2020 ᠤᠨ 2 ᠰᠠᠷ᠎ᠠ ᠶᠢᠨ 16 ᠤ ᠡᠳᠦᠷ᠂ ᠪᠦᠬᠦ ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ | ᠡᠪᠤᠯ ᠤᠨ ᠤᠯᠠᠷᠢᠯ ᠤᠨ ᠳᠠᠮᠢᠷ ᠤᠨ ᠴᠤᠭᠯᠠᠭᠠᠨᠥᠪᠥᠷ ᠮᠣᠩᠭᠤᠯ ᠤᠨ ᠬᠥᠯᠥᠨ ᠪᠤᠶᠢᠷ ᠬᠤᠲᠠ ᠶᠢᠨ ᠬᠠᠶᠢᠯᠠᠷ | ᠲᠣᠭᠤᠷᠢᠭ ᠲᠤ ᠦᠪᠡᠳᠡᠭᠰᠢ ᠶᠡᠭᠡ ᠪᠠᠷ ᠡᠬᠢᠯᠡᠬᠦ ᠪᠠᠷ ᠪᠤᠢ᠂ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠣᠯᠠᠨ | ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠴᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠳᠡᠭᠡᠷ᠎ᠡ ᠢᠯᠡᠷᠡᠬᠦ ᠪᠣᠯᠤᠨ᠎ᠠ᠃ ᠤᠶᠢᠯᠠᠭᠠᠭᠰᠠᠨ ᠢᠶᠠᠷ᠂ ᠪᠦᠬᠦ | ᠤᠯᠤᠰ ᠤᠨ ᠠᠷᠪᠠᠨ ᠲᠦᠷᠪᠡᠳᠦᠭᠡᠷ ᠬᠤᠭᠤᠴᠠᠭᠠᠨ ᠤ ᠡᠪᠤᠯ ᠤᠨ ᠤᠯᠠᠷᠢᠯ ᠤᠨ ᠳᠠᠮᠢᠷ ᠤᠨ ᠴᠤᠭᠯᠠᠭᠠᠨ ᠪᠤᠯ2022 | ᠤᠨ ᠤ ᠪᠡᠭᠡᠵᠢᠩ ᠦᠨᠡᠪᠤᠯ ᠤᠨ ᠤᠯᠠᠷᠢᠯ ᠤᠨ ᠤᠯᠢᠮᠫᠢᠺ ᠤᠨ ᠴᠤᠭᠯᠠᠭᠠᠨ ᠠᠴᠠ ᠡᠮᠦᠨ᠎ᠡ ᠮᠠᠨ ᠤ ᠤᠯᠤᠰ ᠤᠨ | ᠡᠷᠬᠢᠯᠡᠬᠦ ᠬᠡᠪᠴᠢᠶ᠎ᠡ ᠪᠠᠷ ᠬᠠᠮᠤᠭ ᠤᠨ ᠶᠡᠭᠡ ᠡᠪᠤᠯ ᠤᠨ ᠤᠯᠠᠷᠢᠯ ᠤᠨ ᠲᠦᠷᠦᠯ ᠵᠤᠶᠢᠯ ᠤᠨ ᠪᠡᠶ᠎ᠡ ᠶᠢᠨ ᠲᠠᠮᠢᠷ ᠤᠨ | ᠦᠪᠡᠳᠡᠭᠰᠢ ᠴᠤᠭᠯᠠᠭᠠᠨ ᠪᠤᠯᠤᠨ᠎ᠠ᠂ ᠮᠦᠨ ᠴᠦ ᠮᠠᠨ ᠤ ᠤᠷᠤᠨ ᠤ ᠠᠩᠬ᠎ᠠ ᠤᠳᠠᠭ᠎ᠠ ᠲᠠᠭᠠᠭᠠᠴᠢᠯᠠᠨ ᠡᠷᠬᠢᠯᠡᠭᠰᠡᠨ | ᠪᠦᠬᠦ ᠤᠯᠤᠰ ᠤᠨ ᠲᠤᠮᠤ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠳᠠᠢ ᠲᠠᠮᠢᠷ ᠤᠨ ᠴᠤᠭᠯᠠᠭᠠᠨ ᠪᠤᠯᠬᠤ ᠶᠤᠮ ᠃ | | | | | | | | ᠦᠪᠤᠷ ᠮᠤᠩᠭᠤᠯ ᠳᠠᠬᠢ ᠤᠷᠤᠯᠳᠤᠭᠠᠨ ᠤ ᠳᠠᠯᠠᠪᠠᠢ ᠤᠷᠳᠤᠨ ᠪᠤᠯᠬᠤ ᠤᠯᠠᠭᠠᠨᠴᠠᠪ ᠬᠤᠲᠠ ᠶᠢᠨ | ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠳᠤ | ᠴᠢᠯᠦᠭᠡᠳᠦ ᠴᠠᠨᠠᠯᠠᠯᠳᠠ ᠪᠤᠯᠤᠨ ᠳᠠᠩ ᠬᠠᠪᠳᠠᠰᠤᠳᠤ ᠴᠠᠨᠠᠯᠠᠯᠳᠠ ᠶᠢᠨ ᠰᠠᠭᠠᠳ ᠲᠠᠢ ᠳᠠᠭᠤᠯᠴᠠᠬᠤ ᠤᠷᠤᠯᠳᠤᠭᠠᠨ᠂ | ᠬᠦᠳᠦᠯ ᠰᠠᠭᠠᠳ ᠲᠠᠢ ᠤᠷᠠᠨ ᠮᠡᠷᠭᠡᠵᠢᠯ᠂ ᠳᠤᠮᠤ ᠬᠠᠷᠠᠶᠢᠯᠳᠠ ᠶᠢᠨ ᠳᠠᠪᠴᠠᠩ ᠤᠨ ᠤᠷᠤᠯᠳᠤᠭᠠᠨ ᠶᠠᠪᠤᠭᠳᠠᠨ᠎ᠠ᠃ | ᠲᠤᠤᠷ᠎ᠠ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢ ᠲᠠᠨᠢᠯᠴᠠᠭᠤᠯᠤᠶ᠎ᠠ᠃ | | | | | | | ᠨᠢᠭᠡ᠂ ᠤᠷᠤᠨ ᠪᠠᠶᠢᠷᠢ ᠶᠢᠨ ᠳᠠᠪᠠᠭᠤᠯᠢᠭ | ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ ︽ ᠲᠠᠯ᠎ᠠ ᠨᠤᠲᠤᠭ ᠤᠨ | ᠡᠭᠦᠯᠡᠨ ᠬᠦᠨᠳᠡᠢ᠂ ᠵᠤᠰᠠᠯᠠᠩ ᠤᠨ ᠤᠷᠤᠨ︾ ᠪᠣᠯᠬᠤ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ | ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠵᠤᠭᠠᠴᠠᠯ ᠤᠨ ᠣᠷᠣᠨ ᠳᠤ ᠪᠠᠶᠢᠷᠢᠯᠠᠵᠤ᠂ ᠵᠠᠮ ᠬᠠᠷᠢᠯᠴᠠᠭ᠎ᠠ | ᠳᠥᠭᠦᠮ ᠳᠥᠲᠡ᠂ ᠵᠡᠭᠦᠨᠰᠢ ᠪᠠᠨ ᠪᠡᠭᠡᠵᠢᠩ ᠠᠴᠠ 300 ᠭᠠᠷᠤᠶ ᠺᠢᠯᠣᠮᠧᠲᠷ ᠵᠠᠶᠢᠲᠠᠶ ᠪᠠᠶᠢᠳᠠᠭ᠃ ᠣᠳᠣᠬᠠᠨ ᠳᠤ | ᠨᠠᠶᠢᠰᠯᠡᠯ ᠢ ᠬᠤᠯᠪᠣᠭᠰᠠᠨ ᠵᠠᠰᠠᠮᠠᠯ ᠵᠠᠮ ᠤᠨ ᠭᠤᠤᠯ ᠱᠤᠭᠤᠮ ᠳᠤ G 6᠂ G 7 ᠲᠦᠷᠭᠡᠨ ᠤ ᠵᠠᠰᠠᠮᠠᠯ ᠵᠠᠮ᠂ | 110 ᠤᠯᠤᠰ ᠤᠨ ᠵᠠᠰᠠᠮᠠᠯ ᠵᠠᠮ ᠪᠣᠶ᠂ ᠲᠡᠮᠦᠷ ᠵᠠᠮ ᠳᠤ ᠤᠯᠤᠰ ᠤᠨ ᠳᠤᠮᠳᠠ ᠪᠠᠷᠠᠭᠤᠨ ᠣᠷᠣᠨ ᠤ ᠲᠣᠮᠣ | ᠯᠤᠭᠰᠢᠭᠤᠨ ᠰᠤᠳᠠᠯ — ᠪᠡᠭᠡᠵᠢᠩ ᠪᠤᠭᠤᠲᠤ ᠳᠠᠪᠬᠤᠷ ᠱᠤᠭᠤᠮ ᠪᠣᠶ᠂ ᠪᠡᠭᠡᠵᠢᠩ ᠠᠴᠠ ᠬᠥᠬᠡᠬᠤᠲᠠ ᠬᠦᠷᠬᠦ | ᠲᠦᠷᠭᠡᠨ ᠤ ᠲᠡᠮᠦᠷ ᠵᠠᠮ ᠤᠨ ᠠᠶᠠᠨᠴᠢᠳ ᠲᠡᠭᠡᠭᠡᠪᠦᠷᠢ ᠶᠢᠨ ᠲᠤᠰᠬᠠᠶ ᠱᠤᠭᠤᠮ ᠢ 2019 ᠣᠨ ᠳᠤ | ᠨᠡᠪᠲᠡᠷᠡᠭᠦᠯᠬᠦ ᠶᠢ ᠳᠠᠭᠠᠯᠳᠤᠨ᠂ ᠪᠡᠭᠡᠵᠢᠩ ᠠᠴᠠ ᠤᠯᠠᠭᠠᠨᠴᠠᠪ ᠬᠦᠷᠬᠦ ᠳᠤ ᠵᠥᠪᠬᠡᠨ 70 ᠮᠢᠨᠦ᠋ᠲ ᠬᠡᠷᠡᠭᠰᠡᠨ᠎ᠡ᠃ 4 | ᠴᠠᠭ ᠥᠪᠡᠷ ᠢᠶᠠᠷ ᠲᠡᠷᠭᠡ ᠵᠢᠯᠣᠭᠤᠳᠴᠤ᠂ 1 ᠴᠠᠭ ᠤᠨ ᠥᠨᠳᠥᠷ ᠬᠤᠷᠳᠤᠴᠠᠲᠤ ᠲᠡᠮᠦᠷ ᠵᠠᠮ᠂ 30 ᠮᠢᠨᠦ᠋ᠲ ᠤᠨ | ᠨᠢᠰᠦᠯᠲᠡ ᠶᠢ ᠪᠡᠶᠡᠯᠡᠭᠦᠯᠵᠦ᠂ ᠵᠠᠮ ᠬᠠᠷᠢᠯᠴᠠᠭᠠᠨ ᠤ ᠲᠣᠤᠷ ᠰᠦᠯᠵᠢᠶ᠎ᠡ ᠳᠥᠷᠪᠡᠨ ᠵᠦᠭ ᠨᠠᠢᠮᠠᠨ ᠵᠣᠪᠬᠢᠰ ᠲᠤ | ᠨᠡᠪᠲᠡᠷᠡᠵᠦ᠂ ᠳᠥᠭᠦᠮ ᠳᠥᠲᠡ ᠪᠣᠯᠪᠠ᠃ | | | ᠬᠤᠶᠠᠷ᠂ ᠭᠠᠵᠠᠷ ᠵᠦᠶ ᠶᠢᠨ ᠳᠠᠪᠠᠭᠤᠯᠢᠭ | ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ ᠵᠡᠭᠦᠨ ᠤᠷᠲᠤᠷᠢᠭ ᠤᠨ 112 | °ᠤᠮᠠᠷᠠᠲᠤ ᠥᠷᠭᠡᠷᠢᠭ ᠤᠨ 40 ° ᠲᠤ ᠣᠷᠣᠰᠢᠵᠤ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠬᠠᠮᠤᠭ | ᠲᠣᠬᠢᠷᠠᠮᠵᠢᠲᠠᠶ ᠴᠠᠰᠤᠨ ᠳᠤ ᠭᠤᠯᠭᠤᠬᠤ ᠴᠠᠭᠠᠷᠢᠭ ᠤᠨ ᠪᠠᠶᠢᠷᠢ ᠪᠣᠯᠤᠨ᠎ᠠ᠂ ᠳᠠᠷᠤᠶ᠄ ᠤᠮᠠᠷᠠᠲᠤ ᠥᠷᠭᠡᠷᠢᠭ ᠤᠨ 40 | ° - 42 ° ᠤᠨ ᠬᠤᠭᠤᠷᠣᠨᠳᠣ ᠣᠷᠣᠰᠢᠵᠤ᠂ ᠡᠨᠡ ᠬᠦ ᠣᠷᠣᠨ ᠤ ᠴᠠᠰᠤᠨ ᠴᠢᠨᠠᠷ ᠨᠢ ᠰᠢᠯᠢᠳᠡᠭ ᠰᠠᠶᠢᠨ | ᠪᠠᠶᠢᠳᠠᠭ᠃ | ᠴᠠᠰᠤᠨ ᠲᠠᠯᠠᠪᠠᠢ ᠳᠠᠯᠠᠢ ᠶᠢᠨ ᠲᠦᠪᠰᠢᠨ ᠠᠴᠠ1600 ᠮᠧᠲᠷ - 2100ᠮᠧᠲᠷ ᠤᠨ ᠬᠤᠭᠤᠷᠤᠨᠳᠤ᠂ | ᠠᠽᠢᠶ᠎ᠠ ᠶᠢᠨ ᠥᠨᠳᠦᠷᠯᠢᠭ ᠤᠨ ᠣᠷᠣᠨ ᠳᠤ ᠬᠠᠷᠢᠶᠠᠯᠠᠭᠳᠠᠵᠤ᠂ ᠲᠤᠰᠬᠠᠶ ᠮᠡᠷᠭᠡᠵᠢᠯ ᠤᠨ ᠲᠠᠮᠢᠷᠴᠢᠨ ᠤ ᠳᠠᠯᠠᠢ ᠶᠢᠨ | ᠲᠦᠪᠰᠢᠨ ᠠᠴᠠ ᠳᠡᠭᠡᠭᠰᠢ ᠡᠷᠭᠦᠭᠳᠡᠭᠰᠡᠨ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠬᠢᠬᠦ ᠬᠠᠮᠤᠭ ᠰᠠᠶᠢᠨ ᠲᠠᠯᠠᠪᠤᠷ | ᠪᠣᠯᠤᠨ᠎ᠠ᠃ | ᠭᠤᠷᠪᠠ᠂ ᠪᠠᠶᠢᠭᠠᠯᠢ ᠶᠢᠨ ᠣᠷᠴᠢᠨ ᠲᠣᠭᠤᠷᠢᠨ ᠤ ᠠᠭᠤᠷ ᠠᠮᠢᠰᠬᠤᠯ ᠤᠨ ᠳᠠᠪᠠᠭᠤᠯᠢᠭ | ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠨᠢ ᠯᠢᠶᠠᠩᠴᠧᠩ ᠰᠢᠶᠠᠨ ᠤ | ᠳᠠᠭ᠎ᠠ ᠶᠢᠨ ᠨᠠᠭᠤᠷ ᠤᠨ ᠵᠤᠭᠠᠴᠠᠯ ᠤᠨ ᠣᠷᠣᠨ ᠳᠤ ᠪᠠᠶᠢᠷᠢᠯᠠᠵᠤ᠂ ᠥᠪᠥᠷ ᠮᠣᠩᠭᠤᠯ ᠤᠨ ᠵᠡᠭᠦᠨ ᠡᠮᠦᠨᠡᠲᠦ | ᠬᠡᠰᠡᠭ ᠤᠨ ᠳᠥᠷᠪᠡᠨ ᠲᠠᠯ᠎ᠠ ᠪᠠᠷ ᠢᠶᠠᠨ ᠠᠭᠤᠯᠠ ᠪᠠᠷ ᠬᠦᠷᠢᠶᠡᠯᠡᠭᠳᠡᠭᠰᠡᠨ ᠵᠢᠵᠢᠭ ᠬᠤᠲᠣᠭᠤᠷ ᠭᠠᠵᠠᠷ ᠲᠤ | ᠪᠠᠶᠢᠷᠢᠯᠠᠵᠤ᠂ ᠬᠤᠲᠣᠭᠤᠷ ᠲᠥᠪ ᠨᠢ ᠪᠣᠷᠣᠭᠠᠨ ᠤ ᠤᠰᠤ ᠪᠣᠯᠤᠨ ᠭᠠᠵᠠᠷ ᠳᠣᠤᠷᠠᠬᠢ ᠤᠰᠤᠨ ᠠᠴᠠ ᠪᠣᠯᠵᠤ | ᠳᠠᠭ᠎ᠠ ᠶᠢᠨ ᠨᠠᠭᠤᠷ — ᠥᠪᠥᠷ ᠮᠣᠩᠭᠤᠯ ᠤᠨ ᠭᠤᠷᠪᠠᠳᠤᠭᠠᠷ ᠶᠡᠭᠡ ᠴᠡᠩᠭᠡᠭ ᠨᠠᠭᠤᠷ ᠪᠣᠶ ᠪᠣᠯᠵᠤ᠂ ᠠᠳᠡᠬᠢ | ᠠᠭᠤᠷ ᠠᠮᠢᠰᠬᠤᠯ ᠣᠨᠴᠠᠭᠠᠢ ᠪᠠᠶᠢᠳᠠᠭ᠃ ᠳᠥᠷᠪᠡᠨ ᠲᠠᠯᠠᠲᠤ ᠠᠭᠤᠯᠠ ᠨᠢᠷᠤᠭᠤ ᠶᠢᠨ ᠬᠠᠯᠬᠠᠪᠴᠢ ᠪᠠᠶᠢᠬᠤ ᠠᠴᠠ | ᠶᠡᠭᠡ ᠰᠠᠯᠬᠢ ᠡᠯᠡᠰᠦ ᠪᠠ ᠬᠦᠢᠲᠡᠨ ᠤᠷᠤᠰᠬᠠᠯ ᠤᠨ ᠳᠠᠭᠠᠷᠢᠯᠲᠠ ᠪᠠᠶᠢᠬᠤ ᠦᠭᠡᠢ᠂ ᠵᠢᠯ ᠪᠦᠷᠢ ᠶᠢᠨ ᠨᠢᠭᠡᠳᠦᠭᠡᠷ | ᠰᠠᠷ᠎ᠠ ᠶᠢᠨ ᠬᠠᠮᠤᠭ ᠬᠦᠢᠲᠡᠨ ᠦᠶ᠎ᠡ ᠳᠤ ᠳᠤᠮᠳᠠᠴᠢ ᠠᠭᠠᠷ ᠤᠨ ᠳᠤᠯᠠᠭᠠᠨ ᠲᠡᠭ ᠠᠴᠠ ᠳᠣᠷᠣᠭᠰᠢ 13 ℃ | ᠪᠠᠶᠢᠵᠤ᠂ ᠳᠣᠯᠣᠳᠤᠭᠠᠷ ᠰᠠᠷ᠎ᠠ ᠶᠢᠨ ᠬᠠᠮᠤᠭ ᠬᠠᠯᠠᠭᠤᠨ ᠦᠶ᠎ᠡ ᠳᠤ ᠳᠤᠮᠳᠠᠴᠢ ᠠᠭᠠᠷ ᠤᠨ ᠳᠤᠯᠠᠭᠠᠨ ᠨᠢ 20.5 | ℃ ᠪᠠᠶᠢᠵᠤ᠂ ᠡᠪᠦᠯ ᠤᠨ ᠤᠯᠠᠷᠢᠯ ᠳᠤ ᠬᠠᠬᠢᠷ ᠬᠦᠢᠲᠡᠨ ᠪᠢᠰᠢ᠂ ᠵᠣᠨ ᠤ ᠤᠯᠠᠷᠢᠯ ᠳᠤ ᠠᠭᠠᠭᠢᠮ᠎ᠠ ᠬᠠᠯᠠᠭᠤᠨ ᠪᠢᠰᠢ | ᠪᠠᠶᠢᠳᠠᠭ᠃ ᠬᠠᠪᠤᠷ ᠨᠠᠮᠤᠷ ᠶᠡᠭᠡ ᠰᠠᠯᠬᠢ ᠡᠯᠡᠰᠦ ᠥᠬᠡᠶ᠂ ᠠᠭᠤᠷ ᠠᠮᠢᠰᠬᠤᠯ ᠲᠠᠭᠠᠯᠠᠮᠵᠢᠲᠠᠶ ᠪᠠᠶᠢᠳᠠᠭ᠃ | ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠵᠢᠭᠤᠯᠴᠢᠯᠠᠯ ᠤᠨ ᠣᠷᠣᠨ ᠤ ᠭᠠᠵᠠᠷ ᠤᠨ ᠢᠯᠴᠢ ᠶᠢᠨ ᠡᠬᠢ | ᠪᠠᠶᠠᠯᠢᠭ ᠡᠯᠪᠡᠭ ᠲᠡᠯᠪᠡᠭ ᠪᠠᠶᠢᠵᠤ᠂ ᠭᠠᠵᠠᠷ ᠳᠣᠤᠷᠠᠬᠢ ᠬᠠᠯᠠᠭᠤᠨ ᠷᠠᠰᠢᠶᠠᠨ ᠤ ᠤᠰᠤ ᠭᠠᠷᠬᠤ ᠠᠮᠠᠰᠠᠷ ᠤᠨ | ᠳᠤᠯᠠᠭᠠᠨ ᠤ ᠬᠡᠮᠵᠢᠶ᠎ᠡ ᠨᠢ 72 ℃ ᠪᠠᠶᠢᠵᠤ᠂ ᠪᠠᠶᠢᠭᠠᠯᠢ ᠶᠢᠨ ᠡᠷᠦᠳᠡᠰᠦ ᠪᠣᠳᠠᠰ ᠡᠯᠪᠡᠭ ᠠᠭᠤᠯᠤᠭᠳᠠᠵᠤ᠂ ᠶᠠᠳᠠᠷᠠᠯ | ᠵᠦᠳᠡᠷᠡᠯ ᠢ ᠨᠠᠮᠳᠠᠭᠤᠯᠬᠤ᠂ ᠬᠡᠷᠡᠬᠦ ᠡᠪᠡᠳᠴᠢᠨ ᠢ ᠵᠠᠰᠠᠬᠤ᠂ ᠭᠤᠸᠠᠯᠢᠭ ᠠᠷᠠᠰᠤ ᠶᠢ ᠵᠠᠰᠠᠬᠤ ᠳᠤ ᠮᠠᠰᠢ ᠶᠡᠭᠡ | ᠲᠤᠰᠠᠯᠠᠬᠤ ᠤᠶᠢᠯᠡᠳᠦᠯ ᠲᠠᠢ ᠪᠠᠶᠢᠳᠠᠭ᠃ | ᠳᠥᠷᠪᠡᠨ᠂ ᠴᠠᠰᠤᠨ ᠳᠤ ᠭᠤᠯᠭᠤᠬᠤ ᠲᠠᠯᠠᠪᠠᠢ ᠶᠢᠨ ᠲᠠᠨᠢᠯᠴᠠᠭᠤᠯᠭ᠎ᠠ | 1. ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ ᠶᠡᠷᠦᠩᠬᠡᠶ ᠪᠡᠯᠡ | ᠣᠷᠣᠭᠤᠯᠤᠯᠲᠠ ᠨᠢ 12 ᠳ᠋ᠦᠩᠰᠢᠭᠤᠷ ᠲᠦᠭᠦᠷᠢᠭ ᠂ ᠪᠠᠷᠤᠭ 5.85 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ | ᠪᠠᠷᠢᠯᠭ᠎ᠠ ᠶᠢᠨ ᠲᠠᠯᠠᠪᠠᠢ ᠨᠢ 5 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠮᠥᠴᠡᠯᠭᠡ PPP ᠵᠠᠭᠪᠤᠷ ᠢᠶᠠᠷ ᠭᠠᠵᠠᠷ ᠲᠤ ᠬᠦᠷᠦᠭᠰᠡᠨ ᠴᠠᠨᠠᠯᠠᠬᠤ | ᠪᠡᠶ᠎ᠡ ᠶᠢᠨ ᠲᠠᠮᠢᠷ ᠤᠨ ᠲᠥᠷᠥᠯ ᠵᠤᠶᠢᠯ ᠪᠠᠶᠢᠵᠤ᠂ ᠬᠡᠪᠴᠢᠶ᠎ᠡ ᠪᠠ ᠲᠡᠰ ᠤᠨ ᠲᠠᠯ᠎ᠠ ᠪᠠᠷ ᠪᠥᠬᠦ ᠥᠪᠡᠷᠲᠡᠭᠡᠨ ᠵᠠᠰᠠᠬᠤ | ᠣᠷᠣᠨ ᠴᠢᠨᠠᠭᠰᠢᠯᠠᠪᠠᠯ ᠮᠠᠨ ᠤ ᠤᠯᠤᠰ ᠤᠨ ᠪᠠᠷᠠᠭᠤᠨ ᠬᠤᠶᠢᠲᠤ ᠬᠡᠰᠡᠭ ᠤᠨ ᠠᠩᠬᠠᠳᠠᠭᠴᠢ ᠣᠷᠣᠨ ᠪᠣᠯᠤᠨ᠎ᠠ᠃ | 2. ᠴᠠᠰᠤᠨ ᠲᠠᠯᠠᠪᠠᠢ ᠶᠢ ᠨᠢᠭᠡᠨᠲᠡ ᠥᠨᠳᠥᠷ᠂ ᠳᠤᠮᠳᠠ᠂ ᠠᠩᠬ᠎ᠠ ᠲᠡᠰ ᠤᠨ ᠴᠠᠰᠤᠨ ᠳᠤ ᠭᠤᠯᠭᠤᠬᠤ ᠵᠠᠮ᠂ | ᠬᠡᠭᠡᠷ᠎ᠡ ᠶᠢᠨ ᠴᠠᠰᠤᠨ ᠵᠠᠮ ᠵᠡᠷᠭᠡ 12 ᠵᠤᠷᠪᠤᠰ ᠪᠠᠶᠢᠭᠤᠯᠵᠤ᠂ 40 ᠲᠦᠮᠡᠨ ᠲᠡᠭᠰᠢ ᠳᠥᠷᠪᠡᠯᠵᠢᠨ ᠮᠧᠲᠷ | ᠲᠠᠯᠠᠪᠠᠢ ᠲᠠᠢ᠂ ᠬᠠᠮᠤᠭ ᠥᠨᠳᠥᠷ ᠲᠡᠭᠡᠨ ᠳᠠᠯᠠᠢ ᠶᠢᠨ ᠲᠦᠪᠰᠢᠨ ᠠᠴᠠ 2100 ᠮᠧᠲᠷ ᠡᠷᠭᠦᠭᠳᠡᠵᠦ᠂ ᠴᠠᠰᠤᠨ ᠵᠠᠮ | 500 ᠮᠧᠲᠷ ᠵᠥᠷᠢᠨ᠎ᠡ᠃ ᠤᠯᠠᠨ ᠤᠯᠤᠰ ᠤᠨ ᠪᠠᠷᠢᠮᠵᠢᠶᠠᠨ ᠤ ᠬᠡᠭᠡᠷ᠎ᠡ ᠶᠢᠨ ᠤᠷᠤᠯᠳᠤᠭᠠᠨ ᠤ ᠵᠠᠮ᠂ ᠳᠠᠩ | ᠬᠠᠪᠲᠠᠰᠤᠲᠤ U ᠬᠡᠯᠪᠡᠷᠢ ᠶᠢᠨ ᠤᠷᠤᠯᠳᠤᠭᠠᠨ ᠤ ᠵᠠᠮ᠂ ᠶᠡᠭᠡ ᠡᠷᠭᠢᠯᠳᠦᠭᠡ ᠤᠷᠤᠯᠳᠤᠭᠠᠨ ᠤ ᠵᠠᠮ ᠭᠡᠵᠦ ᠪᠠᠶᠢᠳᠠᠭ᠃ | ᠭᠤᠷᠪᠠᠨ ᠳᠡᠭᠦᠵᠢᠩ ᠵᠠᠮ ᠤᠨ ᠲᠠᠲᠠᠭᠤᠷ ᠲᠡᠷᠭᠡ᠂ ᠳᠥᠷᠪᠡᠨ ᠰᠢᠳᠢᠲᠦ ᠬᠡᠪᠢᠰ ᠤᠭᠰᠠᠷᠠᠵᠤ ᠪᠠᠶᠢᠨ᠎ᠠ᠃ | 3. ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠤᠷ ᠤᠨ ᠬᠡᠭᠡᠷᠡᠯᠡᠨ ᠭᠦᠶᠦᠬᠦ | ᠤᠷᠤᠯᠳᠤᠭᠠᠨ ᠤ ᠵᠠᠮ ᠢ ᠪᠠᠶᠢᠭᠤᠯᠵᠤ᠂ ᠲᠡᠭᠰᠢ ᠭᠠᠵᠠᠷ᠂ ᠥᠭᠡᠳᠡ᠂ ᠤᠷᠤᠭᠤ ᠪᠠᠭᠤᠬᠤ ᠵᠠᠮ ᠪᠠᠷᠤᠭ ᠲᠤᠰ ᠲᠤᠰ | ᠭᠤᠷᠪᠠᠨ ᠤ ᠨᠢᠭᠡ ᠬᠤᠪᠢ ᠶᠢ ᠡᠵᠡᠯᠡᠵᠦ᠂ ᠤᠷᠤᠭᠤ ᠪᠠᠭᠤᠬᠤ ᠨᠠᠯᠠᠤ ᠶᠢᠨ ᠬᠡᠮᠵᠢᠶ᠎ᠡ ᠨᠢ 8 ᠭᠷᠠᠳᠦ᠋ᠰ ᠠᠴᠠ ᠪᠠᠭ᠎ᠠ | ᠪᠠᠶᠢᠵᠤ᠂ ᠮᠤᠷᠦ᠋ᠢᠬᠤ ᠭᠠᠵᠠᠷ ᠤᠨ ᠴᠠᠰᠤᠨ ᠵᠠᠮ ᠤᠨ ᠥᠨᠴᠥᠭ ᠨᠢ 135 ᠭᠷᠠᠳᠦ᠋ᠰ ᠠᠴᠠ ᠶᠡᠭᠡ ᠪᠠᠶᠢᠵᠤ᠂ | ᠬᠡᠭᠡᠷᠡᠯᠡᠨ ᠭᠦᠶᠦᠬᠦ ᠤᠷᠤᠯᠳᠤᠭᠠᠨ ᠤ ᠵᠠᠮ ᠤᠨ ᠪᠦᠬᠦ ᠤᠷᠳᠤ ᠨᠢ 7.5 ᠺᠢᠯᠣᠮᠧᠲᠷ᠂ ᠳᠤᠮᠳᠠᠴᠢ ᠪᠠᠷ ᠦᠷᠭᠡᠨ ᠤ | ᠬᠡᠮᠵᠢᠶ᠎ᠡ ᠨᠢ 8 ᠮᠧᠲᠷ᠂ ᠴᠠᠰᠤᠨ ᠵᠠᠮ ᠤᠨ ᠲᠠᠯᠠᠪᠠᠢ ᠨᠢ 5.76 ᠲᠦᠮᠡᠨ ᠲᠡᠭᠰᠢ ᠳᠥᠷᠪᠡᠯᠵᠢᠨ ᠮᠧᠲᠷ᠂ ᠬᠠᠮᠤᠭ | ᠥᠨᠳᠥᠷ ᠲᠡᠭᠡᠨ ᠳᠠᠯᠠᠢ ᠶᠢᠨ ᠲᠦᠪᠰᠢᠨ ᠠᠴᠠ 1500 ᠮᠧᠲᠷ ᠡᠷᠭᠦᠭᠳᠡᠵᠦ᠂ ᠬᠠᠮᠤᠭ ᠳᠣᠤᠷ᠎ᠠ ᠳᠠᠯᠠᠢ ᠶᠢᠨ | ᠲᠦᠪᠰᠢᠨ ᠠᠴᠠ 100 ᠮᠧᠲᠷ ᠵᠥᠷᠢᠨ᠎ᠡ︔ ᠬᠡᠭᠡᠷᠡᠯᠡᠨ ᠭᠦᠶᠦᠬᠦ ᠤᠷᠤᠯᠳᠤᠭᠠᠨ ᠤ ᠵᠠᠮ ᠢ ᠪᠤᠴᠠᠵᠤ ᠡᠷᠭᠢᠬᠦ᠂ | ᠲᠣᠭᠤᠷᠢᠭᠤ᠂ ᠴᠠᠭ ᠤᠨ ᠵᠡᠭᠦᠤ ᠶᠢᠨ ᠳᠠᠭᠠᠤ ᠭᠤᠯᠭᠤᠬᠤ ᠪᠠᠷ ᠵᠠᠰᠠᠪᠠ᠃ ᠤᠯᠤᠰ ᠤᠨ ᠳᠣᠲᠣᠭᠠᠳᠤ ᠳᠤ ᠣᠳᠣ | ᠪᠠᠶᠢᠭ᠎ᠠ ᠬᠡᠭᠡᠷᠡᠯᠡᠨ ᠭᠦᠶᠦᠬᠦ ᠵᠠᠮ ᠤᠨ ᠳᠤᠮᠳᠠ ᠴᠠᠰᠤᠨ ᠵᠠᠮ ᠨᠢ ᠬᠠᠮᠤᠭ ᠤᠷᠲᠤ᠂ ᠪᠠᠭᠤᠯᠲᠠ ᠶᠢᠨ ᠵᠥᠷᠢᠶ᠎ᠡ ᠨᠢ | ᠬᠠᠮᠤᠭ ᠶᠡᠭᠡ᠂ ᠠᠭᠠᠷ ᠤᠨ ᠳᠤᠯᠠᠭᠠᠨ ᠨᠢ ᠬᠠᠬᠢᠷ ᠬᠦᠢᠲᠡᠨ ᠪᠢᠰᠢ ᠠᠽᠢᠶ᠎ᠠ ᠵᠢᠨᠥᠨᠳᠦᠷᠯᠢᠭ ᠤᠨ ᠪᠠᠷᠢᠮᠵᠢᠶᠠᠲᠤ | ᠬᠡᠭᠡᠷᠯᠡᠨ ᠭᠦᠶᠦᠬᠦ ᠤᠷᠤᠯᠳᠤᠭᠠᠨ ᠤ ᠵᠠᠮ ᠪᠣᠯᠤᠨ᠎ᠠ᠂ ᠲᠠᠮᠢᠷᠴᠢᠨ ᠤ ᠪᠣᠯᠪᠠᠰᠤᠷᠠᠯ ᠤᠨ ᠬᠠᠮᠤᠭ ᠰᠠᠶᠢᠨ ᠲᠠᠯᠠᠪᠤᠷ | ᠪᠣᠯᠤᠨ᠎ᠠ᠃ | 4. U ᠬᠡᠯᠪᠡᠷᠢᠲᠦ ᠬᠤᠪᠢᠯ | · ᠳᠠᠩ ᠬᠠᠪᠲᠠᠰᠤᠲᠤ U ᠬᠡᠯᠪᠡᠷᠢ ᠶᠢᠨ ᠴᠠᠰᠤᠨ ᠵᠠᠮ᠂ ᠣᠯᠠᠨ ᠤᠯᠤᠰ ᠤᠨ ᠤᠷᠤᠯᠳᠤᠭᠠᠨ ᠤ ᠪᠠᠷᠢᠮᠵᠢᠶ᠎ᠠ ᠶᠢ | ᠦᠨᠳᠦᠰᠦᠯᠡᠨ ᠴᠢᠩᠭ᠎ᠠ ᠵᠢᠷᠤᠮᠯᠠᠨ ᠵᠠᠰᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ | ᠲᠦᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ ᠴᠤᠭᠯᠠᠭᠠᠨ ᠤ ᠡᠪᠦᠯ ᠤᠨ ᠤᠯᠠᠷᠢᠯ ᠤᠨ ᠤᠷᠤᠯᠳᠤᠭᠠᠨ ᠤ | ᠳᠠᠩ ᠬᠠᠪᠲᠠᠰᠤᠲᠤ U ᠬᠡᠯᠪᠡᠷᠢ ᠶᠢᠨ ᠤᠷᠤᠯᠳᠤᠭᠠᠨ ᠢ ᠠᠮᠵᠢᠯᠲᠠ ᠲᠠᠢ ᠭᠥᠯᠢᠶᠡᠨ ᠠᠪᠴᠠᠶ᠃ | 5. ᠥᠨᠳᠥᠷ ᠠᠭᠤᠯᠠᠨ ᠤ ᠴᠠᠰᠤᠨ ᠳᠤ ᠭᠤᠯᠭᠤᠬᠤ ᠶᠡᠭᠡ ᠡᠷᠭᠢᠯᠲᠡ ᠶᠢᠨ ᠵᠠᠮ᠄ ᠨᠠᠯᠠᠤ ᠪᠠ ᠥᠩᠬᠦᠷᠢᠯ | ᠱᠤᠭᠤᠮ ᠨᠢ ᠠᠳᠠᠯᠢᠬᠠᠨ︔ ᠴᠠᠰᠤᠨ ᠵᠠᠮ ᠤᠨ ᠴᠢᠭᠯᠡᠯ ᠬᠤᠪᠢᠷᠠᠭᠰᠠᠨ ᠬᠡᠰᠡᠭ ᠤᠨ ᠥᠨᠴᠥᠭ ᠨᠢ 160 ° ︔ | ᠦᠷᠭᠡᠨ ᠤ ᠬᠡᠮᠵᠢᠶ᠎ᠡ ᠨᠢ 30 ᠮᠧᠲᠷ ᠃ ᠨᠠᠯᠠᠤᠴᠠ ᠨᠢ 16°~ 30° ᠤ ᠬᠤᠭᠤᠷᠣᠨᠳᠣ ᠪᠠᠶᠢᠳᠠᠭ᠃ | ᠡᠭᠦᠨ ᠠᠴᠠ ᠭᠠᠳᠠᠨ᠎ᠠ ᠪᠠᠰᠠ ᠲᠣᠮᠣ ᠳᠡᠯᠭᠡᠴᠡ ᠶᠢᠨ ᠤᠬᠠᠭᠤᠯᠭ᠎ᠠ ᠂ ᠠᠮᠤᠷ ᠢ ᠬᠠᠮᠠᠭᠠᠯᠠᠬᠤ ᠪᠠ ᠠᠪᠤᠷᠠᠨ | ᠲᠤᠰᠠᠯᠠᠯᠳᠡ᠂ ᠤᠶᠢᠯᠡᠴᠢᠯᠡᠭᠡᠨ ᠤ ᠲᠢᠩᠬᠢᠮ ᠂ ᠢᠳᠡᠭᠡᠨ ᠤᠮᠳᠠᠭᠠᠨ ᠂ ᠬᠠᠯᠠᠭᠤᠨ ᠷᠠᠰᠢᠶᠠᠨ᠂ ᠪᠡᠶ᠎ᠡ | ᠴᠢᠭᠢᠷᠠᠭᠵᠢᠭᠤᠯᠬᠤ ᠲᠥᠪ ᠂ ᠬᠤᠨᠣᠭᠯᠠᠬᠤ ᠵᠡᠷᠭᠡ ᠪᠦᠷᠢᠨ ᠭᠦᠢᠴᠡᠳ ᠦᠨᠳᠦᠰᠦᠨ ᠲᠤᠨᠤᠭ ᠲᠦᠭᠦᠭᠡᠷᠦᠮᠵᠢ ᠲᠠᠢ | ᠪᠠᠶᠢᠳᠠᠭ᠃ | ᠲᠠᠪᠤ᠂ ᠲᠠᠭᠠᠭᠠᠴᠢᠯᠠᠨ ᠡᠷᠬᠢᠯᠡᠬᠦ ᠠᠵᠢᠯᠯᠠᠭ᠎ᠠ ᠶᠢᠨ ᠲᠠᠨᠢᠯᠴᠠᠭᠤᠯᠭ᠎ᠠ | ᠠᠵᠢᠯ ᠡᠬᠢᠯᠡᠭᠰᠡᠨ ᠠᠴᠠ ᠨᠠᠰᠢ᠂ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠴᠢᠬᠤᠯᠠ ᠶᠡᠭᠡ | ᠤᠷᠤᠯᠳᠤᠭᠠᠨ ᠢ ᠡᠷᠬᠢᠯᠡᠨ ᠬᠢᠪᠡ᠄ 2018 ᠤᠨ 1 ᠰᠠᠷ᠎ᠠ ᠶᠢᠨ 28 — 31 ᠤ ᠡᠳᠦᠷ ᠪᠣᠯᠲᠠᠯ᠎ᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠦᠷᠪᠡᠳᠦᠭᠡᠷ ᠬᠤᠭᠤᠴᠠᠭᠠᠨ ᠤ ᠪᠡᠶ᠎ᠡ ᠶᠢᠨ ᠲᠠᠮᠢᠷ ᠤᠨ | ᠴᠤᠭᠯᠠᠭᠠᠨ ᠤ ᠴᠠᠰᠤᠨ ᠳᠡᠭᠡᠷᠡᠬᠢ ᠲᠥᠷᠥᠯ ᠵᠤᠶᠢᠯ ᠢ ᠳᠠᠭᠠᠭᠠᠴᠢᠯᠠᠨ ᠡᠷᠬᠢᠯᠡᠵᠦ᠂ ᠬᠡᠭᠡᠷᠡᠯᠡᠨ ᠴᠡᠨᠡᠯᠡᠯᠲᠡ᠂ | ᠡᠪᠦᠯ ᠤᠨ ᠤᠯᠠᠷᠢᠯ ᠤᠨ ᠬᠤᠶᠠᠷ ᠲᠦᠷᠦᠯ ᠤᠨ ᠤᠷᠤᠯᠳᠤᠭᠠᠨ᠂ ᠳᠠᠩ ᠬᠠᠪᠲᠠᠰᠤᠲᠤ U ᠬᠡᠯᠪᠡᠷᠢ ᠶᠢᠨ ᠬᠤᠩᠭᠢᠯ᠂ | ᠳᠠᠩ ᠬᠠᠪᠲᠠᠰᠤ ᠪᠠᠷ ᠵᠡᠷᠭᠡᠴᠡᠭᠰᠡᠨ ᠶᠡᠭᠡ ᠡᠷᠭᠢᠯᠳᠦᠭᠡ ᠵᠡᠷᠭᠡ ᠲᠥᠷᠥᠯ ᠵᠤᠶᠢᠯ ᠢ ᠡᠷᠬᠢᠯᠡᠨ ᠶᠠᠪᠤᠭᠳᠠᠭᠤᠯᠪᠠ᠃ | | | | | | | | 2018 ᠤᠨ ᠤ 2 ᠰᠠᠷ᠎ᠠ ᠶᠢᠨ 3 — 5 ᠤ ᠡᠳᠦᠷ ᠪᠣᠯᠲᠠᠯ᠎ᠠ ᠦᠨᠳᠦᠰᠦᠲᠡᠨ ᠤ ᠣᠯᠢᠮᠫᠢᠺ ᠤᠨ | ᠴᠤᠭᠯᠠᠭᠠᠨ ᠤ ︽ᠨᠢᠭᠡ ᠪᠦᠰᠡ ᠨᠢᠭᠡ ᠵᠠᠮ︾ ᠳᠠᠭᠠᠤ ᠶᠢᠨ 15 ᠤᠯᠤᠰ ᠵᠢᠴᠢ ᠳᠤᠮᠳᠠᠳᠤ ᠤᠯᠤᠰ ᠤᠨ 9 | ᠮᠤᠵᠢ ᠶᠢᠨ 64 ᠬᠤᠲᠠ ᠶᠢᠨ ᠲᠠᠮᠢᠷᠴᠢᠨ ᠤ ᠣᠷᠣᠯᠴᠠᠭᠰᠠᠨ ︽ᠨᠢᠰᠬᠦ ᠴᠠᠰᠤᠨ ᠤ ᠲᠦᠢᠯᠰᠢᠷᠠᠯ︾ ᠣᠯᠠᠨ | ᠤᠯᠤᠰ ᠤᠨ ᠬᠤᠲᠠ ᠨᠦᠭᠦᠳ ᠤᠨ ᠥᠷᠢᠰᠥᠯᠳᠦᠭᠡᠨ ᠤ ᠯᠢᠶᠠᠩᠴᠧᠩ ᠥᠷᠲᠡᠭᠡ᠂ C C T V 5 ᠶᠢ ᠬᠠᠮᠵᠢᠨ | ︽ᠲᠠᠮᠢᠷ ᠤᠨ ᠤᠷᠤᠯᠳᠤᠭᠠᠨ ᠢᠶᠠᠷ ᠴᠠᠭᠠᠨ ᠰᠠᠷ᠎ᠠ ᠶᠢ ᠥᠩᠭᠡᠷᠡᠭᠦᠯᠦᠯ᠎ᠡ︾ ᠭᠡᠬᠦ ᠫᠷᠤᠭ᠍ᠷᠠᠮ ᠤᠨ ᠰᠡᠭᠦᠳᠡᠷᠯᠡᠯ ᠢ | ᠭᠦᠢᠴᠡᠳᠭᠡᠵᠠᠢ᠃ | | | | | | | | 2018 ᠤᠨ 2 ᠰᠠᠷ᠎ᠠ ᠶᠢᠨ 21 ᠤ ᠡᠳᠦᠷ ᠠᠴᠠ 3 ᠰᠠᠷ᠎ᠠ ᠶᠢᠨ 1 ᠤ ᠡᠳᠦᠷ ᠪᠣᠯᠲᠠᠯ᠎ᠠ ᠯᠢᠶᠠᠩᠴᠧᠩ | ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠴᠠᠰᠤᠨ ᠳᠤ ᠭᠤᠯᠭᠤᠬᠤ ᠡᠪᠦᠯ ᠤᠨ | ᠠᠮᠠᠷᠠᠯᠲᠠ ᠶᠢᠨ ᠬᠤᠭᠤᠴᠠᠭ᠎ᠠ ᠶᠢ ᠳᠠᠭᠠᠭᠠᠴᠢᠯᠠᠨ ᠡᠷᠬᠢᠯᠡᠵᠦ᠂ 2000 ᠭᠠᠷᠤᠶ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠠᠮᠠᠷᠠᠯᠲᠠ ᠶᠢᠨ ᠬᠤᠭᠤᠴᠠᠭ᠎ᠠ ᠪᠠᠨ ᠠᠰᠢᠭᠯᠠᠨ ᠴᠠᠰᠤᠨ ᠳᠤ ᠭᠤᠯᠭᠤᠬᠤ ᠬᠥᠳᠡᠯᠭᠡᠭᠡᠨ ᠳᠤ | ᠣᠷᠣᠯᠴᠠᠪᠠ᠃ | | | | | 2018 ᠤᠨ ᠤ 2 ᠰᠠᠷ᠎ᠠ — 3 