ᠢᠦᠢ ᠱᠦᠢ ᠮᠢᠩ
ᠨᠡᠶᠢᠲᠡᠯᠡᠭᠰᠡᠨ ᠴᠠᠭ᠄
2019/11/30
     ᠢᠦᠢ ᠱᠦᠢ ᠮᠢᠩ᠂ ᠡᠷᠡᠭᠲᠡᠢ᠂ ᠬᠢᠲᠠᠳ ᠦᠨᠳᠦᠰᠦᠲᠡᠨ᠂ 1967 ᠣᠨ ᠤ 9 ᠰᠠᠷ᠎ᠠ ᠳᠤ ᠲᠦᠷᠦᠵᠠᠢ᠂ ᠯᠢᠶᠠᠩᠴᠧᠩ ᠰᠢᠶᠠᠨ ᠤ ᠬᠥᠮᠦᠨ᠃ 1989 ᠣᠨ ᠤ 8 ᠰᠠᠷ᠎ᠠ ᠳᠤ ᠠᠵᠢᠯ ᠳᠤ ᠣᠷᠣᠵᠤ᠂ 1993 ᠣᠨ ᠤ 3 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ︔ 1989 ᠣᠨ ᠤ 7 ᠰᠠᠷ᠎ᠠ ᠳᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠲᠠᠷᠢᠶᠠᠯᠠᠩ ᠤᠨ ᠤᠬᠠᠭᠠᠨ ᠤ ᠪᠠᠭᠰᠢ ᠶᠢᠨ ᠲᠤᠰᠬᠠᠢ ᠮᠡᠷᠭᠡᠵᠢᠯ ᠠᠴᠠ ᠲᠡᠭᠦᠰᠪᠡ᠃ ᠪᠦᠬᠦᠯᠢ ᠡᠳᠦᠷ ᠤᠨ ᠳᠦᠷᠢᠮᠲᠦ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ 2012᠎ ᠤᠨ 1 ᠰᠠᠷ᠎ᠠ  ᠳᠤ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠶ ᠮᠡᠷᠭᠡᠵᠢᠯ ᠠᠴᠠ ᠲᠡᠭᠦᠰᠴᠡᠶ᠂ ᠠᠵᠢᠯ ᠳᠤ  ᠪᠠᠶᠢᠭ᠎ᠠ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠃ ᠤᠳᠤ ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠎ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠨ᠎ᠠ᠃ 1987.09 — 1989.07 ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠲᠠᠷᠢᠶᠠᠯᠠᠩ  ᠤᠨ ᠤᠬᠠᠭᠠᠨ ᠤ ᠪᠠᠭᠰᠢ ᠶᠢᠨ ᠲᠤᠰᠬᠠᠢ ᠮᠡᠷᠭᠡᠵᠢᠯ ᠳᠤ ᠰᠤᠷᠤᠯᠴᠠᠪᠠ 1989.07 — 1989.08  ᠠᠵᠢᠯ ᠬᠤᠪᠢᠶᠠᠬᠤ ᠶᠢ ᠬᠦᠯᠢᠶᠡᠪᠡ1989.08 — 1990.10 ᠯᠢᠶᠠᠩᠴᠧᠩ ᠰᠢᠶᠠᠨ ᠤ ᠲᠠᠷᠢᠶᠠᠯᠠᠩ ᠤᠨ ᠲᠣᠪᠴᠢᠶᠠᠨ ᠤ ᠭᠤᠷᠪᠠ ᠶᠢ ᠤᠶᠠᠯᠳᠤᠭᠤᠯᠤᠭᠰᠠᠨ ᠲᠥᠪ ᠮᠡᠷᠭᠡᠵᠢᠯᠲᠡᠨ 1990.10 — 1994.12 ᠯᠢᠶᠠᠩᠴᠧᠩ ᠰᠢᠶᠠᠨ ᠤ ᠤᠤᠯ ᠤᠨ ᠯᠢᠦ ᠵᠢᠶᠠ ᠶᠣᠣ ᠰᠢᠶᠠᠩ ᠤᠨ ᠨᠠᠮ ᠤᠨ ᠬᠤᠷᠢᠶᠠᠨ ᠤ  ᠨᠠᠷᠢᠨ ᠪᠢᠴᠢᠭᠡᠴᠢ 1994.12 — 1995.10 ᠯᠢᠶᠠᠩᠴᠧᠩ ᠰᠢᠶᠠᠨ ᠤ ᠤᠤᠯ ᠤᠨ ᠯᠢᠦ ᠵᠢᠶᠠ ᠶᠣᠣ ᠰᠢᠶᠠᠩ ᠤᠨ ᠳᠡᠳ᠋  ᠡᠷᠬᠢᠯᠡᠭᠴᠢ ᠶᠢᠨ ᠭᠡᠰᠢᠭᠦᠴᠢ 1995.10 — 2000.03 ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠠᠯᠪᠠᠨ ᠭᠡᠷ ᠤᠨ ᠡᠷᠬᠢᠯᠡᠭᠴᠢ2000.03 — 2002.08 ᠤᠯᠠᠭᠠᠨᠴᠠᠪ ᠬᠤᠳᠠ ᠶᠢᠨ ᠡᠳᠦᠷ ᠤᠨ ᠰᠣᠨᠢᠨ ᠤ ᠯᠢᠶᠠᠩᠴᠧᠩ ᠬᠤᠳᠠ ᠳᠤ ᠰᠠᠭᠤᠭ᠎ᠠ ᠰᠤᠷᠪᠤᠯᠵᠢᠯᠠᠭᠴᠢ ᠶᠢᠨ ᠦᠷᠳᠡᠭᠡ ᠶᠢᠨ ᠳᠠᠷᠤᠭ᠎ᠠ 2002.08 — 2004.03 ᠯᠢᠶᠠᠩᠴᠧᠩ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ 2004.03 — 2005.11 ᠯᠢᠶᠠᠩᠴᠧᠩ ᠰᠢᠶᠠᠨ ᠤ ᠤᠤᠯ ᠤᠨ ᠲᠣᠭᠤᠷᠢᠭ ᠤᠨ ᠰᠢᠶᠠᠩ ᠬᠤᠸᠠᠩ ᠳ᠋ᠢ ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ 2005.11 — 2008.02 ᠯᠢᠶᠠᠩᠴᠧᠩ ᠰᠢᠶᠠᠨ ᠤ  ᠮᠠᠩᠬᠠᠨ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ 1987.09 — 1989.07 ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠳᠡᠭᠡᠳᠦ ᠰᠤᠷᠭᠠᠭᠤᠯᠢ ᠶᠢᠨ ᠲᠠᠷᠢᠶᠠᠯᠠᠩ  ᠤᠨ ᠤᠬᠠᠭᠠᠨ ᠤ ᠪᠠᠭᠰᠢ ᠶᠢᠨ ᠲᠤᠰᠬᠠᠢ ᠮᠡᠷᠭᠡᠵᠢᠯ ᠳᠤ ᠰᠤᠷᠤᠯᠴᠠᠪᠠ 2008.02 — 2013.02 ᠯᠢᠶᠠᠩᠴᠧᠩ ᠰᠢᠶᠠᠨ ᠤ ᠮᠠᠩᠬᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ ︵ᠡᠨᠡ  ᠬᠤᠭᠤᠴᠠᠭᠠᠨ ᠳᠤ᠄ 2009.09 — 2012.01 ᠥᠪᠥᠷ ᠮᠣᠩᠭᠤᠯ ᠤᠨ ᠨᠠᠮ ᠤᠨ ᠰᠤᠷᠭᠠᠭᠤᠯᠢ ᠳᠤ ᠣᠯᠠᠨ ᠨᠡᠶᠢᠲᠡ ᠶᠢᠨ ᠬᠠᠮᠢᠶᠠᠷᠤᠯᠲᠠ ᠶᠢᠨ ᠰᠤᠳᠤᠯᠬᠤ ᠰᠣᠷᠣᠭᠴᠢ ᠶᠢᠨ ᠠᠩᠭᠢ ᠳᠤ  ᠰᠤᠷᠤᠯᠴᠠᠪᠠ︶ 2013.02 — 2016.03 ᠯᠢᠶᠠᠩᠴᠧᠩ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ 2016.03 — 2020.01 ᠯᠢᠶᠠᠩᠴᠧᠩ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ 2020.01 — 2020.04 ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ 2020.04 — 2020.07 ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ᠂ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ 2020.07 —     ᠯᠢᠶᠠᠩᠴᠧᠩ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ  ᠃
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2