ᠶᠤᠸᠠᠨ ᠽᠢ ᠭᠸᠦ  ᠶᠢᠨ ᠦᠯᠡᠳᠡᠭᠳᠡᠯ
ᠨᠡᠶᠢᠲᠡᠯᠡᠭᠰᠡᠨ ᠴᠠᠭ᠄
2019-11-26
    ᠶᠤᠸᠠᠨ ᠽᠢ ᠭᠸᠦ ᠶᠢᠨ ᠪᠠᠭᠤᠷᠢ ᠨᠢ ᠳᠠᠭ᠎ᠠ ᠶᠢᠨ ᠨᠠᠭᠤᠷ ᠤᠨ  ᠬᠤᠶᠢᠳᠦ ᠡᠷᠭᠢ ᠳᠤ ᠪᠠᠶᠢᠷᠢᠯᠠᠵᠤ᠂ ᠤᠮᠠᠷᠠᠰᠢ ᠮᠤᠨᠢ ᠠᠭᠤᠯᠠ ᠶᠢᠨ ᠰᠠᠯᠪᠤᠷᠢ ᠰᠤᠳᠠᠰᠤ ᠪᠣᠯᠬᠤ  ᠮᠠᠩᠬᠠᠨ ᠠᠭᠤᠯᠠᠨ ᠳᠤ ᠪᠠᠶᠢᠷᠢᠯᠠᠵᠤ᠂ ᠡᠮᠦᠨᠡᠰᠢ ᠳᠠᠭ᠎ᠠ ᠶᠢᠨ ᠨᠠᠭᠤᠷ ᠲᠠᠢ ᠬᠥᠷᠰᠢᠯᠡᠵᠦ᠂ ᠣᠳᠣ ᠠᠴᠠ ᠨᠢᠭᠡᠨᠲᠡ 5000 ᠭᠠᠷᠤᠶ ᠵᠢᠯ ᠤᠨ ᠲᠡᠤᠬᠡ ᠲᠠᠢ ᠪᠣᠯᠵᠠᠶ᠃ 1987 ᠣᠨ ᠳᠤ ᠶᠤᠸᠠᠨ ᠽᠢ ᠭᠸᠦ ᠶᠢᠨ ᠪᠠᠭᠤᠷᠢ ᠶᠢ ᠪᠦᠬᠦ ᠤᠯᠤᠰ  ‍ᠤᠨ‌‍ᠰᠢᠨ᠎ᠡ ᠢᠯᠡᠷᠡᠭᠦᠯᠦᠯᠲᠡ ᠪᠠᠷ ᠵᠢᠭᠰᠠᠭᠠᠭᠳᠠᠵᠤ᠂ ᠥᠪᠥᠷ ᠮᠣᠩᠭᠤᠯ ᠤᠨ ᠳᠤᠮᠳᠠ ᠡᠮᠦᠨᠡᠲᠦ ᠬᠡᠰᠡᠭ ᠤᠨ ᠣᠳᠣ  ᠪᠠᠶᠢᠭ᠎ᠠ  ᠬᠠᠮᠤᠭ ᠤᠨ ᠲᠣᠮᠣ ᠰᠢᠨ᠎ᠡ ᠴᠢᠯᠠᠭᠤᠨ ᠵᠡᠪᠰᠡᠭ ᠤᠨ ᠪᠠᠭᠤᠷᠢ ᠪᠣᠯᠪᠠ᠃     1987᠂ 1988 ᠣᠨ ᠳᠤ᠂ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ  ᠵᠤᠶᠢᠯᠡᠰ ᠤᠨ ᠰᠤᠳᠤᠯᠭᠠᠨ ᠤ ᠭᠠᠵᠠᠷ ᠤᠨ ᠭᠦᠸᠧ ᠰᠦ ᠰᠢᠨ ᠨᠡᠭᠡᠭᠡᠨ ᠮᠠᠯᠲᠠᠬᠤ ᠠᠵᠢᠯ ᠢ ᠡᠬᠢᠯᠡᠨ ᠵᠣᠬᠢᠶᠠᠨ ᠪᠠᠶᠢᠭᠤᠯᠵᠤ᠂ 2000 ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠨᠡᠶᠢᠲᠡ 