ᠠᠵᠢᠯ  ᠤᠯᠭᠤᠬᠤ  ᠲᠣᠪᠴᠢᠶ᠎ᠠ ᠠᠵᠤ  ᠠᠬᠤᠶᠢᠯᠠᠯ ᠳᠤ ᠬᠦᠴᠦᠨ ᠨᠡᠮᠡᠷᠢᠯᠡᠵᠦ  ᠭᠦᠢᠴᠡᠳ‌ᠠᠵᠢᠯ ᠣᠯᠭᠤᠯᠲᠠ ᠶᠢ ᠠᠬᠢᠭᠤᠯᠪᠠ
ᠨᠡᠶᠢᠲᠡᠯᠡᠭᠰᠡᠨ ᠴᠠᠭ᠄
2019-11-07
   ᠲᠣᠭᠲᠠᠭᠤᠨ ᠪᠠᠶᠢᠯᠭᠠᠬᠤ ᠪᠠ ᠠᠵᠢᠯ ᠣᠯᠭᠤᠯᠲᠠ ᠶᠢ ᠥᠷᠭᠡᠳᠬᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠤᠨᠢᠨ ᠳᠡᠭᠡᠷ᠎ᠡ ᠨᠢ ᠵᠣᠯᠭᠠᠭᠤᠯᠵᠤ᠂ ᠠᠵᠢᠯ ᠣᠯᠬᠤ ᠬᠦᠰᠡᠯ ᠡᠷᠡᠮᠡᠯᠵᠡᠯ ᠲᠠᠢ ᠬᠥᠳᠡᠯᠮᠦᠷᠢᠯᠡᠭᠴᠢᠳ ᠢ ᠪᠦᠬᠦ ᠬᠦᠴᠦᠨ ᠢᠶᠠᠷ ᠢᠶᠠᠨ ᠬᠠᠪᠰᠤᠷᠴᠤ ᠠᠵᠢᠯ ᠣᠯᠭᠤᠯᠲᠠ ᠶᠢ ᠨᠢ ᠲᠦᠷᠭᠡᠨ ᠪᠡᠶᠡᠯᠡᠭᠦᠯᠬᠦ ᠶᠢᠨ ᠬᠠᠮᠲᠤ ᠠᠵᠤ ᠠᠬᠤᠶᠢᠯᠠᠯ ᠪᠣᠯᠤᠨ ᠠᠵᠢᠯ ᠡᠷᠢᠭᠰᠡᠳ ᠲᠤ ᠬᠠᠩᠭᠠᠯᠭ᠎ᠠ ᠬᠡᠷᠡᠭᠴᠡᠭᠡ ᠶᠢᠨ ᠲᠠᠪᠴᠠᠩ  ᠢ ᠪᠠᠶᠢᠭᠤᠯᠵᠤ ᠥᠭᠬᠦ ᠶᠢᠨ ᠲᠥᠯᠥᠭᠡ᠂ 11 ᠰᠠᠷ᠎ᠠ ᠶᠢᠨ 5 ᠤ ᠡᠳᠦᠷ᠂ ᠰᠢᠶᠠᠨ ᠤ ᠠᠵᠢᠯ ᠣᠯᠭᠤᠯᠲᠠ ᠶᠢᠨ ᠲᠣᠪᠴᠢᠶ᠎ᠠ ᠥᠪᠥᠷ ᠮᠣᠩᠭᠤᠯ ᠤᠨ  ᠸᠠᠩ ᠰᠢᠩ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠲᠤᠬᠠᠶ ᠶᠢᠨ ᠲᠠᠯᠠᠪᠠᠢ ᠶᠢᠨ ᠠᠵᠢᠯᠲᠠᠨ ᠡᠯᠰᠡᠬᠦ ᠨᠢᠭᠤᠷᠳᠠᠨ ᠰᠢᠯᠭᠠᠬᠤ ᠬᠤᠷᠠᠯ ᠬᠢᠵᠡᠶ᠃    ᠠᠵᠢᠯᠲᠠᠨ ᠡᠯᠰᠡᠬᠦ ᠲᠤᠬᠠᠢ ᠶᠢᠨ ᠲᠠᠯᠠᠪᠤᠷ᠂ ᠬᠥᠮᠦᠨ ᠬᠠᠷ᠎ᠠ ᠤᠯᠠᠨ ᠴᠤᠭᠯᠠᠷᠠᠵᠠᠢ᠃ ᠠᠰᠠᠭᠤᠨ ᠯᠠᠪᠯᠠᠬᠤ᠂ ᠬᠦᠰᠦᠨᠦᠭ ᠲᠠᠭᠯᠠᠬᠤ ᠪᠠᠷ ᠢᠷᠡᠭᠰᠡᠨ ᠠᠵᠢᠯ ᠡᠷᠢᠭᠰᠡᠳ ᠲᠠᠰᠤᠷᠠᠯᠲᠠ ᠦᠭᠡᠢ ᠴᠤᠪᠤᠷᠠᠯᠳᠤᠨ᠎ᠠ᠃ ᠲᠣᠰ ᠤᠳᠠᠭᠠᠨ ᠤ ᠤᠷᠢᠭᠳᠠᠭᠰᠠᠨ ᠬᠥᠮᠦᠰ ᠤᠨ ᠵᠣᠩᠬᠢᠯᠠᠬᠤ ᠣᠯᠠᠩᠬᠢ ᠨᠢ ᠨᠤᠲᠤᠭ ᠲᠠᠭᠠᠨ ᠪᠤᠴᠠᠭᠰᠠᠨ ᠬᠥᠯᠥᠰᠥᠨ ᠠᠵᠢᠯᠴᠢᠨ᠂ ᠶᠡᠭᠡ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠵᠢᠴᠢ ᠶᠠᠳᠠᠭᠤ ᠬᠦᠴᠢᠷᠳᠡᠯᠲᠡᠶ ᠭᠡᠷ ᠪᠦᠯᠢ ᠶᠢᠨ ᠬᠥᠳᠡᠯᠮᠦᠷᠢᠴᠢᠳ ᠪᠣᠯᠤᠨ᠎ᠠ᠃ 31 ᠨᠠᠰᠤᠲᠠᠶ ᠣᠶᠤᠲᠠᠨ ᠯᠢᠦ ᠾᠧ ᠪᠠᠰᠠ ᠲᠡᠭᠦᠨ ᠤ ᠳᠣᠲᠣᠷ᠎ᠠ ᠪᠠᠶᠢᠪᠠ᠂ ᠲᠡᠷᠡ 2009 ᠣᠨ ᠳᠤ ᠥᠪᠥᠷ ᠮᠣᠩᠭᠤᠯ ᠤᠨ ᠢᠨᠵᠧᠨᠧᠷᠢᠩ ᠤᠨ  ᠲᠡᠭᠡᠳᠦ ᠰᠤᠷᠭᠠᠭᠤᠯᠢ ᠠᠴᠠ ᠲᠡᠭᠦᠰᠴᠦ᠂ ᠲᠡᠭᠦᠨ ᠤ ᠰᠣᠷᠣᠭᠰᠠᠨ ᠲᠤᠰᠬᠠᠶ ᠮᠡᠷᠭᠡᠵᠢᠯ ᠨᠢ ᠴᠢᠯᠠᠭᠤᠯᠢᠭ ᠤᠨ ᠠᠭᠤᠷᠬᠠᠢ ᠶᠢᠨ ᠵᠠᠳᠠᠯᠤᠯᠲᠠ ᠪᠠ ᠴᠢᠪᠠᠭ᠎ᠠ ᠪᠠᠶᠢᠵᠤ᠂ ᠭᠡᠷ ᠤᠨ ᠡᠭᠦᠳᠡᠨ ᠳᠤ ᠠᠵᠢᠯ ᠣᠯᠵᠤ  ᠲᠡᠶᠢᠯᠬᠦ ᠪᠥᠭᠡᠳ ᠲᠤᠰᠬᠠᠶ ᠮᠡᠷᠭᠡᠵᠢᠯ ᠤᠨ ᠠᠵᠢᠯ ᠬᠢᠬᠦ ᠨᠢ ᠲᠡᠭᠦᠨ ᠤ ᠬᠦᠰᠡᠯ ᠡᠷᠡᠮᠡᠯᠵᠡᠯ ᠪᠣᠯᠤᠭᠰᠠᠭᠠᠷ ᠢᠷᠡᠵᠡᠢ᠃ ᠲᠡᠷᠡ ᠰᠤᠷᠪᠤᠯᠵᠢᠯᠠᠭᠴᠢ ᠳᠤ ᠬᠡᠯᠡᠭᠰᠡᠨ ᠨᠢ᠄ ︽ᠪᠢ ᠶᠡᠷᠦ ᠨᠢ ᠭᠠᠳᠠᠨ᠎ᠠ ᠬᠥᠯᠥᠰᠥᠨ ᠠᠵᠢᠯ ᠬᠢᠵᠦ  ᠪᠠᠶᠢᠪᠠ᠂  ᠸᠠᠩ ᠰᠢᠩ ᠠᠵᠤ ᠠᠬᠤᠶᠢᠯᠠᠯ ᠤᠨ ᠰᠢᠯᠭᠠᠨ ᠪᠠᠶᠢᠴᠠᠭᠠᠭᠴᠢ ᠡᠯᠰᠡᠬᠦ ᠶᠢ ᠣᠯᠵᠤ ᠦᠵᠡᠭᠡᠳ᠂ ᠶᠠᠭ ᠰᠠᠶᠢᠬᠠᠨ ᠮᠢᠨᠦ ᠲᠤᠰᠬᠠᠶ ᠮᠡᠷᠭᠡᠵᠢᠯ ᠳᠠᠭᠠᠷᠠᠵᠤ  ᠪᠠᠶᠢᠨ᠎ᠠ᠂ ᠲᠡᠭᠡᠭᠡᠳ ᠪᠢ ᠢᠷᠡᠵᠦ ᠠᠵᠢᠯ ᠡᠷᠢᠵᠦ  ᠪᠠᠶᠢᠨ᠎ᠠ ᠭᠡᠪᠡ᠃     ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠢᠵᠤ ᠡᠯᠰᠡᠬᠦ ᠬᠤᠷᠠᠯ ᠤᠨ ᠠᠵᠢᠯ  ᠤᠨ ᠪᠠᠶᠢᠷᠢ ᠳᠤ ᠭᠤᠤᠯᠳᠠᠭᠤ ᠡᠩ ᠤᠨ ᠠᠵᠢᠯᠴᠢᠨ᠂ ᠮᠡᠷᠭᠡᠵᠢᠯ ᠤᠨ ᠠᠵᠢᠯᠴᠢᠨ ᠪᠠ ᠬᠠᠮᠢᠶᠠᠷᠤᠯᠲᠠ ᠶᠢᠨ ᠠᠵᠢᠯᠲᠠᠨ ᠪᠣᠶ᠂ ᠡᠭᠦᠨ ᠳᠤ ᠤᠶᠢᠯᠡᠳᠪᠤᠷᠢᠯᠡᠯ ᠤᠨ ᠠᠵᠢᠯᠯᠠᠭᠠᠨ ᠤ ᠠᠵᠢᠯᠴᠢᠨ᠂ ᠬᠠᠮᠢᠶᠠᠷᠤᠯᠲᠠ ᠶᠢᠨ ᠠᠵᠢᠯᠲᠠᠨ᠂ ᠢᠳᠡᠭᠡᠨ ᠤ  ᠵᠤᠶᠢᠯ ᠢ ᠰᠤᠳᠤᠯᠤᠨ ᠨᠡᠭᠡᠭᠡᠬᠦ᠂ ᠲᠤᠬᠠᠶᠢᠯᠠᠭᠰᠠᠨ ᠠᠵᠢᠯᠲᠠᠨ᠂ ᠰᠢᠨᠵᠢᠯᠡᠨ ᠰᠢᠯᠭᠠᠭᠴᠢ᠂ ᠵᠢᠯᠣᠭᠤᠴᠢ᠂ ᠴᠠᠬᠢᠯᠭᠠᠨ ᠤ ᠠᠵᠢᠯᠴᠢᠨ ᠵᠡᠷᠭᠡ 20 ᠭᠠᠷᠤᠶ ᠠᠵᠢᠯ  ᠤᠨ ᠪᠠᠶᠢᠷᠢ ᠪᠣᠶ᠃ ᠲᠤᠬᠠᠶ ᠶᠢᠨ ᠲᠠᠯᠠᠪᠠᠢ ᠳᠤ 300 ᠭᠠᠷᠤᠶ ᠠᠵᠢᠯᠲᠠᠨ ᠡᠯᠰᠡᠵᠦ᠂ ᠠᠵᠤ  ᠠᠬᠤᠶᠢᠯᠠᠯ ᠲᠠᠢ ᠠᠩᠬ᠎ᠠ ᠠᠯᠬᠤᠮ 200 ᠭᠠᠷᠤᠶ ᠬᠥᠮᠦᠨ ᠤᠳᠠᠭ᠎ᠠ ᠠᠵᠢᠯ ᠣᠯᠪᠠ᠃     ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠨᠢ ᠥᠷᠭᠡᠨ ᠣᠯᠠᠨ ᠠᠵᠢᠯ ᠡᠷᠢᠭᠴᠢᠳ ᠲᠤ ᠭᠡᠷ ᠤᠨ ᠡᠭᠦᠳᠡᠨ ᠳᠤ ᠠᠵᠢᠯ ᠣᠯᠬᠤ ᠲᠣᠬᠢᠶᠠᠯ  ᠢ ᠬᠠᠩᠭᠠᠵᠤ᠂ ᠠᠵᠤ ᠠᠬᠤᠶᠢᠯᠠᠯ ᠤᠨ ᠡᠷᠳᠡᠮᠲᠡᠨ ᠮᠡᠷᠭᠡᠳ ᠢ ᠡᠯᠰᠡᠬᠦ ᠳᠤ  ᠲᠠᠪᠴᠠᠩ ᠬᠠᠩᠭᠠᠭᠰᠠᠨ  ᠪᠠᠶᠢᠨ᠎ᠠ᠃ ︵ᠰᠤᠷᠪᠤᠯᠵᠢᠯᠠᠭᠴᠢ᠄  ᠵᠠᠩ ᠰᠢᠶᠤᠤ ᠶᠢᠩ︶                                                                                                              ᠨᠠᠶᠢᠷᠠᠭᠤᠯᠤᠭᠴᠢ᠄ ᠭᠦᠸᠧ ᠬᠤᠩ ᠰᠢᠶᠠ                                              ᠤᠷᠴᠢᠭᠤᠯᠤᠭᠴᠢ᠄ ᠼᠦᠢ ᠴᠢᠩ                                              ᠬᠢᠨᠠᠭᠴᠢ᠄ ᠶᠠᠩ  ᠸᠧᠨ ᠵᠢᠶᠦ᠋ᠨ   ᠯᠢ ᠵᠢᠶᠠᠨ ᠹᠠᠩ                                                             ᠭᠤᠤ ᠸᠧᠶ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2