︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠣᠭᠯᠠᠯᠲᠠ ᠶᠢᠨ ᠵᠦᠴᠦᠭᠡ ︽ᠰᠢᠷ᠎ᠠ  ᠬᠦᠷᠦᠰᠦᠳᠦ ᠳᠠᠭᠤᠤ︾ ᠮᠠᠨ ᠤ ᠰᠢᠶᠠᠨ ᠤ ᠺᠢᠨᠣ᠋ ᠵᠦᠴᠦᠭᠡ ᠶᠢᠨ ᠬᠦᠷᠢᠶᠡᠯᠡᠩ ᠳᠤ ᠲᠣᠭᠯᠠᠪᠠ
ᠨᠡᠶᠢᠲᠡᠯᠡᠭᠰᠡᠨ ᠴᠠᠭ᠄
2019-11-26
     11ᠰᠠᠷ᠎ᠠ ᠶᠢᠨ 23 ᠤ ᠡᠳᠦᠷ᠂ ᠤᠯᠠᠭᠠᠨᠴᠠᠪ ᠬᠤᠲᠠ ᠶᠢᠨ ᠦᠨᠳᠦᠰᠦᠲᠡᠨ ᠤ ᠤᠷᠠᠯᠢᠭ ᠤᠨ ᠪᠦᠯᠬᠦᠮ ᠤᠨ ᠡᠭᠦᠳᠦᠨ ᠲᠤᠭᠯᠠᠭᠰᠠᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠶ᠎ᠡ︾ ᠭᠡᠬᠦ ᠭᠤᠤᠯ ᠰᠡᠳᠦᠪᠲᠦ ᠬᠥᠮᠦᠵᠢᠯ ᠤᠨ ᠦᠵᠡᠭᠦᠯᠦᠯᠭᠡ ᠶᠢᠨ ᠵᠦᠴᠦᠭᠡ ︽ᠰᠢᠷ᠎ᠠ ᠬᠥᠷᠥᠰᠥᠲᠦ ᠳᠠᠭᠤᠤ︾ ᠨᠢ ᠮᠠᠨ ᠤ ᠰᠢᠶᠠᠨ ᠤ ᠺᠢᠨᠣ᠋ ᠵᠦᠴᠦᠭᠡ ᠶᠢᠨ ᠬᠦᠷᠢᠶᠡᠯᠡᠩ ᠳᠤ  ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠠᠷᠠᠳ ᠲᠦᠮᠡᠨ ᠳᠤ ᠦᠵᠡᠯ ᠰᠠᠨᠠᠭᠠᠴᠢ ᠴᠢᠨᠠᠷ᠂ ᠤᠷᠠᠯᠢᠭᠴᠢ ᠴᠢᠨᠠᠷ ᠪᠣᠯᠤᠨ ᠰᠣᠨᠢᠷᠬᠠᠯᠲᠤ ᠴᠢᠨᠠᠷ  ᠢ ᠨᠢᠭᠡ ᠴᠣᠭᠴᠠᠵᠢᠭᠤᠯᠤᠭᠰᠠᠨ ᠰᠣᠶᠣᠯ ᠤᠨ ᠦᠪᠡᠳᠡᠭᠰᠢ ᠨᠠᠶᠢᠷ ᠢ ᠬᠦᠷᠭᠡᠵᠡᠶ᠃
   
    ᠦᠳᠡ‌‍ᠶᠢᠨ ᠬᠤᠶᠢᠨᠠᠬᠢ 3 ᠴᠠᠭ ᠲᠤ᠂ ᠰᠢᠶᠠᠨ ᠤ ᠺᠢᠨᠣ᠋ ᠵᠦᠴᠦᠭᠡ ᠶᠢᠨ ᠲᠢᠶᠠᠲᠷ ᠲᠤ ᠬᠥᠮᠦᠰ ᠲᠦᠭᠦᠷᠡᠲᠡᠯ᠎ᠡ ᠰᠠᠭᠤᠵᠤ᠂ ᠲᠣᠭᠯᠠᠯᠲᠠ ᠨᠢ ᠢᠷᠠᠭᠤ ᠰᠣᠨᠣᠰᠬᠤᠯᠠᠩ ᠲᠠᠢ ᠳᠠᠭᠤᠯᠠᠬᠤ ᠠᠶᠠᠯᠭᠤ ᠶᠢᠨ ᠳᠤᠮᠳᠠ ᠬᠥᠰᠢᠭᠡ ᠪᠠᠨ ᠰᠡᠬᠦᠵᠦ᠂ ᠬᠥᠰᠢᠭᠡ ᠪᠠᠨ ᠰᠡᠬᠦᠭᠰᠡᠨ ᠵᠦᠴᠦᠭᠡ ᠶᠢᠨ ᠦᠢᠯᠡ ᠶᠠᠪᠤᠳᠠᠯ᠂ ᠬᠥᠮᠦᠰ ᠤᠨ ᠨᠢᠯᠪᠤᠰᠤ ᠮᠡᠯᠮᠡᠯᠵᠡᠭᠦᠯᠦᠭᠰᠡᠨ ᠦᠯᠢᠭᠡᠷ ᠦᠢᠯᠡ ᠶᠠᠪᠤᠳᠠᠯ᠂ ᠡᠭᠡᠯ ᠪᠣᠷᠣᠭᠵᠢᠭᠤᠨ ᠨᠤᠲᠤᠭ ᠤᠨ ᠠᠭᠤᠷ ᠠᠮᠢᠰᠬᠤᠯ ᠢᠶᠠᠷ ᠢᠯᠡᠷᠡᠵᠦ᠂ ᠳᠠᠭᠤ ᠭᠡᠷᠡᠯ ᠴᠠᠬᠢᠯᠭᠠᠨ  ᠢ ᠤᠶᠠᠯᠳᠤᠭᠤᠯᠤᠭᠰᠠᠨ ᠲᠠᠶᠢᠰᠠᠨ ᠤ ᠪᠠᠶᠢᠷᠢᠯᠠᠭᠤᠯᠤᠯᠲᠠ ᠨᠤᠭᠤᠳ ᠨᠢ ᠦᠵᠡᠭᠴᠢᠳ ᠤᠨ ᠨᠢᠳᠦᠨ ᠳᠤ ᠥᠷᠲᠥᠮ᠎ᠡ ᠪᠠᠶᠢᠯ᠎ᠠ᠃ ᠰᠦᠩ ᠴᠢᠩ ᠱᠠᠨ᠂ ᠰᠦᠩ ᠵᠢᠶᠠᠨ ᠵᠢᠶᠦ᠋ᠨ ᠬᠤᠶᠠᠷ ᠦᠶ᠎ᠡ ᠶᠢᠨ ᠡᠪ ᠬᠠᠮᠲᠤ  ᠨᠠᠮ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠠᠤᠭ᠎ᠠ ᠠᠵᠢᠯᠯᠠᠭ᠎ᠠ ᠨᠢ ᠦᠵᠡᠭᠴᠢᠳ ᠤᠨ ᠰᠡᠳᠬᠢᠯ ᠢ ᠶᠡᠬᠡᠳᠡ ᠳᠣᠭᠳᠣᠯᠤᠭᠤᠯᠵᠤ᠂ ᠣᠯᠠᠨ ᠤ ᠤᠷᠮ᠎ᠠ ᠵᠣᠷᠢᠭ ᠢ ᠬᠥᠭᠵᠢᠭᠡᠵᠦ᠂  ᠪᠠᠶᠢᠨ ᠪᠠᠶᠢᠨ ᠨᠢᠵᠢᠭᠢᠨᠡᠲᠡᠯ᠎ᠡ ᠠᠯᠠᠭ᠎ᠠ ᠲᠡᠰᠢᠵᠦ ᠪᠠᠶᠢᠯ᠎ᠠ᠃
 
      ᠰᠢᠶᠠᠨ ᠤ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠲᠢᠶᠠᠨ ᠴᠧᠩ ᠰᠢᠶᠠᠩ ᠤᠨ ᠵᠢᠩ ᠡᠯ ᠲᠣᠰᠬᠤᠨ ᠳᠤ ᠰᠠᠭᠤᠭ᠎ᠠ ᠶᠠᠳᠠᠭᠤ ᠶᠢ ᠲᠡᠳᠬᠦᠬᠦ ᠠᠵᠢᠯ  ᠤᠨ ᠠᠩᠭᠢ ᠶᠢᠨ ᠳᠠᠷᠤᠭ᠎ᠠ ᠺᠠᠩ ᠴᠠᠭᠳᠠᠭ᠎ᠠ ᠦᠵᠡᠭᠡᠳ ᠰᠡᠳᠬᠢᠯ ᠳᠣᠭᠳᠣᠯᠤᠨ᠄ ᠡᠨᠡ ᠤᠳᠠᠭ᠎ᠠ ᠶᠢᠨ ᠵᠦᠴᠦᠭᠡ ᠦᠨᠡᠬᠡᠷ ᠰᠡᠳᠬᠢᠯ ᠬᠥᠳᠡᠯᠭᠡᠮ᠎ᠡ  ᠂ ᠲᠣᠰ ᠵᠦᠴᠦᠭᠡ ᠨᠢ ᠭᠤᠷᠪᠠᠨ ᠬᠦᠤ ᠶᠢᠨ ᠥᠷᠢ ᠰᠢᠷᠢ ᠶᠢ ᠰᠢᠢᠳᠪᠤᠷᠢᠯᠡᠬᠦ ᠣᠪᠣᠷ ᠤᠨ ᠬᠥᠭᠵᠢᠯᠲᠡ ᠬᠤᠪᠢᠷᠠᠯᠲᠠ ᠪᠠᠷ ᠳᠠᠮᠵᠢᠨ᠂ ᠢᠲᠡᠭᠡᠯ ᠪᠢᠰᠢᠷᠡᠯ ᠤᠨ ᠬᠦᠴᠦᠨ ᠴᠢᠳᠠᠯ ᠤᠨ ᠳᠣᠤᠷᠠᠬᠢ ᠬᠥᠮᠦᠨᠴᠢ ᠴᠢᠨᠠᠷ ᠪᠣᠯᠤᠨ ᠬᠠᠶᠢᠷ᠎ᠠ ᠰᠡᠳᠬᠢᠯᠭᠡ ᠪᠠᠨ ᠢᠯᠡᠷᠡᠭᠦᠯᠵᠦ᠂ ᠡᠪ ᠬᠠᠮᠲᠤ  ᠨᠠᠮ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠡᠷᠬᠢᠮ  ᠲᠡᠭᠡᠳᠦ ᠵᠠᠩ ᠴᠢᠨᠠᠷ  ᠢ ᠮᠠᠭᠲᠠᠨ ᠳᠠᠭᠤᠯᠠᠵᠠᠶ᠃ ᠪᠢ ᠶᠠᠳᠠᠭᠤ ᠶᠢ ᠲᠡᠳᠬᠦᠬᠦ ᠠᠵᠢᠯ  ᠤᠨ ᠠᠩᠭᠢ ᠶᠢᠨ ᠳᠠᠷᠤᠭ᠎ᠠ ᠪᠣᠯᠤᠭᠰᠠᠨ ᠤ ᠬᠤᠪᠢ ᠳᠤ᠂ ᠵᠠᠪᠠᠯ ᠰᠦᠩ ᠴᠢᠩ ᠱᠠᠨ᠂ ᠰᠦᠩ ᠵᠢᠶᠠᠨ ᠵᠢᠶᠦ᠋ᠨ ᠠᠴᠠ ᠰᠤᠷᠤᠯᠴᠠᠵᠤ᠂ ᠲᠣᠰᠬᠤᠨ ᠤ ᠠᠷᠠᠳ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠡᠷᠡᠯᠬᠡᠭᠯᠡᠨ ᠤᠷᠤᠭᠰᠢᠯᠠᠬᠤ ᠬᠡᠷᠡᠭᠲᠡᠶ ᠭᠡᠵᠦ ᠵᠤᠷᠢᠭ ᠰᠢᠭᠤᠳᠴᠠᠢ᠃   ︵ᠰᠤᠷᠪᠤᠯᠵᠢᠯᠠᠭᠴᠢ ᠰᠦᠩ ᠹᠦ᠋ ᠾᠧᠩ︶                                                                              ᠵᠤᠬᠢᠶᠠᠭᠴᠢ᠄ ᠭᠦᠸᠧ ᠬᠤᠩ ᠰᠢᠶᠠ   ᠦ᠋ ᠬᠤᠩ ᠰᠢᠶᠠ                                    ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2