ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ
ᠨᠡᠶᠢᠲᠡᠯᠡᠭᠰᠡᠨ ᠴᠠᠭ᠄
2019-11-25
   2020᠎ ᠤᠨ 2 ᠰᠠᠷ᠎ᠠ ᠶᠢᠨ 16᠎ ᠤ ᠡᠳᠦᠷ᠂ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠳᠠᠮᠢᠷ ᠤᠨ ᠴᠤᠭᠯᠠᠭᠠᠨ‌ᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠲᠤ ᠦᠪᠡᠳᠡᠭᠰᠢ ᠶᠡᠭᠡ ᠪᠠᠷ ᠡᠬᠢᠯᠡᠬᠦ ᠪᠠᠷ ᠪᠤᠢ᠂ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠣᠯᠠᠨ ᠤᠯᠤᠰ ᠎ ᠤᠨ ᠴᠠᠰᠤᠨ ᠳᠤ ᠭᠤᠯᠭᠤᠬᠤ ᠲᠠᠯᠠᠪᠠᠢ ᠴᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠎ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ ᠢᠯᠡᠷᠡᠬᠦ ᠪᠣᠯᠤᠨ᠎ᠠ᠃  ᠤᠶᠢᠯᠠᠭᠠᠭᠰᠠᠨ ᠢᠶᠠᠷ᠂  ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠳᠠᠮᠢᠷ ᠤᠨ ᠴᠤᠭᠯᠠᠭᠠᠨ ᠪᠤᠯ2022 ᠤᠨ ᠤ ᠪᠡᠭᠡᠵᠢᠩ ‍ᠦᠨ‌ᠡᠪᠤᠯ ᠤᠨ ᠤᠯᠠᠷᠢᠯ ᠤᠨ ᠤᠯᠢᠮᠫᠢᠺ ᠤᠨ ᠴᠤᠭᠯᠠᠭᠠᠨ ᠠᠴᠠ ᠡᠮᠦᠨ᠎ᠡ ᠮᠠᠨ ᠤ ᠤᠯᠤᠰ ᠤᠨ ᠡᠷᠬᠢᠯᠡᠬᠦ ᠬᠡᠪᠴᠢᠶ᠎ᠡ ᠪᠠᠷ ᠬᠠᠮᠤᠭ ᠤᠨ ᠶᠡᠭᠡ ᠡᠪᠤᠯ ᠤᠨ ᠤᠯᠠᠷᠢᠯ ᠤᠨ ᠲᠦᠷᠦᠯ ᠵᠤᠶᠢᠯ ᠤᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠤᠯᠤᠨ᠎ᠠ᠂ ᠮᠦᠨ ᠴᠦ ᠮᠠᠨ ᠤ ᠤᠷᠤᠨ ᠤ ᠠᠩᠬ᠎ᠠ ᠤᠳᠠᠭ᠎ᠠ ᠲᠠᠭᠠᠭᠠᠴᠢᠯᠠᠨ ᠡᠷᠬᠢᠯᠡᠭᠰᠡᠨ ᠪᠦᠬᠦ ᠤᠯᠤᠰ ᠤᠨ ᠲᠤᠮᠤ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠳᠠᠢ ᠲᠠᠮᠢᠷ ᠤᠨ ᠴᠤᠭᠯᠠᠭᠠᠨ ᠪᠤᠯᠬᠤ ᠶᠤᠮ  ᠃
    ᠦᠪᠤᠷ ᠮᠤᠩᠭᠤᠯ ᠳᠠᠬᠢ ᠤᠷᠤᠯᠳᠤᠭᠠᠨ ᠤ ᠳᠠᠯᠠᠪᠠᠢ ᠤᠷᠳᠤᠨ ᠪᠤᠯᠬᠤ   ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ  ᠳᠤ ᠴᠢᠯᠦᠭᠡᠳᠦ ᠴᠠᠨᠠᠯᠠᠯᠳᠠ ᠪᠤᠯᠤᠨ ᠳᠠᠩ ᠬᠠᠪᠳᠠᠰᠤᠳᠤ ᠴᠠᠨᠠᠯᠠᠯᠳᠠ ᠶᠢᠨ ᠰᠠᠭᠠᠳ ᠲᠠᠢ ᠳᠠᠭᠤᠯᠴᠠᠬᠤ ᠤᠷᠤᠯᠳᠤᠭᠠᠨ᠂ ᠬᠦᠳᠦᠯ ᠰᠠᠭᠠᠳ ᠲᠠᠢ ᠤᠷᠠᠨ ᠮᠡᠷᠭᠡᠵᠢᠯ᠂ ᠳᠤᠮᠤ ᠬᠠᠷᠠᠶᠢᠯᠳᠠ ᠶᠢᠨ ᠳᠠᠪᠴᠠᠩ ᠤᠨ ᠤᠷᠤᠯᠳᠤᠭᠠᠨ ᠶᠠᠪᠤᠭᠳᠠᠨ᠎ᠠ᠃  ᠲᠤᠤᠷ᠎ᠠ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ  ᠶᠢ ᠲᠠᠨᠢᠯᠴᠠᠭᠤᠯᠤᠶ᠎ᠠ᠃
ᠨᠢᠭᠡ᠂ ᠤᠷᠤᠨ ᠪᠠᠶᠢᠷᠢ ᠶᠢᠨ ᠳᠠᠪᠠᠭᠤᠯᠢᠭ   ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ ︽ ᠲᠠᠯ᠎ᠠ ᠨᠤᠲᠤᠭ ᠤᠨ ᠡᠭᠦᠯᠡᠨ ᠬᠦᠨᠳᠡᠢ᠂ ᠵᠤᠰᠠᠯᠠᠩ ᠤᠨ  ᠤᠷᠤᠨ︾ ᠪᠣᠯᠬᠤ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠵᠤᠭᠠᠴᠠᠯ ᠤᠨ ᠣᠷᠣᠨ ᠳᠤ ᠪᠠᠶᠢᠷᠢᠯᠠᠵᠤ᠂ ᠵᠠᠮ ᠬᠠᠷᠢᠯᠴᠠᠭ᠎ᠠ ᠳᠥᠭᠦᠮ ᠳᠥᠲᠡ᠂ ᠵᠡᠭᠦᠨᠰᠢ ᠪᠠᠨ ᠪᠡᠭᠡᠵᠢᠩ ᠠᠴᠠ 300 ᠭᠠᠷᠤᠶ ᠺᠢᠯᠣᠮᠧᠲᠷ ᠵᠠᠶᠢᠲᠠᠶ ᠪᠠᠶᠢᠳᠠᠭ᠃ ᠣᠳᠣᠬᠠᠨ ᠳᠤ  ᠨᠠᠶᠢᠰᠯᠡᠯ ᠢ ᠬᠤᠯᠪᠣᠭᠰᠠᠨ ᠵᠠᠰᠠᠮᠠᠯ ᠵᠠᠮ ᠤᠨ ᠭᠤᠤᠯ ᠱᠤᠭᠤᠮ ᠳᠤ G 6᠂ G 7 ᠲᠦᠷᠭᠡᠨ ᠤ ᠵᠠᠰᠠᠮᠠᠯ ᠵᠠᠮ᠂ 110 ᠤᠯᠤᠰ ᠤᠨ ᠵᠠᠰᠠᠮᠠᠯ ᠵᠠᠮ ᠪᠣᠶ᠂ ᠲᠡᠮᠦᠷ ᠵᠠᠮ ᠳᠤ ᠤᠯᠤᠰ ᠎ ᠤᠨ ᠳᠤᠮᠳᠠ ᠪᠠᠷᠠᠭᠤᠨ ᠣᠷᠣᠨ ᠤ ᠲᠣᠮᠣ ᠯᠤᠭᠰᠢᠭᠤᠨ ᠰᠤᠳᠠᠯ — ᠪᠡᠭᠡᠵᠢᠩ ᠪᠤᠭᠤᠲᠤ ᠳᠠᠪᠬᠤᠷ ᠱᠤᠭᠤᠮ ᠪᠣᠶ᠂ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠤᠨ ᠠᠶᠠᠨᠴᠢᠳ ᠲᠡᠭᠡᠭᠡᠪᠦᠷᠢ ᠶᠢᠨ ᠲᠤᠰᠬᠠᠶ ᠱᠤᠭᠤᠮ ᠢ 2019 ᠣᠨ ᠳᠤ ᠨᠡᠪᠲᠡᠷᠡᠭᠦᠯᠬᠦ ᠶᠢ ᠳᠠᠭᠠᠯᠳᠤᠨ᠂ ᠪᠡᠭᠡᠵᠢᠩ ᠠᠴᠠ ᠤᠯᠠᠭᠠᠨᠴᠠᠪ ᠬᠦᠷᠬᠦ ᠳᠤ ᠵᠥᠪᠬᠡᠨ 70 ᠮᠢᠨᠦ᠋ᠲ ᠬᠡᠷᠡᠭᠰᠡᠨ᠎ᠡ᠃ 4 ᠴᠠᠭ ᠥᠪᠡᠷ ᠢᠶᠠᠷ ᠲᠡᠷᠭᠡ ᠵᠢᠯᠣᠭᠤᠳᠴᠤ᠂ 1 ᠴᠠᠭ ᠤᠨ ᠥᠨᠳᠥᠷ ᠬᠤᠷᠳᠤᠴᠠᠲᠤ ᠲᠡᠮᠦᠷ ᠵᠠᠮ᠂ 30 ᠮᠢᠨᠦ᠋ᠲ ᠤᠨ ᠨᠢᠰᠦᠯᠲᠡ ᠶᠢ ᠪᠡᠶᠡᠯᠡᠭᠦᠯᠵᠦ᠂ ᠵᠠᠮ ᠬᠠᠷᠢᠯᠴᠠᠭᠠᠨ ᠤ ᠲᠣᠤᠷ ᠰᠦᠯᠵᠢᠶ᠎ᠡ ᠳᠥᠷᠪᠡᠨ ᠵᠦᠭ  ᠨᠠᠢᠮᠠᠨ ᠵᠣᠪᠬᠢᠰ ᠲᠤ ᠨᠡᠪᠲᠡᠷᠡᠵᠦ᠂ ᠳᠥᠭᠦᠮ ᠳᠥᠲᠡ ᠪᠣᠯᠪᠠ᠃
