ᠪᠠᠷᠰ ᠠᠭᠤᠯᠠ ᠶᠢᠨ ᠪᠠᠭᠤᠷᠢ
ᠨᠡᠶᠢᠲᠡᠯᠡᠭᠰᠡᠨ ᠴᠠᠭ᠄
2019-11-26
    ᠪᠠᠷᠰ ᠠᠭᠤᠯᠠ ᠶᠢᠨ ᠪᠠᠭᠤᠷᠢ ᠨᠢ ᠯᠢᠶᠠᠩᠴᠧᠩ ᠰᠢᠶᠠᠨ ᠤ ᠶᠦᠩ ᠰᠢᠩ ᠪᠠᠯᠭᠠᠰᠤ ᠶᠢᠨ ᠬᠤᠶᠢᠳᠦ 5 ᠺᠢᠯᠤᠮᠧᠲᠷ ᠤᠨ ᠪᠠᠷᠰ ᠠᠭᠤᠯᠠ ᠶᠢᠨ ᠡᠮᠦᠨ᠎ᠡ ᠪᠠᠯ‌‍ᠳᠤ ᠪᠠᠶᠢᠷᠢᠯᠠᠵᠤ ᠪᠤᠢ᠃ ᠪᠦᠬᠦ᠋ᠢᠯᠡ ᠪᠠᠭᠤᠷᠢ ᠨᠢ ᠳᠡᠪᠢᠭᠦᠷ ᠬᠡᠯᠪᠡᠷᠢᠲᠡᠶ ᠪᠠᠶᠢᠵᠤ᠂ ᠭᠠᠳᠠᠭᠤᠷ ᠨᠢ ᠴᠢᠯᠠᠭᠤ ᠪᠠᠷ ᠪᠠᠷᠢᠭᠰᠠᠨ ᠬᠤᠲᠠ ᠶᠢᠨ ᠬᠡᠷᠡᠮ ᠪᠠᠶᠢᠵᠤ᠂ ᠤᠮᠠᠷᠠᠲᠤ ᠨᠢ ᠥᠨᠳᠥᠷ ᠡᠮᠦᠨ᠎ᠡ ᠨᠢ ᠳᠣᠤᠷ᠎ᠠ᠂ ᠳᠤᠮᠳᠠᠴᠢ ᠪᠠᠷ ᠳᠠᠯᠠᠢ ᠶᠢᠨ ᠲᠦᠪᠰᠢᠨ ᠠᠴᠠ 1300 ᠮᠧᠲᠷ ᠳᠡᠭᠡᠭᠰᠢ ᠡᠷᠭᠦᠭᠳᠡᠵᠦ ᠂ ᠶᠡᠷᠦᠩᠬᠡᠶ ᠲᠠᠯᠠᠪᠠᠢ ᠨᠢ ᠪᠠᠷᠤᠭ 13 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃  ᠪᠠᠷᠰ ᠠᠭᠤᠯᠠ ᠶᠢᠨ ᠪᠠᠭᠤᠷᠢ ᠨᠢ ᠣᠳᠣ ᠶᠢ 5000 ᠭᠠᠷᠤᠶ ᠵᠢᠯ ᠤᠨ ᠲᠡᠤᠬᠡ ᠲᠠᠢ ᠪᠣᠯᠵᠠᠶ᠃     1982 ᠣᠨ ᠳᠤ᠂ ᠥᠪᠥᠷ ᠮᠣᠩᠭᠤᠯ ᠤᠨ ᠠᠯᠳᠠᠷᠲᠤ ᠬᠠᠭᠤᠴᠢ ᠰᠤᠳᠤᠯᠤᠯ ᠤᠨ ᠡᠷᠳᠡᠮᠲᠡᠨ ᠲᠢᠶᠠᠨ ᠭᠤᠸᠠᠩ ᠶᠢᠨ ᠡᠬᠢᠯᠡᠨ ᠵᠣᠬᠢᠶᠠᠨ ᠪᠠᠶᠢᠭᠤᠯᠵᠤ᠂ ᠬᠠᠭᠠᠰ ᠨᠦᠬᠡᠨ ᠭᠡᠷ 57 ᠰᠠᠭᠤᠷᠢ᠂ ᠦᠨᠡᠰᠦᠨ ᠨᠦᠬᠡ 17 ᠰᠠᠭᠤᠷᠢ᠂ 3 ᠣᠩᠭᠤᠨ ᠮᠠᠯᠲᠠᠭᠤᠯᠵᠤ᠂ ᠪᠠᠰᠠ ᠴᠢᠯᠠᠭᠤᠨ ᠬᠦᠷᠢᠶ᠎ᠡ 3 ᠰᠠᠭᠤᠷᠢ ᠬᠠᠰᠢᠶ᠎ᠠ ᠶᠢ ᠠᠭᠤᠳᠠᠯᠵᠠᠶ᠃ ᠴᠢᠯᠠᠭᠤ᠂ ᠶᠠᠰᠤ᠂ ᠸᠠᠭᠠᠷ ᠰᠠᠪᠠ ᠪᠠ ᠠᠮᠢᠳᠤᠷᠠᠯ ᠤᠨ ᠬᠡᠷᠡᠭᠰᠡᠯ ᠢ 200 ᠭᠠᠷᠤᠶ ᠬᠤᠪᠢ ᠮᠠᠯᠲᠠᠵᠤ ᠭᠠᠷᠭᠠᠵᠠᠶ᠃ ᠬᠠᠭᠤᠴᠢ ᠰᠤᠳᠤᠯᠤᠯ ᠤᠨ ᠠᠯᠳᠠᠷᠲᠤ ᠡᠷᠳᠡᠮᠲᠡᠨ ᠰᠦ ᠪᠢᠩ ᠴᠢ ᠶᠢᠨ ᠦᠵᠡᠬᠦ ᠪᠠᠷ᠂ ᠪᠠᠭᠤᠷᠢ ᠶᠢᠨ ᠳᠣᠲᠣᠷᠠᠬᠢ ᠴᠢᠯᠠᠭᠤ ᠪᠠᠷ ᠪᠠᠷᠢᠭᠰᠠᠨ ᠬᠤᠲᠠ ᠶᠢᠨ ᠬᠡᠷᠡᠮ᠂ ᠲᠠᠬᠢᠯᠭ᠎ᠠ ᠶᠢᠨ ᠲᠠᠶᠢᠰᠠ᠂ ᠰᠢᠲᠠᠭᠠᠵᠤ  ᠦᠯᠡᠳᠡᠭᠰᠡᠨ ᠴᠣᠬᠤᠢ ᠨᠢ ᠬᠡᠷᠡᠮ ᠰᠢᠪᠠᠵᠤ᠂  ᠲᠤᠬᠠᠶ ᠶᠢᠨ ᠦᠶ᠎ᠡ ᠶᠢᠨ ᠯᠢᠶᠠᠩᠴᠧᠩ ᠬᠤᠲᠠ ᠨᠢᠭᠡᠨᠲᠡ ︽ᠳᠤᠮᠳᠠᠳᠤ ᠤᠯᠤᠰ ᠎ ᠤᠨ ᠪᠣᠯᠪᠠᠰᠤᠨ ︾᠎ ᠤ ᠱᠠᠲᠤᠨ ᠳᠤ ᠣᠷᠣᠵᠤ᠂ ᠪᠤᠰᠤᠳ ᠰᠣᠶᠣᠯ ᠤᠨ ᠭᠠᠵᠠᠷ ᠣᠷᠣᠨ ᠲᠠᠢ ᠬᠠᠷᠢᠴᠠᠭᠤᠯᠪᠠᠯ᠂ ᠲᠡᠷᠢᠭᠦᠨ ᠤ ᠬᠢᠷᠢ ᠲᠦᠪᠰᠢᠨ ᠳᠤ ᠣᠷᠣᠰᠢᠵᠤ  ᠪᠠᠶᠢᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2