ᠯᠢᠶᠠᠩᠴᠧᠩ ᠰᠢᠶᠠᠨ ᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-11-28
     ᠯᠢᠶᠠᠩᠴᠧᠩ ᠰᠢᠶᠠᠨ ᠤ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ 2019 ᠤᠨ 2 ᠰᠠᠷ᠎ᠠ ᠶᠢᠨ 13 ᠤ ᠡᠳᠦᠷ ᠫᠠᠶᠢᠰᠠ ᠡᠯᠭᠦᠵᠦ᠂ 4 ᠰᠠᠷ᠎ᠠ ᠳᠤ ᠤᠤᠯ ᠤᠨ ᠠᠶᠤᠯᠭᠦᠶ  ᠤᠶᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠰᠠᠭᠤᠷᠢᠨ ᠳᠡᠭᠡᠷ᠎ᠡ ᠤᠤᠯ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠠᠮᠰᠢᠭ ᠠᠴᠠ ᠠᠪᠤᠷᠠᠬᠤ ᠡᠭᠦᠷᠭᠡ ᠴᠢᠳᠠᠪᠤᠷᠢ᠂ ᠤᠤᠯ ᠤᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠣᠢ ᠰᠢᠭᠤᠶ ᠶᠢᠨ ᠭᠠᠯ ᠤᠨᠲᠠᠷᠠᠭᠠᠬᠤ ᠡᠭᠦᠷᠭᠡ ᠴᠢᠳᠠᠪᠤᠷᠢ᠂ ᠤᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠭᠠᠵᠠᠷ ᠬᠥᠳᠡᠯᠦᠯᠲᠡ ᠶᠢᠨ ᠥᠷᠲᠡᠭᠡ ᠶᠢᠨ ᠡᠭᠦᠷᠭᠡ ᠴᠢᠳᠠᠪᠤᠷᠢ᠂ ᠤᠤᠯ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠡᠭᠦᠷᠭᠡ ᠴᠢᠳᠠᠪᠤᠷᠢ᠂ ᠤᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠡᠭᠦᠷᠭᠡ ᠴᠢᠳᠠᠪᠤᠷᠢ ᠶᠢ ᠨᠡᠶᠢᠯᠡᠭᠦᠯᠵᠦ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢ ᠪᠠᠶᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠴᠢᠳᠠᠪᠤᠷᠢ ᠪᠠ ᠠᠵᠢᠯᠲᠠᠨ ᠤ ᠬᠠᠷᠢᠶ᠎ᠠ ᠶᠢ ᠦᠨᠳᠦᠰᠦᠨ ᠳᠡᠭᠡᠨ ᠪᠡᠶᠡᠯᠡᠭᠦᠯᠪᠡ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠠᠶᠤᠯᠭᠦᠶ ᠤᠶᠢᠯᠡᠳᠪᠤᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠠᠵᠢᠯ ᠢ ᠵᠢᠯᠣᠭᠤᠳᠤᠨ᠎ᠠ︔ ᠠᠶᠤᠯ ᠦᠭᠡᠢ ᠤᠶᠢᠯᠡᠳᠪᠤᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠶ᠋ᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠠᠶᠤᠯ ᠦᠭᠡᠢ ᠤᠶᠢᠯᠡᠳᠪᠤᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠪᠦᠬᠦ ᠲᠠᠯ᠎ᠠ ᠳᠤ 73 ᠬᠥᠮᠦᠨ ᠲᠠᠢ᠂ ᠡᠭᠦᠨ ᠤ ᠳᠣᠲᠣᠷ᠎ᠠ ᠵᠢᠩᠬᠢᠨᠢ ᠨᠠᠮ ᠤᠨ ᠭᠡᠰᠢᠭᠦᠨ 35 ᠬᠥᠮᠦᠨ᠂ ᠪᠡᠯᠡᠳᠬᠡᠯ ᠨᠠᠮ ᠤᠨ ᠭᠡᠰᠢᠭᠦᠨ 2 ᠬᠥᠮᠦᠨ ᠪᠠᠶᠢᠨ᠎ᠠ᠃ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠭᠠᠬᠤ ᠶᠢᠨ ᠵᠢᠯᠣᠭᠤᠳᠤᠨ ᠲᠣᠬᠢᠷᠠᠭᠤᠯᠬᠤ ᠲᠥᠪ᠂ ᠭᠠᠯ ᠤᠨ ᠠᠶᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ ᠪᠣᠯᠤᠨ ᠦᠶᠡᠷ ᠰᠡᠷᠭᠡᠶᠢᠯᠡᠵᠦ ᠭᠠᠩ ᠲᠠᠢ ᠲᠡᠮᠡᠴᠡᠬᠦ ᠲᠠᠰᠤᠭ᠂ ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱᠢᠬᠦ ᠪᠠ ᠭᠠᠮᠰᠢᠭ ᠠᠴᠠ ᠠᠪᠤᠷᠠᠨ ᠲᠤᠰᠠᠯᠠᠬᠤ ᠲᠠᠰᠤᠭ᠂ ᠠᠶᠤᠯ ᠲᠠᠢ ᠬᠢᠮᠢ ᠶᠢᠨ ᠵᠤᠶᠢᠯ ᠳᠤ ᠬᠢᠨᠠᠯᠲᠠ ᠲᠠᠯᠪᠢᠵᠤ ᠬᠠᠮᠢᠶᠠᠷᠬᠤ ᠲᠠᠰᠤᠭ᠂ ᠠᠶᠤᠯ ᠦᠭᠡᠢ ᠤᠶᠢᠯᠡᠳᠪᠤᠷᠢᠯᠡᠯ ᠤᠨ ᠰᠠᠭᠤᠷᠢ ᠪᠣᠯᠤᠨ ᠶᠡᠷᠦᠩᠬᠡᠶᠢᠯᠡᠨ ᠵᠣᠬᠢᠴᠠᠭᠤᠯᠬᠤ ᠲᠠᠰᠤᠭ᠂ ᠶᠡᠷᠦᠩᠬᠡᠶᠢᠯᠡᠭᠰᠡᠨ ᠭᠠᠮᠰᠢᠭ ᠠᠴᠠ ᠠᠪᠤᠷᠠᠬᠤ ᠪᠠ ᠡᠳ᠋ ᠪᠠᠷᠠᠭ᠎ᠠ ᠶᠢᠨ ᠪᠠᠲᠤᠯᠠᠭ᠎ᠠ ᠶᠢᠨ ᠲᠠᠰᠤᠭ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠪᠣᠯᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ ᠵᠡᠷᠭᠡ ᠶᠢ ᠪᠠᠭᠲᠠᠭᠠᠭᠰᠠᠨ ᠨᠡᠶᠢᠲᠡ  ᠨᠠᠢᠮᠠᠨ ᠵᠤᠶᠢᠯ ᠤᠨ ᠲᠠᠰᠤᠭ ᠪᠠᠶᠢᠭᠤᠯᠪᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠣᠣᠷ᠎ᠠ ᠠᠶᠤᠯ ᠥᠬᠡᠶ ᠦᠢᠯᠡᠳᠪᠦᠷᠢᠯᠡᠯ ᠤᠨ ᠬᠠᠤᠯᠢ ᠬᠡᠷᠡᠭᠵᠢᠭᠦᠯᠬᠦ ᠶᠢ ᠬᠢᠨᠠᠨ ᠪᠠᠶᠢᠴᠠᠭᠠᠬᠤ ᠶᠡᠭᠡ ᠠᠩᠭᠢ᠂ ᠠᠶᠤᠯ ᠥᠬᠡᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠤᠨ ᠲᠥᠪ᠂ ᠪᠠᠴᠢᠮ  ᠪᠠᠶᠢᠳᠠᠯ ᠢ ᠠᠷᠭᠠᠴᠠᠭᠠᠬᠤ ᠦᠢᠯᠡᠴᠢᠯᠡᠭᠡᠨ ᠤ ᠲᠥᠪ ᠢ ᠪᠠᠭᠲᠠᠭᠠᠭᠰᠠᠨ ᠭᠤᠷᠪᠠᠨ ᠬᠤᠶᠠᠳᠤᠭᠠᠷ ᠳᠡᠰ ᠤᠨ ᠨᠢᠭᠡᠴᠡ   ᠲᠠᠢ᠃                                         ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2