ᠬᠤᠶᠠᠷ᠂ ᠭᠠᠵᠠᠷ ᠵᠦᠶ ᠶᠢᠨ ᠳᠠᠪᠠᠭᠤᠯᠢᠭ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ ᠵᠡᠭᠦᠨ ᠤᠷᠲᠤᠷᠢᠭ ᠤᠨ 112 °ᠤᠮᠠᠷᠠᠲᠤ ᠥᠷᠭᠡᠷᠢᠭ ᠤᠨ 40 °᠎ ᠲᠤ ᠣᠷᠣᠰᠢᠵᠤ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠬᠠᠮᠤᠭ ᠲᠣᠬᠢᠷᠠᠮᠵᠢᠲᠠᠶ ᠴᠠᠰᠤᠨ ᠳᠤ ᠭᠤᠯᠭᠤᠬᠤ ᠴᠠᠭᠠᠷᠢᠭ ᠤᠨ ᠪᠠᠶᠢᠷᠢ ᠪᠣᠯᠤᠨ᠎ᠠ᠂ ᠳᠠᠷᠤᠶ᠄ ᠤᠮᠠᠷᠠᠲᠤ ᠥᠷᠭᠡᠷᠢᠭ ᠤᠨ 40 ° - 42 °᠎ ᠤᠨ ᠬᠤᠭᠤᠷᠣᠨᠳᠣ ᠣᠷᠣᠰᠢᠵᠤ᠂ ᠡᠨᠡ ᠬᠦ ᠣᠷᠣᠨ ᠤ ᠴᠠᠰᠤᠨ ᠴᠢᠨᠠᠷ ᠨᠢ ᠰᠢᠯᠢᠳᠡᠭ ᠰᠠᠶᠢᠨ ᠪᠠᠶᠢᠳᠠᠭ᠃   ᠴᠠᠰᠤᠨ ᠲᠠᠯᠠᠪᠠᠢ ᠳᠠᠯᠠᠢ ᠶᠢᠨ ᠲᠦᠪᠰᠢᠨ ᠠᠴᠠ1600 ᠮᠧᠲᠷ - 2100ᠮᠧᠲᠷ ᠤᠨ ᠬᠤᠭᠤᠷᠤᠨᠳᠤ᠂ ᠠᠽᠢᠶ᠎ᠠ ᠶᠢᠨ ᠥᠨᠳᠦᠷᠯᠢᠭ ᠤᠨ ᠣᠷᠣᠨ ᠳᠤ ᠬᠠᠷᠢᠶᠠᠯᠠᠭᠳᠠᠵᠤ᠂ ᠲᠤᠰᠬᠠᠶ ᠮᠡᠷᠭᠡᠵᠢᠯ ᠤᠨ ᠲᠠᠮᠢᠷᠴᠢᠨ ᠤ ᠳᠠᠯᠠᠢ ᠶᠢᠨ ᠲᠦᠪᠰᠢᠨ ᠠᠴᠠ ᠳᠡᠭᠡᠭᠰᠢ ᠡᠷᠭᠦᠭᠳᠡᠭᠰᠡᠨ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠬᠢᠬᠦ ᠬᠠᠮᠤᠭ ᠰᠠᠶᠢᠨ ᠲᠠᠯᠠᠪᠤᠷ ᠪᠣᠯᠤᠨ᠎ᠠ᠃ ᠭᠤᠷᠪᠠ᠂ ᠪᠠᠶᠢᠭᠠᠯᠢ ᠶᠢᠨ ᠣᠷᠴᠢᠨ ᠲᠣᠭᠤᠷᠢᠨ ᠤ ᠠᠭᠤᠷ ᠠᠮᠢᠰᠬᠤᠯ ᠤᠨ ᠳᠠᠪᠠᠭᠤᠯᠢᠭ   ᠳᠠᠭ᠎ᠠ ᠶᠢᠨ ᠨᠠᠭᠤᠷ ᠤᠨ ᠣᠯᠠᠨ ᠤᠯᠤᠰ ᠎ ᠤᠨ ᠴᠠᠰᠤᠨ ᠳᠤ ᠭᠤᠯᠭᠤᠬᠤ ᠲᠠᠯᠠᠪᠠᠢ ᠨᠢ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠵᠤᠭᠠᠴᠠᠯ ᠤᠨ ᠣᠷᠣᠨ ᠳᠤ ᠪᠠᠶᠢᠷᠢᠯᠠᠵᠤ᠂ ᠥᠪᠥᠷ ᠮᠣᠩᠭᠤᠯ ᠤᠨ ᠵᠡᠭᠦᠨ ᠡᠮᠦᠨᠡᠲᠦ ᠬᠡᠰᠡᠭ ᠤᠨ ᠳᠥᠷᠪᠡᠨ ᠲᠠᠯ᠎ᠠ ᠪᠠᠷ ᠢᠶᠠᠨ ᠠᠭᠤᠯᠠ ᠪᠠᠷ ᠬᠦᠷᠢᠶᠡᠯᠡᠭᠳᠡᠭᠰᠡᠨ ᠵᠢᠵᠢᠭ ᠬᠤᠲᠣᠭᠤᠷ ᠭᠠᠵᠠᠷ ᠲᠤ ᠪᠠᠶᠢᠷᠢᠯᠠᠵᠤ᠂ ᠬᠤᠲᠣᠭᠤᠷ ᠲᠥᠪ ᠨᠢ ᠪᠣᠷᠣᠭᠠᠨ ᠤ ᠤᠰᠤ ᠪᠣᠯᠤᠨ ᠭᠠᠵᠠᠷ ᠳᠣᠤᠷᠠᠬᠢ ᠤᠰᠤᠨ ᠠᠴᠠ ᠪᠣᠯᠵᠤ ᠳᠠᠭ᠎ᠠ ᠶᠢᠨ ᠨᠠᠭᠤᠷ — ᠥᠪᠥᠷ ᠮᠣᠩᠭᠤᠯ ᠤᠨ ᠭᠤᠷᠪᠠᠳᠤᠭᠠᠷ ᠶᠡᠭᠡ ᠴᠡᠩᠭᠡᠭ ᠨᠠᠭᠤᠷ ᠪᠣᠶ ᠪᠣᠯᠵᠤ᠂ ᠠᠳᠡᠬᠢ ᠠᠭᠤᠷ ᠠᠮᠢᠰᠬᠤᠯ ᠣᠨᠴᠠᠭᠠᠢ ᠪᠠᠶᠢᠳᠠᠭ᠃ ᠳᠥᠷᠪᠡᠨ ᠲᠠᠯᠠᠲᠤ ᠠᠭᠤᠯᠠ ᠨᠢᠷᠤᠭᠤ ᠶᠢᠨ ᠬᠠᠯᠬᠠᠪᠴᠢ ᠪᠠᠶᠢᠬᠤ ᠠᠴᠠ ᠶᠡᠭᠡ ᠰᠠᠯᠬᠢ ᠡᠯᠡᠰᠦ ᠪᠠ ᠬᠦᠢᠲᠡᠨ ᠤᠷᠤᠰᠬᠠᠯ ᠤᠨ ᠳᠠᠭᠠᠷᠢᠯᠲᠠ  ᠪᠠᠶᠢᠬᠤ ᠦᠭᠡᠢ᠂ ᠵᠢᠯ ᠪᠦᠷᠢ ᠶᠢᠨ ᠨᠢᠭᠡᠳᠦᠭᠡᠷ ᠰᠠᠷ᠎ᠠ ᠶᠢᠨ ᠬᠠᠮᠤᠭ ᠬᠦᠢᠲᠡᠨ ᠦᠶ᠎ᠡ ᠳᠤ ᠳᠤᠮᠳᠠᠴᠢ ᠠᠭᠠᠷ ᠤᠨ ᠳᠤᠯᠠᠭᠠᠨ ᠲᠡᠭ ᠠᠴᠠ ᠳᠣᠷᠣᠭᠰᠢ 13 ℃ ᠪᠠᠶᠢᠵᠤ᠂ ᠳᠣᠯᠣᠳᠤᠭᠠᠷ ᠰᠠᠷ᠎ᠠ ᠶᠢᠨ ᠬᠠᠮᠤᠭ ᠬᠠᠯᠠᠭᠤᠨ ᠦᠶ᠎ᠡ ᠳᠤ ᠳᠤᠮᠳᠠᠴᠢ ᠠᠭᠠᠷ ᠤᠨ ᠳᠤᠯᠠᠭᠠᠨ ᠨᠢ 20.5 ℃ ᠪᠠᠶᠢᠵᠤ᠂ ᠡᠪᠦᠯ ᠤᠨ ᠤᠯᠠᠷᠢᠯ ᠳᠤ ᠬᠠᠬᠢᠷ ᠬᠦᠢᠲᠡᠨ ᠪᠢᠰᠢ᠂ ᠵᠣᠨ ᠤ ᠤᠯᠠᠷᠢᠯ ᠳᠤ ᠠᠭᠠᠭᠢᠮ᠎ᠠ ᠬᠠᠯᠠᠭᠤᠨ ᠪᠢᠰᠢ  ᠪᠠᠶᠢᠳᠠᠭ᠃ ᠬᠠᠪᠤᠷ ᠨᠠᠮᠤᠷ ᠶᠡᠭᠡ ᠰᠠᠯᠬᠢ ᠡᠯᠡᠰᠦ ᠥᠬᠡᠶ᠂ ᠠᠭᠤᠷ ᠠᠮᠢᠰᠬᠤᠯ ᠲᠠᠭᠠᠯᠠᠮᠵᠢᠲᠠᠶ  ᠪᠠᠶᠢᠳᠠᠭ᠃   ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠵᠢᠭᠤᠯᠴᠢᠯᠠᠯ ᠤᠨ ᠣᠷᠣᠨ ᠤ ᠭᠠᠵᠠᠷ ᠤᠨ ᠢᠯᠴᠢ ᠶᠢᠨ ᠡᠬᠢ ᠪᠠᠶᠠᠯᠢᠭ ᠡᠯᠪᠡᠭ ᠲᠡᠯᠪᠡᠭ ᠪᠠᠶᠢᠵᠤ᠂ ᠭᠠᠵᠠᠷ ᠳᠣᠤᠷᠠᠬᠢ ᠬᠠᠯᠠᠭᠤᠨ ᠷᠠᠰᠢᠶᠠᠨ ᠤ ᠤᠰᠤ ᠭᠠᠷᠬᠤ ᠠᠮᠠᠰᠠᠷ ᠤᠨ ᠳᠤᠯᠠᠭᠠᠨ ᠤ ᠬᠡᠮᠵᠢᠶ᠎ᠡ ᠨᠢ 72 ℃ ᠪᠠᠶᠢᠵᠤ᠂ ᠪᠠᠶᠢᠭᠠᠯᠢ ᠶᠢᠨ ᠡᠷᠦᠳᠡᠰᠦ ᠪᠣᠳᠠᠰ ᠡᠯᠪᠡᠭ ᠠᠭᠤᠯᠤᠭᠳᠠᠵᠤ᠂ ᠶᠠᠳᠠᠷᠠᠯ ᠵᠦᠳᠡᠷᠡᠯ ᠢ ᠨᠠᠮᠳᠠᠭᠤᠯᠬᠤ᠂ ᠬᠡᠷᠡᠬᠦ ᠡᠪᠡᠳᠴᠢᠨ ᠢ ᠵᠠᠰᠠᠬᠤ᠂ ᠭᠤᠸᠠᠯᠢᠭ ᠠᠷᠠᠰᠤ ᠶᠢ ᠵᠠᠰᠠᠬᠤ ᠳᠤ ᠮᠠᠰᠢ ᠶᠡᠭᠡ ᠲᠤᠰᠠᠯᠠᠬᠤ  ᠤᠶᠢᠯᠡᠳᠦᠯ ᠲᠠᠢ  ᠪᠠᠶᠢᠳᠠᠭ᠃ ᠳᠥᠷᠪᠡᠨ᠂ ᠴᠠᠰᠤᠨ ᠳᠤ ᠭᠤᠯᠭᠤᠬᠤ ᠲᠠᠯᠠᠪᠠᠢ ᠶᠢᠨ ᠲᠠᠨᠢᠯᠴᠠᠭᠤᠯᠭ᠎ᠠ 1. ᠳᠠᠭ᠎ᠠ ᠶᠢᠨ ᠨᠠᠭᠤᠷ ᠤᠨ ᠣᠯᠠᠨ ᠤᠯᠤᠰ ᠎ ᠤᠨ ᠴᠠᠰᠤᠨ ᠳᠤ ᠭᠤᠯᠭᠤᠬᠤ ᠲᠠᠯᠠᠪᠠᠢ ᠶᠢᠨ ᠶᠡᠷᠦᠩᠬᠡᠶ ᠪᠡᠯᠡ ᠣᠷᠣᠭᠤᠯᠤᠯᠲᠠ ᠨᠢ 12 ᠳ᠋ᠦᠩᠰᠢᠭᠤᠷ ᠲᠦᠭᠦᠷᠢᠭ ᠂ ᠪᠠᠷᠤᠭ 5.85 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠠᠷᠢᠯᠭ᠎ᠠ ᠶᠢᠨ ᠲᠠᠯᠠᠪᠠᠢ ᠨᠢ 5 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠮᠥᠴᠡᠯᠭᠡ PPP ᠵᠠᠭᠪᠤᠷ ᠢᠶᠠᠷ ᠭᠠᠵᠠᠷ ᠲᠤ ᠬᠦᠷᠦᠭᠰᠡᠨ ᠴᠠᠨᠠᠯᠠᠬᠤ ᠪᠡᠶ᠎ᠡ ᠶᠢᠨ ᠲᠠᠮᠢᠷ ᠤᠨ ᠲᠥᠷᠥᠯ ᠵᠤᠶᠢᠯ ᠪᠠᠶᠢᠵᠤ᠂ ᠬᠡᠪᠴᠢᠶ᠎ᠡ ᠪᠠ ᠲᠡᠰ ᠤᠨ ᠲᠠᠯ᠎ᠠ ᠪᠠᠷ ᠪᠥᠬᠦ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠮᠠᠨ ᠤ ᠤᠯᠤᠰ ᠎ ᠤᠨ ᠪᠠᠷᠠᠭᠤᠨ ᠬᠤᠶᠢᠲᠤ ᠬᠡᠰᠡᠭ ᠤᠨ ᠠᠩᠬᠠᠳᠠᠭᠴᠢ ᠣᠷᠣᠨ ᠪᠣᠯᠤᠨ᠎ᠠ᠃ 2. ᠴᠠᠰᠤᠨ ᠲᠠᠯᠠᠪᠠᠢ ᠶᠢ ᠨᠢᠭᠡᠨᠲᠡ ᠥᠨᠳᠥᠷ᠂ ᠳᠤᠮᠳᠠ᠂ ᠠᠩᠬ᠎ᠠ ᠲᠡᠰ ᠤᠨ ᠴᠠᠰᠤᠨ ᠳᠤ ᠭᠤᠯᠭᠤᠬᠤ ᠵᠠᠮ᠂ ᠬᠡᠭᠡᠷ᠎ᠡ ᠶᠢᠨ ᠴᠠᠰᠤᠨ ᠵᠠᠮ ᠵᠡᠷᠭᠡ 12 ᠵᠤᠷᠪᠤᠰ ᠪᠠᠶᠢᠭᠤᠯᠵᠤ᠂ 40 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠬᠠᠮᠤᠭ ᠥᠨᠳᠥᠷ ᠲᠡᠭᠡᠨ ᠳᠠᠯᠠᠢ ᠶᠢᠨ ᠲᠦᠪᠰᠢᠨ ᠠᠴᠠ 2100 ᠮᠧᠲᠷ ᠡᠷᠭᠦᠭᠳᠡᠵᠦ᠂ ᠴᠠᠰᠤᠨ ᠵᠠᠮ 500 ᠮᠧᠲᠷ ᠵᠥᠷᠢᠨ᠎ᠡ᠃  ᠤᠯᠠᠨ ᠤᠯᠤᠰ ᠤᠨ ᠪᠠᠷᠢᠮᠵᠢᠶᠠᠨ ᠤ ᠬᠡᠭᠡᠷ᠎ᠡ ᠶᠢᠨ ᠤᠷᠤᠯᠳᠤᠭᠠᠨ ᠤ ᠵᠠᠮ᠂ ᠳᠠᠩ ᠬᠠᠪᠲᠠᠰᠤᠲᠤ U ᠬᠡᠯᠪᠡᠷᠢ ᠶᠢᠨ ᠤᠷᠤᠯᠳᠤᠭᠠᠨ ᠤ ᠵᠠᠮ᠂ ᠶᠡᠭᠡ ᠡᠷᠭᠢᠯᠳᠦᠭᠡ ᠤᠷᠤᠯᠳᠤᠭᠠᠨ ᠤ ᠵᠠᠮ ᠭᠡᠵᠦ  ᠪᠠᠶᠢᠳᠠᠭ᠃ ᠭᠤᠷᠪᠠᠨ ᠳᠡᠭᠦᠵᠢᠩ ᠵᠠᠮ ᠤᠨ ᠲᠠᠲᠠᠭᠤᠷ ᠲᠡᠷᠭᠡ᠂ ᠳᠥᠷᠪᠡᠨ ᠰᠢᠳᠢᠲᠦ ᠬᠡᠪᠢᠰ ᠤᠭᠰᠠᠷᠠᠵᠤ  ᠪᠠᠶᠢᠨ᠎ᠠ᠃ 3. ᠳᠠᠭ᠎ᠠ ᠶᠢᠨ ᠨᠠᠭᠤᠷ ᠤᠨ ᠣᠯᠠᠨ ᠤᠯᠤᠰ ᠎ ᠤᠨ ᠴᠠᠰᠤᠨ ᠳᠤ ᠭᠤᠯᠭᠤᠬᠤ ᠲᠠᠯᠠᠪᠤᠷ ᠤᠨ ᠬᠡᠭᠡᠷᠡᠯᠡᠨ ᠭᠦᠶᠦᠬᠦ ᠤᠷᠤᠯᠳᠤᠭᠠᠨ ᠤ ᠵᠠᠮ ᠢ ᠪᠠᠶᠢᠭᠤᠯᠵᠤ᠂ ᠲᠡᠭᠰᠢ ᠭᠠᠵᠠᠷ᠂ ᠥᠭᠡᠳᠡ᠂ ᠤᠷᠤᠭᠤ ᠪᠠᠭᠤᠬᠤ ᠵᠠᠮ ᠪᠠᠷᠤᠭ ᠲᠤᠰ ᠲᠤᠰ ᠭᠤᠷᠪᠠᠨ ᠤ ᠨᠢᠭᠡ ᠬᠤᠪᠢ ᠶᠢ ᠡᠵᠡᠯᠡᠵᠦ᠂ ᠤᠷᠤᠭᠤ ᠪᠠᠭᠤᠬᠤ ᠨᠠᠯᠠᠤ ᠶᠢᠨ ᠬᠡᠮᠵᠢᠶ᠎ᠡ ᠨᠢ 8  ᠭᠷᠠᠳᠦ᠋ᠰ ᠠᠴᠠ ᠪᠠᠭ᠎ᠠ ᠪᠠᠶᠢᠵᠤ᠂ ᠮᠤᠷᠦ᠋ᠢᠬᠤ ᠭᠠᠵᠠᠷ ᠤᠨ ᠴᠠᠰᠤᠨ ᠵᠠᠮ ᠤᠨ ᠥᠨᠴᠥᠭ ᠨᠢ 135 ᠭᠷᠠᠳᠦ᠋ᠰ ᠠᠴᠠ ᠶᠡᠭᠡ ᠪᠠᠶᠢᠵᠤ᠂ ᠬᠡᠭᠡᠷᠡᠯᠡᠨ ᠭᠦᠶᠦᠬᠦ ᠤᠷᠤᠯᠳᠤᠭᠠᠨ ᠤ ᠵᠠᠮ ᠤᠨ ᠪᠦᠬᠦ ᠤᠷᠳᠤ ᠨᠢ 7.5 ᠺᠢᠯᠣᠮᠧᠲᠷ᠂ ᠳᠤᠮᠳᠠᠴᠢ ᠪᠠᠷ ᠦᠷᠭᠡᠨ ᠤ ᠬᠡᠮᠵᠢᠶ᠎ᠡ ᠨᠢ 8 ᠮᠧᠲᠷ᠂ ᠴᠠᠰᠤᠨ ᠵᠠᠮ ᠤᠨ ᠲᠠᠯᠠᠪᠠᠢ ᠨᠢ 5.76 ᠲᠦᠮᠡᠨ ᠲᠡᠭᠰᠢ ᠳᠥᠷᠪᠡᠯᠵᠢᠨ ᠮᠧᠲᠷ᠂ ᠬᠠᠮᠤᠭ ᠥᠨᠳᠥᠷ ᠲᠡᠭᠡᠨ ᠳᠠᠯᠠᠢ ᠶᠢᠨ ᠲᠦᠪᠰᠢᠨ ᠠᠴᠠ 1500 ᠮᠧᠲᠷ ᠡᠷᠭᠦᠭᠳᠡᠵᠦ᠂ ᠬᠠᠮᠤᠭ ᠳᠣᠤᠷ᠎ᠠ ᠳᠠᠯᠠᠢ ᠶᠢᠨ ᠲᠦᠪᠰᠢᠨ ᠠᠴᠠ 100 ᠮᠧᠲᠷ ᠵᠥᠷᠢᠨ᠎ᠡ︔ ᠬᠡᠭᠡᠷᠡᠯᠡᠨ ᠭᠦᠶᠦᠬᠦ ᠤᠷᠤᠯᠳᠤᠭᠠᠨ ᠤ ᠵᠠᠮ ᠢ  ᠪᠤᠴᠠᠵᠤ ᠡᠷᠭᠢᠬᠦ᠂ ᠲᠣᠭᠤᠷᠢᠭᠤ᠂ ᠴᠠᠭ ᠤᠨ ᠵᠡᠭᠦᠤ ᠶᠢᠨ ᠳᠠᠭᠠᠤ  ᠭᠤᠯᠭᠤᠬᠤ ᠪᠠᠷ ᠵᠠᠰᠠᠪᠠ᠃ ᠤᠯᠤᠰ ᠎ ᠤᠨ ᠳᠣᠲᠣᠭᠠᠳᠤ ᠳᠤ ᠣᠳᠣ  ᠪᠠᠶᠢᠭ᠎ᠠ ᠬᠡᠭᠡᠷᠡᠯᠡᠨ ᠭᠦᠶᠦᠬᠦ ᠵᠠᠮ ᠤᠨ ᠳᠤᠮᠳᠠ ᠴᠠᠰᠤᠨ ᠵᠠᠮ ᠨᠢ ᠬᠠᠮᠤᠭ ᠤᠷᠲᠤ᠂ ᠪᠠᠭᠤᠯᠲᠠ ᠶᠢᠨ ᠵᠥᠷᠢᠶ᠎ᠡ ᠨᠢ ᠬᠠᠮᠤᠭ ᠶᠡᠭᠡ᠂ ᠠᠭᠠᠷ ᠤᠨ ᠳᠤᠯᠠᠭᠠᠨ ᠨᠢ ᠬᠠᠬᠢᠷ ᠬᠦᠢᠲᠡᠨ ᠪᠢᠰᠢ ᠠᠽᠢᠶ᠎ᠠ ᠵᠢᠨ‌ᠥᠨᠳᠦᠷᠯᠢᠭ ᠤᠨ ᠪᠠᠷᠢᠮᠵᠢᠶᠠᠲᠤ ᠬᠡᠭᠡᠷᠯᠡᠨ ᠭᠦᠶᠦᠬᠦ ᠤᠷᠤᠯᠳᠤᠭᠠᠨ ᠤ ᠵᠠᠮ ᠪᠣᠯᠤᠨ᠎ᠠ᠂ ᠲᠠᠮᠢᠷᠴᠢᠨ ᠤ ᠪᠣᠯᠪᠠᠰᠤᠷᠠᠯ ᠤᠨ ᠬᠠᠮᠤᠭ ᠰᠠᠶᠢᠨ ᠲᠠᠯᠠᠪᠤᠷ ᠪᠣᠯᠤᠨ᠎ᠠ᠃ 4. U ᠬᠡᠯᠪᠡᠷᠢᠲᠦ ᠬᠤᠪᠢᠯ · ᠳᠠᠩ ᠬᠠᠪᠲᠠᠰᠤᠲᠤ U ᠬᠡᠯᠪᠡᠷᠢ ᠶᠢᠨ ᠴᠠᠰᠤᠨ ᠵᠠᠮ᠂ ᠣᠯᠠᠨ ᠤᠯᠤᠰ ᠎ ᠤᠨ ᠤᠷᠤᠯᠳᠤᠭᠠᠨ ᠤ ᠪᠠᠷᠢᠮᠵᠢᠶ᠎ᠠ ᠶᠢ ᠦᠨᠳᠦᠰᠦᠯᠡᠨ ᠴᠢᠩᠭ᠎ᠠ ᠵᠢᠷᠤᠮᠯᠠᠨ ᠵᠠᠰᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠦᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠪᠦᠯ ᠤᠨ ᠤᠯᠠᠷᠢᠯ ᠤᠨ ᠤᠷᠤᠯᠳᠤᠭᠠᠨ ᠤ ᠳᠠᠩ ᠬᠠᠪᠲᠠᠰᠤᠲᠤ U ᠬᠡᠯᠪᠡᠷᠢ ᠶᠢᠨ ᠤᠷᠤᠯᠳᠤᠭᠠᠨ ᠢ ᠠᠮᠵᠢᠯᠲᠠ ᠲᠠᠢ ᠭᠥᠯᠢᠶᠡᠨ ᠠᠪᠴᠠᠶ᠃ 5. ᠥᠨᠳᠥᠷ ᠠᠭᠤᠯᠠᠨ ᠤ ᠴᠠᠰᠤᠨ ᠳᠤ ᠭᠤᠯᠭᠤᠬᠤ ᠶᠡᠭᠡ ᠡᠷᠭᠢᠯᠲᠡ ᠶᠢᠨ ᠵᠠᠮ᠄ ᠨᠠᠯᠠᠤ ᠪᠠ ᠥᠩᠬᠦᠷᠢᠯ ᠱᠤᠭᠤᠮ ᠨᠢ ᠠᠳᠠᠯᠢᠬᠠᠨ︔ ᠴᠠᠰᠤᠨ ᠵᠠᠮ ᠤᠨ ᠴᠢᠭᠯᠡᠯ ᠬᠤᠪᠢᠷᠠᠭᠰᠠᠨ ᠬᠡᠰᠡᠭ ᠤᠨ ᠥᠨᠴᠥᠭ ᠨᠢ 160 °᠎ ︔ ᠦᠷᠭᠡᠨ ᠤ ᠬᠡᠮᠵᠢᠶ᠎ᠡ ᠨᠢ 30 ᠮᠧᠲᠷ ᠃ ᠨᠠᠯᠠᠤᠴᠠ ᠨᠢ 16°~ 30°᠎ ᠤ ᠬᠤᠭᠤᠷᠣᠨᠳᠣ  ᠪᠠᠶᠢᠳᠠᠭ᠃  ᠡᠭᠦᠨ ᠠᠴᠠ ᠭᠠᠳᠠᠨ᠎ᠠ ᠪᠠᠰᠠ ᠲᠣᠮᠣ ᠳᠡᠯᠭᠡᠴᠡ ᠶᠢᠨ ᠤᠬᠠᠭᠤᠯᠭ᠎ᠠ  ᠂ ᠠᠮᠤᠷ ᠢ ᠬᠠᠮᠠᠭᠠᠯᠠᠬᠤ ᠪᠠ ᠠᠪᠤᠷᠠᠨ ᠲᠤᠰᠠᠯᠠᠯᠳᠡ᠂  ᠤᠶᠢᠯᠡᠴᠢᠯᠡᠭᠡᠨ ᠤ ᠲᠢᠩᠬᠢᠮ  ᠂ ᠢᠳᠡᠭᠡᠨ ᠤᠮᠳᠠᠭᠠᠨ  ᠂ ᠬᠠᠯᠠᠭᠤᠨ ᠷᠠᠰᠢᠶᠠᠨ᠂ ᠪᠡᠶ᠎ᠡ ᠴᠢᠭᠢᠷᠠᠭᠵᠢᠭᠤᠯᠬᠤ ᠲᠥᠪ  ᠂ ᠬᠤᠨᠣᠭᠯᠠᠬᠤ  ᠵᠡᠷᠭᠡ ᠪᠦᠷᠢᠨ ᠭᠦᠢᠴᠡᠳ ᠦᠨᠳᠦᠰᠦᠨ ᠲᠤᠨᠤᠭ ᠲᠦᠭᠦᠭᠡᠷᠦᠮᠵᠢ ᠲᠠᠢ ᠪᠠᠶᠢᠳᠠᠭ᠃        ᠲᠠᠪᠤ᠂ ᠲᠠᠭᠠᠭᠠᠴᠢᠯᠠᠨ ᠡᠷᠬᠢᠯᠡᠬᠦ ᠠᠵᠢᠯᠯᠠᠭ᠎ᠠ ᠶᠢᠨ ᠲᠠᠨᠢᠯᠴᠠᠭᠤᠯᠭ᠎ᠠ    ᠠᠵᠢᠯ ᠡᠬᠢᠯᠡᠭᠰᠡᠨ ᠠᠴᠠ ᠨᠠᠰᠢ᠂ ᠣᠯᠠᠨ ᠤᠯᠤᠰ ᠎ ᠤᠨ ᠪᠠ ᠤᠯᠤᠰ ᠤᠨ ᠳᠣᠲᠣᠭᠠᠳᠤ ᠶᠢᠨ ᠴᠢᠬᠤᠯᠠ ᠶᠡᠭᠡ  ᠤᠷᠤᠯᠳᠤᠭᠠᠨ ᠢ ᠡᠷᠬᠢᠯᠡᠨ ᠬᠢᠪᠡ᠄ 2018᠎ ᠤᠨ 