ᠯᠢᠶᠠᠩᠴᠧᠩ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠠᠵᠢᠯ ᠢ ᠡᠷᠬᠢᠯᠡᠨ ᠬᠠᠮᠢᠶᠠᠷᠬᠤ ᠵᠠᠰᠠᠭ ᠤᠨ ᠣᠷᠳᠣᠨ ᠤ ᠡᠷᠬᠡ ᠲᠤᠰᠢᠶᠠᠯᠲᠤ ᠰᠠᠯᠠᠭ᠎ᠠ ᠮᠥᠴᠢᠷ | ᠪᠣᠯᠤᠨ᠎ᠠ᠃ ᠲᠣᠪᠴᠢᠶ᠎ᠠ ᠶᠢᠨ ᠪᠠᠶᠢᠭᠤᠯᠭ᠎ᠠ ᠶᠢᠨ ᠳᠣᠲᠣᠭᠠᠳᠤ ᠳᠠᠭᠠᠨ ᠠᠯᠪᠠᠨ ᠭᠡᠷ᠂ ᠡᠩ ᠤᠨ ᠰᠤᠷᠭᠠᠨ | ᠬᠥᠮᠦᠵᠢᠯ ᠤᠨ ᠲᠠᠰᠤᠭ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠲᠠᠰᠤᠭ᠂ ᠠᠵᠢᠯᠲᠠᠨ ᠤ ᠶᠠᠪᠤᠳᠠᠯ ᠤᠨ | ᠲᠠᠰᠤᠭ᠂ ᠡᠳ᠋ ᠮᠥᠩᠭᠦ ᠪᠤᠳᠤᠬᠤ ᠲᠠᠰᠤᠭ᠂ ᠬᠢᠨᠠᠨ ᠵᠢᠯᠣᠭᠤᠳᠬᠤ ᠲᠠᠰᠤᠭ᠂ ᠰᠤᠷᠤᠭᠴᠢ ᠡᠯᠰᠡᠬᠦ ᠠᠯᠪᠠᠨ ᠭᠡᠷ᠂ | ᠬᠢᠨᠠᠨ ᠪᠠᠶᠢᠴᠠᠭᠠᠬᠤ ᠲᠠᠰᠤᠭ᠂ ᠠᠮᠤᠷ ᠲᠦᠪᠰᠢᠨ ᠤ ᠲᠠᠰᠤᠭ᠂ ᠬᠡᠤᠬᠡᠳ ᠤᠨ ᠰᠤᠷᠭᠠᠨ ᠬᠥᠮᠦᠵᠢᠯ ᠤᠨ ᠲᠠᠰᠤᠭ᠂ | ᠰᠤᠷᠤᠭᠴᠢᠳ ᠢ ᠲᠡᠳᠬᠦᠨ ᠲᠤᠰᠠᠯᠠᠬᠤ ᠲᠥᠪ ᠵᠡᠷᠭᠡ ᠰᠲ᠋ᠣᠺ ᠤᠨ ᠲᠠᠰᠤᠭ ᠪᠠᠶᠢᠨ᠎ᠠ᠃ ᠣᠳᠣᠬᠠᠨ ᠳᠤ | ᠠᠯᠪᠠᠨ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ ︵ᠬᠡᠤᠬᠡᠳ ᠤᠨ ᠴᠡᠴᠡᠷᠯᠢᠭ︶ 22 ᠰᠠᠭᠤᠷᠢ᠂ ᠪᠠᠭᠰᠢ | ᠠᠵᠢᠯᠲᠠᠨ 1712 ᠬᠥᠮᠦᠨ᠂ ᠰᠤᠷᠭᠠᠭᠤᠯᠢ ᠳᠤ ᠪᠠᠶᠢᠭ᠎ᠠ ᠰᠤᠷᠤᠭᠴᠢ 10414 ᠬᠥᠮᠦᠨ᠂ ᠴᠡᠴᠡᠷᠯᠢᠭ ᠲᠤ | ᠪᠠᠶᠢᠭ᠎ᠠ ᠬᠡᠤᠬᠡᠳ 1443 ᠬᠥᠮᠦᠨ ᠪᠠᠶᠢᠵᠤ᠂ ᠡᠭᠦᠨ ᠳᠤ 1 ᠰᠠᠭᠤᠷᠢ ᠡᠩ ᠤᠨ ᠦᠨᠳᠦᠷ ᠲᠤᠮᠳᠠᠳᠤ | ᠰᠤᠷᠭᠠᠭᠤᠯᠢ ᠂ ᠪᠠᠭᠰᠢ ᠠᠵᠢᠯᠲᠠᠨ215 ᠬᠦᠮᠦᠨ᠂ ᠰᠤᠷᠭᠠᠭᠤᠯᠢ ᠳᠤ ᠪᠠᠶᠢᠭ᠎ᠠ ᠰᠤᠷᠤᠭᠴᠢ 1907 ᠬᠥᠮᠦᠨ | ᠪᠣᠶ᠃ ᠠᠵᠢᠯ ᠮᠡᠷᠭᠡᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ 1 ᠰᠠᠭᠤᠷᠢ᠂ ᠪᠠᠭᠰᠢ ᠠᠵᠢᠯᠲᠠᠨ 88 | ᠬᠥᠮᠦᠨ᠂ ᠰᠤᠷᠭᠠᠭᠤᠯᠢ ᠳᠤ ᠪᠠᠶᠢᠭ᠎ᠠ ᠰᠤᠷᠤᠭᠴᠢ 156 ᠬᠥᠮᠦᠨ︔ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ | 3 ᠰᠠᠭᠤᠷᠢ᠂ ᠪᠠᠭᠰᠢ ᠠᠵᠢᠯᠲᠠᠨ 372 ᠬᠥᠮᠦᠨ᠂ ᠰᠤᠷᠭᠠᠭᠤᠯᠢ ᠳᠤ ᠪᠠᠶᠢᠭ᠎ᠠ ᠰᠤᠷᠤᠭᠴᠢ 2360 ᠬᠥᠮᠦᠨ︔ | ᠬᠤᠲᠠ ᠪᠠᠯᠭᠠᠰᠤᠨ ᠤ ᠪᠠᠭ᠎ᠠ ᠰᠤᠷᠭᠠᠭᠤᠯᠢ 4 ᠰᠠᠭᠤᠷᠢ᠂ ᠪᠠᠭᠰᠢ ᠠᠵᠢᠯᠲᠠᠨ 434 ᠬᠥᠮᠦᠨ᠂ ᠰᠤᠷᠭᠠᠭᠤᠯᠢ ᠳᠤ | ᠪᠠᠶᠢᠭ᠎ᠠ ᠰᠤᠷᠤᠭᠴᠢ 5656 ᠬᠥᠮᠦᠨ︔ ᠬᠥᠳᠡᠭᠡ ᠲᠣᠰᠬᠤᠨ ᠤ ᠪᠠᠭ᠎ᠠ ᠰᠤᠷᠭᠠᠭᠤᠯᠢ 7 ᠰᠠᠭᠤᠷᠢ᠂ ᠪᠠᠭᠰᠢ | ᠠᠵᠢᠯᠲᠠᠨ 367 ᠬᠥᠮᠦᠨ᠂ ᠰᠤᠷᠭᠠᠭᠤᠯᠢ ᠳᠤ ᠪᠠᠶᠢᠭ᠎ᠠ ᠰᠤᠷᠤᠭᠴᠢ 335 ᠬᠥᠮᠦᠨ︔ ᠬᠡᠤᠬᠡᠳ ᠤᠨ ᠴᠡᠴᠡᠷᠯᠢᠭ | 6᠂ ᠪᠠᠭᠰᠢ ᠠᠵᠢᠯᠲᠠᠨ 134 ᠬᠦᠮᠦᠨ᠂ ᠴᠡᠴᠡᠷᠯᠢᠭ ᠲᠤ ᠪᠠᠶᠢᠭ᠎ᠠ ᠬᠡᠤᠬᠡᠳ 1443︔ ᠪᠤᠰᠤᠳ ᠰᠤᠷᠭᠠᠨ | ᠬᠥᠮᠦᠵᠢᠯ ᠤᠨ ᠪᠠᠶᠢᠭᠤᠯᠤᠮᠵᠢ ︵ᠰᠤᠷᠭᠠᠨ ᠬᠥᠮᠦᠵᠢᠯ ᠤᠨ ᠲᠣᠪᠴᠢᠶᠠᠨ ᠤ ᠠᠵᠢᠯ ᠦᠢᠯᠡᠰ ᠤᠨ ᠠᠵᠢᠯᠲᠠᠨ᠂ ᠵᠢᠭᠠᠨ | ᠰᠤᠷᠭᠠᠯᠲᠠ ᠶᠢᠨ ᠵᠢᠯᠣᠭᠤᠳᠬᠤ ᠲᠥᠪ᠂ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ︶ 102 ᠬᠥᠮᠦᠨ᠃ | ᠤᠳᠤ ᠠᠷᠠᠳ ᠠᠴᠠ ᠡᠷᠬᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ 1᠂ ᠰᠤᠷᠭᠠᠭᠤᠯᠢ ᠳᠤ ᠪᠠᠶᠢᠭ᠎ᠠ | ᠰᠤᠷᠤᠭᠴᠢ 580 ᠬᠦᠮᠦᠨ᠂ ᠠᠷᠠᠳ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ 7᠂ ᠴᠡᠴᠡᠷᠯᠢᠭ ᠲᠤ ᠪᠠᠶᠢᠭ᠎ᠠ | ᠬᠡᠤᠬᠡᠳ 1072 ᠪᠣᠶ᠃ | ᠭᠠᠵᠠᠷ᠄ ᠯᠢᠶᠠᠩᠴᠧᠩ ᠰᠢᠶᠠᠨ ᠤ ᠬᠤᠩ ᠮᠤᠤ ᠪᠠᠯᠭᠠᠰᠤᠨ ᠤ ᠼᠠᠨ ᠾᠧ ᠵᠠᠮ ᠤᠨ ᠵᠡᠭᠦᠨ | ᠰᠢᠤᠳᠠᠨ ᠤ ᠨᠤᠮᠧᠷ᠄ 013750 | ᠠᠯᠪᠠᠨ ᠭᠡᠷ ᠤᠨ ᠤᠲᠠᠰᠤ᠄ 0474 — 4201737 | ᠤᠷᠴᠢᠭᠤᠯᠤᠭᠴᠢ᠄ ᠼᠦᠢ ᠴᠢᠩ |