ᠯᠢᠶᠠᠩᠴᠧᠩ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-11-29
    ᠯᠢᠶᠠᠩᠴᠧᠩ ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠪᠣᠯ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠯᠢᠶᠠᠩᠴᠧᠩ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠥᠪ ᠪᠣᠯᠤᠨ ᠲᠠᠷᠢᠶᠠᠯᠠᠬᠤ ᠮᠠᠯᠵᠢᠬᠤ ᠣᠷᠣᠨ ᠤ ᠬᠤᠷᠰᠢᠭᠰᠠᠨ ᠡᠮᠨᠡᠯᠭᠡ ᠶᠢᠨ ᠬᠠᠮᠢᠶᠠᠷᠤᠯᠲᠠ ᠶᠢᠨ ᠵᠥᠪᠯᠡᠯ ᠠᠴᠠ ᠰᠢᠯᠵᠢᠭᠦᠯᠦᠨ ᠬᠠᠷᠢᠶᠠᠯᠠᠭᠤᠯᠵᠤ᠂ ᠵᠠᠰᠠᠭ ᠵᠠᠬᠢᠷᠭᠠᠨ ᠤ ᠣᠷᠣᠨ ᠲᠤᠭ᠎ᠠ ᠶᠢ 7 ᠨᠡᠷ᠎ᠡ ᠬᠢᠨᠠᠨ ᠲᠣᠭᠲᠠᠭᠠᠵᠤ᠂ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢ 3 ᠨᠡᠷ᠎ᠡ ᠬᠢᠨᠠᠨ ᠲᠣᠭᠲᠠᠭᠠᠨ᠎ᠠ᠃ ᠣᠳᠣ 4 ᠲᠠᠰᠤᠭ ᠭᠠᠷᠭᠠᠵᠤ᠂ ᠲᠣᠰ ᠲᠣᠰ ᠠᠯᠪᠠᠨ ᠭᠡᠷ᠂ ᠡᠮᠴᠢᠯᠡᠭᠡᠨ ᠤ ᠪᠠᠲᠤᠯᠠᠭ᠎ᠠ ᠶᠢᠨ ᠲᠠᠰᠤᠭ᠂ ᠡᠮ ᠡᠮᠨᠡᠯᠭᠡ ᠶᠢᠨ ᠦᠨ᠎ᠡ ᠬᠠᠩᠰᠢ ᠬᠢᠭᠡᠳ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠠᠰᠤᠭ᠂ ᠰᠠᠭᠤᠷᠢ ᠮᠥᠩᠭᠦᠨ ᠤ ᠪᠠᠲᠤᠯᠠᠭ᠎ᠠ ᠶᠢᠨ ᠲᠠᠰᠤᠭ ᠪᠣᠯᠤᠨ᠎ᠠ᠃ ᠪᠣᠳᠠᠲᠠᠶ ᠠᠵᠢᠯᠯᠠᠵᠤ ᠪᠠᠶ᠋ᠭ᠎ᠠ ᠬᠥᠮᠦᠨ ᠤ ᠲᠤᠭ᠎ᠠ 44᠂ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠨ ᠤ ᠲᠤᠭ᠎ᠠ 4 ᠪᠣᠶ᠃     ᠲᠡᠭᠦᠨ ᠤ ᠭᠤᠤᠯ ᠲᠤᠰᠢᠶᠠᠯ ᠬᠠᠷᠢᠭᠤᠴᠠᠯᠭ᠎ᠠ᠄ ᠡᠮ ᠡᠮᠨᠡᠯᠭᠡ ᠶᠢᠨ ᠳᠠᠭᠠᠳᠬᠠᠯ᠂ ᠦᠷᠡᠵᠢᠯ ᠤᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠲᠤᠬᠠᠶ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ᠂ ᠲᠥᠯᠥᠪᠵᠢᠭᠦᠯᠭᠡ ᠶᠢ ᠰᠤᠳᠤᠯᠤᠨ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ︔ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠥᠰᠦᠪ ᠪᠠ ᠲᠥᠰᠦᠪ ᠤᠨ  ᠭᠦᠢᠴᠡᠳᠭᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠪᠠᠯᠠ ᠴᠤᠭᠯᠠᠭᠤᠯᠬᠤ ᠪᠠ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠦᠩᠭᠦᠶ ᠪᠠᠷ ᠲᠣᠬᠢᠷᠠᠭᠤᠯᠬᠤ ᠪᠠ ᠣᠷᠣᠨ ᠪᠦᠰᠡ ᠶᠢᠨ ᠲᠤᠬᠢᠷᠠᠭᠤᠯᠤᠨ ᠲᠡᠩᠴᠡᠭᠦᠷᠢᠰᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠬᠤᠲᠠ ᠬᠥᠳᠡᠭᠡ ᠶᠢᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠨᠢᠭᠡᠳᠦᠯᠲᠡᠶ ᠲᠥᠯᠥᠪᠯᠡᠵᠦ᠂ ᠪᠠᠯᠠ ᠴᠤᠭᠯᠠᠭᠤᠯᠬᠤ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠣᠯᠭᠤᠮᠵᠢ ᠶᠢ ᠪᠠᠶᠢᠭᠤᠯᠤᠨ ᠪᠦᠷᠢᠨᠰᠢᠭᠦᠯᠵᠦ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠬᠡᠷᠡᠭᠵᠢᠭᠦᠯᠦᠨ᠎ᠡ︔ ᠬᠤᠲᠠ ᠬᠥᠳᠡᠭᠡ ᠶᠢᠨ ᠨᠢᠭᠡᠳᠦᠯᠲᠡᠶ ᠡᠮ ᠤᠨ  ᠵᠤᠶᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠤᠶᠢᠯᠡᠴᠢᠯᠡᠭᠡᠨ ᠤ ᠲᠥᠷᠥᠯ  ᠵᠤᠶᠢᠯ᠂ ᠡᠮᠴᠢᠯᠡᠭᠡᠨ ᠤ ᠤᠶᠢᠯᠡᠴᠢᠯᠡᠭᠡᠨ ᠤ ᠪᠡᠯᠡᠳᠬᠡᠮᠵᠢ ᠵᠡᠷᠭᠡ ᠡᠮᠴᠢᠯᠡᠭᠡᠨ ᠤ ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠵᠣᠬᠢᠶᠠᠨ ᠪᠠᠶᠢᠭᠤᠯᠤᠨ  ᠨᠠᠶᠢᠳᠠᠪᠤᠷᠢᠵᠢᠭᠤᠯᠬᠤ᠂ ᠬᠥᠳᠡᠯᠦᠩᠭᠦᠶ ᠴᠠᠷ᠎ᠠ ᠶᠢ ᠪᠠᠶᠢᠭᠤᠯᠤᠨ᠂ ᠤᠯᠤᠰ ᠠᠴᠠ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠵᠥᠪᠰᠢᠶᠡᠷᠡᠨ ᠣᠷᠣᠭᠤᠯᠬᠤ ᠬᠡᠯᠡᠯᠴᠡᠭᠡᠷ ᠳᠦᠷᠢᠮ  ᠢ ᠲᠤᠤᠱᠯᠠᠭᠤᠯᠤᠨ ᠬᠡᠷᠡᠭᠵᠢᠭᠦᠯᠦᠨ᠎ᠡ︔ ᠤᠯᠤᠰ ᠠᠴᠠ ᠡᠮ ᠤᠨ  ᠵᠤᠶᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠡᠮᠴᠢᠯᠡᠭᠡᠨ ᠤ ᠳᠠᠭᠠᠳᠬᠠᠯ ᠤᠨ ᠲᠥᠯᠥᠬᠦ ᠡᠮ ᠡᠮᠨᠡᠯᠭᠡ ᠶᠢᠨ ᠤᠶᠢᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ ᠬᠥᠳᠡᠯᠦᠩᠭᠦᠶ ᠪᠠᠶᠢᠳᠠᠯ ᠢ ᠪᠤᠢ ᠪᠣᠯᠭᠠᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠨᠡᠶᠢᠭᠡᠮ ᠤᠨ ᠡᠮ ᠡᠮᠨᠡᠯᠭᠡ ᠶᠢᠨ ᠤᠶᠢᠯᠡᠴᠢᠯᠡᠭᠡᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠮᠡᠳᠡᠭᠡ ᠵᠠᠩᠭᠢ ᠶᠢ ᠬᠢᠨᠠᠨ ᠰᠢᠨᠵᠢᠬᠦ ᠪᠠ ᠮᠡᠳᠡᠭᠡ ᠵᠠᠩᠭᠢ ᠨᠡᠶᠢᠲᠡᠯᠡᠬᠦ ᠳᠦᠷᠢᠮ  ᠢ ᠪᠠᠶᠢᠭᠤᠯᠤᠨ᠎ᠠ︔ ᠲᠣᠭᠲᠠᠭᠰᠠᠨ ᠴᠢᠭ᠋ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠲᠣᠭᠠᠴᠠᠭ᠎ᠠ ᠬᠢᠬᠦ ᠬᠠᠮᠢᠶᠠᠷᠤᠯᠲᠠ ᠶᠢᠨ ᠠᠷᠭ᠎ᠠ ᠶᠢ ᠵᠣᠬᠢᠶᠠᠨ ᠪᠠᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ ᠦᠨᠡᠯᠡᠯᠲᠡ ᠶᠢᠨ ᠰᠢᠰᠲ᠋ᠧᠮᠵᠢ ᠶᠢ  ᠪᠠᠶᠢᠭᠤᠯᠤᠨ ᠪᠦᠷᠢᠨᠰᠢᠬᠦᠯᠵᠦ᠂ ᠡᠮᠴᠢᠯᠡᠭᠡᠨ ᠤ ᠳᠠᠭᠠᠳᠬᠠᠯ ᠤᠨ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠤᠶᠢᠯᠡᠴᠢᠯᠡᠭᠡᠨ ᠤ ᠦᠢᠯᠡ ᠠᠵᠢᠯᠯᠠᠭ᠎ᠠ ᠪᠠ ᠡᠮᠴᠢᠯᠡᠭᠡᠨ ᠤ ᠵᠠᠷᠤᠳᠠᠯ ᠳᠤ ᠬᠢᠨᠠᠯᠲᠠ ᠲᠠᠯᠪᠢᠨ ᠬᠠᠮᠢᠶᠠᠷᠴᠤ᠂ ᠡᠮᠴᠢᠯᠡᠭᠡᠨ ᠤ ᠪᠠᠲᠤᠯᠠᠭ᠎ᠠ ᠶᠢᠨ ᠬᠦᠷᠢᠶ᠎ᠡ ᠴᠠᠷᠠᠭ᠎ᠠ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠪᠠᠢᠴᠠᠭᠠᠨ  ᠰᠢᠢᠳᠪᠤᠷᠢᠯᠡᠨ᠎ᠡ︔ ᠡᠮ ᠤᠨ  ᠵᠤᠶᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠢ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮ ᠤᠨ  ᠵᠤᠶᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ ᠠᠪᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ︔ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ  ᠭᠦᠢᠴᠡᠳᠭᠡᠬᠦ ᠬᠠᠮᠢᠶᠠᠷᠤᠯᠲᠠ ᠪᠠ ᠣᠯᠠᠨ ᠨᠡᠶᠢᠲᠡ ᠶᠢᠨ  ᠤᠶᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠠᠷᠢᠭᠤᠴᠠᠨ᠎ᠠ︔ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ  ᠢ ᠬᠠᠮᠢᠶᠠᠷᠬᠤ ᠪᠠ ᠵᠠᠷᠤᠳᠠᠯ  ᠢ ᠳ᠋ᠦᠩᠨᠡᠨ ᠪᠣᠳᠣᠬᠤ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠬᠤᠯᠪᠣᠭᠳᠠᠯ ᠪᠦᠬᠦᠢ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠴᠢᠯᠡᠭᠡᠨ ᠤ ᠪᠠᠲᠤᠯᠠᠭ᠎ᠠ ᠶᠢᠨ ᠬᠥᠳᠡᠯᠦᠩᠭᠦᠶ ᠪᠠᠶᠢᠳᠠᠯ ᠢ ᠪᠠᠶᠢᠭᠤᠯᠤᠨ ᠪᠦᠷᠢᠨᠰᠢᠭᠦᠯᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠪᠠᠶᠢᠩᠭᠤᠵᠢᠭᠤᠯᠬᠤ ᠶᠢ ᠲᠦᠯᠬᠢᠨ ᠠᠬᠢᠭᠤᠯᠤᠨ᠎ᠠ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠬᠦ ᠬᠡᠷᠡᠭᠲᠡᠶ᠃                                     ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2