ᠰᠢᠶᠠᠨ ᠤ ᠠᠵᠤ ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠨᠠᠮ ᠤᠨ ᠲᠥᠪ ᠬᠤᠷᠢᠶ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠵᠤ ᠠᠬᠤᠶ᠂ ᠮᠡᠳᠡᠭᠡ | ᠵᠠᠩᠭᠢᠵᠢᠯᠲᠠ ᠵᠢᠴᠢ ᠬᠤᠳᠠᠯᠳᠤᠭᠠᠨ ᠤ ᠶᠠᠪᠤᠳᠠᠯ ᠤᠨ ᠠᠵᠢᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ ᠶᠢ | ᠲᠤᠭᠤᠰᠢᠯᠠᠭᠤᠯᠵᠤ᠂ ᠰᠢᠶᠠᠨ ᠤ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠰᠢᠢᠳᠪᠤᠷᠢᠳᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠶᠠᠪᠤᠴᠠ ᠳᠤ ᠠᠵᠤ | ᠤᠶᠢᠯᠡᠳᠪᠤᠷᠢ ᠶᠢᠨ ᠠᠵᠤ ᠠᠬᠤᠶ᠂ ᠮᠡᠳᠡᠭᠡ ᠵᠠᠩᠭᠢᠵᠢᠯᠲᠠ ᠵᠢᠴᠢ ᠬᠤᠳᠠᠯᠳᠤᠭᠠᠨ ᠤ ᠶᠠᠪᠤᠳᠠᠯ ᠤᠨ ᠠᠵᠢᠯ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠪᠠ᠃ | ᠨᠢᠭᠡ᠂ ᠭᠤᠤᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ᠰᠢᠨ᠎ᠡ ᠮᠠᠶ᠋ᠢᠭ ᠤᠨ ᠠᠵᠤ | ᠤᠶᠢᠯᠡᠳᠪᠤᠷᠢᠵᠢᠭᠦᠯᠦᠯᠳᠡ ᠪᠣᠯᠤᠨ ᠬᠤᠳᠠᠯᠳᠤᠭᠠᠨ ᠤ ᠶᠠᠪᠤᠳᠠᠯ ᠤᠨ ᠠᠵᠢᠯ ᠤᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠤᠲᠠ ᠶᠢᠨ ᠠᠵᠤ | ᠤᠶᠢᠯᠡᠳᠪᠤᠷᠢ ᠶᠢᠨ ᠠᠵᠤ ᠠᠬᠤᠶ᠂ ᠮᠡᠳᠡᠭᠡ ᠵᠠᠩᠭᠢᠵᠢᠭᠤᠯᠤᠯᠲᠠ ᠵᠢᠴᠢ ᠬᠤᠳᠠᠯᠳᠤᠭᠠᠨ ᠤ ᠶᠠᠪᠤᠳᠠᠯ ᠤᠨ ᠠᠵᠢᠯ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ | ᠮᠠᠶ᠋ᠢᠭ ᠤᠨ ᠠᠵᠤ ᠤᠶᠢᠯᠡᠳᠪᠤᠷᠢᠵᠢᠭᠦᠯᠦᠯᠳᠡ ᠪᠣᠯᠤᠨ ᠬᠤᠳᠠᠯᠳᠤᠭᠠᠨ ᠤ ᠶᠠᠪᠤᠳᠠᠯ ᠤᠨ ᠦᠢᠯᠡᠰ ᠤᠨ | ᠬᠥᠭᠵᠢᠯᠲᠡ ᠶᠢᠨ ᠠᠬᠢᠴᠠ ᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠵᠦ᠂ ᠠᠵᠤ | ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠣᠯᠤᠨ ᠰᠢᠯᠢᠳᠡᠭᠵᠢᠭᠦᠯᠦᠨ | ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ | ︵ᠬᠤᠶᠠᠷ︶ ᠪᠦᠬᠦ ᠰᠢᠶᠠᠨ ᠤ ᠠᠵᠤ ᠤᠶᠢᠯᠡᠳᠪᠤᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ | ᠬᠡᠮᠵᠢᠵᠦ ᠵᠠᠳᠠᠯᠤᠯᠲᠠ ᠬᠢᠵᠦ᠂ ᠲᠥᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ ᠪᠠ ᠬᠥᠲᠥᠯᠥᠨ | ᠵᠢᠯᠣᠭᠤᠳᠬᠤ ᠬᠡᠷᠡᠭᠲᠡᠶ᠃ ᠠᠵᠤ ᠤᠶᠢᠯᠡᠳᠪᠤᠷᠢ ᠶᠢᠨ ᠠᠵᠢᠯᠯᠠᠭᠠᠨ ᠤ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ | ᠵᠣᠬᠢᠴᠠᠭᠤᠯᠤᠨ ᠰᠢᠢᠳᠪᠤᠷᠢᠯᠡᠬᠦ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ | ᠤᠶᠢᠯᠡᠳᠪᠤᠷᠢ ᠶᠢᠨ ᠠᠶᠠᠯᠠᠯ ᠳᠤᠮᠳᠠᠬᠢ ᠨᠡᠭᠦᠷᠡᠰᠦ ᠴᠠᠬᠢᠯᠭᠠᠨ ᠲᠣᠰᠣ ᠲᠡᠭᠡᠭᠡᠪᠦᠷᠢ ᠶᠢᠨ ᠶᠡᠷᠦᠩᠬᠡᠶᠢᠯᠡᠨ | ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠳᠠᠷᠤᠭᠠᠰᠤ ᠶᠢ ᠬᠥᠩᠭᠡᠷᠡᠭᠦᠯᠬᠦ ᠠᠵᠢᠯ ᠢ ᠵᠣᠬᠢᠴᠠᠭᠤᠯᠬᠤ ᠶᠢ | ᠬᠠᠷᠢᠭᠤᠴᠠᠨ᠎ᠠ᠃ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠤᠨ ᠴᠠᠬᠢᠯᠭᠠᠨ ᠭᠠᠷᠭᠠᠬᠤ ᠬᠡᠮᠵᠢᠶ᠎ᠡ ᠶᠢᠨ ᠵᠢᠱᠢᠭᠰᠡᠨ | ᠲᠣᠬᠢᠷᠠᠭᠤᠯᠭ᠎ᠠ ᠡᠵᠡᠮᠳᠡᠯ ᠤᠨ ᠬᠠᠷᠠᠯᠲᠠ ᠶᠢ ᠬᠡᠷᠡᠭᠵᠢᠭᠦᠯᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ | ᠪᠦᠲᠦᠭᠡᠨ ᠪᠠᠶᠢᠭᠤᠯᠤᠯᠲᠠ ᠶᠢᠨ ᠲᠥᠰᠦᠯ ᠵᠢᠴᠢ ᠵᠢᠯ ᠤᠨ ᠬᠡᠷᠡᠭᠵᠢᠭᠦᠯᠬᠦ ᠲᠥᠯᠥᠪᠯᠡᠭᠡ ᠶᠢ ᠨᠠᠶᠢᠳᠠᠪᠤᠷᠢᠵᠢᠭᠤᠯᠤᠨ᠎ᠠ᠃ | | ︵ᠭᠤᠷᠪᠠ︶ ᠪᠦᠬᠦ ᠰᠢᠶᠠᠨ ᠤ ᠠᠵᠤ ᠤᠶᠢᠯᠡᠳᠪᠤᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠲᠣᠭᠲᠠᠮᠠᠯ | ᠬᠥᠷᠥᠩᠭᠡ ᠪᠣᠯᠤᠨ ᠴᠢᠭᠯᠡᠯ ᠵᠢᠴᠢ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ | ᠬᠡᠷᠡᠭᠯᠡᠬᠦ ᠲᠥᠰᠦᠯ ᠢ ᠬᠠᠷᠢᠭᠤᠴᠠᠨ ᠳᠤᠷᠠᠳᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠢᠨᠠᠨ | ᠬᠠᠷᠭᠤᠭᠤᠯᠵᠤ ᠮᠡᠳᠡᠭᠦᠯᠦᠨ ᠬᠦᠷᠭᠡᠬᠦ ᠨᠢ ᠲᠥᠷᠥ ᠶᠢᠨ ᠶᠠᠪᠤᠳᠠᠯ ᠤᠨ ᠬᠤᠷᠢᠶ᠎ᠠ ᠳᠤ ᠬᠠᠷᠢᠶᠠᠯᠠᠭᠳᠠᠬᠤ᠂ ᠥᠪᠡᠷᠲᠡᠭᠡᠨ | ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ | ᠵᠥᠪᠰᠢᠶᠡᠷᠡᠵᠦ ᠳᠠᠩᠰᠠᠯᠠᠭᠤᠯᠤᠭᠰᠠᠨ ᠲᠥᠷᠥᠯ ᠵᠤᠶᠢᠯ ᠳᠤ ᠰᠢᠶᠠᠨ ᠤ ᠱᠠᠲᠤᠨ ᠤ ᠡᠷᠬᠡ ᠮᠡᠳᠡᠯ ᠢᠶᠠᠨ ᠦᠯᠡᠳᠡᠭᠡᠭᠰᠡᠨ | ᠠᠵᠤ ᠤᠶᠢᠯᠡᠳᠪᠤᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠤᠶᠢᠯ ᠳᠤ | ᠳᠠᠩᠰᠠᠯᠠᠭᠤᠯᠬᠤ ᠬᠡᠷᠡᠭᠲᠡᠶ᠃ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠤᠶᠢᠯᠡᠰ᠂ | ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ ᠵᠢᠯᠣᠭᠤᠳᠴᠤ᠂ ᠠᠵᠤ | ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ ᠠᠵᠤ | ᠤᠶᠢᠯᠡᠳᠪᠤᠷᠢ ᠶᠢᠨ ᠲᠥᠷᠥᠯ ᠵᠤᠶᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ | ᠵᠣᠬᠢᠴᠠᠭᠤᠯᠤᠨ᠎ᠠ᠃ | ︵ ᠲᠦᠷᠪᠡ︶ ᠪᠦᠬᠦ ᠰᠢᠶᠠᠨ ᠤ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠶ | ᠲᠥᠯᠥᠪᠵᠢᠭᠦᠯᠪᠡ ᠪᠣᠯᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ | ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ | ᠪᠣᠯᠤᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ ᠠᠵᠤ | ᠤᠶᠢᠯᠡᠳᠪᠤᠷᠢ ᠪᠠ ᠮᠡᠳᠡᠭᠡ ᠵᠠᠩᠭᠢᠵᠢᠯᠲᠠ ᠶᠢᠨ ᠤᠨ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠤᠶᠢᠯᠡᠳᠪᠤᠷᠢ ᠶᠢᠨ ᠪᠠᠶᠢᠷᠢᠰᠢᠯ ᠢ | ᠲᠣᠬᠢᠷᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠲᠥᠷᠥᠯ ᠤᠨ ᠵᠥᠪᠰᠢᠶᠡᠷᠡᠨ | ᠣᠷᠣᠭᠤᠯᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠠᠵᠤ ᠤᠶᠢᠯᠡᠳᠪᠤᠷᠢ ᠶᠢᠨ ᠬᠦᠷᠢᠶᠡᠨ ᠳᠠᠬᠢ ᠠᠵᠢᠯ | ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠭᠤᠤᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ | ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ | ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠪᠣᠳᠠᠰ ᠤᠨ ᠠᠶᠤᠯ ᠦᠭᠡᠢ ᠤᠶᠢᠯᠡᠳᠪᠤᠷᠢᠯᠡᠯ ᠤᠨ ᠬᠢᠨᠠᠯᠲᠠ | ᠬᠠᠮᠢᠶᠠᠷᠤᠯᠲᠠ ᠶᠢ ᠬᠠᠷᠢᠭᠤᠴᠠᠨ᠎ᠠ᠃ | ︵ᠲᠠᠪᠤ︶ ᠪᠦᠬᠦ ᠰᠢᠶᠠᠨ ᠤ ᠠᠵᠤ ᠤᠶᠢᠯᠡᠳᠪᠤᠷᠢ ᠶᠢᠨ ᠪᠣᠬᠢᠷᠲᠤᠯ ᠦᠭᠡᠢ ᠬᠥᠭᠵᠢᠯᠲᠡ ᠶᠢ ᠵᠢᠯᠣᠭᠤᠳᠴᠤ᠂ | ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠠᠵᠤ ᠤᠶᠢᠯᠡᠳᠪᠤᠷᠢ ᠶᠢᠨ ᠡᠨᠧᠷᠭᠢ ᠶᠢ ᠠᠷᠪᠢᠯᠠᠬᠤ᠂ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠰᠠᠶᠢᠨ ᠳᠤᠷ᠎ᠠ ᠶᠢᠨ ᠴᠢᠨᠠᠷᠲᠠᠶ ᠠᠷᠢᠭᠤᠨ ᠴᠡᠪᠡᠷ ᠤᠶᠢᠯᠡᠳᠪᠤᠷᠢᠯᠡᠯ ᠢ | ᠠᠬᠢᠭᠤᠯᠬᠤ ᠲᠥᠷᠥ ᠶᠢᠨ ᠪᠣᠳᠣᠯᠭ᠎ᠠ ᠵᠢᠴᠢ ᠲᠥᠯᠥᠪᠵᠢᠭᠦᠯᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠠᠵᠤ ᠤᠶᠢᠯᠡᠳᠪᠤᠷᠢ ᠶᠢᠨ ᠪᠣᠬᠢᠷᠲᠤᠯ ᠦᠭᠡᠢ ᠬᠥᠭᠵᠢᠯᠲᠡ ᠶᠢᠨ ᠴᠢᠬᠤᠯᠠ ᠶᠡᠭᠡ | ᠵᠢᠱᠢᠶ᠎ᠡ ᠦᠵᠡᠭᠦᠯᠬᠦ ᠲᠥᠷᠥᠯ ᠵᠤᠶᠢᠯ ᠪᠣᠯᠤᠨ ᠰᠢᠨ᠎ᠡ ᠤᠶᠢᠯᠡᠳᠭᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ | ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ | ᠤᠶᠢᠯᠡᠳᠪᠤᠷᠢ ᠶᠢᠨ ᠡᠨᠧᠷᠭᠢ ᠠᠷᠪᠢᠯᠠᠬᠤ ᠶᠢᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠠᠵᠤ ᠤᠶᠢᠯᠡᠳᠪᠤᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠤᠶᠢᠯᠡᠴᠢᠯᠡᠭᠡᠨ ᠤ | ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ | ᠡᠭᠦᠳᠬᠦ ᠪᠠ ᠤᠶᠢᠯᠡᠳᠪᠤᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ ᠲᠦᠯᠬᠢᠨ | ᠠᠬᠢᠭᠤᠯᠵᠤ᠂ ᠬᠤᠯᠪᠣᠭᠳᠠᠯ ᠪᠦᠬᠦᠢ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠬᠤᠲᠠ ᠶᠢᠨ ᠠᠵᠤ | ᠤᠶᠢᠯᠡᠳᠪᠤᠷᠢ ᠪᠣᠯᠤᠨ ᠮᠡᠳᠡᠭᠡ ᠵᠠᠩᠭᠢᠴᠢᠯᠠᠬᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ | ᠶᠡᠭᠡ ᠲᠤᠰᠬᠠᠶ ᠵᠦᠶ ᠳᠤ ᠣᠷᠣᠯᠴᠠᠵᠤ᠂ ᠬᠠᠮᠢᠶ᠎ᠠ ᠪᠦᠬᠦᠢ ᠠᠵᠤ ᠤᠶᠢᠯᠡᠰᠵᠢᠯᠳᠡ ᠶᠢ ᠲᠦᠯᠬᠢᠨ ᠠᠬᠢᠭᠤᠯᠤᠨ᠎ᠠ᠃ | ᠠᠵᠤ ᠤᠶᠢᠯᠡᠳᠪᠤᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠡᠷᠡᠲᠦ ᠲᠥᠷᠥᠯ | ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃ | ︵ᠳᠣᠯᠤᠭ᠎ᠠ︶ ᠪᠦᠬᠦ ᠬᠤᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠥᠭᠵᠢᠭᠦᠯᠬᠦ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠷᠭᠡᠵᠢᠯ ᠲᠣᠨᠤᠭ ᠲᠥᠬᠦᠭᠡᠷᠦᠮᠵᠢ ᠶᠢᠨ ᠬᠥᠭᠵᠢᠯᠲᠡ ᠪᠠ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠪᠡ᠂ ᠲᠥᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ | ᠲᠤᠭᠤᠷᠪᠢᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠳᠤ ᠲᠦᠰᠢᠭᠯᠡᠨ᠂ | ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠵᠦ᠂ ᠬᠠᠮᠢᠶ᠎ᠠ ᠪᠦᠬᠦᠢ ᠲᠤᠰᠬᠠᠢ ᠲᠥᠷᠥᠯ ᠤᠨ | ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠤᠨ᠂ ᠮᠡᠷᠭᠡᠵᠢᠯ ᠲᠣᠨᠤᠭ ᠲᠥᠬᠦᠭᠡᠷᠦᠮᠵᠢ ᠶᠢ ᠤᠯᠤᠰ ᠲᠠᠭᠠᠨ | ᠦᠢᠯᠡᠳᠪᠦᠷᠢᠯᠡᠬᠦ ᠶᠢ ᠠᠬᠢᠭᠤᠯᠵᠤ᠂ ᠮᠡᠷᠭᠡᠵᠢᠯ ᠲᠣᠨᠤᠭ ᠲᠥᠬᠦᠭᠡᠷᠦᠮᠵᠢ ᠶᠢ ᠰᠢᠩᠭᠡᠭᠡᠨ ᠠᠪᠴᠤ ᠰᠢᠨ᠎ᠡ ᠶᠢ | ᠡᠭᠦᠳᠬᠦ ᠶᠢ ᠵᠢᠯᠣᠭᠤᠳᠤᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠨᠠᠢᠮᠠ︶ ᠠᠵᠤ ᠤᠶᠢᠯᠡᠳᠪᠤᠷᠢ ᠶᠢᠨ ᠬᠦᠷᠢᠶᠡᠨ ᠤ ᠮᠡᠳᠡᠭᠡ ᠵᠠᠩᠭᠢᠴᠢᠯᠠᠬᠤ ᠠᠵᠢᠯ ᠢ ᠬᠠᠷᠢᠭᠤᠴᠠᠨ᠎ᠠ᠃ ᠮᠡᠳᠡᠭᠡ | ᠵᠠᠩᠭᠢᠵᠢᠯᠲᠠ ᠪᠠ ᠠᠵᠤ ᠤᠶᠢᠯᠡᠳᠪᠤᠷᠢᠵᠢᠭᠦᠯᠦᠯᠳᠡ ᠶᠢᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ | ᠠᠵᠤ ᠤᠶᠢᠯᠡᠳᠪᠤᠷᠢ ᠶᠢᠨ ᠢᠨᠲ᠋ᠧᠷ ᠰᠦᠯᠵᠢᠶ᠎ᠡ᠂ ᠣᠷᠣᠨ ᠰᠠᠭᠤᠴᠠ ᠶᠢᠨ ᠤᠶᠢᠯᠡᠰ᠂ ᠮᠡᠳᠡᠭᠡ ᠵᠠᠩᠭᠢ ᠶᠢᠨ | ᠤᠶᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠬᠢᠭᠡᠳ ᠤᠰᠤᠨ | ᠴᠥᠭᠦᠷᠥᠮ ᠢ ᠬᠠᠷᠢᠭᠤᠴᠠᠨ᠂ ᠴᠢᠮᠡᠭᠡ ᠨᠡᠪᠲᠡᠷᠡᠯᠭᠡ ᠶᠢᠨ ᠲᠣᠣᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠵᠢᠯᠣᠭᠤᠳᠴᠤ᠂ ᠲᠣᠣᠷ ᠰᠦᠯᠵᠢᠶ᠎ᠡ ᠶᠢᠨ ᠡᠬᠢ ᠪᠠᠶᠠᠯᠢᠭ ᠢ ᠬᠠᠮᠲᠤᠪᠠᠷ ᠪᠠᠶᠢᠭᠤᠯᠤᠨ | ᠬᠠᠮᠲᠤᠪᠠᠷ ᠡᠳ᠋ᠯᠡᠬᠦ ᠶᠢ ᠵᠢᠯᠣᠭᠤᠳᠤᠨ ᠵᠣᠬᠢᠴᠠᠭᠤᠯᠤᠨ᠎ᠠ᠃ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ | ᠲᠣᠤᠷ ᠤᠨ ᠪᠦᠲᠦᠭᠡᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠶᠢ ᠬᠠᠷᠢᠭᠤᠴᠠᠨ᠎ᠠ᠃ | ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠵᠤ ᠠᠬᠤᠶᠢᠯᠠᠯ ᠤᠨ ᠮᠡᠳᠡᠭᠡ ᠵᠠᠩᠭᠢᠵᠢᠯᠲᠠ᠂ ᠡᠯᠧᠺᠲᠷᠣᠨ | ᠵᠠᠰᠠᠭ ᠤᠨ ᠶᠠᠪᠤᠳᠠᠯ ᠤᠨ ᠬᠥᠭᠵᠢᠯᠲᠡ ᠪᠠ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠳᠡᠯᠭᠡᠷᠡᠭᠦᠯᠦᠯᠲᠡ ᠵᠢᠴᠢ | ᠨᠡᠶᠢᠭᠡᠮ ᠪᠠ ᠠᠵᠤ ᠠᠬᠤᠢ ᠶᠢᠨ ᠡᠯ᠎ᠡ ᠬᠦᠷᠢᠶᠡᠨ ᠤ ᠮᠡᠳᠡᠭᠡ ᠵᠠᠩᠭᠢᠵᠢᠯᠲᠠ ᠶᠢᠨ ᠬᠡᠷᠡᠭᠯᠡᠯᠲᠡ ᠶᠢ ᠠᠬᠢᠭᠤᠯᠬᠤ ᠠᠵᠢᠯ ᠢ | ᠵᠢᠯᠣᠭᠤᠳᠤᠨ ᠵᠣᠬᠢᠴᠠᠭᠤᠯᠤᠨ᠎ᠠ︔ ᠲᠥᠯᠥᠪᠵᠢᠭᠦᠯᠪᠡ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ᠂ | ᠬᠠᠮᠢᠶᠠᠷᠤᠯᠲᠠ ᠶᠢ ᠬᠠᠷᠢᠭᠤᠴᠠᠬᠤ︔ ᠨᠡᠶᠢᠭᠡᠮ ᠤᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ | ᠬᠠᠮᠲᠤᠪᠠᠷ ᠡᠳ᠋ᠯᠡᠬᠦ ᠶᠢ ᠵᠣᠬᠢᠴᠠᠭᠤᠯᠬᠤ ᠶᠢ ᠬᠠᠷᠢᠭᠤᠴᠠᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠤᠭ ᠤᠨ | ᠶᠡᠭᠡ ᠬᠡᠮᠵᠢᠶ᠎ᠡ ᠪᠠᠷ ᠣᠯᠵᠤ᠂ ᠥᠭᠡᠷᠡᠴᠢᠯᠡᠯᠲᠡ ᠨᠡᠭᠡᠭᠡᠯᠲᠡ ᠪᠣᠯᠤᠨ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠳᠤ ᠮᠡᠳᠡᠭᠡ ᠵᠠᠩᠭᠢ ᠶᠢᠨ ᠤᠶᠢᠯᠡᠴᠢᠯᠡᠭᠡᠨ ᠬᠠᠩᠭᠠᠬᠤ ᠬᠡᠷᠡᠭᠲᠡᠶ᠃ | ︵ᠶᠢᠰᠦ ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ | ᠬᠥᠭᠵᠢᠯᠲᠡ ᠶᠢᠨ ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠵᠤ᠂ ᠳᠤᠮᠳᠠ ᠵᠢᠵᠢᠭ ᠠᠵᠤ ᠠᠬᠤᠶᠢᠯᠠᠯ ᠪᠣᠯᠤᠨ | ᠨᠡᠶᠢᠲᠡ ᠶᠢᠨ ᠥᠮᠴᠢᠯᠡᠯ ᠤᠨ ᠪᠤᠰᠤ ᠠᠵᠤ ᠤᠶᠢᠯᠡᠳᠪᠤᠷᠢ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ︵ᠠᠷᠪᠠ︶ ᠬᠤᠯᠪᠣᠭᠳᠠᠯ ᠪᠦᠬᠦᠢ ᠠᠵᠤ ᠤᠶᠢᠯᠡᠳᠪᠤᠷᠢ ᠪᠣᠯᠤᠨ ᠮᠡᠳᠡᠭᠡ ᠵᠠᠩᠭᠢᠵᠢᠭᠤᠯᠤᠯᠲᠠ ᠶᠢᠨ ᠠᠵᠢᠯ | ᠲᠥᠷᠥᠯ ᠤᠨ ᠬᠦᠷᠢᠶᠡᠨ ᠤ ᠠᠶᠤᠯ ᠦᠭᠡᠢ ᠦᠶ᠋ᠯᠡᠳᠪᠦᠷᠢᠯᠡᠯ ᠤᠨ ᠠᠵᠢᠯ ᠢ ᠵᠢᠯᠣᠭᠤᠳᠴᠤ᠂ ᠵᠣᠬᠢᠴᠠᠭᠤᠯᠵᠤ᠂ | ᠬᠢᠨᠠᠯᠲᠠ ᠲᠠᠯᠪᠢᠨ᠎ᠠ᠃ ᠠᠷᠠᠳ ᠤᠨ ᠬᠡᠷᠡᠭᠯᠡᠭᠡᠨ ᠤ ᠳᠡᠯᠪᠡᠷᠡᠬᠦ ᠡᠳ᠋ ᠤᠶᠢᠯᠡᠳᠪᠤᠷᠢᠯᠡᠬᠦ᠂ ᠪᠣᠷᠣᠯᠠᠭᠤᠯᠤᠨ | ᠬᠤᠳᠠᠯᠳᠤᠬᠤ ᠶᠢᠨ ᠠᠶᠤᠯ ᠦᠭᠡᠢ ᠤᠶᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠠᠤᠯᠢ | ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠳᠤ ᠲᠣᠭᠲᠠᠭᠠᠭᠰᠠᠨ ᠠᠶᠤᠯ ᠦᠭᠡᠢ ᠤᠶᠢᠯᠡᠳᠪᠤᠷᠢᠯᠡᠯ ᠤᠨ | ᠪᠤᠰᠤᠳ ᠡᠭᠦᠷᠭᠡ ᠬᠠᠷᠢᠭᠤᠴᠠᠯᠭ᠎ᠠ ᠶᠢ ᠬᠠᠷᠢᠭᠤᠴᠠᠨ᠎ᠠ᠃ | ︵ᠠᠷᠪᠠᠨ ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠪᠠ ᠤᠯᠠᠭᠠᠨᠴᠠᠪ ᠬᠤᠲᠠ ᠶᠢᠨ ᠠᠷᠠᠯᠵᠢᠶ᠎ᠠ | ᠬᠤᠳᠠᠯᠳᠤᠭᠠᠨ ᠤ ᠭᠦᠢᠯᠭᠡᠭᠡᠨ᠂ ᠭᠠᠳᠠᠭᠠᠳᠤ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ | ᠪᠠ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ᠂ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ | ᠭᠦᠢᠯᠭᠡᠭᠡ ᠪᠠᠷ ᠭᠤᠤᠯᠳᠠᠯᠭ᠎ᠠ ᠪᠣᠯᠭᠠᠭᠰᠠᠨ ᠭᠤᠷᠪᠠᠳᠤᠭᠠᠷ ᠠᠵᠤ ᠦᠢᠯᠡᠰ ᠤᠨ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠠᠵᠢᠯ ᠤᠨ ᠬᠠᠮᠢᠶ᠎ᠠ ᠪᠦᠬᠦᠢ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ | ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠮᠠᠨ ᠤ ᠰᠢᠶᠠᠨ ᠤ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠂ | ᠭᠠᠳᠠᠭᠠᠳᠤ ᠠᠷᠠᠯᠵᠢᠶ᠎ᠠ᠂ ᠣᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ ᠪᠠ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠠᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ ᠃ | ︵ᠠᠷᠪᠠᠨ ᠬᠤᠶᠠᠷ︶ ᠮᠠᠨ ᠤ ᠰᠢᠶᠠᠨ ᠤ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠰᠠᠨᠠᠯ ᠢ | ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠄ ᠭᠦᠢᠯᠭᠡᠭᠡᠨ ᠤ ᠠᠵᠤ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠬᠡᠯᠬᠢᠶ᠎ᠡ ᠡᠵᠡᠩᠨᠡᠯᠲᠡ ᠶᠢ ᠲᠦᠯᠬᠢᠨ ᠠᠬᠢᠭᠤᠯᠤᠨ᠎ᠠ᠄ ᠠᠷᠠᠯᠵᠢᠶ᠎ᠠ | ᠬᠤᠳᠠᠯᠳᠤᠭᠠᠨ ᠤ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠳᠤᠷᠠᠳᠴᠤ᠂ ᠭᠦᠢᠯᠭᠡᠭᠡᠨ ᠤ ᠪᠠᠷᠢᠮᠵᠢᠶᠠᠵᠢᠭᠤᠯᠤᠯᠲᠠ ᠪᠠ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ | ᠣᠨᠴᠠ ᠵᠥᠪᠰᠢᠶᠡᠷᠡᠯ ᠲᠠᠢ ᠡᠵᠡᠩᠨᠡᠯᠲᠡ᠂ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠡᠯᠧᠺᠲᠷᠣᠨ | ᠬᠤᠳᠠᠯᠳᠤᠭᠠᠨ ᠤ ᠶᠠᠪᠤᠳᠠᠯ ᠵᠡᠷᠭᠡ ᠣᠳᠣ ᠦᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ | ᠠᠬᠢᠭᠤᠯᠤᠨ᠎ᠠ ᠃ | ︵ᠠᠷᠪᠠᠨ ᠭᠤᠷᠪᠠ︶ ᠶᠡᠭᠡ ᠬᠡᠮᠵᠢᠶᠡᠨ ᠤ ᠤᠶᠢᠯᠡᠳᠭᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ | ᠲᠥᠯᠥᠪᠵᠢᠭᠦᠯᠪᠡ ᠪᠣᠯᠤᠨ ᠬᠤᠲᠠ ᠶᠢᠨ ᠬᠤᠳᠠᠯᠳᠤᠭᠠᠨ ᠤ ᠲᠣᠤᠷ ᠴᠢᠭ ᠤᠨ ᠲᠥᠯᠥᠪᠵᠢᠭᠦᠯᠪᠡ᠂ ᠬᠤᠳᠠᠯᠳᠤᠭᠠᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠣᠳᠣ ᠦᠶ᠎ᠡ ᠶᠢᠨ | ᠭᠦᠢᠯᠭᠡᠭᠡᠨ ᠤ ᠲᠣᠤᠷ ᠰᠦᠯᠵᠢᠶᠡᠨ ᠤ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ︵ᠠᠷᠪᠠᠨ ᠲᠦᠷᠪᠡ︶ ᠬᠤᠳᠠᠯᠳᠤᠭ᠎ᠠ ᠠᠷᠠᠯᠵᠢᠶᠠᠨ ᠤ ᠬᠦᠷᠢᠶᠡᠨ ᠤ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ ᠦᠨᠡᠨᠴᠢ | ᠢᠲᠡᠭᠡᠮᠵᠢᠲᠡᠢ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠬᠡᠷᠡᠭᠲᠡᠢ ᠃ ᠣᠨᠴᠠᠭᠠᠢ | ᠭᠦᠢᠯᠭᠡᠭᠡᠨ ᠤ ᠠᠵᠢᠯ ᠲᠥᠷᠥᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠢᠨᠠᠵᠤ ᠬᠠᠮᠢᠶᠠᠷᠤᠨ᠎ᠠ | ᠃ | ︵ᠠᠷᠪᠠᠨ ᠲᠠᠪᠤ︶ ᠮᠠᠨ ᠤ ᠰᠢᠶᠠᠨ ᠤ ᠴᠢᠬᠤᠯᠠ ᠬᠡᠷᠡᠭᠯᠡᠭᠡᠨ ᠤ ᠵᠤᠶᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠰᠢᠯ ᠪᠣᠯᠤᠨ ᠴᠢᠬᠤᠯᠠ ᠤᠶᠢᠯᠡᠳᠪᠤᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠬᠠᠷᠢᠭᠤᠴᠠᠯᠭ᠎ᠠ ᠶᠢ ᠡᠭᠦᠷᠭᠡᠯᠡᠨ᠎ᠡ᠃ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠵᠤ᠂ ᠮᠠᠨ ᠤ ᠰᠢᠶᠠᠨ ᠤ ᠵᠠᠬ᠎ᠠ ᠳᠡᠯᠭᠡᠭᠦᠷ ᠤᠨ ᠠᠵᠢᠯᠯᠠᠭᠠᠨ᠂ | ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ ᠮᠡᠳᠡᠭᠡ ᠵᠠᠩᠭᠢ ᠶᠢ | ᠪᠠᠶᠢᠴᠠᠭᠠᠨ ᠵᠠᠳᠠᠯᠵᠤ᠂ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠶᠢ ᠬᠥᠲᠥᠯᠥᠨ | ᠵᠢᠯᠣᠭᠤᠳᠴᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠤᠨ ᠭᠦᠢᠯᠭᠡᠭᠡ ᠳᠤ | ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ | ︵ᠠᠷᠪᠠᠨ ᠵᠢᠷᠭᠤᠭ᠎ᠠ︶ ᠤᠯᠤᠰ ᠤᠨ ᠭᠠᠳᠠᠭᠠᠳᠤ ᠮᠡᠷᠭᠡᠵᠢᠯ ᠤᠨ ᠠᠷᠠᠯᠵᠢᠶᠠᠨ ᠤ ᠲᠥᠷᠦ ᠶᠢᠨ ᠪᠣᠳᠣᠯᠭ᠎ᠠ ᠶᠢ | ᠬᠡᠷᠡᠭᠵᠢᠭᠦᠯᠦᠨ᠎ᠡ᠄ ᠠᠷᠠᠯᠵᠢᠶᠠᠨ ᠤ ᠪᠠᠷᠢᠮᠵᠢᠶᠠᠵᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ︔ | ᠭᠠᠳᠠᠭᠠᠳᠤ ᠠᠴᠠ ᠲᠧᠭᠨᠢᠭ ᠮᠡᠷᠭᠡᠵᠢᠯ ᠣᠷᠣᠭᠤᠯᠬᠤ᠂ ᠲᠣᠨᠤᠭ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ | ᠤᠯᠤᠰ ᠠᠴᠠ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠲᠧᠭᠨᠢᠭ ᠮᠡᠷᠭᠡᠵᠢᠯ ᠤᠨ ᠠᠵᠢᠯ ᠳᠤ ᠬᠠᠤᠯᠢ ᠶᠣᠰᠣᠭᠠᠷ | ᠬᠢᠨᠠᠯᠲᠠ ᠲᠠᠯᠪᠢᠨ᠎ᠠ︔ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠠᠸᠠᠷ ᠤᠨ ᠲᠥᠯᠥᠪᠯᠡᠭᠡ ᠪᠠ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠥᠪᠰᠢᠶᠡᠷᠡᠭᠰᠡᠨ ᠦᠨᠡᠮᠯᠡᠯ ᠤᠨ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ︔ ᠮᠠᠨ ᠤ ᠰᠢᠶᠠᠨ ᠤ ᠭᠠᠳᠠᠭᠠᠳᠤ ᠲᠠᠢ ᠠᠵᠤ ᠠᠬᠤᠢ ᠶᠢᠨ ᠲᠠᠯ᠎ᠠ ᠪᠠᠷ | ᠬᠠᠮᠲᠤᠷᠠᠨ ᠠᠵᠢᠯᠯᠠᠬᠤ ᠠᠵᠢᠯ ᠵᠢᠴᠢ ᠣᠯᠠᠨ ᠤᠯᠤᠰ ᠤᠨ ᠪᠠᠷᠠᠭ᠎ᠠ ᠶᠢᠨ ᠲᠡᠭᠡᠭᠡᠪᠦᠷᠢ ᠶᠢ ᠣᠷᠣᠯᠠᠨ ᠭᠦᠢᠴᠡᠳᠭᠡᠬᠦ | ᠬᠢᠷᠢ ᠭᠡᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠴᠢᠬᠤᠯᠠ ᠠᠵᠤ ᠤᠶᠢᠯᠡᠳᠪᠤᠷᠢ ᠶᠢᠨ | ᠤᠶᠢᠯᠡᠳᠭᠦᠨ᠂ ᠲᠠᠷᠢᠶᠠᠯᠠᠩ ᠤᠨ ᠪᠦᠲᠦᠭᠡᠭᠳᠡᠬᠦᠨ᠂ ᠲᠦᠭᠦᠬᠡᠶ ᠡᠳ᠋ ᠮᠠᠲ᠋ᠧᠷᠢᠶᠠᠯ ᠵᠡᠷᠭᠡ ᠭᠠᠳᠠᠭᠠᠳᠤ ᠳᠤ ᠭᠠᠷᠭᠠᠬᠤ | ᠤᠶᠢᠯᠡᠳᠭᠦᠨ ᠤ ᠬᠤᠷᠸ᠎ᠠ ᠬᠠᠮᠢᠶᠠᠷᠤᠯᠲᠠ ᠪᠠ ᠬᠢᠨᠠᠨ ᠡᠵᠡᠮᠳᠡᠬᠦ ᠵᠠᠳᠠᠯᠤᠯᠲᠠ ᠶᠢ ᠬᠠᠷᠢᠭᠤᠴᠠᠨ᠎ᠠ︔ ᠭᠠᠳᠠᠭᠠᠳᠤ ᠳᠤ | ᠪᠠᠷᠢᠯᠭ᠎ᠠ ᠳᠠᠭᠠᠭᠠᠴᠢᠯᠠᠬᠤ᠂ ᠭᠠᠳᠠᠭᠠᠳᠤ ᠳᠤ ᠬᠥᠳᠡᠯᠮᠦᠷᠢ ᠤᠶᠢᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨ᠎ᠠ ᠠᠵᠢᠯ | ᠣᠯᠵᠤ ᠭᠠᠳᠠᠭᠠᠳᠤ ᠳᠤ ᠪᠡᠯᠡ ᠣᠷᠣᠭᠤᠯᠤᠨ ᠠᠵᠤ ᠠᠬᠤᠶᠢᠯᠠᠯ ᠡᠷᠬᠢᠯᠡᠬᠦ ᠶᠢ ᠬᠠᠤᠯᠢ ᠶᠣᠰᠣᠭᠠᠷ ᠬᠠᠮᠢᠶᠠᠷᠤᠨ᠎ᠠ ︵ | ᠮᠥᠩᠭᠦᠨ ᠭᠦᠢᠯᠭᠡᠭᠡᠨ ᠤ ᠠᠵᠤ ᠠᠬᠤᠶᠢᠯᠠᠯ ᠡᠭᠦᠨ ᠳᠤ ᠪᠠᠭᠲᠠᠬᠤ ᠦᠭᠡᠢ︶︔ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠬᠤ ᠲᠤᠬᠠᠶ ᠤᠯᠤᠰ ᠤᠨ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ | ᠲᠤᠤᠱᠯᠠᠭᠤᠯᠤᠨ ᠬᠡᠷᠡᠭᠵᠢᠭᠦᠯᠵᠦ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠤᠨ | ᠬᠠᠮᠢᠶᠠᠷᠤᠨ᠎ᠠ᠃ | ︵ᠠᠷᠪᠠᠨ ᠳᠣᠯᠤᠭ᠎ᠠ︶ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ | ᠮᠥᠴᠢᠷ ᠤᠨ ᠢᠶᠠᠨ ᠨᠠᠮ ᠤᠨ ᠰᠤᠷᠲᠠᠯ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ | ᠤᠬᠠᠮᠰᠠᠷ ᠤᠨ ᠬᠡᠯᠪᠡᠷᠢ᠂ ᠠᠶᠤᠯ ᠦᠭᠡᠢ ᠤᠶᠢᠯᠡᠳᠪᠤᠷᠢᠯᠡᠯ᠂ ᠠᠮᠢ ᠠᠬᠤᠢ ᠶᠢᠨ ᠬᠠᠮᠠᠭᠠᠯᠠᠯᠲᠠ᠂ ᠲᠣᠭᠲᠠᠭᠤᠨ | ᠪᠠᠶᠢᠳᠠᠯ ᠢ ᠬᠠᠮᠠᠭᠠᠯᠠᠬᠤ ᠵᠠᠬᠢᠳᠠᠯ ᠰᠤᠷᠪᠤᠯᠵᠢᠯᠠᠯ᠂ ᠢᠳᠡᠭᠡᠨ ᠤ ᠠᠮᠤᠷ ᠲᠦᠪᠰᠢᠨ᠂ ᠶᠠᠳᠠᠭᠤ ᠠᠴᠠ ᠠᠩᠭᠢᠵᠢᠷᠠᠭᠤᠯᠬᠤ | ᠠᠵᠢᠯ ᠢ ᠬᠠᠷᠢᠭᠤᠴᠠᠨ᠎ᠠ ᠃ | ᠤᠷᠴᠢᠭᠤᠯᠤᠭᠴᠢ᠄ ᠼᠦᠢ ᠴᠢᠩ |