28 ᠨᠦᠬᠡᠨ ᠭᠡᠷ᠂ 43 ᠬᠠᠭᠠᠰ ᠨᠦᠬᠡᠨ ᠭᠡᠷ ᠮᠠᠯᠲᠠᠵᠤ᠂ ᠬᠤᠪᠣᠷ ᠨᠠᠨᠳᠢᠨ ᠴᠢᠯᠠᠭᠤ ᠪᠠᠷ ᠬᠢᠭᠰᠡᠨ ᠵᠢᠴᠢ ᠸᠠᠭᠠᠷ ᠢᠶᠠᠷ ᠬᠢᠭᠰᠡᠨ  ᠤᠶᠢᠯᠡᠳᠪᠤᠷᠢᠯᠡᠯ ᠠᠮᠢᠳᠤᠷᠠᠯ ᠤᠨ ᠬᠡᠷᠡᠭᠰᠡᠯ ᠵᠢᠴᠢ ᠣᠳᠣ ᠪᠣᠯᠲᠠᠯ᠎ᠠ ᠲᠣᠳᠣᠷᠬᠠᠶ ᠬᠠᠷᠠᠭᠳᠠᠵᠤ  ᠪᠠᠶᠢᠭ᠎ᠠ ᠵᠢᠵᠢᠭ ᠬᠠᠶᠢᠰᠠᠩ ᠮᠠᠯᠲᠠᠵᠤ ᠭᠠᠷᠭᠠᠵᠠᠶ᠃ ᠪᠡᠭᠡᠵᠢᠩ ᠶᠡᠭᠡ ᠰᠤᠷᠭᠠᠭᠤᠯᠢ ᠶᠢᠨ  ᠬᠠᠭᠤᠴᠢ ᠰᠤᠳᠤᠯᠤᠯ ᠤᠨ ᠰᠠᠯᠪᠤᠷᠢ ᠶᠢᠨ ᠡᠷᠬᠢᠯᠡᠭᠴᠢ ᠶᠠᠨ ᠸᠧᠨ ᠮᠢᠩ ᠫᠷᠤᠹᠧᠰᠰᠤᠷ ᠰᠢᠨᠵᠢᠯᠡᠨ ᠪᠠᠶᠢᠴᠠᠭᠠᠭᠰᠠᠨ ᠤ ᠳᠠᠷᠠᠭ᠎ᠠ᠄ ᠡᠶᠢᠮᠦᠷᠬᠦᠤ ᠲᠤᠭ᠎ᠠ ᠬᠡᠮᠵᠢᠶᠡᠨ ᠤ᠂ ᠪᠠᠶᠢᠷᠢᠯᠠᠭᠤᠯᠤᠯᠲᠠ ᠨᠢ ᠲᠣᠳᠣᠷᠬᠠᠶ ᠰᠢᠨ᠎ᠡ ᠴᠢᠯᠠᠭᠤᠨ ᠵᠡᠪᠰᠡᠭ ᠤᠨ ᠦᠶ᠎ᠡ ᠶᠢᠨ ᠬᠥᠮᠦᠨ ᠲᠥᠷᠥᠯᠬᠢᠲᠡᠨ ᠤ ᠣᠷᠣᠰᠢᠨ ᠰᠠᠭᠤᠬᠤ ᠨᠦᠬᠡᠨ ᠭᠡᠷ ᠤᠨ ᠪᠠᠭᠤᠷᠢ ᠶᠢ ᠢᠯᠡᠷᠡᠭᠦᠯᠦᠭᠰᠡᠨ ᠨᠢ ᠦᠨᠡᠬᠡᠷ  ᠬᠤᠪᠦᠷ ᠨᠠᠨᠳᠢᠨ ᠪᠣᠯᠬᠤ ᠶᠤᠮ᠂ ᠡᠨᠡ ᠨᠢ ᠮᠠᠨ ᠤ ᠤᠯᠤᠰ  ᠤᠨ ᠤᠮᠠᠷᠠᠳᠤ ᠭᠠᠵᠠᠷ ᠣᠷᠣᠨ ᠤ ᠪᠣᠯᠪᠠᠰᠤᠨ ᠪᠠ ᠤᠯᠤᠰ ᠣᠷᠣᠨ ᠤ ᠡᠭᠦᠰᠦᠯ ᠤᠨ ᠠᠰᠠᠭᠤᠳᠠᠯ ᠢ ᠰᠤᠳᠤᠯᠬᠤ ᠳᠤ ᠬᠤᠪᠣᠷ ᠨᠠᠨᠳᠢᠨ ᠪᠣᠳᠠᠲᠤ ᠶᠠᠭᠤᠮ᠎ᠠ ᠬᠠᠩᠭᠠᠵᠠᠶ ᠭᠡᠵᠦ ᠦᠵᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2