1 ᠰᠠᠷ᠎ᠠ ᠶᠢᠨ 28 — 31᠎ ᠤ ᠡᠳᠦᠷ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠪᠡᠳᠦᠭᠡᠷ ᠬᠤᠭᠤᠴᠠᠭᠠᠨ ᠤ  ᠪᠡᠶ᠎ᠡ ᠶᠢᠨ ᠲᠠᠮᠢᠷ ᠤᠨ ᠴᠤᠭᠯᠠᠭᠠᠨ ᠤ ᠴᠠᠰᠤᠨ ᠳᠡᠭᠡᠷᠡᠬᠢ ᠲᠥᠷᠥᠯ ᠵᠤᠶᠢᠯ ᠢ ᠳᠠᠭᠠᠭᠠᠴᠢᠯᠠᠨ ᠡᠷᠬᠢᠯᠡᠵᠦ᠂  ᠬᠡᠭᠡᠷᠡᠯᠡᠨ ᠴᠡᠨᠡᠯᠡᠯᠲᠡ᠂ ᠡᠪᠦᠯ ᠤᠨ ᠤᠯᠠᠷᠢᠯ ᠤᠨ ᠬᠤᠶᠠᠷ   ᠲᠦᠷᠦᠯ ᠤᠨ ᠤᠷᠤᠯᠳᠤᠭᠠᠨ᠂ ᠳᠠᠩ ᠬᠠᠪᠲᠠᠰᠤᠲᠤ U ᠬᠡᠯᠪᠡᠷᠢ ᠶᠢᠨ ᠬᠤᠩᠭᠢᠯ᠂ ᠳᠠᠩ ᠬᠠᠪᠲᠠᠰᠤ ᠪᠠᠷ ᠵᠡᠷᠭᠡᠴᠡᠭᠰᠡᠨ ᠶᠡᠭᠡ ᠡᠷᠭᠢᠯᠳᠦᠭᠡ ᠵᠡᠷᠭᠡ ᠲᠥᠷᠥᠯ  ᠵᠤᠶᠢᠯ ᠢ ᠡᠷᠬᠢᠯᠡᠨ ᠶᠠᠪᠤᠭᠳᠠᠭᠤᠯᠪᠠ᠃
 
   2018᠎  ᠤᠨ ᠤ 2 ᠰᠠᠷ᠎ᠠ ᠶᠢᠨ 3 — 5᠎ ᠤ ᠡᠳᠦᠷ ᠪᠣᠯᠲᠠᠯ᠎ᠠ ᠦᠨᠳᠦᠰᠦᠲᠡᠨ ᠤ ᠣᠯᠢᠮᠫᠢᠺ ᠤᠨ ᠴᠤᠭᠯᠠᠭᠠᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ 15 ᠤᠯᠤᠰ ᠵᠢᠴᠢ ᠳᠤᠮᠳᠠᠳᠤ ᠤᠯᠤᠰ ᠤᠨ 9 ᠮᠤᠵᠢ ᠶᠢᠨ 64 ᠬᠤᠲᠠ ᠶᠢᠨ ᠲᠠᠮᠢᠷᠴᠢᠨ ᠤ ᠣᠷᠣᠯᠴᠠᠭᠰᠠᠨ ︽ᠨᠢᠰᠬᠦ ᠴᠠᠰᠤᠨ ᠤ ᠲᠦᠢᠯᠰᠢᠷᠠᠯ︾ ᠣᠯᠠᠨ ᠤᠯᠤᠰ ᠎ ᠤᠨ ᠬᠤᠲᠠ ᠨᠦᠭᠦᠳ ᠤᠨ ᠥᠷᠢᠰᠥᠯᠳᠦᠭᠡᠨ ᠤ ᠯᠢᠶᠠᠩᠴᠧᠩ ᠥᠷᠲᠡᠭᠡ᠂ C C T V 5᠎ ᠶᠢ ᠬᠠᠮᠵᠢᠨ ︽ᠲᠠᠮᠢᠷ ᠤᠨ ᠤᠷᠤᠯᠳᠤᠭᠠᠨ ᠢᠶᠠᠷ ᠴᠠᠭᠠᠨ ᠰᠠᠷ᠎ᠠ ᠶᠢ ᠥᠩᠭᠡᠷᠡᠭᠦᠯᠦᠯ᠎ᠡ︾ ᠭᠡᠬᠦ ᠫᠷᠤᠭ᠍ᠷᠠᠮ ᠤᠨ ᠰᠡᠭᠦᠳᠡᠷᠯᠡᠯ ᠢ  ᠭᠦᠢᠴᠡᠳᠭᠡᠵᠠᠢ᠃
   
   2018᠎ ᠤᠨ 2 ᠰᠠᠷ᠎ᠠ ᠶᠢᠨ 21᠎ ᠤ ᠡᠳᠦᠷ ᠠᠴᠠ 3 ᠰᠠᠷ᠎ᠠ ᠶᠢᠨ 1᠎ ᠤ ᠡᠳᠦᠷ ᠪᠣᠯᠲᠠᠯ᠎ᠠ ᠯᠢᠶᠠᠩᠴᠧᠩ ᠰᠢᠶᠠᠨ ᠤ ᠳᠤᠮᠳᠠᠳᠤ ᠪᠠᠭ᠎ᠠ  ᠰᠤᠷᠭᠠᠭᠤᠯᠢ ᠶᠢᠨ ᠰᠤᠷᠤᠭᠴᠢᠳ ᠤᠨ ᠴᠠᠰᠤᠨ ᠳᠤ ᠭᠤᠯᠭᠤᠬᠤ ᠡᠪᠦᠯ ᠤᠨ ᠠᠮᠠᠷᠠᠯᠲᠠ ᠶᠢᠨ ᠬᠤᠭᠤᠴᠠᠭ᠎ᠠ ᠶᠢ ᠳᠠᠭᠠᠭᠠᠴᠢᠯᠠᠨ ᠡᠷᠬᠢᠯᠡᠵᠦ᠂ 2000 ᠭᠠᠷᠤᠶ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠴᠠᠰᠤᠨ ᠳᠤ ᠭᠤᠯᠭᠤᠬᠤ ᠬᠥᠳᠡᠯᠭᠡᠭᠡᠨ ᠳᠤ ᠣᠷᠣᠯᠴᠠᠪᠠ᠃
