬᠤᠲᠠ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠲᠣᠪᠴᠢᠶ᠎ᠠ ᠠᠴᠠ ᠳᠣᠣᠷᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃     ᠨᠢᠭᠡ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠨ᠎ᠠ᠃ ᠨᠠᠷᠢᠯᠢᠭ  ᠤᠨᠤᠪᠴᠢᠳᠠᠢ ᠪᠠᠷ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢᠨ ᠬᠠᠨᠳᠤᠰᠢ᠂ ᠰᠢᠯᠢ ᠶᠢᠨ ᠭᠤᠤᠯ ᠤᠯᠠᠭᠠᠨᠴᠠᠪ ᠤᠨ ᠬᠠᠷᠢᠴᠠᠭᠤᠯᠤᠭᠰᠠᠨ ᠳᠠᠪᠠᠭᠤᠯᠢᠭ ᠪᠠ ᠠᠵᠤ ᠦᠢᠯᠡᠰ ᠤᠨ ᠰᠢᠯᠵᠢᠯᠲᠡ ᠶᠢᠨ ᠨᠡᠶᠢᠯᠡᠯ ᠴᠡᠭ ᠨᠢ ᠪᠡᠭᠡᠵᠢᠩ ᠲᠢᠶᠠᠨᠵᠢᠨ ᠡᠾᠧᠪᠸᠢ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠠᠵᠠᠷ ᠣᠷᠣᠨ ᠤ ᠠᠵᠢᠯ ᠲᠥᠷᠥᠯ ᠤᠨ ᠦᠵᠡᠭᠦᠯᠦᠯᠭᠡ ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠱᠠᠩᠬᠠᠶ᠂ ᠭᠤᠸᠠᠩᠵᠧᠦ᠂  ᠵᠦᠬᠠᠢ ᠂ ᠴᠠᠩᠵᠸᠤ ᠵᠡᠷᠭᠡ ᠬᠤᠲᠠ ᠶᠢᠨ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠶᠢ ᠰᠠᠶᠢᠲᠤᠷ ᠬᠢᠵᠦ᠂ ᠡᠨᠡ ᠵᠢᠯ ᠪᠡᠭᠡᠵᠢᠩ ᠤᠨ 8 ᠠᠵᠢᠯ ᠲᠥᠷᠥᠯ ᠤᠨ ᠰᠢᠰᠲ᠋ᠧᠮ ᠢᠶᠠᠷ ᠬᠠᠪᠰᠤᠷᠤᠨ ᠲᠡᠳᠬᠦᠬᠦ ᠣᠷᠣᠨ᠂ ᠯᠢᠨ ᠢ᠂ ᠱᠧᠨᠵᠧᠨ᠂ ᠬᠠᠷᠪᠢᠨ ᠵᠡᠷᠭᠡ ᠭᠠᠵᠠᠷ ᠲᠤ 26 ᠲᠠᠯᠠᠪᠤᠷ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠬᠤᠷᠠᠯ ᠢ ᠡᠷᠬᠢᠯᠡᠬᠦ ᠪᠠᠷ ᠲᠥᠯᠥᠪᠯᠡᠵᠦ ᠪᠠᠶᠢᠨ᠎ᠠ︔ ᠳᠡᠯᠡᠬᠡᠶ ᠶᠢᠨ ᠪᠠ ᠤᠯᠤᠰ  ᠤᠨ ᠳᠣᠲᠣᠭᠠᠳᠤ ᠶᠢᠨ ︽500 ᠬᠦᠴᠦᠷᠬᠡᠭ︾᠂ ᠠᠷᠠᠳ ᠤᠨ ᠡᠵᠡᠩᠨᠡᠯᠲᠡ ᠶᠢᠨ ︽500 ᠬᠦᠴᠦᠷᠬᠡᠭ︾ ᠵᠢᠴᠢ ︽ᠠᠵᠢᠯ ᠲᠥᠷᠥᠯ ᠤᠨ 20 ᠬᠦᠴᠦᠷᠬᠡᠭ︾ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ  ᠪᠠᠶᠢᠷᠢᠰᠢᠭᠤᠯᠤᠯ ᠪᠠ ᠪᠡᠯᠡ ᠣᠷᠣᠭᠤᠯᠤᠯᠲᠠ ᠶᠢ ᠨᠠᠷᠢᠨ ᠬᠢᠨᠠᠮᠠᠭᠠᠶ ᠰᠤᠳᠤᠯᠵᠤ᠂ ᠥᠨᠳᠥᠷ ᠭᠠᠷᠤᠭ᠎ᠠ᠂ ᠥᠨᠳᠥᠷ ᠳᠡᠰ ᠳᠠᠪᠬᠤᠷᠭ᠎ᠠ ᠶᠢᠨ ᠵᠣᠬᠢᠶᠠᠨ ᠪᠠᠶᠢᠭᠤᠯᠤᠯᠳᠡ ᠠᠯᠢ ᠣᠯᠠᠨ ᠲᠤᠰᠬᠠᠶ ᠰᠡᠳᠦᠪᠲᠦ ᠠᠷᠠᠯᠵᠢᠶᠠᠴᠢᠨ ᠤᠷᠢᠬᠤ ᠠᠵᠢᠯᠯᠠᠭ᠎ᠠ ᠶᠢ ᠥᠷᠨᠢᠭᠦᠯᠵᠦ᠂ ᠶᠡᠬᠡᠪᠡᠷ ᠤᠷᠢᠵᠤ ᠬᠦᠴᠦᠷᠬᠡᠭᠵᠢᠭᠦᠯᠬᠦ ᠪᠠᠷ ᠬᠦᠴᠦᠯᠡᠵᠦ᠂ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠵᠤ᠂ ᠠᠵᠤ ᠦᠢᠯᠡᠰ ᠤᠨ ᠪᠦᠯᠦᠭᠵᠢᠯ ᠢ ᠪᠤᠵᠠᠭᠠᠶᠢᠷᠠᠭᠤᠯᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠨᠡᠯᠢᠶᠡᠳ ᠥᠨᠳᠥᠷ᠂ ᠣᠷᠣᠨ ᠪᠦᠰᠡ ᠶᠢᠨ ᠬᠥᠭᠵᠢᠯᠲᠡ ᠳᠤ ᠲᠣᠬᠢᠷᠠᠬᠤ ᠴᠢᠬᠤᠯᠠ ᠶᠡᠭᠡ ᠲᠥᠷᠥᠯ  ᠵᠤᠶᠢᠯ ᠢ ᠶᠡᠬᠡᠪᠡᠷ ᠬᠦᠯᠢᠶᠡᠨ ᠠᠪᠤᠨ᠎ᠠ︔ ᠮᠠᠨ ᠤ ᠬᠤᠲᠠ ᠶᠢᠨ ︽ᠭᠤᠷᠪᠠᠨ ᠶᠡᠭᠡ ᠬᠤᠶᠠᠷ ᠰᠢᠨ᠎ᠡ ᠨᠢᠭᠡ ᠣᠨᠴᠠᠭᠠᠢ︾ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠲᠣᠮᠣ ᠳ᠋ᠠᠶᠢᠲ᠋ᠠ ᠶᠢᠨ ᠬᠡᠷᠡᠭᠯᠡᠯᠲᠡ᠂ ᠪᠠᠷᠠᠭ᠎ᠠ ᠶᠢᠨ  ᠭᠦᠢᠯᠭᠡᠭᠡ ᠶᠢᠨ ᠪᠣᠯᠪᠠᠰᠤᠷᠠᠭᠤᠯᠤᠯᠲᠠ᠂ ᠵᠢᠭᠤᠯᠴᠢᠯᠠᠯ ᠤᠨ ᠡᠷᠡᠭᠦᠯᠵᠢᠯ ᠰᠤᠪᠢᠯᠠᠯᠲᠠ᠂ ᠲᠥᠮᠥᠰᠥ ᠶᠢ ᠨᠠᠷᠢᠯᠢᠭ ᠪᠣᠯᠪᠠᠰᠤᠷᠠᠭᠤᠯᠤᠯᠲᠠ᠂ ᠪᠠᠯ ᠴᠢᠯᠠᠭᠤ᠂ ᠰᠢᠨ᠎ᠡ ᠡᠨᠧᠷᠭᠢ ᠶᠢᠨ ᠮᠠᠰᠢᠨ ᠲᠡᠷᠭᠡ  ᠤᠶᠢᠯᠡᠳᠬᠦ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠭᠡ ᠬᠠᠮᠢᠶ᠎ᠠ ᠪᠦᠬᠦᠢ ᠠᠵᠤ  ᠠᠬᠤᠶᠢᠯᠠᠯ ᠲᠤ ᠭᠤᠤᠯᠳᠠᠯᠭ᠎ᠠ ᠲᠠᠢ ᠪᠠᠷ ᠬᠤᠳᠠᠯᠳᠤᠭᠠᠴᠢᠨ ᠤᠷᠢᠨ᠎ᠠ᠃    ᠬᠤᠶᠠᠷ ᠲᠤ᠂ ᠲᠥᠷᠥᠯ ᠵᠦᠢᠯ ᠢ ᠨᠥᠭᠡᠴᠡᠯᠡᠬᠦ᠂ ᠮᠥᠷᠳᠡᠬᠦ᠂ ᠲᠣᠬᠢᠷᠠᠭᠤᠯᠬᠤ ᠠᠵᠢᠯ ᠢ ᠰᠠᠶᠢᠲᠤᠷ ᠬᠢᠨ᠎ᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠡᠯᠡ ᠣᠷᠣᠭᠤᠯᠤᠯᠲᠠ᠂ ᠪᠦᠬᠦ ᠬᠤᠲᠠ ᠶᠢᠨ ᠠᠵᠤ ᠦᠢᠯᠡᠰ ᠤᠨ ᠲᠥᠯᠥᠪᠵᠢᠭᠦᠯᠪᠡ ᠪᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠨᠢᠭᠡ ᠪᠦᠯᠦᠭ ᠭᠤᠣᠯᠳᠠᠯᠭ᠎ᠠ ᠲᠠᠢ ᠲᠥᠷᠦᠯ ᠵᠦᠢᠯ ᠢ ᠲᠥᠰᠦᠪᠯᠡᠨ ᠨᠥᠭᠡᠴᠡᠯᠡᠨ᠎ᠡ︔ ᠬᠤᠸᠠ ᠶᠢᠦ ᠪᠦᠯᠦᠭᠯᠡᠯ ᠤᠨ ᠥᠷᠥᠮᠳᠡᠬᠦ ᠦᠢᠯᠡᠰ ᠤᠨ ᠰᠢᠨ᠎ᠡ ᠡᠨᠧᠷᠭᠢ᠂ ᠵᠦᠩ ᠽᠦ ᠪᠦᠯᠦᠭᠯᠡᠯ ᠤᠨ ᠬᠥᠩᠭᠡᠨ ᠴᠠᠭᠠᠨ ᠤ ᠢᠰᠦᠯ᠂ ᠱᠠᠩᠬᠠᠶ ᠶᠢᠨ ᠫᠦ ᠹᠡ ᠪᠠᠩᠬᠢ ᠶᠢᠨ ᠲᠣᠮᠣ ᠳ᠋ᠠᠶᠢᠲ᠋ᠠ᠂ ᠠᠭᠠᠷ ᠤᠨ ᠠᠶᠠᠨᠴᠢᠳ ᠪᠦᠯᠦᠭᠯᠡᠯ ᠤᠨ ᠨᠢᠰᠬᠡᠯ ᠢ ᠵᠠᠳᠠᠯᠵᠤ ᠰᠡᠯᠪᠢᠨ ᠵᠠᠰᠠᠬᠤ ᠵᠡᠷᠭᠡ ᠨᠢᠳᠤᠨᠤᠨ ᠨᠢᠭᠡᠨᠲᠡ ᠵᠣᠯᠭᠠᠯᠴᠠᠭᠰᠠᠨ ᠶᠡᠭᠡ ᠬᠡᠮᠵᠢᠶᠡᠨ ᠤ ᠲᠥᠷᠥᠯ ᠵᠤᠶᠢᠯ ᠢ ᠮᠥᠷᠳᠡᠨ ᠵᠣᠯᠭᠠᠭᠤᠯᠵᠤ᠂ ᠲᠥᠷᠥᠯ ᠵᠤᠶᠢᠯ ᠢ ᠡᠷᠲᠡᠬᠡᠨ  ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ︔ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥᠯ  ᠵᠤᠶᠢᠯ  ᠤᠨ ᠡᠬᠡ ᠳᠠᠩᠰᠠ ᠨᠢ ᠲᠥᠷᠥᠯ  ᠵᠤᠶᠢᠯ ᠤᠨ ᠠᠬᠢᠯᠲᠠ ᠶᠢᠨ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢᠶᠠᠨ ᠴᠠᠭ ᠲᠤᠬᠠᠶ ᠳᠤᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ  ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠯᠠᠪᠯᠠᠬᠤ ᠦᠨᠳᠦᠰᠦᠯᠡᠯ ᠬᠠᠩᠭᠠᠬᠤ ᠬᠡᠷᠡᠭᠲᠡᠶ᠃   ᠭᠤᠷᠪᠠ ᠳᠤ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠬᠠᠮ ᠵᠠᠭᠤᠴᠢᠯᠠᠭᠤᠷ᠂ ᠰᠢᠨ᠎ᠡ ᠵᠠᠭᠤᠴᠢᠯᠠᠭᠤᠷ ᠪᠠ ᠬᠤᠪᠢ ᠶᠢᠨ ᠵᠠᠭᠤᠴᠢᠯᠠᠭᠤᠷ ᠢ  ᠠᠰᠢᠭᠯᠠᠨ᠂ ᠬᠦᠴᠦᠨ ᠢᠶᠠᠨ ᠲᠥᠪᠯᠡᠷᠡᠭᠦᠯᠦᠨ ︽ᠪᠣᠬᠢᠷᠲᠤᠯ ᠥᠬᠡᠶ ᠲᠡᠮᠳᠡᠭᠲᠦ᠂ ᠵᠠᠮ ᠬᠠᠷᠢᠯᠴᠠᠭᠠᠨ ᠤ ᠳᠠᠪᠠᠭᠤᠯᠢᠭ ᠲᠡᠮᠳᠡᠭᠲᠦ᠂ ᠰᠣᠶᠣᠯ ᠵᠢᠭᠤᠯᠴᠢᠯᠠᠯ ᠤᠨ ᠲᠡᠮᠳᠡᠭᠲᠦ︾ ᠶᠢ ᠰᠠᠶᠢᠲᠤᠷ ᠵᠣᠬᠢᠶᠠᠵᠤ᠂ ᠮᠠᠨ ᠤ ᠬᠤᠲᠠ ᠶᠢᠨ ᠭᠠᠳᠠᠭᠰᠢ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ︔ ᠡᠯ᠎ᠡ ᠰᠠᠯᠠᠭ᠎ᠠ ᠮᠥᠴᠢᠷ ᠢ ᠬᠠᠮᠵᠢᠨ ᠪᠥᠬᠦ ᠬᠤᠲᠠ ᠶᠢᠨ ᠳᠤᠮᠳᠠᠳᠤ ᠤᠯᠤᠰ  ᠤᠨ ᠠᠳᠠᠯ  ᠤᠶᠢᠯᠡᠰ ᠴᠣᠭᠴᠠᠯᠠᠵᠤ ᠰᠢᠨ᠎ᠡ ᠶᠢ ᠡᠭᠦᠳᠬᠦ ᠦᠵᠡᠰᠬᠦᠯᠡᠩ ᠵᠡᠷᠭᠡ ᠡᠯ᠎ᠡ ᠲᠥᠷᠥᠯ ᠤᠨ ᠲᠤᠰᠬᠠᠶ ᠰᠡᠳᠦᠪᠲᠦ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠦᠵᠡᠭᠦᠯᠦᠯᠭᠡ ᠶᠢᠨ ᠠᠵᠢᠯᠯᠠᠭ᠎ᠠ ᠶᠢᠨ ᠴᠤᠭᠯᠠᠷᠠᠯ ᠤᠨ  ᠤᠶᠢᠯᠡᠳᠤᠯ ᠪᠠ ᠬᠡᠪᠴᠢᠶᠡᠲᠦ  ᠤᠶᠢᠯᠡᠳᠤᠯ ᠢ ᠥᠷᠭᠡᠳᠬᠡᠨ᠎ᠡ︔ ︽ᠵᠠᠯᠠᠭᠤᠴᠤᠳ  ᠤᠨ ᠵᠥᠪᠳᠡᠯᠴᠡᠬᠡᠷ ᠤᠨ ᠬᠤᠷᠠᠯ︾ ᠵᠡᠷᠭᠡ ᠤᠯᠤᠰ  ᠤᠨ ᠳᠣᠲᠣᠭᠠᠳᠤ ᠶᠢᠨ ᠡᠯ᠎ᠡ ᠲᠥᠷᠥᠯ ᠤᠨ ᠵᠥᠪᠳᠡᠯᠴᠡᠭᠡᠨ ᠤ ᠲᠠᠨᠢᠯᠴᠠᠭᠤᠯᠭ᠎ᠠ ᠶᠢᠨ ᠬᠤᠷᠠᠯ ᠳᠤ ᠢᠳᠡᠪᠬᠢᠲᠡᠢ ᠣᠷᠣᠯᠴᠠᠵᠤ᠂ ᠭᠠᠳᠠᠭᠠᠳᠤ ᠤᠬᠠᠭᠤᠯᠭ᠎ᠠ ᠶᠢ ᠰᠠᠶᠢᠲᠤᠷ ᠬᠢᠵᠦ᠂ ᠮᠠᠨ ᠤ ᠬᠤᠲᠠ ᠪᠣᠯᠤᠨ ᠤᠯᠤᠰ  ᠤᠨ ᠳᠣᠲᠣᠭᠠᠳᠤ ᠶᠢᠨ ᠨᠡᠷᠡᠲᠦ ᠠᠵᠤ  ᠠᠬᠤᠶᠢᠯᠠᠯ ᠤᠨ ᠵᠣᠯᠭᠠᠯᠴᠠᠭ᠎ᠠ᠂ ᠨᠡᠪᠲᠡᠷᠡᠯᠴᠡᠭᠡ᠂ ᠬᠠᠮᠲᠤᠷᠠᠯᠴᠠᠭ᠎ᠠ ᠶᠢ ᠠᠬᠢᠭᠤᠯᠵᠤ᠂ ᠴᠢᠬᠤᠯᠠ ᠶᠡᠭᠡ ᠲᠥᠷᠥᠯ  ᠵᠤᠶᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠳᠥᠷᠪᠡ ᠳᠤ ᠣᠷᠣᠨ ᠪᠦᠰᠡ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠵᠤ᠂ ︽ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠶᠢᠨ ᠬᠠᠮᠲᠤᠷᠠᠯᠴᠠᠭᠠᠨ ᠤ ᠣᠷᠣᠨ ᠤ ᠲᠥᠯᠥᠪᠵᠢᠭᠦᠯᠪᠡ︾ ᠶᠢᠨ ᠲᠣᠪᠬᠢᠮᠠᠯ ᠳᠤ ᠲᠦᠷᠭᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠵᠢᠨᠢᠩ ᠳ᠋ᠠᠯᠢᠶᠠᠨ ᠤ ᠲᠦᠷᠭᠡᠨ ᠤ ᠲᠡᠮᠦᠷ ᠵᠠᠮ ᠤᠨ ᠪᠠᠷᠢᠯᠭ᠎ᠠ ᠡᠬᠢᠯᠡᠬᠦ᠂  ᠹᠧᠩᠵᠧᠨ — ᠰᠢᠨ ᠷᠦᠩ ᠲᠣᠭᠤᠷᠢᠭ ᠤᠨ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ᠂ ᠵᠢᠨᠢᠩ ᠳ᠋ᠠᠯᠢᠶᠠᠨ ᠤ ᠵᠤᠭᠠᠴᠠᠯ ᠤᠨ ᠰᠢᠭᠤᠳ ᠨᠡᠪᠲᠡᠷᠡᠬᠦ ᠲᠡᠷᠭᠡ ᠨᠡᠪᠲᠡᠷᠡᠬᠦ᠂ ᠳᠤᠮᠳᠠᠳᠤ ᠧᠦ᠋ᠷᠣᠫᠠ  ᠶᠢᠨ ᠭᠠᠯᠲᠤ ᠲᠡᠷᠭᠡ ᠪᠣᠯᠤᠨ ᠦᠵᠡᠰᠬᠦᠯᠡᠩ ᠤᠨ ᠬᠠᠮᠲᠤᠷᠠᠯᠴᠠᠭ᠎ᠠ ᠵᠡᠷᠭᠡ ᠶᠠᠪᠤᠳᠠᠯ ᠢ ᠵᠣᠬᠢᠴᠠᠭᠤᠯᠤᠨ ᠠᠬᠢᠭᠤᠯᠤᠨ᠎ᠠ᠃ ᠴᠢᠭᠤᠯᠤᠯᠲᠤ ᠬᠠᠭᠠᠯᠭ᠎ᠠ ᠬᠤᠲᠠ ᠶᠢᠨ ᠲᠥᠷᠥᠯ  ᠵᠤᠶᠢᠯ ᠤᠨ ᠲᠥᠯᠥᠪᠵᠢᠭᠦᠯᠪᠡ ᠪᠣᠯᠤᠨ ᠵᠠᠩᠪᠸᠢ ᠣᠷᠣᠨ ᠤ 2022 ᠣᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ  ᠶᠢᠨ ᠲᠠᠮᠢᠷ ᠤᠨ ᠴᠤᠭᠯᠠᠭᠠᠨ ᠤ ᠠᠵᠢᠯᠯᠠᠭ᠎ᠠ ᠶᠢᠨ ᠲᠣᠬᠢᠷᠠᠭᠤᠯᠤᠯᠲᠠ ᠶᠢ ᠢᠳᠡᠪᠬᠢᠲᠡᠢ ᠵᠣᠯᠭᠠᠭᠤᠯᠵᠤ᠂ ᠵᠠᠬ᠎ᠠ ᠳᠡᠯᠭᠡᠭᠦᠷ ᠢ ᠬᠠᠮᠲᠤᠪᠠᠷ ᠪᠠᠶᠢᠭᠤᠯᠬᠤ᠂ ᠠᠵᠢᠯᠯᠠᠭ᠎ᠠ ᠶᠢ ᠬᠠᠮᠲᠤᠷᠠᠨ ᠡᠷᠬᠢᠯᠡᠬᠦ ᠶᠢ ᠠᠬᠢᠭᠤᠯᠵᠤ᠂ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠵᠤ᠂ ᠵᠢᠷᠭᠤᠳᠤᠭᠠᠷ ᠬᠤᠭᠤᠴᠠᠭᠠᠨ ᠤ ᠥᠪᠥᠷ ᠮᠣᠩᠭᠤᠯ ᠱᠠᠨ ᠰᠢ ᠾᠧᠪᠧᠶ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠤᠷᠲᠤ ᠴᠠᠭᠠᠨ ᠬᠡᠷᠡᠮ ᠤᠨ ᠠᠯᠲᠠᠨ ᠭᠤᠷᠪᠠᠯᠵᠢᠨ ᠬᠤᠶᠢᠭ  ᠤᠨ ᠬᠠᠮᠲᠤᠷᠠᠯᠴᠠᠭᠠᠨ ᠤ ᠣᠷᠣᠨ ᠤ ᠬᠠᠮᠲᠤᠷᠠᠭᠰᠠᠨ ᠬᠤᠷᠠᠯ ᠳᠤ ᠢᠳᠡᠪᠬᠢᠲᠡᠢ ᠣᠷᠣᠯᠴᠠᠵᠤ᠂ ᠮᠣᠵᠢ ᠣᠷᠣᠨ ᠤ ᠲᠡᠰ ᠤᠨ ᠵᠣᠬᠢᠴᠠᠭᠤᠯᠬᠤ ᠲᠣᠭᠲᠠᠴᠠ ᠪᠠᠶᠢᠭᠤᠯᠬᠤ ᠶᠢ ᠬᠤᠯᠪᠣᠭᠠᠯᠠᠨ ᠠᠬᠢᠭᠤᠯᠵᠤ᠂  ᠪᠠᠶᠢᠭᠤᠯᠤᠮᠵᠢ ᠲᠣᠭᠲᠠᠴᠠ ᠪᠣᠯᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ︔ ᠪᠡᠭᠡᠵᠢᠩ ᠲᠢᠶᠠᠨᠵᠢᠨ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠵᠠᠯᠭᠠᠨ ᠠᠪᠴᠤ᠂ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠲᠣᠭᠲᠠᠴᠠ ᠶᠢ  ᠠᠰᠢᠭᠯᠠᠨ᠂ ᠵᠠᠯᠭᠠᠨ ᠵᠣᠯᠭᠠᠭᠤᠯᠬᠤ ᠠᠵᠤ ᠦᠢᠯᠡᠰ ᠤᠨ ᠰᠢᠯᠵᠢᠯᠲᠡ ᠶᠢᠨ ᠭᠠᠷᠴᠠᠭ ᠢ ᠡᠮᠬᠢᠯᠡᠵᠦ᠂ ᠮᠠᠨ ᠤ ᠬᠤᠲᠠ ᠶᠢᠨ ᠺᠠᠳ᠋ᠷ ᠤᠨ ᠪᠡᠭᠡᠵᠢᠩ ᠳᠤ ᠲᠦᠷ ᠴᠠᠭ ᠲᠤᠰᠢᠶᠠᠯ ᠡᠭᠦᠷᠭᠡᠯᠡᠬᠦ ᠲᠠᠪᠴᠠᠩ ᠢᠶᠠᠷ ᠳᠠᠮᠵᠢᠨ᠂ ᠪᠡᠭᠡᠵᠢᠩ ᠤᠨ 8 ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ ᠣᠷᠣᠨ ᠳᠤ ᠲᠣᠰ ᠲᠣᠰ ᠬᠤᠳᠠᠯᠳᠤᠭᠠᠴᠢᠨ ᠤᠷᠢᠬᠤ ᠠᠵᠢᠯᠯᠠᠭ᠎ᠠ ᠡᠷᠬᠢᠯᠡᠵᠦ᠂ ᠴᠢᠭᠯᠡᠭᠦᠯᠬᠦ ᠴᠢᠨᠠᠷᠲᠠᠶ ᠪᠠᠷ ᠵᠠᠯᠭᠠᠨ ᠵᠣᠯᠭᠠᠭᠤᠯᠬᠤ ᠠᠵᠤ ᠦᠢᠯᠡᠰ ᠤᠨ ᠬᠤᠳᠠᠯᠳᠤᠭᠠᠴᠢᠨ ᠤᠷᠢᠵᠤ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠦᠨ᠎ᠡ︔ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ  ᠢ ᠨᠡᠪᠲᠡᠷᠡᠭᠦᠯᠬᠦ ᠪᠠ  ᠵᠢᠨᠢᠩ ᠳ᠋ᠠᠲ᠋ᠦ᠋ᠩ ᠲᠦᠷᠭᠡᠨ ᠤ ᠲᠡᠮᠦᠷ ᠵᠠᠮ ᠤᠨ ᠪᠦᠲᠦᠭᠡᠨ ᠪᠠᠶᠢᠭᠤᠯᠤᠯᠳᠡ ᠪᠠᠷ ᠠᠵᠠ ᠲᠣᠬᠢᠶᠠᠯ ᠪᠣᠯᠭᠠᠵᠤ᠂ ︽ᠬᠥᠬᠡᠬᠤᠲᠠ ᠪᠤᠭᠤᠲᠤ ᠣᠷᠳᠣᠰ ᠤᠨ ᠬᠥᠭᠵᠢᠯᠲᠡ ᠶᠢᠨ ᠲᠥᠯᠥᠪᠵᠢᠭᠦᠯᠪᠡ︾ ᠪᠠᠷ ᠰᠠᠭᠤᠷᠢ ᠪᠣᠯᠭᠠᠵᠤ᠂ ᠬᠥᠬᠡᠬᠤᠲᠠ ᠪᠤᠭᠤᠲᠤ ᠣᠷᠳᠣᠰ ᠯᠤᠭ᠎ᠠ ᠶᠢᠨ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ ᠬᠠᠮᠵᠢᠯᠴᠠᠨ ᠬᠥᠭᠵᠢᠬᠦ ᠲᠥᠯᠥᠪᠵᠢᠭᠦᠯᠪᠡ᠂ ᠲᠥᠰᠦᠯ ᠢ ᠲᠣᠭᠲᠠᠭᠠᠵᠤ᠂ ᠲᠥᠯᠥᠪᠵᠢᠭᠦᠯᠭᠡ ᠶᠢ ᠵᠣᠯᠭᠠᠭᠤᠯᠬᠤ ᠪᠠ ᠲᠥᠷᠦ ᠶᠢᠨ ᠪᠣᠳᠣᠯᠭ᠎ᠠ ᠶᠢ ᠵᠣᠯᠭᠠᠭᠤᠯᠬᠤ ᠶᠢ ᠰᠠᠶᠢᠲᠤᠷ ᠬᠢᠵᠦ᠂ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃ ᠴᠢᠳᠠᠪᠤᠷᠢᠲᠠᠨ᠂ ᠬᠥᠷᠥᠩᠭᠡ᠂ ᠮᠡᠷᠭᠡᠵᠢᠯ ᠵᠡᠷᠭᠡ ᠴᠢᠬᠤᠯᠠ ᠡᠯᠧᠮᠧᠨ᠋ᠲ ᠢ ᠥᠨᠳᠥᠷ ᠭᠠᠵᠠᠷ ᠢ ᠪᠦᠷᠢᠯᠳᠦᠭᠦᠯᠵᠦ᠂ ᠬᠥᠬᠡᠬᠤᠲᠠ ᠪᠤᠭᠤᠲᠤ ᠣᠷᠳᠣᠰ ᠤᠨ ᠬᠠᠮᠢᠶ᠎ᠠ ᠪᠦᠬᠦᠢ ᠠᠵᠤ  ᠤᠶᠢᠯᠡᠰ ᠪᠣᠯᠤᠨ ᠪᠦᠲᠦᠭᠡᠭᠳᠡᠬᠦᠨ ᠢ ᠱᠠᠨ ᠰᠢ᠂ ᠾᠧᠪᠧᠶ ᠵᠡᠷᠭᠡ ᠣᠷᠣᠨ ᠢ ᠨᠥᠯᠥᠭᠡᠯᠡᠬᠦ ᠶᠢ ᠠᠬᠢᠭᠤᠯᠵᠤ᠂ ᠤᠯᠠᠭᠠᠨᠴᠠᠪ ᠢ ᠪᠡᠭᠡᠵᠢᠩ ᠲᠢᠶᠠᠨᠵᠢᠨ ᠡᡁᠧᠪᠸᠢ ᠪᠣᠯᠤᠨ ᠬᠥᠬᠡᠬᠤᠲᠠ ᠪᠤᠭᠤᠲᠤ ᠣᠷᠳᠣᠰ ᠢ ᠬᠤᠯᠪᠣᠭᠰᠠᠨ ᠴᠢᠬᠤᠯᠠ ᠶᠡᠭᠡ ᠲᠥᠪᠯᠡᠷᠡᠭᠦᠯᠵᠦ ᠲᠠᠷᠬᠠᠭᠠᠬᠤ ᠵᠠᠩᠭᠢᠯᠠᠭ᠎ᠠ ᠪᠣᠯᠤᠨ ᠴᠢᠬᠤᠯᠠ ᠵᠠᠩᠭᠢᠯᠠᠭ᠎ᠠ ᠶᠢᠨ ᠬᠤᠲᠠ ᠪᠣᠯᠭᠠᠨ ᠪᠦᠲᠦᠭᠡᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠤᠨ ᠠᠴᠢᠶᠠᠯᠠᠭᠴᠢ ᠣᠷᠣᠨ ᠪᠣᠯᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠦᠷ ᠢ ᠬᠠᠮᠲᠤᠪᠠᠷ ᠴᠣᠭᠴᠠᠯᠠᠨ᠎ᠠ᠃                                                ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2