ᠰᠢᠦᠸᠠᠨ ᠳ᠋ᠧ ᠨᠡᠶᠢᠭᠡᠮ ᠲᠣᠭᠤᠷᠢᠭ᠄ ᠠᠷᠠᠳ ᠤᠨ ᠳᠠᠭᠤᠨ ᠢ ᠰᠣᠨᠣᠰᠴᠤ ᠠᠷᠠᠳ ᠤᠨ ᠰᠠᠨᠠᠭ᠎ᠠ ᠶᠢ ᠣᠶᠢᠯᠠᠭᠠᠵᠤ ᠠᠷᠠᠳ ᠤᠨ ᠵᠣᠪᠠᠨᠢᠯ ᠢ ᠲᠠᠶᠢᠯᠵᠤ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2019-11-07
 ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠰᠢᠦᠸᠠᠨ ᠤ ᠳ᠋ᠧ ᠨᠡᠶᠢᠭᠡᠮ ᠲᠣᠭᠤᠷᠢᠭ ᠠᠷᠠᠳ ᠤᠨ ᠰᠠᠨᠠᠭ᠎ᠠ ᠶᠢ ᠰᠣᠨᠣᠰᠴᠤ᠂ ᠠᠷᠠᠳ ᠤᠨ ᠵᠣᠪᠠᠨᠢᠯ ᠢ ᠲᠠᠶᠢᠯᠵᠤ᠂ ᠰᠠᠶᠢᠨ ᠶᠠᠪᠤᠳᠠᠯ ᠬᠢᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠤᠯ ᠰᠡᠳᠦᠪᠲᠦ ᠬᠥᠮᠦᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃     ᠭᠡᠷ ᠪᠦᠯᠢ ᠨᠢᠭᠡᠪᠦᠷᠢ ᠳᠤ ᠠᠪᠴᠤ ᠬᠡᠯᠡᠪᠡᠯ᠂ ᠣᠷᠣᠨ ᠰᠠᠭᠤᠴᠠ ᠲᠠᠢ ᠪᠣᠯ ᠳᠠᠷᠤᠶ ᠭᠡᠷ ᠲᠠᠢ᠃ ᠬᠤᠲᠠ ᠳᠤ ᠬᠦᠴᠢᠷᠳᠡᠯᠲᠡᠶ ᠣᠯᠠᠨ ᠲᠦᠮᠡᠨ᠂ ᠣᠷᠣᠯᠭ᠎ᠠ ᠪᠠᠭᠠᠲᠠᠶ ᠬᠠᠮᠲᠤᠯᠢᠭ ᠲᠤ ᠠᠪᠴᠤ ᠬᠡᠯᠡᠪᠡᠯ᠂ ᠨᠢᠭᠡᠨ ᠢᠵᠢ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠨᠢ ᠳᠠᠷᠤᠶ ᠬᠦᠴᠢᠷᠳᠡᠯᠲᠡᠶ ᠣᠯᠠᠨ ᠲᠦᠮᠡᠨ ᠤ ᠠᠮᠤᠷ ᠲᠠᠶᠢᠪᠤᠩ ᠣᠷᠣᠰᠢᠨ ᠰᠠᠭᠤᠬᠤ ᠬᠦᠰᠡᠯ ᠢ ᠪᠡᠶᠡᠯᠡᠭᠦᠯᠵᠦ ᠴᠢᠳᠠᠨ᠎ᠠ᠃    ᠶᠠᠳᠠᠭᠤ ᠬᠦᠴᠢᠷᠳᠡᠯᠲᠡᠶ ᠡᠷᠦᠬᠡ ᠯᠢ ᠭᠤᠸᠠᠩ ᠬᠤᠢ᠂ ᠨᠢᠭᠡ ᠬᠥᠮᠦᠨ ᠬᠤᠶᠠᠷ ᠬᠡᠤᠬᠡᠳ ᠪᠣᠯᠤᠨ ᠨᠠᠰᠤᠲᠠᠶ ᠡᠵᠢ ᠪᠠᠨ ᠳᠠᠭᠠᠭᠤᠯᠤᠨ 30 ᠲᠡᠭᠰᠢ ᠳᠥᠷᠪᠡᠯᠵᠢᠨ ᠮᠧᠲᠷ ᠬᠦᠷᠬᠦ ᠦᠭᠡᠢ ᠲᠦᠷᠢᠶᠡᠰᠦᠨ ᠭᠡᠷ ᠲᠤ ᠰᠠᠭᠤᠵᠤ᠂ ᠭᠡᠷ ᠪᠠᠶᠢᠰᠢᠩ ᠨᠢ ᠬᠤᠪ ᠬᠤᠭᠤᠰᠣᠨ ᠪᠠᠶᠢᠯ᠎ᠠ᠃ ᠰᠢᠦᠸᠠᠨ  ᠳ᠋ᠧ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠭᠤᠤᠯ ᠰᠡᠳᠦᠪᠲᠦ ᠬᠥᠮᠦᠵᠢᠯ ᠬᠢᠵᠦ ᠠᠰᠠᠭᠤᠳᠠᠯ ᠢ ᠪᠠᠶᠢᠴᠠᠭᠠᠨ ᠦᠵᠡᠬᠦ ᠶᠠᠪᠤᠴᠠ ᠳᠤ ᠰᠤᠷᠪᠤᠯᠵᠢᠯᠠᠨ ᠪᠠᠶᠢᠴᠠᠭᠠᠵᠤ᠂ ᠪᠤᠰᠤᠳ ᠤᠨ ᠭᠡᠷ ᠪᠦᠯᠢ ᠶᠢᠨ ᠪᠣᠳᠠᠲᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠬᠢᠮᠳᠠ ᠲᠦᠷᠢᠶᠡᠰᠦᠨ ᠣᠷᠣᠨ ᠰᠠᠭᠤᠴᠠ ᠭᠤᠶᠤᠴᠢᠯᠠᠵᠤ᠂ ᠲᠡᠳᠡᠨ ᠢ ᠠᠮᠤᠷ ᠲᠦᠪᠰᠢᠨ ᠲᠠᠭᠠᠯᠠᠮᠵᠢᠲᠠᠶ ᠰᠠᠭᠤᠯᠭᠠᠵᠠᠶ᠃ ᠯᠢ ᠭᠤᠸᠠᠩ ᠬᠤᠢ ᠰᠤᠷᠪᠤᠯᠵᠢᠯᠠᠭᠴᠢ ᠳᠤ ᠬᠡᠯᠡᠭᠰᠡᠨ ᠨᠢ᠄ ︽ᠨᠡᠶᠢᠭᠡᠮ ᠲᠣᠭᠤᠷᠢᠭ ᠤᠨ ᠠᠵᠢᠯᠲᠠᠨ ᠦᠷᠭᠦᠯᠵᠢ ᠮᠠᠨ ᠤ ᠭᠡᠷ ᠲᠤ ᠢᠷᠡᠵᠦ ᠪᠠᠶᠢᠳᠠᠯ ᠢ  ᠤᠶᠢᠯᠠᠭᠠᠨ᠎ᠠ᠂ ᠮᠢᠨᠦ ᠠᠮᠢᠳᠤᠷᠠᠯ ᠬᠦᠴᠢᠷᠲᠡᠶ ᠭᠡᠳᠡᠭ ᠢ ᠮᠡᠳᠡᠨ᠎ᠡ᠂ ᠮᠢᠨᠦ ᠳᠥᠷᠪᠡᠨ ᠠᠮᠠ ᠬᠥᠮᠦᠨ ᠨᠢᠭᠡ ᠭᠡᠷ ᠲᠤ ᠰᠠᠭᠤᠵᠤ  ᠪᠠᠶᠢᠬᠤ ᠶᠢ ᠣᠯᠵᠤ  ᠬᠠᠷᠠᠪᠠ᠂ ᠨᠠᠮ᠎ᠠ ᠶᠢ ᠬᠢᠮᠳᠠ ᠲᠦᠷᠢᠶᠡᠰᠦᠲᠦ ᠣᠷᠣᠨ ᠰᠠᠭᠤᠴᠠ ᠭᠤᠶᠤᠴᠢᠯᠠᠬᠤ ᠶᠢ ᠰᠠᠨᠠᠭᠤᠯᠵᠤ  ᠂ ᠪᠢ ᠭᠤᠶᠤᠴᠢᠯᠠᠯ ᠪᠢᠴᠢᠵᠦ᠂ ᠨᠢᠭᠡᠨᠲᠡ ᠬᠢᠨᠠᠨ ᠬᠠᠷᠭᠤᠭᠤᠯᠤᠭᠠᠳ ᠬᠢᠷᠢ ᠲᠡᠩᠴᠡᠵᠡᠶ᠂ ᠪᠠᠷᠤᠭ ᠵᠢᠯ ᠤᠨ ᠡᠴᠦᠰ ᠠᠴᠠ ᠡᠮᠦᠨ᠎ᠡ ᠬᠢᠮᠳᠠ ᠲᠦᠷᠢᠶᠡᠰᠦᠲᠦ ᠣᠷᠣᠨ ᠰᠠᠭᠤᠴᠠ ᠳᠤ ᠰᠠᠭᠤᠬᠤ ᠮᠠᠭᠠᠳ ᠦᠭᠡᠢ  ᠃     ᠰᠢᠦᠸᠠᠨ ᠳ᠋ᠧ ᠨᠡᠶᠢᠭᠡᠮ ᠲᠣᠭᠤᠷᠢᠭ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠳᠤᠮᠳᠠ᠂ ︽1 + 1 + x︾ ᠤᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ 4  ᠲᠤᠭᠤᠶᠢᠯᠠᠩ ᠬᠤᠪᠢᠶᠠᠵᠤ ᠲᠣᠰ ᠲᠣᠰ ᠬᠠᠷᠢᠶ᠎ᠠ ᠣᠷᠣᠨ ᠳᠠᠬᠢ ᠬᠦᠴᠢᠷᠳᠡᠯᠲᠡᠶ ᠨᠠᠮ ᠤᠨ ᠭᠡᠰᠢᠭᠦᠨ᠂ ᠵᠡᠮᠳᠡᠭᠴᠦᠳ᠂ ᠴᠡᠷᠢᠭ ᠠᠴᠠ ᠬᠠᠯᠠᠭᠳᠠᠭᠰᠠᠳ ᠢ ᠡᠷᠭᠢᠨ ᠦᠵᠡᠵᠦ ᠲᠣᠬᠤᠨᠢᠭᠤᠯᠤᠨ᠂ ᠲᠡᠳᠡᠨ ᠤ ᠰᠡᠳᠬᠢᠯ ᠤᠨ ᠳᠠᠭᠤᠨ ᠢ ᠰᠣᠨᠣᠰᠴᠤ᠂ 20 ᠭᠠᠷᠤᠶ ᠶᠠᠳᠠᠭᠤ ᠬᠦᠴᠢᠷᠳᠡᠯᠲᠡᠶ ᠡᠷᠦᠬᠡ ᠳᠤ ᠬᠢᠮᠳᠠ ᠲᠦᠷᠢᠶᠡᠰᠦᠨ ᠣᠷᠣᠨ ᠰᠠᠭᠤᠴᠠ ᠭᠤᠶᠤᠴᠢᠯᠠᠨ ᠥᠭᠴᠦ᠂ ᠲᠡᠳᠡᠨ ᠢ ᠬᠠᠪᠰᠤᠷᠤᠨ ᠪᠠᠴᠢᠮ ᠪᠠᠶᠢᠳᠠᠯ ᠢ ᠨᠢ  ᠰᠢᠢᠳᠪᠤᠷᠢᠯᠡᠵᠦ ᠥᠭᠬᠦ ᠪᠠᠷ ᠴᠢᠷᠮᠠᠶᠢᠵᠤ᠂ ᠲᠡᠳᠡᠨ ᠢ ᠰᠠᠭᠤᠬᠤ ᠭᠡᠷ ᠲᠠᠢ ᠪᠣᠯᠭᠠᠬᠤ ᠪᠠᠷ ᠪᠠᠷᠠᠬᠤ ᠦᠭᠡᠢ ᠪᠠᠰᠠ ᠲᠡᠳᠡᠨ ᠤ ᠠᠮᠤᠷ ᠲᠠᠶᠢᠪᠤᠩ ᠣᠷᠣᠰᠢᠨ ᠰᠠᠭᠤᠬᠤ ᠬᠦᠰᠡᠯ ᠵᠡᠭᠦᠳᠦ ᠶᠢ ᠲᠡᠷᠭᠡᠯᠰᠢᠭᠦᠯᠬᠦ ᠬᠡᠷᠡᠭᠲᠡᠶ᠃ ︵ᠰᠤᠷᠪᠤᠯᠵᠢᠯᠠᠭᠴᠢ᠄ ᠸᠠᠩ ᠪᠢᠨ   ᠯᠢ ᠰᠢᠶᠣᠤ ᠬᠤᠢ︶                                                                                                      ᠨᠠᠶᠢᠷᠠᠭᠤᠯᠤᠭᠴᠢ᠄ ᠭᠦᠸᠧ ᠬᠤᠩ ᠰᠢᠶᠠ                                      ᠤᠷᠴᠢᠭᠤᠯᠤᠭᠴᠢ᠄ ᠼᠦᠢ ᠴᠢᠩ                                      ᠬᠢᠨᠠᠭᠴᠢ᠄ ᠶᠠᠩ  ᠸᠧᠨ ᠵᠢᠶᠦ᠋ᠨ    ᠯᠢ ᠵᠢᠶᠠᠨ ᠹᠠᠩ                                                     ᠭᠤᠤ ᠸᠧᠶ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2