      2018᠎  ᠤᠨ ᠤ 2 ᠰᠠᠷ᠎ᠠ — 3 ᠰᠠᠷ᠎ᠠ ᠪᠣᠯᠲᠠᠯ᠎ᠠ ᠳᠠᠭ᠎ᠠ ᠶᠢᠨ ᠨᠠᠭᠤᠷ ᠤᠨ ᠣᠯᠠᠨ ᠤᠯᠤᠰ ᠎ ᠤᠨ ᠴᠠᠰᠤᠨ ᠳᠤ ᠭᠤᠯᠭᠤᠬᠤ ᠲᠠᠯᠠᠪᠠᠢ ᠾᠧᠪᠧᠶ ᠶᠢᠨ ᠵᠡᠮᠳᠡᠭᠴᠦᠳ ᠤᠨ ᠬᠤᠯᠪᠣᠭ᠎ᠠ ᠶᠢᠨ ᠡᠪᠦᠯ ᠤᠨ ᠤᠯᠠᠷᠢᠯ ᠤᠨ ᠪᠣᠯᠪᠠᠰᠤᠷᠠᠯ ᠳᠤ ᠰᠠᠷ᠎ᠠ ᠭᠠᠷᠤᠶ ᠶᠢᠨ ᠬᠤᠭᠤᠴᠠᠭ᠎ᠠ ᠲᠠᠢ ᠲᠤᠰᠬᠠᠶ ᠮᠡᠷᠭᠡᠵᠢᠯ ᠤᠨ ᠲᠠᠮᠢᠷᠴᠢᠳ ᠤᠨ ᠪᠣᠯᠪᠠᠰᠤᠷᠠᠯ ᠤᠨ ᠲᠠᠯᠠᠪᠠᠢ ᠬᠠᠩᠭᠠᠪᠠ᠃
          ᠵᠢᠷᠭᠤᠭ᠎ᠠ᠂ ᠳᠠᠭ᠎ᠠ ᠶᠢᠨ ᠨᠠᠭᠤᠷ ᠤᠨ ᠣᠯᠠᠨ ᠤᠯᠤᠰ ᠎ ᠤᠨ ᠴᠠᠰᠤᠨ ᠳᠤ ᠭᠤᠯᠭᠤᠬᠤ ᠲᠠᠯᠠᠪᠠᠢ ᠶᠢᠨ ᠡᠵᠡᠩᠨᠡᠯᠲᠡ ᠶᠢᠨ ᠣᠶᠢᠯᠠᠭᠠᠭᠳᠠᠬᠤᠨ      ᠪᠢᠳᠡ ᠴᠢᠨᠠᠷ ᠰᠠᠶᠢᠲᠠᠶ ᠤᠶᠢᠯᠡᠴᠢᠯᠡᠭᠡ᠂ ᠡᠯᠪᠡᠭ ᠪᠠᠶᠠᠯᠢᠭ ᠴᠠᠰᠤᠨ ᠵᠠᠮ᠂ ᠣᠯᠠᠨ ᠤᠯᠤᠰᠴᠢᠯᠠᠭᠰᠠᠨ ᠬᠠᠲᠠᠭᠤ  ᠲᠣᠨᠤᠭ ᠲᠥᠬᠦᠭᠡᠷᠦᠮᠵᠢ ᠪᠠᠷ ︽ᠭᠤᠷᠪᠠ ᠶᠢ ᠲᠡᠷᠢᠭᠦᠨ  ᠪᠠᠶᠢᠷᠢᠨ ᠳᠤ ᠣᠷᠣᠭᠤᠯᠬᠤ︾᠂ ︽ᠳᠥᠷᠪᠡᠨ ᠰᠠᠭᠤᠷᠢᠨ ᠭᠠᠵᠠᠷ︾᠎ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ︽ᠭᠤᠷᠪᠠ ᠶᠢ ᠲᠡᠷᠢᠭᠦᠨ ᠪᠠᠶᠢᠷᠢᠨ ᠳᠤ ᠣᠷᠣᠭᠤᠯᠬᠤ︾᠂ ᠲᠤᠬᠠᠶᠢᠯᠠᠪᠠᠯ ᠲᠡᠷᠢᠭᠦᠨ ᠤ ᠣᠷᠴᠢᠨ ᠲᠣᠭᠤᠷᠢᠨ᠂ ᠲᠡᠷᠢᠭᠦᠨ ᠤ  ᠤᠶᠢᠯᠡᠴᠢᠯᠡᠭᠡ᠂ ᠲᠡᠷᠢᠭᠦᠨ ᠤ ᠲᠥᠬᠦᠭᠡᠷᠦᠮᠵᠢ ᠶᠢ ᠪᠡᠶᠡᠯᠡᠭᠦᠯᠦᠨ᠎ᠡ︔ ︽ᠳᠥᠷᠪᠡᠨ ᠰᠠᠭᠤᠷᠢᠨ︾ ᠭᠡᠳᠡᠭ ᠨᠢ ᠵᠠᠯᠠᠭᠤᠴᠤᠳ ᠪᠠᠭᠠᠴᠤᠳ ᠤᠨ ᠮᠥᠰᠥ ᠴᠠᠰᠤᠨ ᠳᠤ ᠭᠤᠯᠭᠤᠬᠤ ᠰᠤᠷᠭᠠᠨ ᠬᠥᠮᠦᠵᠢᠯ ᠤᠨ ᠰᠠᠭᠤᠷᠢᠨ᠂ ᠲᠤᠰᠬᠠᠶ ᠮᠡᠷᠭᠡᠵᠢᠯ ᠤᠨ ᠲᠠᠮᠢᠷᠴᠢᠳ ᠤᠨ ᠪᠣᠯᠪᠠᠰᠤᠷᠠᠯ ᠤᠨ ᠰᠠᠭᠤᠷᠢᠨ᠂ ᠮᠥᠰᠥ ᠴᠠᠰᠤᠨ ᠳᠤ ᠪᠠᠭ᠋ᠠᠲᠠᠶ ᠬᠥᠮᠦᠰ ᠤᠨ ᠪᠠᠶᠠᠷ ᠴᠡᠩᠭᠡᠯ ᠡᠳ᠋ᠯᠡᠬᠦ ᠰᠠᠭᠤᠷᠢᠨ᠂ ᠴᠠᠰᠤᠨ ᠳᠤ ᠭᠤᠯᠭᠤᠬᠤ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠢ  ᠪᠠᠶᠢᠭᠤᠯᠵᠤ᠂ ᠰᠢᠨ᠎ᠡ ᠶᠢ ᠡᠭᠦᠳᠦᠭᠰᠡᠨ ᠡᠵᠡᠩᠨᠡᠯᠲᠡ ᠶᠢᠨ ᠣᠶᠢᠯᠠᠭᠠᠭᠳᠠᠬᠤᠨ ᠨᠢ ᠳᠤᠮᠳᠠᠳᠤ ᠤᠯᠤᠰ ᠤᠨ ᠬᠠᠮᠤᠭ ᠤᠨ ᠦᠵᠡᠰᠬᠦᠯᠡᠩᠲᠦ ᠰᠠᠶᠢᠬᠠᠨ ᠴᠠᠰᠤᠨ ᠳᠤ ᠭᠤᠯᠭᠤᠬᠤ ᠦᠵᠡᠮᠵᠢᠲᠦ ᠣᠷᠣᠨ ᠢ  ᠪᠠᠶᠢᠭᠤᠯᠵᠤ᠂ ᠠᠮᠠᠷᠠᠯᠲᠠ ᠥᠩᠭᠡᠷᠡᠭᠡᠬᠦ ᠪᠣᠯᠤᠨ᠎ᠠ᠃                                              ᠤᠷᠴᠢᠭᠤᠯᠤᠭᠴᠢ᠄ ᠼᠦᠢ ᠴᠢᠩ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2