ᠰᠠᠷ᠎ᠠ ᠪᠣᠯᠲᠠᠯ᠎ᠠ ᠳᠠᠭ᠎ᠠ ᠶᠢᠨ ᠨᠠᠭᠤᠷ ᠤᠨ ᠣᠯᠠᠨ ᠤᠯᠤᠰ ᠤᠨ | ᠴᠠᠰᠤᠨ ᠳᠤ ᠭᠤᠯᠭᠤᠬᠤ ᠲᠠᠯᠠᠪᠠᠢ ᠾᠧᠪᠧᠶ ᠶᠢᠨ ᠵᠡᠮᠳᠡᠭᠴᠦᠳ ᠤᠨ ᠬᠤᠯᠪᠣᠭ᠎ᠠ ᠶᠢᠨ ᠡᠪᠦᠯ ᠤᠨ ᠤᠯᠠᠷᠢᠯ ᠤᠨ | ᠪᠣᠯᠪᠠᠰᠤᠷᠠᠯ ᠳᠤ ᠰᠠᠷ᠎ᠠ ᠭᠠᠷᠤᠶ ᠶᠢᠨ ᠬᠤᠭᠤᠴᠠᠭ᠎ᠠ ᠲᠠᠢ ᠲᠤᠰᠬᠠᠶ ᠮᠡᠷᠭᠡᠵᠢᠯ ᠤᠨ ᠲᠠᠮᠢᠷᠴᠢᠳ ᠤᠨ ᠪᠣᠯᠪᠠᠰᠤᠷᠠᠯ ᠤᠨ | ᠲᠠᠯᠠᠪᠠᠢ ᠬᠠᠩᠭᠠᠪᠠ᠃ | | | | | ᠵᠢᠷᠭᠤᠭ᠎ᠠ᠂ ᠳᠠᠭ᠎ᠠ ᠶᠢᠨ ᠨᠠᠭᠤᠷ ᠤᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠶᠢᠨ | ᠡᠵᠡᠩᠨᠡᠯᠲᠡ ᠶᠢᠨ ᠣᠶᠢᠯᠠᠭᠠᠭᠳᠠᠬᠤᠨ | ᠪᠢᠳᠡ ᠴᠢᠨᠠᠷ ᠰᠠᠶᠢᠲᠠᠶ ᠤᠶᠢᠯᠡᠴᠢᠯᠡᠭᠡ᠂ ᠡᠯᠪᠡᠭ ᠪᠠᠶᠠᠯᠢᠭ ᠴᠠᠰᠤᠨ ᠵᠠᠮ᠂ ᠣᠯᠠᠨ ᠤᠯᠤᠰᠴᠢᠯᠠᠭᠰᠠᠨ | ᠬᠠᠲᠠᠭᠤ ᠲᠣᠨᠤᠭ ᠲᠥᠬᠦᠭᠡᠷᠦᠮᠵᠢ ᠪᠠᠷ ︽ᠭᠤᠷᠪᠠ ᠶᠢ ᠲᠡᠷᠢᠭᠦᠨ ᠪᠠᠶᠢᠷᠢᠨ ᠳᠤ ᠣᠷᠣᠭᠤᠯᠬᠤ︾᠂ ︽ᠳᠥᠷᠪᠡᠨ | ᠰᠠᠭᠤᠷᠢᠨ ᠭᠠᠵᠠᠷ︾ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠵᠦ᠂ ︽ᠭᠤᠷᠪᠠ ᠶᠢ ᠲᠡᠷᠢᠭᠦᠨ ᠪᠠᠶᠢᠷᠢᠨ ᠳᠤ | ᠣᠷᠣᠭᠤᠯᠬᠤ︾᠂ ᠲᠤᠬᠠᠶᠢᠯᠠᠪᠠᠯ ᠲᠡᠷᠢᠭᠦᠨ ᠤ ᠣᠷᠴᠢᠨ ᠲᠣᠭᠤᠷᠢᠨ᠂ ᠲᠡᠷᠢᠭᠦᠨ ᠤ ᠤᠶᠢᠯᠡᠴᠢᠯᠡᠭᠡ᠂ ᠲᠡᠷᠢᠭᠦᠨ ᠤ | ᠲᠥᠬᠦᠭᠡᠷᠦᠮᠵᠢ ᠶᠢ ᠪᠡᠶᠡᠯᠡᠭᠦᠯᠦᠨ᠎ᠡ︔ ︽ᠳᠥᠷᠪᠡᠨ ᠰᠠᠭᠤᠷᠢᠨ︾ ᠭᠡᠳᠡᠭ ᠨᠢ ᠵᠠᠯᠠᠭᠤᠴᠤᠳ ᠪᠠᠭᠠᠴᠤᠳ ᠤᠨ ᠮᠥᠰᠥ | ᠴᠠᠰᠤᠨ ᠳᠤ ᠭᠤᠯᠭᠤᠬᠤ ᠰᠤᠷᠭᠠᠨ ᠬᠥᠮᠦᠵᠢᠯ ᠤᠨ ᠰᠠᠭᠤᠷᠢᠨ᠂ ᠲᠤᠰᠬᠠᠶ ᠮᠡᠷᠭᠡᠵᠢᠯ ᠤᠨ ᠲᠠᠮᠢᠷᠴᠢᠳ ᠤᠨ | ᠪᠣᠯᠪᠠᠰᠤᠷᠠᠯ ᠤᠨ ᠰᠠᠭᠤᠷᠢᠨ᠂ ᠮᠥᠰᠥ ᠴᠠᠰᠤᠨ ᠳᠤ ᠪᠠᠭ᠋ᠠᠲᠠᠶ ᠬᠥᠮᠦᠰ ᠤᠨ ᠪᠠᠶᠠᠷ ᠴᠡᠩᠭᠡᠯ ᠡᠳ᠋ᠯᠡᠬᠦ ᠰᠠᠭᠤᠷᠢᠨ᠂ | ᠴᠠᠰᠤᠨ ᠳᠤ ᠭᠤᠯᠭᠤᠬᠤ ᠴᠢᠳᠠᠪᠤᠷᠢᠲᠠᠨ ᠤ ᠪᠣᠯᠪᠠᠰᠤᠷᠠᠯ ᠤᠨ ᠰᠠᠭᠤᠷᠢᠨ ᠢ ᠪᠠᠶᠢᠭᠤᠯᠵᠤ᠂ ᠰᠢᠨ᠎ᠡ ᠶᠢ ᠡᠭᠦᠳᠦᠭᠰᠡᠨ | ᠡᠵᠡᠩᠨᠡᠯᠲᠡ ᠶᠢᠨ ᠣᠶᠢᠯᠠᠭᠠᠭᠳᠠᠬᠤᠨ ᠨᠢ ᠳᠤᠮᠳᠠᠳᠤ ᠤᠯᠤᠰ ᠤᠨ ᠬᠠᠮᠤᠭ ᠤᠨ ᠦᠵᠡᠰᠬᠦᠯᠡᠩᠲᠦ ᠰᠠᠶᠢᠬᠠᠨ | ᠴᠠᠰᠤᠨ ᠳᠤ ᠭᠤᠯᠭᠤᠬᠤ ᠦᠵᠡᠮᠵᠢᠲᠦ ᠣᠷᠣᠨ ᠢ ᠪᠠᠶᠢᠭᠤᠯᠵᠤ᠂ ᠠᠮᠠᠷᠠᠯᠲᠠ ᠥᠩᠭᠡᠷᠡᠭᠡᠬᠦ ᠪᠣᠯᠤᠨ᠎ᠠ᠃ | | ᠤᠷᠴᠢᠭᠤᠯᠤᠭᠴᠢ᠄ ᠼᠦᠢ ᠴᠢᠩ |