| | | ᠭᠤᠤᠯ ᠰᠡᠳᠦᠪ ᠄ | ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠵᠠᠭᠪᠤᠷ ᠤᠨ ᠰᠢᠨ᠎ᠡ ᠶᠢ ᠡᠭᠦᠳᠴᠦ᠂ ᠯᠢᠶᠠᠩᠴᠧᠩ ᠰᠢᠶᠠᠨ ᠤ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ | ᠲᠤᠬᠠᠶ ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ | ᠬᠦᠨᠳᠦᠳᠦ ᠵᠤᠴᠢᠨ᠄ | ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ ᠸᠠᠩ ᠬᠤᠩ ᠮᠢᠩ | ᠲᠤᠪᠴᠢ ᠠᠭᠤᠯᠭ᠎ᠠ᠄ | ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠵᠠᠭᠪᠤᠷ ᠤᠨ ᠰᠢᠨ᠎ᠡ ᠶᠢ ᠡᠭᠦᠳᠦᠨ᠎ᠡ | ᠰᠤᠷᠪᠤᠯᠵᠢᠯᠠᠭᠴᠢ᠄ ᠸᠠᠩ ᠡᠷᠬᠢᠯᠡᠭᠴᠢ ᠲᠠ ᠰᠠᠶᠢᠨ ᠤᠤ᠂ ᠰᠦᠯᠵᠢᠶᠡᠨ ᠳᠡᠭᠡᠷ᠎ᠡ ᠵᠣᠴᠢᠨ ᠢᠷᠡᠬᠦ ᠶᠢ ᠪᠠᠶᠠᠷᠯᠠᠨ | ᠤᠭᠲᠤᠵᠤ ᠪᠠᠶᠢᠨ᠎ᠠ᠃ | ᠸᠠᠩ ᠬᠤᠩ ᠮᠢᠩ᠄ ᠬᠥᠲᠥᠯᠥᠭᠴᠢ ᠰᠠᠶᠢᠨ ᠤᠤ︖ ᠦᠵᠡᠭᠴᠢᠳ ᠨᠠᠶᠢᠵᠠ ᠨᠠᠷ ᠠ᠂ ᠰᠠᠶᠢᠨ ᠪᠠᠶᠢᠵᠠᠭᠠᠨ᠎ᠠ ᠤᠤ︕ | | ᠰᠤᠷᠪᠤᠯᠵᠢᠯᠠᠭᠴᠢ᠄ ᠡᠩ ᠲᠡᠷᠢᠭᠦᠨ ᠳᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠠᠵᠢᠯ ᠤᠨ ᠲᠤᠬᠠᠶ ᠲᠠᠨᠢᠯᠲᠠ | ᠪᠠ ᠣᠶᠢᠯᠠᠭᠠᠯᠲᠠ ᠪᠠᠨ ᠶᠠᠷᠢᠭᠠᠳ ᠥᠭᠭᠦᠨ᠎ᠡ ᠤᠤ︖ | ᠸᠠᠩ ᠬᠤᠩ ᠮᠢᠩ᠄ ︽ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ︾ ᠪᠣᠯ ᠪᠦᠳᠦᠭᠦᠯᠢᠭ ᠢᠶᠠᠷ ᠶᠠᠳᠠᠭᠤ ᠶᠢ | ᠲᠡᠳᠬᠦᠬᠦ ᠶᠢᠨ ᠲᠡᠭᠰᠢ ᠬᠡᠮ ᠮᠥᠨ᠃ ᠠᠳᠠᠯᠢ ᠪᠤᠰᠤ ᠶᠠᠳᠠᠭᠤ ᠬᠦᠴᠢᠷᠳᠡᠯᠲᠡᠶ ᠣᠷᠣᠨ ᠪᠦᠰᠡ ᠶᠢᠨ ᠣᠷᠴᠢᠨ | ᠲᠣᠭᠤᠷᠢᠨ᠂ ᠠᠳᠠᠯᠢ ᠪᠤᠰᠤ ᠶᠠᠳᠠᠭᠤ ᠬᠦᠴᠢᠷᠳᠡᠯᠲᠡᠶ ᠲᠠᠷᠢᠶᠠᠴᠢᠨ ᠡᠷᠦᠬᠡ ᠶᠢᠨ ᠪᠠᠶᠢᠳᠠᠯ ᠳᠤ ᠴᠢᠭᠯᠡᠭᠦᠯᠦᠨ᠂ | ᠰᠢᠨᠵᠢᠯᠡᠬᠦ ᠤᠬᠠᠭᠠᠨᠴᠢ ᠪᠦᠲᠦᠮᠵᠢᠲᠡᠶ ᠳᠡᠰ ᠳᠠᠷᠠᠭᠠᠯᠠᠯ ᠢ ᠬᠡᠷᠡᠭᠯᠡᠨ ᠶᠠᠳᠠᠭᠤ ᠬᠦᠴᠢᠷᠳᠡᠯᠲᠡᠶ ᠲᠡᠳᠬᠦᠭᠦᠯᠬᠦ | ᠡᠲᠡᠭᠡᠳ ᠲᠤ ᠣᠨᠣᠪᠴᠢᠲᠠᠶ ᠢᠯᠭᠠᠨ ᠲᠠᠨᠢᠬᠤ᠂ ᠣᠨᠣᠪᠴᠢᠲᠠᠶ ᠬᠠᠪᠰᠤᠷᠤᠨ ᠲᠡᠳᠬᠦᠬᠦ᠂ ᠣᠨᠣᠪᠴᠢᠲᠠᠶ ᠬᠠᠮᠢᠶᠠᠷᠬᠤ | ᠶᠠᠳᠠᠭᠤ ᠬᠦᠴᠢᠷᠳᠡᠯᠲᠡᠶ ᠡᠷᠦᠬᠡ ᠶᠢ ᠵᠠᠰᠠᠬᠤ ᠠᠷᠭ᠎ᠠ ᠮᠠᠶ᠋ᠢᠭ ᠢ ᠵᠢᠭᠠᠵᠤ ᠪᠤᠢ᠃ ᠤᠨᠢᠨ ᠳᠡᠭᠡᠷ᠎ᠡ ᠨᠢ ᠶᠠᠳᠠᠭᠤ ᠶᠢ | ᠲᠡᠳᠬᠦᠬᠦ ᠨᠢ ᠭᠤᠤᠯᠳᠠᠭᠤ ᠶᠠᠳᠠᠭᠤ ᠬᠦᠴᠢᠷᠳᠡᠯᠲᠡᠶ ᠰᠠᠭᠤᠭᠠᠯᠢ ᠠᠷᠠᠳ ᠲᠤ ᠠᠪᠴᠤ ᠬᠡᠯᠡᠪᠡᠯ᠂ ᠬᠡᠨ ᠶᠠᠳᠠᠭᠤ | ᠬᠦᠴᠢᠷᠳᠡᠯᠲᠡᠶ ᠪᠣᠯ ᠲᠡᠭᠦᠨ ᠢ ᠲᠡᠳᠬᠦᠨ᠎ᠡ᠃ | ᠰᠤᠷᠪᠤᠯᠵᠢᠯᠠᠭᠴᠢ᠄ ᠲᠠ ᠶᠠᠭᠤ ᠶᠢ ︽ᠵᠢᠷᠭᠤᠭᠠᠨ ᠣᠨᠣᠪᠴᠢᠲᠠᠶ︾ ᠭᠡᠳᠡᠭ ᠪᠣᠶ︖ ᠮᠠᠨ ᠤ ᠰᠢᠶᠠᠨ ᠬᠡᠷᠬᠢᠨ | ᠪᠣᠳᠠᠲᠠᠶ ᠨᠠᠶᠢᠳᠠᠪᠤᠷᠢᠵᠢᠭᠤᠯᠤᠭᠰᠠᠨ ᠪᠣᠶ︖ | ᠸᠠᠩ ᠬᠤᠩ ᠮᠢᠩ᠄ ︽ᠵᠢᠷᠭᠤᠭᠠᠨ ᠣᠨᠣᠪᠴᠢᠲᠠᠶ ᠪᠠᠶ᠋ᠬᠤ︾ ᠨᠢ ᠨᠢᠭᠡ ᠳᠤ ᠶᠠᠳᠠᠭᠤ ᠬᠦᠴᠢᠷᠳᠡᠯᠲᠡᠶ ᠲᠡᠳᠬᠦᠭᠦᠯᠬᠦ | ᠡᠲᠡᠭᠡᠳ ᠣᠨᠣᠪᠴᠢᠲᠠᠶ ᠪᠠᠶᠢᠬᠤ︔ ᠬᠤᠶᠠᠷ ᠲᠤ ᠶᠠᠳᠠᠭᠤ ᠶᠢ ᠲᠡᠳᠬᠦᠬᠦ ᠬᠠᠷᠠᠯᠲᠠ ᠶᠢ ᠨᠠᠷᠢᠯᠢᠭ ᠣᠨᠣᠴᠠᠲᠠᠶ | ᠪᠠᠶᠢᠯᠭᠠᠨ᠎ᠠ︔ ᠭᠤᠷᠪᠠ ᠳᠤ ᠶᠠᠳᠠᠭᠤ ᠶᠢ ᠲᠡᠳᠬᠦᠬᠦ ᠠᠭᠤᠯᠭ᠎ᠠ ᠨᠢ ᠨᠠᠷᠢᠯᠢᠭ ᠣᠨᠣᠴᠠᠲᠠᠶ︔ ᠳᠥᠷᠪᠡ ᠳᠤ | ᠶᠠᠳᠠᠭᠤ ᠶᠢ ᠲᠡᠳᠬᠦᠬᠦ ᠠᠷᠭ᠎ᠠ ᠣᠨᠣᠪᠴᠢᠲᠠᠶ ᠪᠠᠶᠢᠬᠤ ᠬᠡᠷᠡᠭᠲᠡᠶ︔ ᠲᠠᠪᠤ ᠳᠤ ᠶᠠᠳᠠᠭᠤ ᠶᠢ ᠲᠡᠳᠬᠦᠬᠦ ᠬᠢᠨᠠᠨ | ᠰᠢᠯᠭᠠᠯᠲᠠ ᠶᠢ ᠨᠠᠷᠢᠯᠢᠭ ᠣᠨᠣᠴᠠᠲᠠᠶ ᠬᠢᠨ᠎ᠡ︔ ᠵᠢᠷᠭᠤᠭ᠎ᠠ ᠳᠤ ᠶᠠᠳᠠᠭᠤ ᠶᠢ ᠲᠡᠳᠬᠦᠬᠦ ᠪᠠᠲᠤᠯᠠᠭ᠎ᠠ ᠶᠢ ᠨᠠᠷᠢᠯᠢᠭ | ᠣᠨᠣᠪᠴᠢᠲᠠᠢ ᠪᠠᠶᠢᠯᠭᠠᠨ᠎ᠠ᠃ | ᠨᠠᠶᠢᠳᠠᠪᠤᠷᠢᠵᠢᠭᠤᠯᠬᠤ ᠲᠠᠯ᠎ᠠ ᠪᠠᠷ᠄ ᠨᠢᠭᠡ᠂ ᠲᠤᠶᠢᠯ ᠤᠨ ᠣᠨᠣᠪᠴᠢᠲᠠᠶ ᠪᠠᠷ ᠶᠠᠳᠠᠭᠤ ᠶᠢ ᠲᠡᠳᠬᠦᠬᠦ ᠡᠲᠡᠭᠡᠳ | ᠪᠠᠶᠢᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠰᠠᠭᠤᠷᠢ ᠲᠤᠭ᠎ᠠ ᠶᠢ ᠲᠣᠳᠣᠷᠬᠠᠶ ᠪᠣᠯᠭᠠᠬᠤ ᠬᠡᠷᠡᠭᠲᠡᠶ᠃ ︽ | ᠡᠷᠭᠢᠨ ᠬᠠᠷᠠᠬᠤ︾ ᠪᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠴᠡᠪᠡᠷᠯᠡᠬᠦ ᠶᠢ ᠨᠠᠷᠢᠨ ᠬᠢᠨᠠᠮᠠᠭᠠᠶ ᠬᠢᠨᠠᠨ | ᠬᠠᠷᠭᠤᠭᠤᠯᠵᠤ᠂ ︽ᠬᠡᠢ ᠲᠤᠭ᠎ᠠ︾ ᠶᠢ ᠰᠢᠬᠠᠨ ᠭᠠᠷᠭᠠᠵᠤ᠂ ᠰᠠᠭᠤᠷᠢ ᠲᠤᠭ᠎ᠠ ᠶᠢ ᠰᠢᠪᠬᠠᠨ᠎ᠠ᠃ ᠲᠡᠷᠡᠴᠢᠯᠡᠨ ︽ | ᠣᠷᠣᠭᠤᠯᠬᠤ ᠭᠠᠷᠭᠠᠬᠤ︾ ᠬᠥᠳᠡᠯᠦᠩᠭᠦᠶ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠰᠢᠨ᠎ᠡ ᠪᠠᠷ ᠨᠡᠮᠡᠭᠳᠡᠭᠰᠡᠨ | ᠶᠠᠳᠠᠭᠤ ᠬᠦᠴᠢᠷᠳᠡᠯᠲᠡᠶ ᠬᠥᠮᠦᠨ ᠠᠮᠠ ᠶᠢ ᠢᠯᠭᠠᠨ ᠲᠠᠨᠢᠬᠤ ᠠᠵᠢᠯ ᠢ ᠰᠠᠶᠢᠲᠤᠷ ᠬᠢᠨ᠎ᠡ᠃ | ᠬᠤᠶᠠᠷ᠂ ᠡᠭᠦᠷᠭᠡ ᠶᠢ ᠨᠠᠷᠢᠯᠢᠭᠵᠢᠭᠤᠯᠤᠨ ᠬᠤᠪᠢᠶᠠᠷᠢᠯᠠᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ | ᠬᠠᠷᠠᠯᠲᠠ ᠶᠢ ᠲᠣᠳᠣᠷᠬᠠᠶᠢᠯᠠᠬᠤ ᠬᠡᠷᠡᠭᠲᠡᠶ᠃ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠶᠠᠳᠠᠭᠤᠷᠠᠭᠰᠠᠨ | ᠰᠢᠯᠲᠠᠭᠠᠨ᠂ ᠶᠠᠳᠠᠭᠤ ᠠᠴᠠ ᠠᠩᠭᠢᠵᠢᠷᠠᠬᠤ ᠱᠠᠭᠠᠷᠳᠠᠯᠭ᠎ᠠ ᠶᠢ ᠨᠠᠷᠢᠨ ᠨᠢᠮᠪᠠᠢ ᠡᠵᠡᠮᠰᠢᠭᠰᠡᠨ ᠰᠠᠭᠤᠷᠢᠨ ᠳᠡᠭᠡᠷ᠎ᠡ᠂ | ᠶᠠᠳᠠᠭᠤ ᠬᠦᠴᠢᠷᠳᠡᠯᠲᠡᠢ ᠬᠥᠮᠦᠨ ᠠᠮᠠ ᠶᠢ ︽ᠲᠠᠪᠤᠨ ᠨᠢᠭᠡ ᠪᠦᠯᠦᠭ︾ ᠢᠶᠠᠷ ᠠᠩᠭᠢᠯᠠᠵᠤ᠂ ᠶᠠᠳᠠᠭᠤ ᠠᠴᠠ | ᠠᠩᠭᠢᠵᠢᠷᠠᠭᠤᠯᠬᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ᠂ ᠭᠠᠴᠠᠭ᠎ᠠ ᠲᠣᠰᠬᠤᠨ ᠬᠦᠷᠲᠡᠯ᠎ᠡ ᠠᠯᠬᠤᠮ | ᠠᠯᠬᠤᠮ ᠢᠶᠠᠷ ᠨᠠᠷᠢᠯᠢᠭᠵᠢᠭᠤᠯᠤᠨ᠂ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠤᠨ᠎ᠠ᠃ | ᠭᠤᠷᠪᠠ᠂ ᠭᠤᠷᠪᠠᠨ ᠱᠠᠲᠤᠨ ᠤ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ᠬᠠᠪᠰᠤᠷᠤᠨ | ᠲᠡᠳᠬᠦᠬᠦ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠶᠢ ᠠᠬᠢᠭᠤᠯᠬᠤ ᠲᠤᠭᠤᠶᠢᠯᠠᠩ ᠢ ᠪᠠᠶᠢᠭᠤᠯᠵᠤ᠂ ᠱᠠᠲᠤ ᠳᠠᠷᠠᠭᠠᠯᠠᠨ ᠶᠠᠳᠠᠭᠤ ᠠᠴᠠ ᠠᠩᠭᠢᠵᠢᠷᠠᠭᠤᠯᠬᠤ | ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ | ᠲᠦᠷᠪᠡ᠂ ︽ᠲᠠᠪᠤᠨ ᠨᠢᠭᠡ ᠪᠦᠯᠦᠭ︾ ᠤᠨ ᠲᠣᠭᠤᠷᠢᠨ ᠳᠤ ᠶᠠᠳᠠᠭᠤ ᠶᠢ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ ᠬᠡᠷᠡᠭᠲᠡᠶ᠃ ︽ᠭᠤᠷᠪᠠ ᠶᠢ | ᠭᠠᠴᠠᠭ᠎ᠠ ᠲᠣᠰᠬᠤᠨ ᠪᠠ ᠡᠷᠦᠬᠡ ᠳᠤ ᠬᠦᠷᠭᠡᠬᠦ︾ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠲᠥᠷᠥᠯ | ᠵᠤᠶᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ | ᠲᠠᠪᠤ᠂ ᠶᠠᠳᠠᠭᠤ ᠶᠢ ᠲᠡᠳᠬᠦᠬᠦ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠤᠨ | ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ | ᠵᠢᠷᠭᠤᠭ᠎ᠠ᠂ ᠶᠠᠳᠠᠭᠤ ᠬᠦᠴᠢᠷᠳᠡᠯᠲᠡᠶ ᠲᠡᠳᠬᠦᠭᠦᠯᠬᠦ ᠡᠲᠡᠭᠡᠳ ᠢ ᠪᠤᠴᠠᠭᠠᠨ ᠭᠠᠷᠭᠠᠬᠤ ᠠᠵᠢᠯ ᠢ ᠰᠠᠶᠢᠲᠤᠷ ᠠᠳᠬᠤᠵᠤ | ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠮᠵᠢ ᠶᠢ ᠲᠣᠳᠣᠷᠬᠠᠶᠢᠯᠠᠬᠤ ᠬᠡᠷᠡᠭᠲᠡᠶ᠃ ᠨᠢᠭᠡᠨᠲᠡ | ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠳᠤ ᠬᠦᠷᠦᠭᠰᠡᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠤᠬᠤᠷᠢᠨ | ᠭᠠᠷᠬᠤ ᠳᠡᠰ ᠳᠠᠷᠠᠭᠠᠯᠠᠯ ᠢᠶᠠᠷ ᠤᠬᠤᠷᠢᠨ ᠭᠠᠷᠬᠤ ᠬᠠᠮᠢᠶᠠᠷᠤᠯᠲᠠ ᠬᠢᠨ᠎ᠡ᠃ ᠶᠠᠳᠠᠭᠤ ᠠᠴᠠ ᠠᠩᠭᠢᠵᠢᠷᠠᠭᠤᠯᠬᠤ ᠦᠷ᠎ᠡ | ᠪᠦᠲᠦᠮᠵᠢ ᠶᠢ ᠦᠨᠡᠨ ᠬᠦ ᠪᠠᠲᠤᠯᠠᠬᠤ ᠶᠢᠨ ᠲᠥᠯᠥᠭᠡ᠂ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠶᠢ ᠰᠢᠯᠭᠠᠨ ᠪᠠᠶᠢᠴᠠᠭᠠᠵᠤ ᠦᠨᠡᠯᠡᠬᠦ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠶᠢ ᠰᠢᠯᠭᠠᠨ ᠪᠠᠶᠢᠴᠠᠭᠠᠵᠤ ᠦᠨᠡᠯᠡᠬᠦ ᠠᠵᠢᠯ ᠤᠨ ᠳᠤᠭᠤᠶᠢᠯᠠᠩ ᠪᠠᠶᠢᠭᠤᠯᠵᠤ᠂ ︽ᠨᠢᠭᠡᠳᠦᠭᠡᠷ | ᠱᠦᠵᠢ︾ ᠪᠠ ᠲᠣᠰᠬᠤᠨ ᠳᠤ ᠰᠠᠭᠤᠭ᠎ᠠ ᠺᠠᠳ᠋ᠷ ᠢ ᠭᠦᠢᠴᠡᠳ ᠳᠠᠶᠢᠴᠢᠯᠠᠨ᠂ ᠪᠦᠬᠦ ᠬᠤᠰᠢᠭᠤᠨ ᠤ ᠨᠢᠭᠡᠨᠲᠡ | ᠶᠠᠳᠠᠭᠤ ᠠᠴᠠ ᠠᠩᠭᠢᠵᠢᠷᠠᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦ ᠲᠠᠯ᠎ᠠ ᠪᠠᠷ ᠰᠢᠯᠭᠠᠨ ᠬᠤᠷᠢᠶᠠᠪᠠ᠃ | | ᠰᠤᠷᠪᠤᠯᠵᠢᠯᠠᠭᠴᠢ᠄ ︽453︾ ᠵᠢᠷᠤᠭ ᠡᠯᠭᠦᠭᠰᠡᠨ ᠪᠠᠶᠢᠯᠳᠤᠭᠠᠨ ᠭᠡᠳᠡᠭ ᠨᠢ ᠶᠠᠭᠤ ᠪᠤᠢ︖ | ᠸᠠᠩ ᠬᠤᠩ ᠮᠢᠩ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠢᠨᠵᠧᠨᠧᠷᠢᠩ ᠢ ᠭᠦᠨᠵᠡᠭᠡᠶ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠪᠠᠷ | ᠬᠥᠮᠦᠨ ᠳᠤᠨᠢ ᠲᠤᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠳᠤ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠣᠰᠬᠤᠨ ᠤ ᠱᠠᠲᠤᠨ ᠤ ︿ | 453﹀ ᠵᠢᠷᠤᠭ ᠡᠯᠭᠦᠭᠰᠡᠨ ᠪᠠᠶᠢᠯᠳᠤᠭᠠᠨ ᠤ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠪᠠ᠃ ︽4︾ | ᠭᠡᠳᠡᠭ ᠨᠢ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ︽ᠳᠥᠷᠪᠡ ᠶᠢ ᠲᠣᠳᠣᠷᠬᠠᠶᠢᠯᠠᠬᠤ︾ ᠶᠢ ᠵᠢᠭᠠᠵᠤ ᠪᠣᠶ᠄ ︽ | ᠰᠠᠭᠤᠷᠢ ᠲᠤᠭ᠎ᠠ ᠶᠢ ᠲᠣᠳᠣᠷᠬᠠᠶᠢᠯᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ᠂ ᠠᠷᠭ᠎ᠠ ᠶᠢ ᠲᠣᠳᠣᠷᠬᠠᠶᠢᠯᠠᠬᠤ᠂ | ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠬᠤ︾︔ ︽5︾ ᠭᠡᠳᠡᠭ ᠨᠢ ︽ᠲᠣᠰᠬᠤᠨ ᠤ ᠲᠡᠰ ᠤᠨ | ᠪᠠᠶᠢᠯᠳᠤᠭᠠᠨ ᠤ ᠲᠠᠪᠤᠨ ᠵᠢᠷᠤᠭ︾ ᠢ ᠵᠢᠭᠠᠵᠤ ᠪᠣᠶ᠄ ︽ᠪᠦᠬᠦ ᠲᠣᠰᠬᠤᠨ ᠤ ᠶᠠᠳᠠᠭᠤ ᠬᠦᠴᠢᠷᠳᠡᠯᠲᠡᠶ ᠪᠠᠶᠢᠳᠠᠯ ᠤᠨ | ᠵᠢᠷᠤᠭ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠠᠳᠠᠭᠤᠷᠠᠭᠰᠠᠨ ᠰᠢᠯᠲᠠᠭᠠᠨ ᠢ ᠵᠠᠳᠠᠯᠬᠤ ᠵᠢᠷᠤᠭ᠂ ︿ᠲᠠᠪᠤᠨ | ᠨᠢᠭᠡ ᠪᠦᠯᠦᠭ﹀ ᠢ ᠲᠥᠷᠥᠯ ᠬᠤᠪᠢᠶᠠᠨ ᠲᠡᠳᠬᠦᠬᠦ ᠠᠷᠭ᠎ᠠ ᠬᠡᠮᠵᠢᠶ᠎ᠡ ᠶᠢᠨ ᠵᠢᠷᠤᠭ᠂ ᠭᠠᠴᠠᠭ᠎ᠠ ᠲᠣᠰᠬᠤᠨ ᠤ | ᠶᠠᠳᠠᠭᠤ ᠠᠴᠠ ᠠᠩᠭᠢᠵᠢᠷᠠᠭᠤᠯᠬᠤ ᠬᠠᠷᠠᠯᠲᠠᠲᠤ ᠡᠭᠦᠷᠭᠡ ᠶᠢᠨ ᠵᠢᠷᠤᠭ᠂ ᠶᠠᠳᠠᠭᠤ ᠬᠦᠴᠢᠷᠳᠡᠯᠲᠡᠶ ᠡᠷᠦᠬᠡ ᠶᠢᠨ | ᠶᠠᠳᠠᠭᠤ ᠠᠴᠠ ᠠᠩᠭᠢᠵᠢᠷᠠᠭᠤᠯᠬᠤ ᠬᠠᠷᠠᠯᠲᠠᠲᠤ ᠡᠭᠦᠷᠭᠡ ᠶᠢᠨ ᠵᠢᠷᠤᠭ︾︔ ︽3︾ ᠭᠡᠳᠡᠭ ᠨᠢ ᠶᠠᠳᠠᠭᠤ | ᠬᠦᠴᠢᠷᠳᠡᠯᠲᠡᠶ ᠡᠷᠦᠬᠡ ᠶᠢᠨ ᠶᠠᠳᠠᠭᠤ ᠠᠴᠠ ᠠᠩᠭᠢᠵᠢᠷᠠᠭᠤᠯᠬᠤ ︽ᠭᠤᠷᠪᠠᠨ ᠳᠠᠩᠰᠠ︾᠄ ︽ᠶᠠᠳᠠᠭᠤ ᠠᠴᠠ | ᠠᠩᠭᠢᠵᠢᠷᠠᠭᠤᠯᠬᠤ ᠲᠥᠯᠥᠪᠯᠡᠭᠡ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ᠂ ᠠᠵᠢᠯ ᠤᠨ ᠡᠬᠡ ᠳᠠᠩᠰᠠ︾ ᠶᠢ | ᠵᠢᠭᠠᠵᠤ ᠪᠤᠢ᠃ | ᠰᠤᠷᠪᠤᠯᠵᠢᠯᠠᠭᠴᠢ᠄ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ︽ᠲᠠᠪᠤᠨ ᠨᠢᠭᠡ ᠪᠦᠯᠦᠭ︾ ᠤᠨ ᠲᠡᠳᠬᠦᠨ | ᠳᠡᠮᠵᠢᠬᠦ ᠲᠥᠯᠥᠪᠯᠡᠭᠡ ᠨᠢ ᠶᠠᠭᠤ ᠪᠣᠶ︖ | ᠸᠠᠩ ᠬᠤᠩ ᠮᠢᠩ᠄ ᠴᠢᠨᠡᠭᠡᠯᠢᠭ ᠡᠰᠡᠬᠦ ᠶᠢᠨ ᠵᠠᠩᠭᠢᠯᠠᠭ᠎ᠠ ᠨᠢ ᠬᠠᠭᠤᠴᠢᠨ ᠨᠤᠲᠤᠭ ᠲᠤ ᠪᠠᠶᠢᠨ᠎ᠠ᠃ ᠶᠠᠳᠠᠭᠤ | ᠬᠦᠴᠢᠷᠳᠡᠯᠲᠡᠶ ᠭᠠᠵᠠᠷ ᠣᠷᠣᠨ ᠤ ᠴᠢᠨᠡᠭᠡᠯᠢᠭᠵᠢᠯ ᠪᠠᠶᠢᠬᠤ ᠦᠭᠡᠢ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠶᠠᠳᠠᠭᠤ ᠠᠴᠠ ᠠᠩᠭᠢᠵᠢᠷᠠᠭᠤᠯᠬᠤ ᠦᠭᠡᠢ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ ᠴᠢᠳᠠᠬᠤ | ᠦᠭᠡᠢ ᠶᠤᠮ᠃ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠲᠠᠪᠤᠨ ᠨᠢᠭᠡ ᠪᠦᠯᠦᠭ︾ ᠭᠡᠳᠡᠭ ᠨᠢ | ᠭᠤᠤᠯᠳᠠᠭᠤ ᠠᠳᠠᠯᠢ ᠪᠤᠰᠤ ᠵᠠᠭᠪᠤᠷ ᠢᠶᠠᠷ ᠳᠠᠮᠵᠢᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠶᠢ ᠳᠠᠶᠢᠴᠢᠯᠠᠬᠤ ᠶᠢ ᠵᠢᠭᠠᠵᠤ ᠪᠣᠶ᠂ ᠳᠠᠷᠤᠶ᠄ ᠤᠶᠢᠯᠡᠳᠪᠤᠷᠢᠯᠡᠯ ᠢ ᠬᠥᠭᠵᠢᠭᠦᠯᠵᠦ ᠨᠢᠭᠡ ᠪᠦᠯᠦᠭ | ᠬᠥᠮᠦᠰ ᠢ ᠶᠠᠳᠠᠭᠤ ᠠᠴᠠ ᠠᠩᠭᠢᠵᠢᠷᠠᠭᠤᠯᠤᠨ᠎ᠠ᠃ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ ᠬᠥᠮᠦᠨ | ᠠᠮᠠ ᠶᠢ ᠬᠥᠲᠥᠯᠥᠨ ᠵᠢᠯᠣᠭᠤᠳᠬᠤ ᠪᠠ ᠲᠡᠳᠬᠦᠬᠦ ᠨᠢ ᠥᠪᠡᠷ ᠤᠨ ᠬᠤᠶᠠᠷ ᠭᠠᠷ ᠲᠠᠭᠠᠨ ᠲᠦᠰᠢᠭᠯᠡᠨ ᠠᠵᠤ | ᠦᠢᠯᠡᠰ ᠤᠨ ᠲᠥᠷᠥᠯ ᠵᠤᠶᠢᠯ ᠤᠨ ᠲᠡᠳᠬᠦᠮᠵᠢ ᠪᠠᠷ ᠳᠠᠮᠵᠢᠨ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ | ᠲᠥᠷᠥᠯ ᠵᠦᠢᠯ ᠨᠢ ᠮᠢᠬ᠎ᠠ ᠬᠤᠨᠢᠨ ᠠᠴᠠ ᠮᠢᠬᠠᠨ ᠤ ᠦᠬᠡᠷ ᠲᠡᠵᠢᠭᠡᠨ ᠦᠷᠡᠵᠢᠭᠦᠯᠬᠦ᠂ ᠢᠳᠡᠭᠡᠨ ᠤ ᠮᠥᠭᠦ ᠲᠠᠷᠢᠬᠤ | ᠂ ᠲᠥᠬᠦᠭᠡᠷᠦᠮᠵᠢᠲᠦ ᠲᠠᠷᠢᠶᠠᠯᠠᠩ᠂ ᠴᠢᠨᠠᠷ ᠰᠠᠶᠢᠲᠠᠶ ᠲᠡᠵᠢᠭᠡᠯ ᠡᠪᠡᠰᠦ᠂ ᠲᠠᠷᠢᠶᠠᠴᠢᠨ ᠠᠶᠢᠯ ᠤᠨ ᠵᠤᠭᠠᠴᠠᠯ ᠵᠡᠷᠭᠡ | ᠣᠨᠴᠠᠯᠢᠭᠲᠤ ᠠᠵᠤ ᠦᠢᠯᠡᠰ ᠢᠶᠠᠷ ᠭᠤᠣᠯ ᠪᠣᠯᠭᠠᠨ᠎ᠠ᠃ | ᠨᠢᠭᠡ ᠪᠦᠯᠦᠭ ᠬᠥᠮᠦᠰ ᠢ ᠣᠨᠳᠣᠤ ᠭᠠᠵᠠᠷ ᠨᠡᠭᠦᠯᠭᠡᠵᠦ ᠶᠠᠳᠠᠭᠤ ᠠᠴᠠ ᠠᠩᠭᠢᠵᠢᠷᠠᠭᠤᠯᠤᠨ᠎ᠠ᠃ ︽ᠨᠢᠭᠡ ᠭᠠᠵᠠᠷ ᠤᠨ | ᠤᠰᠤ ᠰᠢᠷᠣᠢ ᠲᠤ ᠰᠠᠭᠤᠵᠤ ᠨᠢᠭᠡ ᠭᠠᠵᠠᠷ ᠤᠨ ᠬᠥᠮᠦᠨ ᠢ ᠲᠡᠵᠢᠭᠡᠵᠦ ᠳᠠᠢᠯᠠᠬᠤ ᠥᠬᠡᠶ︾ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠣᠨᠳᠣᠣ ᠭᠠᠵᠠᠷ ᠨᠡᠭᠦᠯᠭᠡᠬᠦ ᠶᠢ ᠬᠡᠷᠡᠭᠵᠢᠭᠦᠯᠦᠨ᠎ᠡ᠃ ᠲᠥᠯᠥᠪᠵᠢᠭᠦᠯᠪᠡ | ᠶᠣᠰᠣᠭᠠᠷ ᠬᠤᠪᠢᠶᠠᠵᠤ᠂ ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠡᠭᠦᠯᠭᠡᠵᠦ ᠭᠠᠷᠭᠠᠬᠤ᠂ | ᠲᠣᠭᠲᠠᠭᠤᠨ ᠪᠠᠶᠢᠯᠭᠠᠬᠤ᠂ ᠪᠠᠶᠠᠵᠢᠭᠤᠯᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠠᠮᠢ ᠠᠬᠤᠢ ᠶᠢᠨ | ᠨᠥᠬᠦᠪᠥᠷᠢ ᠨᠢᠭᠡ ᠪᠦᠯᠦᠭ ᠬᠥᠮᠦᠰ ᠢ ᠶᠠᠳᠠᠭᠤ ᠠᠴᠠ ᠠᠩᠭᠢᠵᠢᠷᠠᠭᠤᠯᠤᠨ᠎ᠠ᠃ ᠶᠠᠳᠠᠭᠤ ᠬᠦᠴᠢᠷᠳᠡᠯᠲᠡᠶ ᠭᠠᠵᠠᠷ | ᠣᠷᠣᠨ ᠤ ᠠᠮᠢ ᠠᠬᠤᠶ ᠶᠢ ᠬᠠᠮᠠᠭᠠᠯᠠᠨ ᠰᠡᠷᠭᠦᠭᠡᠬᠦ ᠡᠷᠴᠢᠮ ᠢ ᠴᠢᠩᠭᠠᠷᠠᠭᠤᠯᠵᠤ᠂ ᠤᠯᠤᠰ ᠠᠴᠠ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢ ᠴᠢᠷᠮᠠᠶᠢᠨ ᠣᠯᠵᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠶ | ᠬᠥᠮᠦᠨ ᠠᠮᠠ ᠶᠢ ᠲᠤᠬᠠᠶ ᠶᠢᠨ ᠭᠠᠵᠠᠷ ᠲᠤᠨᠢ ᠣᠢ ᠰᠢᠭᠤᠶ ᠬᠠᠮᠠᠭᠠᠯᠠᠭᠴᠢ ᠵᠡᠷᠭᠡ ᠠᠮᠢ ᠠᠬᠤᠢ ᠶᠢᠨ | ᠬᠠᠮᠠᠭᠠᠯᠠᠯᠲᠠ ᠶᠢᠨ ᠠᠵᠢᠯᠲᠠᠨ ᠪᠣᠯᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠬᠥᠳᠡᠯᠮᠦᠷᠢ ᠬᠦᠴᠦᠨ ᠳᠤ ᠠᠵᠢᠯ | ᠣᠯᠭᠤᠬᠤ ᠠᠰᠠᠭᠤᠳᠠᠯ ᠢ ᠰᠢᠢᠳᠪᠤᠷᠢᠯᠡᠨ᠎ᠡ᠃ ᠰᠤᠷᠭᠠᠨ ᠬᠥᠮᠦᠵᠢᠯ ᠢ ᠬᠥᠭᠵᠢᠭᠦᠯᠵᠦ ᠨᠢᠭᠡ ᠪᠦᠯᠦᠭ ᠬᠥᠮᠦᠰ ᠢ | ᠶᠠᠳᠠᠭᠤ ᠠᠴᠠ ᠠᠩᠭᠢᠵᠢᠷᠠᠭᠤᠯᠤᠨ᠎ᠠ᠃ ᠤᠯᠤᠰ ᠠᠴᠠ ᠰᠤᠷᠭᠠᠨ ᠬᠥᠮᠦᠵᠢᠯ ᠤᠨ ᠵᠠᠷᠤᠳᠠᠯ ᠢ ᠶᠠᠳᠠᠭᠤ ᠬᠦᠴᠢᠷᠳᠡᠯᠲᠡᠶ | ᠭᠠᠵᠠᠷ ᠣᠷᠣᠨ ᠲᠡᠰᠢ ᠬᠡᠯᠪᠠᠶᠢᠯᠭᠡᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠲᠡᠰᠢ ᠬᠡᠯᠪᠠᠶᠢᠯᠭᠡᠵᠦ᠂ ᠶᠠᠳᠠᠭᠤ | ᠬᠦᠴᠢᠷᠳᠡᠯᠲᠡᠶ ᠭᠠᠵᠠᠷ ᠣᠷᠣᠨ ᠢ ᠬᠠᠪᠰᠤᠷᠤᠨ ᠰᠤᠷᠭᠠᠭᠤᠯᠢ ᠡᠷᠬᠢᠯᠡᠬᠦ ᠨᠥᠬᠦᠴᠡᠯ ᠢ ᠨᠢ ᠰᠠᠶᠢᠵᠢᠷᠠᠭᠤᠯᠤᠨ᠎ᠠ᠃ | ᠶᠠᠳᠠᠭᠤ ᠬᠦᠴᠢᠷᠳᠡᠯᠲᠡᠶ ᠡᠷᠦᠬᠡ ᠶᠢᠨ ᠦᠷ᠎ᠡ ᠬᠡᠤᠬᠡᠳ ᠨᠢ ᠥᠨᠳᠥᠷ ᠳᠤᠮᠳᠠ ᠵᠡᠷᠭᠡ ᠶᠢᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠶᠢᠨ ᠱᠠᠪᠢ ᠶᠢ ᠬᠡᠯᠲᠦᠷᠢᠭᠦᠯᠦᠨ᠎ᠡ᠃ ᠲᠤᠰᠬᠠᠶ ᠮᠡᠷᠭᠡᠵᠢᠯ᠂ ᠶᠡᠭᠡ ᠰᠤᠷᠭᠠᠭᠤᠯᠢ ᠳᠤ | ᠳᠠᠪᠰᠢᠨ ᠤᠷᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠦᠷ᠎ᠡ ᠬᠡᠤᠬᠡᠳ ᠲᠤ ᠲᠤᠰᠠᠯᠠᠮᠵᠢ ᠦᠵᠡᠭᠦᠯᠦᠨ᠎ᠡ︔ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠲᠤ ᠴᠥᠮ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠬᠦᠷᠲᠡᠭᠡᠬᠦ ᠬᠡᠷᠡᠭᠲᠡᠶ᠃ | ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠪᠠᠷ ᠨᠢᠭᠡ ᠪᠦᠯᠦᠭ | ᠦᠨᠳᠦᠰᠦᠨ ᠵᠤᠶᠢᠯ ᠢ ᠪᠠᠲᠤᠯᠠᠨ᠎ᠠ᠃ ᠬᠥᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠤᠶᠤ ᠬᠡᠰᠡᠭ | ᠠᠯᠳᠠᠭᠰᠠᠨ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠦᠬᠦᠨ ᠢ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠬᠠᠮᠤᠷᠬᠤ ᠬᠡᠪᠴᠢᠶᠡᠨ ᠳᠤ ᠣᠷᠣᠭᠤᠯᠵᠤ᠂ ᠲᠥᠷᠥ ᠶᠢᠨ ᠪᠣᠳᠣᠯᠭ᠎ᠠ ᠶᠢᠨ ᠦᠨᠳᠦᠰᠦᠨ ᠵᠤᠶᠢᠯ ᠢ ᠪᠠᠲᠤᠯᠠᠨ | ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ | ᠰᠤᠷᠪᠤᠯᠵᠢᠯᠠᠭᠴᠢ᠄ ᠮᠠᠨ ᠤ ᠰᠢᠶᠠᠨ ᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠶᠠᠪᠤᠴᠠ ᠳᠤ ᠶᠠᠮᠠᠷ ᠶᠠᠮᠠᠷ | ᠰᠠᠶᠢᠨ ᠠᠷᠭ᠎ᠠ ᠪᠠ ᠠᠵᠢᠯ ᠤᠨ ᠭᠢᠯᠠᠰ ᠴᠡᠭ ᠢ ᠲᠠ ᠶᠠᠷᠢᠭᠠᠳ ᠥᠭᠭᠦᠨ᠎ᠡ ᠤᠤ︖ | ᠸᠠᠩ ᠬᠤᠩ ᠮᠢᠩ᠄ ᠪᠥᠬᠦ ᠤᠯᠤᠰ ᠤᠨ ᠵᠢᠭᠤᠯᠴᠢᠯᠠᠯ ᠤᠨ ᠬᠦᠴᠦᠷᠬᠡᠭ ᠰᠢᠶᠠᠨ ᠢ ᠴᠣᠭᠴᠠᠯᠠᠬᠤ ᠠᠵᠠ ᠲᠣᠬᠢᠶᠠᠯ ᠢ | ᠠᠰᠢᠭᠯᠠᠨ᠂ ᠳᠠᠭ᠎ᠠ ᠶᠢᠨ ᠨᠠᠭᠤᠷ ᠤᠨ ᠵᠢᠭᠤᠯᠴᠢᠯᠠᠯ ᠤᠨ ᠣᠷᠣᠨ᠂ ᠬᠠᠯᠠᠭᠤᠨ ᠷᠠᠰᠢᠶᠠᠨ ᠤ ᠵᠢᠵᠢᠭ ᠪᠠᠯᠭᠠᠰᠤ᠂ | ᠮᠠᠩᠬᠠᠨ ᠠᠭᠤᠯᠠ᠂ ᠰᠦᠶ ᠮᠤᠩ ᠤᠨ ᠳᠤᠷᠠᠰᠬᠠᠯ ᠤᠨ ᠬᠦᠷᠢᠶᠡᠯᠡᠩ ᠵᠡᠷᠭᠡ ᠵᠢᠭᠤᠯᠴᠢᠯᠠᠯ ᠤᠨ ᠦᠵᠡᠮᠵᠢ ᠶᠢᠨ | ᠭᠠᠵᠠᠷ ᠲᠤ ᠲᠦᠰᠢᠭᠯᠡᠨ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠬᠠᠪᠰᠤᠷᠴᠤ ᠲᠤᠬᠠᠶ ᠶᠢᠨ ᠭᠠᠵᠠᠷ ᠲᠤᠨᠢ | ᠠᠵᠢᠯ ᠣᠯᠭᠤᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠬᠥᠳᠡᠭᠡ ᠲᠣᠰᠬᠤᠨ ᠤ ᠵᠢᠭᠤᠯᠴᠢᠯᠠᠯ ᠢ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠨ᠎ᠠ᠃ | ᠨᠥᠬᠦᠴᠡᠯ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠬᠥᠳᠡᠭᠡ ᠲᠣᠰᠬᠤᠨ ᠤ ᠵᠢᠭᠤᠯᠴᠢᠯᠠᠯ᠂ ᠲᠠᠷᠢᠶᠠᠴᠢᠨ | ᠠᠶᠢᠯ ᠤᠨ ᠵᠢᠭᠤᠯᠴᠢᠯᠠᠯ᠂ ᠲᠡᠭᠦᠬᠦ ᠬᠦᠷᠢᠶᠡᠯᠡᠩ ᠤᠨ ᠠᠵᠤ ᠦᠢᠯᠡᠰ ᠤᠨ ᠲᠥᠷᠥᠯ ᠵᠤᠶᠢᠯ ᠢ ᠡᠵᠡᠩᠨᠡᠬᠦ ᠶᠢ | ᠲᠡᠳᠬᠦᠵᠦ᠂ ᠰᠠᠭᠠᠯᠢ ᠶᠢᠨ ᠦᠨᠢᠶ᠎ᠡ᠂ ᠮᠢᠬ᠎ᠠ ᠥᠨᠳᠡᠭᠡᠨ ᠳᠠᠬᠢᠶ᠎ᠠ᠂ ᠠᠯᠠᠰᠢᠨ ᠦᠬᠡᠷ ᠬᠤᠨᠢ᠂ ᠢᠳᠡᠰᠢᠨ ᠨᠣᠭᠤᠭ᠎ᠠ | ᠵᠡᠷᠭᠡ ᠲᠠᠷᠢᠶᠠᠴᠢᠳ ᠤᠨ ᠲᠠᠷᠢᠵᠤ ᠲᠡᠵᠢᠭᠡᠬᠦ ᠳᠠᠳᠬᠠᠯ ᠳᠤ ᠨᠡᠶᠢᠴᠡᠬᠦ ᠭᠤᠤᠯᠯᠠᠬᠤ ᠠᠵᠤ ᠤᠶᠢᠯᠡᠰ ᠢ ᠬᠥᠭᠵᠢᠭᠦᠯᠵᠦ | ᠂ ᠰᠢᠶᠠᠨ ᠤ ᠬᠡᠪᠴᠢᠶᠡᠨ ᠤ ᠣᠨᠴᠠᠯᠢᠭ ᠲᠠᠢ ᠠᠵᠤ ᠦᠢᠯᠡᠰ ᠤᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠬᠤᠲᠠ | ᠬᠥᠳᠡᠭᠡ ᠶᠢᠨ ᠳᠦᠷᠰᠦ ᠪᠠᠶᠢᠳᠠᠯ ᠪᠣᠯᠤᠨ ᠣᠯᠠᠨ ᠲᠦᠮᠡᠨ ᠤ ᠠᠮᠢᠳᠤᠷᠠᠯ ᠢ ᠢᠯᠡᠳᠲᠡ ᠰᠠᠶᠢᠵᠢᠷᠠᠭᠤᠯᠤᠨ᠎ᠠ᠃ | ᠮᠤᠵᠢ ᠶᠢᠨ ᠵᠠᠮ ᠤᠨ 102 ᠱᠤᠭᠤᠮ ᠳᠠᠭᠠᠤ ᠶᠢᠨ ᠮᠠᠶᠢᠬᠠᠨᠳᠤ᠂ ᠬᠡᠷᠡᠭ ᠡᠷᠬᠢᠯᠡᠬᠦ ᠭᠠᠵᠠᠷ᠂ ᠳᠠᠭ᠎ᠠ ᠶᠢᠨ ᠨᠠᠭᠤᠷ | ᠪᠠᠯᠭᠠᠰᠤ᠂ ᠶᠦᠩ ᠰᠢᠩ ᠪᠠᠯᠭᠠᠰᠤ ᠵᠡᠷᠭᠡ ᠳᠥᠷᠪᠡᠨ ᠰᠢᠶᠠᠩ ᠪᠠᠯᠭᠠᠰᠤ ᠳᠤ ᠭᠤᠤᠯᠳᠠᠯᠭ᠎ᠠ ᠲᠠᠢ ᠲᠦᠮᠡᠨ ᠨᠠᠰᠤᠲᠤ | ᠤᠳᠪᠠᠯᠠ ᠲᠠᠷᠢᠬᠤ ᠪᠠᠷ ᠭᠤᠤᠯ ᠪᠣᠯᠭᠠᠭᠰᠠᠨ ᠣᠨᠴᠠᠯᠢᠭᠲᠤ ᠲᠠᠷᠢᠮᠠᠯ ᠢ ᠬᠥᠭᠵᠢᠭᠦᠯᠵᠦ᠂ 400 ᠲᠥᠭᠦᠷᠢᠭ ᠤᠨ | ᠨᠥᠬᠦᠪᠥᠷᠢ ᠥᠭᠴᠦ᠂ 2015 ᠤᠨ ᠤ ᠣᠨᠴᠠᠯᠢᠭᠲᠤ ᠲᠦᠮᠡᠨ ᠨᠠᠰᠤᠲᠤ ᠤᠳᠪᠠᠯᠠ ᠲᠠᠷᠢᠭᠰᠠᠨ ᠣᠷᠣᠯᠭ᠎ᠠ ᠪᠠᠷ | ᠵᠢᠱᠢᠨ ᠪᠣᠳᠣᠨ᠎ᠠ ︵1500 — 2000 ᠲᠥᠭᠦᠷᠢᠭ ᠤᠨ ᠴᠡᠪᠡᠷ ᠣᠷᠣᠯᠭ᠎ᠠ ᠶᠢ ᠪᠡᠶᠡᠯᠡᠭᠦᠯᠦᠨ᠎ᠡ︶᠂ ᠡᠷᠦᠬᠡ | ᠪᠦᠷᠢ 3 ᠮᠤ᠋ ᠲᠠᠷᠢᠪᠠᠯ ᠶᠠᠳᠠᠭᠤ ᠠᠴᠠ ᠠᠩᠭᠢᠵᠢᠷᠠᠵᠤ ᠪᠣᠯᠤᠨ᠎ᠠ᠃ ᠡᠭᠦᠨ ᠤ ᠳᠤ ᠬᠠᠮᠲᠤ᠂ ᠴᠢᠳᠠᠪᠤᠷᠢ ᠲᠠᠢ | ᠬᠤᠷᠰᠢᠶ᠎ᠠ ᠪᠠ ᠲᠣᠮᠣ ᠡᠷᠦᠬᠡ ᠶᠢ ᠵᠣᠷᠢᠭᠵᠢᠭᠤᠯᠤᠨ ᠳᠠᠮᠵᠢᠵᠤ᠂ ᠬᠥᠲᠥᠯᠥᠨ ᠵᠢᠯᠣᠭᠤᠳᠴᠤ ᠪᠠᠶᠢᠭᠠᠳ ᠵᠢᠮᠢᠰ ᠤᠨ | ᠮᠣᠳᠣ᠂ ᠭᠦᠢᠯᠡᠰᠦᠨ ᠮᠣᠳᠣ᠂ ᠰᠠᠷᠭᠠᠶ ᠴᠡᠴᠡᠭ᠂ ᠵᠢᠮᠢᠰᠭᠡᠨ᠎ᠡ ᠵᠡᠷᠭᠡ ᠪᠤᠰᠤᠳ ᠣᠨᠴᠠᠯᠢᠭᠲᠤ ᠲᠠᠷᠢᠮᠠᠯ ᠢ | ᠬᠥᠭᠵᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠭᠠᠵᠠᠷ ᠰᠢᠷᠣᠶ ᠪᠠᠨ ᠡᠷᠭᠢᠯᠲᠡ ᠳᠤ ᠣᠷᠣᠭᠤᠯᠬᠤ᠂ ᠬᠤᠪᠢ | ᠣᠷᠣᠭᠤᠯᠬᠤ ᠪᠠ ᠠᠵᠢᠯ ᠬᠥᠳᠡᠯᠮᠦᠷᠢ ᠬᠢᠬᠦ ᠪᠠᠷ ᠳᠠᠮᠵᠢᠭᠤᠯᠤᠨ ᠣᠷᠣᠯᠭ᠎ᠠ ᠪᠠᠨ ᠨᠡᠮᠡᠭᠳᠡᠭᠦᠯᠦᠨ ᠶᠠᠳᠠᠭᠤ ᠠᠴᠠ | ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ ᠬᠠᠢ ᠭᠤᠤ ᠮᠠᠯ ᠠᠵᠤ ᠠᠬᠤᠶ᠂ ᠬᠥᠳᠡᠭᠡ ᠲᠣᠰᠬᠤᠨ ᠵᠡᠷᠭᠡ ᠰᠢᠶᠠᠨ ᠤ | ᠳᠣᠲᠣᠷᠠᠬᠢ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ ᠠᠬᠤᠶᠢᠯᠠᠯ ᠢ ᠵᠣᠷᠢᠭᠵᠢᠭᠤᠯᠤᠨ ᠳᠠᠮᠵᠢᠵᠤ ᠬᠥᠲᠥᠯᠥᠨ | ᠵᠢᠯᠣᠭᠤᠳᠤᠨ᠎ᠠ ᠃ | ᠤᠷᠴᠢᠭᠤᠯᠤᠭᠴᠢ᠄ ᠼᠦᠢ ᠴᠢᠩ |