| | | ᠭᠤᠤᠯ ᠰᠡᠳᠦᠪ ᠄ ︽︿ᠪᠠᠷᠢᠮᠵᠢᠶ᠎ᠠ﹀᠂ ︿ᠳᠦᠷᠢᠮ﹀ ᠢ ᠨᠠᠷᠢᠨ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶ ᠠᠬᠢᠭᠤᠯᠬᠤ ᠬᠡᠷᠡᠭᠲᠡᠶ︾ | ᠬᠦᠨᠳᠦᠳᠦ ᠵᠤᠴᠢᠨ ᠄ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠴᠠ ᠲᠣᠮᠢᠯᠠᠨ ᠰᠠᠭᠤᠯᠭᠠᠭᠰᠠᠨ ᠳᠥᠷᠪᠡᠳᠦᠭᠡᠷ | ᠳᠤᠭᠤᠶᠢᠯᠠᠩ ᠤᠨ ᠳᠠᠷᠤᠭ᠎ᠠ ᠳ᠋ᠤᠸᠠᠨ ᠭᠦᠸᠧ ᠰᠢᠶᠠᠩ | ᠲᠤᠪᠴᠢ ᠠᠭᠤᠯᠭ᠎ᠠ᠄ ︽ᠪᠠᠷᠢᠮᠵᠢᠶ᠎ᠠ︾᠂ ︽ᠳᠦᠷᠢᠮ︾ ᠢ ᠬᠢᠨᠠᠮᠠᠭᠠᠶ ᠰᠤᠷᠤᠯᠴᠠᠨ ᠲᠤᠤᠱᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ | ᠳ᠋ᠤᠸᠠᠨ ᠭᠦᠸᠧ ᠰᠢᠶᠠᠩ᠄ ᠬᠥᠲᠥᠯᠥᠭᠴᠢ ᠰᠠᠶᠢᠨ ᠤᠤ︖ ᠦᠵᠡᠭᠴᠢᠳ ᠨᠠᠶᠢᠵᠠ ᠨᠠᠷ ᠠ᠂ ᠰᠠᠶᠢᠨ ᠪᠠᠶᠢᠵᠠᠭᠠᠨ᠎ᠠ | ᠤᠤ︕ | ᠬᠥᠲᠥᠯᠥᠭᠴᠢ᠄ ᠥᠨᠥᠳᠥᠷ ᠪᠢᠳᠡ ᠳ᠋ᠤᠸᠠᠨ ᠭᠦᠸᠧ ᠰᠢᠶᠠᠩ ᠱᠦᠵᠢ ᠶᠢ ᠤᠷᠢᠵᠤ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠠᠷᠢᠭᠤᠨ ᠴᠢᠭᠡᠴᠢ ᠪᠡᠶ᠎ᠡ ᠪᠠᠨ ᠴᠢᠩᠭ᠎ᠠ ᠱᠠᠭᠠᠷᠳᠠᠬᠤ ᠦᠨᠳᠦᠰᠦᠨ ᠪᠠᠷᠢᠮᠵᠢᠶ᠎ᠠ︾ ᠪᠠ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠤᠨ ᠬᠠᠮᠢᠶ᠎ᠠ ᠪᠦᠬᠦᠢ | ᠠᠭᠤᠯᠭ᠎ᠠ ᠶᠢ ᠬᠡᠷᠬᠢᠨ ᠰᠠᠶᠢᠲᠤᠷ ᠰᠤᠷᠤᠯᠴᠠᠨ ᠲᠤᠤᠱᠯᠠᠭᠤᠯᠬᠤ ᠶᠢᠨ ᠲᠣᠭᠤᠷᠢᠨ ᠳᠤ ᠥᠷᠭᠡᠨ ᠣᠯᠠᠨ | ᠦᠵᠡᠭᠴᠢᠳ ᠲᠠᠢ ᠭᠦᠨᠵᠡᠭᠡᠶ ᠲᠠᠶᠢᠯᠤᠮᠵᠢ ᠪᠠ ᠰᠣᠯᠢᠯᠴᠠᠭ᠎ᠠ ᠬᠢᠯᠭᠡᠨ᠎ᠡ᠃ ᠡᠩ ᠲᠡᠷᠢᠭᠦᠨ ᠳᠤ᠂ ᠨᠠᠮ ᠤᠨ | ᠳᠣᠲᠣᠭᠠᠳᠤ ᠶᠢᠨ ᠬᠤᠶᠠᠷ ᠬᠠᠤᠯᠢ ᠳᠦᠷᠢᠮ ᠤᠨ ᠲᠤᠬᠠᠶ ᠲᠠᠨ ᠤ ᠲᠠᠨᠢᠯᠲᠠ ᠪᠠ ᠣᠶᠢᠯᠠᠭᠠᠯᠲᠠ ᠶᠢ ᠣᠶᠢᠯᠠᠭᠠᠬᠤ | ᠪᠣᠯᠪᠠᠤ᠃ | ᠳ᠋ᠤᠸᠠᠨ ᠭᠦᠸᠧ ᠰᠢᠶᠠᠩ᠄ ︽ᠪᠠᠷᠢᠮᠵᠢᠶ᠎ᠠ︾ ᠨᠢ ᠭᠤᠤᠯ ᠰᠡᠳᠦᠪ ᠲᠠᠢ ᠭᠡᠵᠦ ᠪᠢ ᠦᠵᠡᠵᠦ᠂ ᠨᠠᠮ ᠤᠨ ᠬᠦᠰᠡᠯᠡᠩ | ᠢᠲᠡᠭᠡᠯ ᠵᠣᠷᠢᠭ ᠵᠣᠷᠢᠯᠲᠠ᠂ ᠰᠢᠯᠢᠳᠡᠭ ᠤᠯᠠᠮᠵᠢᠯᠠᠯ ᠰᠤᠷᠲᠠᠯ ᠢ ᠳᠠᠬᠢᠨᠲᠠ ᠢᠯᠡᠷᠬᠡᠶᠢᠯᠡᠵᠦ᠂ ︽ᠳᠥᠷᠪᠡᠨ ᠡᠷᠬᠡᠪᠰᠢ︾ | ᠪᠠ ︽ ᠨᠠᠢᠮᠠᠨ ᠵᠢᠷᠤᠮᠵᠢᠯ︾ ᠢ ᠲᠣᠳᠣᠷᠬᠠᠶ ᠲᠣᠭᠲᠠᠭᠠᠵᠤ᠂ ᠨᠠᠮ ᠤᠨ ᠭᠡᠰᠢᠭᠦᠨ ᠪᠠ ᠤᠳᠤᠷᠢᠳᠬᠤ | ᠺᠠᠳ᠋ᠷᠴᠤᠳ ᠲᠤ ᠲᠤᠰ ᠲᠤᠰ ︽ᠳᠥᠷᠪᠡ ᠶᠢ ᠪᠠᠷᠢᠮᠲᠠᠯᠠᠬᠤ︾᠂ ︽ᠳᠥᠷᠪᠡᠨ ᠤᠬᠠᠮᠰᠠᠷ︾ ᠢ ᠳᠤᠷᠠᠳᠤᠨ ᠭᠠᠷᠭᠠᠵᠤ | ᠂ ᠪᠦᠬᠦ ᠨᠠᠮ ᠤᠨ ᠭᠡᠰᠢᠭᠦᠨ ᠳᠤ ᠬᠠᠨᠳᠤᠭᠤᠯᠤᠭᠰᠠᠨ ᠮᠥᠷᠲᠡᠭᠡᠨ ᠪᠠᠰᠠ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ | ᠳᠣᠪᠤᠶᠢᠯᠭᠠᠭᠰᠠᠨ ᠪᠠᠶᠢᠨ᠎ᠠ︔ ︽ᠳᠦᠷᠢᠮ︾ ᠳᠤ ᠨᠠᠮ ᠤᠨ ᠳᠦᠷᠢᠮ ᠢ ᠬᠠᠮᠠᠭᠠᠯᠠᠵᠤ᠂ ᠳᠦᠷᠢᠮ ᠲᠣᠭᠲᠠᠭᠠᠯ | ᠲᠣᠭᠲᠠᠭᠠᠭᠰᠠᠨ ᠪᠥᠭᠡᠳ ᠨᠠᠮ ᠤᠨ ᠳᠦᠷᠢᠮ ᠪᠠ ᠨᠠᠮ ᠤᠨ ᠳᠣᠲᠣᠭᠠᠳᠤ ᠶᠢᠨ ᠪᠤᠰᠤᠳ ᠬᠠᠤᠯᠢ ᠲᠣᠭᠲᠠᠭᠠᠯ᠂ | ᠰᠠᠬᠢᠯᠭ᠎ᠠ ᠪᠠᠲᠤ ᠶᠢ ᠨᠠᠷᠢᠯᠢᠭᠵᠢᠭᠤᠯᠵᠤ᠂ ᠤᠯᠤᠰ ᠲᠥᠷᠦ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ | ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ | ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠪᠣᠯᠭᠠᠨ ᠡᠮᠬᠢᠯᠡᠨ ᠨᠡᠶᠢᠯᠡᠭᠦᠯᠵᠦ ᠵᠢᠷᠤᠮᠵᠢᠭᠤᠯᠪᠠ᠃ ᠬᠤᠶᠠᠷ | ᠵᠤᠶᠢᠯ ᠤᠨ ᠬᠠᠤᠯᠢ ᠲᠣᠭᠲᠠᠭᠠᠯ ᠢ ᠪᠦᠬᠦ ᠲᠠᠯ᠎ᠠ ᠪᠠᠷ ᠰᠢᠰᠲ᠋ᠧᠮ ᠲᠠᠢ᠂ ᠰᠢᠨᠵᠢᠯᠡᠬᠦ ᠤᠬᠠᠭᠠᠨᠴᠢ᠂ ᠰᠢᠨ᠎ᠡ ᠶᠢ | ᠡᠭᠦᠳᠬᠦ ᠬᠡᠷᠡᠭᠲᠡᠶ᠂ ᠮᠠᠨ ᠤ ᠨᠠᠮ ᠤᠨ ᠭᠡᠰᠢᠭᠦᠨ ᠺᠠᠳ᠋ᠷ ᠨᠢᠭᠡᠪᠦᠷᠢ ᠴᠥᠮ ᠨᠠᠷᠢᠨ ᠬᠢᠨᠠᠮᠠᠭᠠᠶ ᠰᠤᠷᠤᠯᠴᠠᠵᠤ᠂ ᠭᠦᠨᠵᠡᠭᠡᠶ | ᠤᠶᠢᠯᠠᠭᠠᠨ ᠡᠵᠡᠮᠰᠢᠵᠦ᠂ ᠡᠯᠪᠡᠭ ᠪᠠᠶᠠᠯᠢᠭ ᠠᠭᠤᠯᠤᠭᠳᠠᠬᠤᠨ ᠪᠠ ᠭᠤᠤᠯ ᠴᠢᠮᠥᠭᠡ ᠴᠢᠬᠤᠯᠠ ᠠᠭᠤᠯᠭ᠎ᠠ ᠶᠢ | ᠣᠨᠣᠪᠴᠢᠲᠠᠶ ᠡᠵᠡᠮᠰᠢᠵᠦ᠂ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠠᠭᠤᠯᠬᠤ᠂ ᠦᠢᠯᠡ ᠠᠵᠢᠯᠯᠠᠭ᠎ᠠ ᠳᠠᠭᠠᠨ | ᠢᠯᠡᠷᠡᠭᠦᠯᠬᠦ ᠶᠢ ᠲᠦᠯᠬᠢᠨ ᠠᠬᠢᠭᠤᠯᠵᠤ᠂ ᠲᠤᠭᠤᠰᠢᠯᠠᠭᠤᠯᠤᠨ ᠬᠡᠷᠡᠭᠵᠢᠭᠦᠯᠬᠦ ᠤᠬᠠᠮᠰᠠᠷᠲᠤ ᠴᠢᠨᠠᠷ ᠪᠠ ᠪᠠᠲᠤ ᠴᠢᠩᠭ᠎ᠠ | ᠪᠠᠶᠢᠬᠤ ᠶᠢ ᠴᠢᠩᠭᠠᠳᠬᠠᠬᠤ ᠬᠡᠷᠡᠭᠲᠡᠶ᠃ | ᠬᠥᠲᠥᠯᠥᠭᠴᠢ᠄ ︽ᠪᠠᠷᠢᠮᠵᠢᠶ᠎ᠠ︾ ᠪᠠ ︽ᠳᠦᠷᠢᠮ︾ ᠳᠤ ᠪᠠᠰᠠ ᠨᠢᠭᠡᠨ ᠢᠯᠡ ᠲᠣᠳᠣ ᠣᠨᠴᠠᠯᠢᠭ ᠭᠡᠪᠡᠯ ᠰᠠᠬᠢᠯᠭ᠎ᠠ | ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠬᠤ ᠶᠠᠪᠤᠳᠠᠯ ᠪᠣᠯᠤᠨ᠎ᠠ᠂ ᠳ᠋ᠤᠸᠠᠨ ᠱᠦᠵᠢ ᠬᠤᠯᠪᠣᠭᠠᠲᠤ | ᠬᠤᠷᠠᠯ ᠤᠨ ᠳᠥᠷᠪᠡᠳᠦᠭᠡᠷ ᠳᠤᠭᠤᠶᠢᠯᠠᠩ ᠤᠨ ᠬᠢᠨ ᠠᠵᠢᠯ ᠤᠨ ᠳᠤᠮᠳᠠ ᠪᠠᠨ ᠡᠨᠡ ᠬᠦ ᠱᠠᠭᠠᠷᠳᠠᠯᠭ᠎ᠠ ᠶᠢ ᠬᠡᠷᠬᠢᠨ | ᠲᠤᠤᠱᠯᠠᠭᠤᠯᠬᠤ ᠶᠢ ᠶᠠᠷᠢᠭᠠᠳ ᠥᠭᠭᠦᠨ᠎ᠡ ᠤᠤ︖ | ᠳ᠋ᠤᠸᠠᠨ ᠭᠦᠸᠧ ᠰᠢᠶᠠᠩ᠄ ︽ᠪᠠᠷᠢᠮᠵᠢᠶ᠎ᠠ︾ ᠪᠣᠯᠤᠨ ︽ᠳᠦᠷᠢᠮ︾ ᠤᠨ ᠬᠠᠮᠤᠭ ᠤᠨ ᠢᠯᠠ ᠲᠣᠳᠣ ᠣᠨᠴᠠᠯᠢᠭ ᠪᠣᠯ | ᠰᠠᠬᠢᠯᠭ᠎ᠠ ᠪᠠᠲᠤ ᠪᠣᠯᠤᠨ ᠶᠣᠰᠣ ᠳᠦᠷᠢᠮ ᠢ ᠲᠡᠷᠢᠭᠦᠨ ᠳᠤ ᠲᠠᠯᠪᠢᠵᠤ᠂ ᠰᠠᠬᠢᠯᠭ᠎ᠠ ᠪᠠᠲᠤ ᠶᠢ ᠬᠠᠤᠯᠢ ᠴᠠᠭᠠᠵᠠ ᠠᠴᠠ | ᠴᠢᠩᠭ᠎ᠠ ᠪᠠᠶᠢᠯᠭᠠᠬᠤ᠂ ᠰᠠᠬᠢᠯᠭ᠎ᠠ ᠪᠠᠲᠤ ᠶᠢ ᠬᠠᠤᠯᠢ ᠴᠠᠭᠠᠵᠠ ᠠᠴᠠ ᠡᠮᠦᠨ᠎ᠡ ᠪᠠᠶᠢᠯᠭᠠᠬᠤ᠂ ᠰᠠᠬᠢᠯᠭ᠎ᠠ ᠪᠠᠲᠤ ᠶᠢ | ᠬᠡᠷᠡᠭᠵᠢᠭᠦᠯᠬᠦ ᠦᠭᠡᠢ ᠬᠠᠤᠯᠢ ᠬᠡᠷᠡᠭᠵᠢᠭᠦᠯᠬᠦ ᠠᠴᠠ ᠡᠮᠦᠨ᠎ᠡ ᠪᠠᠶᠢᠯᠭᠠᠬᠤ ᠶᠢ ᠪᠠᠷᠢᠮᠲᠠᠯᠠᠬᠤ ᠶᠠᠪᠤᠳᠠᠯ ᠪᠣᠯᠤᠨ᠎ᠠ᠃ | ᠰᠠᠬᠢᠯᠭ᠎ᠠ ᠪᠠᠲᠤ ᠪᠠᠶᠢᠴᠠᠭᠠᠬᠤ ᠬᠠᠮᠲᠤᠷᠠᠭᠰᠠᠨ ᠳᠤᠭᠤᠶᠢᠯᠠᠩ ᠨᠢ ᠲᠣᠮᠢᠯᠠᠨ ᠰᠠᠭᠤᠯᠭᠠᠬᠤ ᠪᠠᠶᠢᠭᠤᠯᠤᠮᠵᠢ | ᠪᠣᠯᠤᠭᠰᠠᠨ ᠤ ᠬᠤᠪᠢ ᠳᠤ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠡᠮᠦᠨ᠎ᠡ ᠬᠠᠷᠠᠭᠤᠯ ᠮᠥᠨ᠂ | ᠲᠡᠭᠦᠨ ᠤ ᠡᠭᠦᠷᠭᠡ ᠪᠣᠯ ᠳᠠᠷᠤᠶ ᠰᠢᠰᠲ᠋ᠧᠮ ᠢᠶᠠᠷ ᠢᠶᠠᠨ ᠬᠢᠨᠠᠯᠲᠠ ᠲᠠᠯᠪᠢᠬᠤ ᠨᠢᠭᠡᠴᠢ ᠶᠢᠨ ᠪᠠᠶᠢᠳᠠᠯ ᠢ ᠡᠵᠡᠮᠰᠢᠵᠦ᠂ | ᠰᠠᠬᠢᠯᠭ᠎ᠠ ᠪᠠᠲᠤ ᠶᠢ ᠬᠡᠷᠡᠭᠵᠢᠭᠦᠯᠬᠦ ᠦᠭᠡᠢ ᠬᠢᠨᠠᠯᠲᠠ ᠲᠠᠯᠪᠢᠬᠤ ︽ᠳᠠᠭᠠᠭᠤᠯᠤᠭᠴᠢ︾ ᠮᠥᠨ᠂ ᠮᠠᠨ ᠤ ᠪᠦᠬᠦ ᠠᠵᠢᠯ | ᠪᠣᠯ ᠰᠠᠬᠢᠯᠭ᠎ᠠ ᠪᠠᠲᠤ ᠪᠠ ᠶᠣᠰᠣ ᠳᠦᠷᠢᠮ ᠢ ᠲᠡᠷᠢᠭᠦᠨ ᠳᠤ ᠲᠠᠯᠪᠢᠬᠤ ᠶᠠᠪᠤᠳᠠᠯ ᠪᠣᠯᠤᠨ᠎ᠠ ᠭᠡᠳᠡᠭ ᠢ ᠪᠢ | ᠣᠶᠢᠯᠠᠭᠠᠵᠤ ᠪᠠᠶᠢᠨ᠎ᠠ᠃ ᠡᠭᠦᠨ ᠤ ᠲᠤᠯᠠᠳᠠ ᠪᠢᠳᠡ ᠭᠤᠤᠯᠳᠠᠭᠤ ᠭᠤᠷᠪᠠᠨ ᠲᠠᠯ᠎ᠠ ᠶᠢᠨ ᠠᠵᠢᠯ ᠢ ᠰᠠᠶᠢᠲᠤᠷ ᠬᠢᠬᠦ | ᠬᠡᠷᠡᠭᠲᠡᠶ᠃ ᠨᠢᠭᠡ ᠳᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠰᠢᠪᠠᠳᠠᠨ ᠨᠠᠶᠢᠳᠠᠪᠤᠷᠢᠵᠢᠭᠤᠯᠤᠨ᠎ᠠ᠃ ᠰᠠᠬᠢᠯᠭ᠎ᠠ | ᠪᠠᠲᠤ ᠶᠢ ᠲᠡᠷᠢᠭᠦᠨ ᠳᠤ ᠲᠠᠯᠪᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠡᠷᠬᠡᠪᠰᠢ ᠰᠠᠶᠢᠲᠤᠷ ᠠᠳᠬᠤᠬᠤ ᠬᠡᠷᠡᠭᠲᠡᠶ᠃ | ᠰᠢᠰᠲ᠋ᠧᠮᠵᠢᠭᠦᠯᠦᠨ ᠬᠢᠨᠠᠯᠲᠠ ᠲᠠᠯᠪᠢᠬᠤ ᠨᠢᠭᠡᠴᠢ ᠶᠢᠨ ᠤᠳᠤᠷᠢᠳᠬᠤ ᠪᠠᠭ ᠢ ᠦᠨᠡᠨ ᠬᠦ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠲᠤᠬᠠᠶᠢᠯᠠᠭᠰᠠᠨ ᠠᠵᠢᠯ | ᠮᠥᠨ᠂ ᠠᠳᠬᠤᠬᠤ ᠦᠭᠡᠢ ᠪᠣᠯ ᠬᠠᠷᠢᠭᠤᠴᠠᠯᠭ᠎ᠠ ᠪᠠᠨ ᠠᠯᠳᠠᠵᠤ᠂ ᠰᠠᠶᠢᠲᠤᠷ ᠠᠳᠬᠤᠬᠤ ᠦᠭᠡᠢ ᠪᠣᠯ | ᠲᠤᠰᠢᠶᠠᠯ ᠢᠶᠠᠨ ᠭᠤᠲᠤᠭᠠᠭᠰᠠᠨ ᠶᠠᠪᠤᠳᠠᠯ ᠮᠥᠨ ᠭᠡᠬᠦ ᠣᠶᠢᠯᠠᠭᠠᠭᠳᠠᠬᠤᠨ ᠢ ᠪᠤᠢ ᠪᠣᠯᠭᠠᠵᠤ᠂ ᠨᠢᠭᠡ ᠠᠵᠢᠯ ᠤᠨ | ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ ᠬᠠᠷᠢᠭᠤᠴᠠᠯᠭ᠎ᠠ ᠶᠢ ᠦᠨᠡᠨ ᠬᠦ ᠭᠦᠢᠴᠡᠳᠭᠡᠬᠦ ᠬᠡᠷᠡᠭᠲᠡᠶ᠃ | ᠬᠤᠶᠠᠷ ᠲᠤ᠂ ᠡᠷᠲᠡ ᠠᠴᠠ ᠠᠳᠬᠤᠵᠤ ᠪᠠᠭ᠎ᠠ ᠳᠤᠨᠢ ᠠᠳᠬᠤᠵᠤ᠂ ᠬᠠᠯᠲᠤᠰᠬᠢᠪᠡᠯ ᠵᠢᠮᠡᠯᠡᠨ᠎ᠡ᠃ ᠰᠠᠬᠢᠯᠭ᠎ᠠ ᠪᠠᠲᠤ | ᠪᠠᠶᠢᠴᠠᠭᠠᠬᠤ ᠳᠤᠭᠤᠶᠢᠯᠠᠩ ᠠᠵᠢᠯ ᠢᠶᠠᠨ ᠥᠷᠨᠢᠭᠦᠯᠦᠭᠰᠡᠨ ᠠᠴᠠ ᠨᠠᠰᠢ᠂ ᠵᠠᠰᠠᠭ ᠤᠨ ᠣᠷᠳᠣᠨ ᠤ ᠠᠯᠪᠠᠨ ᠭᠡᠷ᠂ | ᠶᠠᠳᠠᠭᠤ ᠶᠢ ᠲᠡᠳᠬᠦᠬᠦ ᠠᠯᠪᠠᠨ ᠭᠡᠷ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠪᠠᠶᠢᠭᠤᠯᠭ᠎ᠠ ᠶᠢᠨ | ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠂ ᠠᠶᠤᠯᠭᠦᠶ | ᠤᠶᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠳᠤ ᠴᠥᠮ | ᠬᠢᠨᠠᠯᠲᠠ ᠪᠠᠶᠢᠴᠠᠭᠠᠯᠲᠠ ᠬᠢᠵᠦ᠂ ᠤᠳᠤᠷᠢᠳᠬᠤ ᠪᠠᠭ ᠤᠨ ᠪᠦᠷᠢᠯᠳᠦᠬᠦᠨ᠂ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠪᠠ ᠬᠡᠰᠡᠭ ᠺᠠᠳ᠋ᠷ ᠲᠠᠢ ᠰᠡᠳᠬᠢᠯ ᠤᠨ ᠦᠭᠡ ᠪᠠᠨ ᠶᠠᠷᠢᠯᠴᠠᠪᠠ᠃ ᠪᠢᠳᠡ ᠡᠷᠲᠡᠬᠡᠨ ᠰᠠᠨᠠᠭᠤᠯᠵᠤ᠂ | ᠰᠠᠬᠢᠯᠭ᠎ᠠ ᠪᠠᠲᠤ ᠶᠢᠨ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶ ᠬᠢᠪᠡ᠃ ᠭᠤᠷᠪᠠ ᠳᠤ ᠵᠣᠷᠢᠭᠲᠠᠶ ᠪᠠᠷ ᠰᠡᠯᠡᠮ᠎ᠡ | ᠦᠵᠡᠭᠦᠯᠵᠦ᠂ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠰᠠᠬᠢᠯᠭ᠎ᠠ ᠪᠠᠲᠤ ᠶᠢᠨ ᠠᠮᠢ ᠨᠠᠰᠤ ᠨᠢ | ᠬᠡᠷᠡᠭᠵᠢᠭᠦᠯᠬᠦ ᠦᠭᠡᠢ ᠪᠣᠶ᠂ ᠡᠰᠡ ᠲᠡᠭᠡᠪᠡᠯ ︽ᠡᠪᠳᠡᠷᠬᠡᠶ ᠴᠣᠩᠬᠤ ᠶᠢᠨ ᠤᠶᠢᠯᠡᠳᠦᠯ︾ ᠭᠠᠷᠬᠤ ᠪᠣᠯᠤᠨ᠎ᠠ᠃ | ᠠᠰᠠᠭᠤᠳᠠᠯ ᠤᠨ ᠰᠦᠪᠡᠭᠴᠢ ᠶᠢ ᠶᠡᠭᠡ ᠪᠠᠷ ᠡᠬᠢᠯᠡᠭᠦᠯᠬᠦ ᠪᠠᠷ ᠳᠠᠮᠵᠢᠭᠤᠯᠤᠨ᠂ ᠠᠰᠠᠭᠤᠳᠠᠯ ᠤᠨ ᠰᠦᠪᠡᠭᠴᠢ ᠶᠢ | ᠴᠤᠭᠯᠠᠭᠤᠯᠤᠨ ᠬᠤᠷᠢᠶᠠᠩᠭᠤᠶᠢᠯᠠᠵᠤ᠂ ᠠᠰᠠᠭᠤᠳᠠᠯ ᠤᠨ ᠰᠦᠪᠡᠭᠴᠢ ᠨᠢᠭᠡᠪᠦᠷᠢ ᠶᠢ ᠴᠥᠮ ᠨᠠᠷᠢᠨ ᠬᠢᠨᠠᠮᠠᠭᠠᠶ ᠡᠮᠬᠢᠯᠡᠨ | ᠲᠢᠭᠯᠡᠵᠦ᠂ ᠵᠠᠳᠠᠯᠤᠨ ᠰᠢᠨᠵᠢᠯᠡᠵᠦ᠂ ᠪᠠᠶᠢᠴᠠᠭᠠᠵᠤ᠂ ᠬᠠᠷᠭᠤᠭᠤᠯᠤᠨ ᠲᠣᠳᠣᠯᠠᠵᠤ᠂ ᠬᠡᠷᠡᠭ ᠪᠣᠯᠭᠠᠨ ᠢ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ | ᠬᠥᠲᠥᠯᠥᠭᠴᠢ᠄ ᠬᠠᠮᠤᠭ ᠰᠡᠭᠦᠯ ᠳᠤ ᠪᠠᠰᠠ ᠳ᠋ᠤᠸᠠᠨ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ︽ | ᠪᠠᠷᠢᠮᠵᠢᠶ᠎ᠠ︾ ᠪᠠ ︽ᠳᠦᠷᠢᠮ︾ ᠢ ᠰᠤᠷᠤᠯᠴᠠᠨ ᠲᠤᠤᠱᠯᠠᠭᠤᠯᠬᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ | ᠶᠠᠪᠤᠴᠠ ᠳᠤ ᠪᠠᠰᠠ ᠠᠩᠬᠠᠷᠬᠤ ᠴᠢᠬᠤᠯᠠᠲᠠᠶ ᠤᠤ︖ | ᠳ᠋ᠤᠸᠠᠨ ᠭᠦᠸᠧ ᠰᠢᠶᠠᠩ᠄ ᠮᠢᠨᠦ ᠦᠵᠡᠬᠦ ᠪᠠᠷ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠤᠳᠤᠷᠢᠳᠤᠯᠭ᠎ᠠ ᠳᠣᠤᠷ᠎ᠠ᠂ ︽ᠳᠥᠷᠪᠡ ᠶᠢ ᠤᠶᠠᠯᠳᠤᠭᠤᠯᠬᠤ︾ ᠬᠡᠷᠡᠭᠲᠡᠶ᠃ ᠨᠢᠭᠡ ᠳᠤ ᠬᠢᠨᠠᠯᠲᠠ ᠲᠠᠯᠪᠢᠬᠤ ᠪᠠ | ᠲᠦᠰᠢᠭᠯᠡᠬᠦ ᠶᠢ ᠤᠶᠠᠯᠳᠤᠭᠤᠯᠤᠨ᠎ᠠ᠃ ᠨᠢᠭᠡᠴᠡ ᠶᠢᠨ ᠤᠳᠤᠷᠢᠳᠬᠤ ᠪᠠᠭ ᠪᠣᠯᠤᠨ ᠭᠤᠤᠯ ᠬᠠᠷᠢᠭᠤᠴᠠᠯᠭᠠᠲᠠᠨ | ᠨᠥᠬᠦᠳ ᠤᠨ ᠬᠦᠴᠦᠲᠡᠶ ᠳᠡᠮᠵᠢᠯᠭᠡ ᠪᠣᠯᠤᠨ ᠬᠠᠪᠰᠤᠷᠤᠯᠭ᠎ᠠ ᠳᠤ ᠰᠢᠰᠲ᠋ᠧᠮᠵᠢᠭᠦᠯᠦᠨ ᠬᠢᠨᠠᠯᠲᠠ ᠲᠠᠯᠪᠢᠬᠤ ᠳᠤ | ᠲᠦᠰᠢᠭᠯᠡᠨ᠂ ᠨᠢᠭᠡᠴᠡ ᠶᠢᠨ ᠨᠠᠮ ᠤᠨ ᠭᠡᠰᠢᠭᠦᠨ ᠺᠠᠳ᠋ᠷᠴᠤᠳ ᠤᠨ ᠥᠷᠭᠡᠨ ᠳᠡᠯᠭᠡᠷ ᠤᠷᠤᠯᠴᠠᠯᠭ᠎ᠠ ᠳᠤ | ᠰᠢᠰᠲ᠋ᠧᠮᠵᠢᠭᠦᠯᠦᠨ ᠬᠢᠨᠠᠯᠲᠠ ᠲᠠᠯᠪᠢᠬᠤ ᠳᠤ ᠲᠦᠰᠢᠭᠯᠡᠨ᠂ ᠲᠡᠳᠡᠨ ᠲᠠᠢ ᠰᠠᠶᠢᠨ ᠨᠥᠬᠦᠴᠡᠯᠳᠦᠯ ᠢ ᠪᠤᠢ ᠪᠣᠯᠭᠠᠪᠠ᠃ | ᠬᠤᠶᠠᠷ ᠲᠤ ᠬᠢᠨᠠᠯᠲᠠ ᠲᠠᠯᠪᠢᠬᠤ ᠪᠠ ᠠᠭᠤᠰᠤᠯᠴᠠᠭᠤᠯᠬᠤ ᠶᠢ ᠤᠶᠠᠯᠳᠤᠭᠤᠯᠬᠤ ᠬᠡᠷᠡᠭᠲᠡᠶ᠃ ᠰᠢᠰᠲ᠋ᠧᠮᠵᠢᠭᠦᠯᠦᠨ | ᠬᠢᠨᠠᠯᠲᠠ ᠲᠠᠯᠪᠢᠬᠤ ᠨᠢᠭᠡᠴᠢ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠲᠤ ᠠᠭᠤᠰᠤᠨ ᠣᠷᠣᠵᠤ᠂ ᠡᠯ᠎ᠡ | ᠨᠢᠭᠡᠴᠢ ᠶᠢᠨ ᠭᠤᠤᠯ ᠲᠤᠬᠠᠶᠢᠯᠠᠭᠰᠠᠨ ᠠᠵᠢᠯ ᠤᠨ ᠪᠠᠶᠢᠳᠠᠯ ᠢ ᠡᠵᠡᠮᠰᠢᠨ᠂ ᠡᠯ᠎ᠡ ᠨᠢᠭᠡᠴᠢ ᠶᠢᠨ ᠺᠠᠳ᠋ᠷ ᠤᠨ ᠡᠩᠨᠡᠭᠡᠨ ᠤ | ᠪᠠᠶᠢᠳᠠᠯ ᠢ ᠣᠶᠢᠯᠠᠭᠠᠵᠤ᠂ ᠪᠠᠶᠢᠳᠠᠯ ᠢ ᠲᠣᠳᠣᠷᠬᠠᠶ ᠤᠶᠢᠯᠠᠭᠠᠨ᠂ ᠲᠤᠭ᠎ᠠ ᠶᠢ ᠣᠨᠣᠪᠴᠢᠲᠠᠶ ᠲᠣᠭᠲᠠᠭᠠᠵᠤ᠂ | ᠠᠵᠢᠯ ᠢᠶᠠᠨ ᠥᠷᠨᠢᠭᠦᠯᠪᠡᠯ ᠰᠠᠶ᠋ᠢ ᠬᠠᠷᠠᠯᠲᠠ ᠲᠠᠢ ᠪᠠᠷ ᠰᠤᠮᠤ ᠬᠠᠷᠪᠤᠵᠤ ᠴᠢᠳᠠᠨ᠎ᠠ᠃ ᠭᠤᠷᠪᠠ ᠳᠤ ᠬᠢᠨᠠᠯᠲᠠ | ᠲᠠᠯᠪᠢᠬᠤ ᠪᠠ ᠤᠶᠢᠯᠡᠴᠢᠯᠡᠭᠦ ᠶᠢ ᠤᠶᠠᠯᠳᠤᠭᠤᠯᠬᠤ ᠬᠡᠷᠡᠭᠲᠡᠶ᠃ ᠬᠢᠨᠠᠯᠲᠠ ᠲᠠᠯᠪᠢᠬᠤ ᠪᠠ ᠡᠯ᠎ᠡ ᠨᠢᠭᠡᠴᠢ ᠶᠢᠨ ᠭᠤᠤᠯ | ᠠᠵᠢᠯ ᠳᠤ ᠤᠶᠢᠯᠡᠴᠢᠯᠡᠭᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠳᠤ | ᠤᠶᠢᠯᠡᠴᠢᠯᠡᠭᠦ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠶᠠᠯᠳᠤᠭᠤᠯᠬᠤ ᠬᠡᠷᠡᠭᠲᠡᠶ᠃ ᠳᠥᠷᠪᠡ ᠳᠤ ᠬᠢᠨᠠᠯᠲᠠ | ᠲᠠᠯᠪᠢᠬᠤ ᠪᠠ ᠰᠤᠷᠤᠯᠴᠠᠬᠤ ᠶᠢ ᠤᠶᠠᠯᠳᠤᠭᠤᠯᠬᠤ ᠬᠡᠷᠡᠭᠲᠡᠶ᠃ ᠬᠢᠨᠠᠯᠲᠠ ᠲᠠᠯᠪᠢᠬᠤ ᠶᠠᠪᠤᠴᠠ ᠳᠤ ᠰᠢᠰᠲ᠋ᠧᠮᠵᠢᠭᠦᠯᠦᠨ | ᠬᠢᠨᠠᠯᠲᠠ ᠲᠠᠯᠪᠢᠬᠤ ᠨᠢᠭᠡᠴᠢ ᠶᠢᠨ ᠰᠠᠶᠢᠨ ᠤᠯᠠᠮᠵᠢᠯᠠᠯ᠂ ᠰᠠᠶᠢᠨ ᠰᠤᠷᠲᠠᠯ᠂ ᠰᠠᠶᠢᠨ ᠠᠷᠭ᠎ᠠ ᠬᠢᠳᠡᠯ᠂ ᠰᠠᠶᠢᠨ | ᠲᠤᠷᠰᠢᠯᠭ᠎ᠠ ᠶᠢ ᠰᠤᠷᠤᠯᠴᠠᠬᠤ ᠶᠢ ᠴᠢᠬᠤᠯᠠᠴᠢᠯᠠᠬᠤ ᠬᠡᠷᠡᠭᠲᠡᠶ᠃ | ᠨᠠᠮ ᠤᠨ ᠰᠠᠬᠢᠯᠭ᠎ᠠ ᠪᠠᠲᠤ ᠪᠠᠷ ᠪᠤᠰᠤᠳ ᠢ ᠲᠣᠯᠢᠳᠠᠬᠤ ᠮᠥᠷᠲᠡᠭᠡᠨ ᠪᠠᠰᠠ ᠨᠠᠮ ᠤᠨ ᠰᠠᠬᠢᠯᠭ᠎ᠠ ᠪᠠᠲᠤ ᠪᠠᠷ | ᠥᠪᠡᠷ ᠢ ᠪᠠᠨ ᠲᠣᠯᠢᠳᠠᠵᠤ᠂ ᠰᠡᠭᠦᠳᠡᠷ ᠦᠭᠡᠢ ᠳ᠋ᠧᠩ ᠤᠨ ᠳᠣᠤᠷ᠎ᠠ ᠠᠵᠢᠯᠯᠠᠬᠤ ᠶᠢ ᠪᠠᠷᠢᠮᠲᠠᠯᠠᠵᠤ᠂ ︽ᠳ᠋ᠧᠩ ᠤᠨ | ᠳᠣᠤᠷᠠᠬᠢ ᠬᠠᠷᠠᠩᠭᠤᠶ︾ ᠶᠢ ᠡᠷᠡᠰ ᠰᠡᠷᠭᠡᠶᠢᠯᠡᠬᠦ ᠬᠡᠷᠡᠭᠲᠡᠶ᠃ | | ᠤᠷᠴᠢᠭᠤᠯᠤᠭᠴᠢ᠄ ᠼᠦᠢ ᠴᠢᠩ |