ᠶᠦᠩ ᠰᠢᠩ ᠪᠠᠯᠭᠠᠰᠤ᠄ ᠦᠨᠡᠨ ᠰᠤᠷᠤᠯᠴᠠᠵᠤ  ᠪᠤᠳᠠᠳᠠᠢ  ᠪᠠᠶᠢᠴᠠᠭᠠᠵᠤ ᠦᠨᠡᠨ ᠥᠭᠡᠷᠡᠴᠢᠯᠡᠬᠦ ᠪᠠᠷ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ  ᠪᠠᠳᠤᠯᠠᠪᠠ
ᠨᠡᠶᠢᠲᠡᠯᠡᠭᠰᠡᠨ ᠴᠠᠭ᠄
2019-11-08
  ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠶᠦᠩ ᠰᠢᠩ ᠪᠠᠯᠭᠠᠰᠤ ᠲᠡᠭᠡᠳᠦ ᠱᠠᠲᠤᠨ ᠤ ᠨᠠᠮ ᠤᠨ ᠬᠤᠷᠢᠶᠠᠨ ᠤ ᠱᠠᠭᠠᠷᠳᠠᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠵᠤ᠂ ᠰᠤᠷᠤᠯᠴᠠᠯᠭ᠎ᠠ ᠬᠥᠮᠦᠵᠢᠯ ᠂  ᠪᠠᠶᠢᠴᠠᠭᠠᠨ ᠰᠤᠳᠤᠯᠤᠯᠲᠠ᠂ ᠠᠰᠠᠭᠤᠳᠠᠯ ᠢ  ᠪᠠᠶᠢᠴᠠᠭᠠᠨ ᠦᠵᠡᠬᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠦᠬᠦ ᠶᠠᠪᠤᠴᠠ ᠳᠤ ᠲᠤᠭᠤᠰᠢᠯᠠᠭᠤᠯᠵᠤ᠂ ᠦᠨᠡᠨ ᠰᠤᠷᠤᠯᠴᠠᠬᠤ᠂ ᠦᠨᠡᠨ  ᠪᠠᠶᠢᠴᠠᠭᠠᠬᠤ᠂ ᠦᠨᠡᠨ ᠥᠭᠡᠷᠡᠴᠢᠯᠡᠯᠲᠡ ᠪᠠᠷ ᠭᠤᠤᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠪᠠ᠃    ᠪᠠᠯᠭᠠᠰᠤᠨ ᠤ ᠨᠠᠮ ᠤᠨ ᠬᠤᠷᠢᠶ᠎ᠠ ᠲᠦᠷᠦᠭᠦᠯᠡᠨ ᠵᠢᠱᠢᠶ᠎ᠡ ᠦᠵᠡᠭᠦᠯᠬᠦ ᠤᠶᠢᠯᠡᠳᠦᠯ  ᠢᠶᠠᠨ ᠪᠠᠳᠠᠷᠠᠭᠤᠯᠵᠤ᠂ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠤᠭ ᠵᠣᠬᠢᠶᠠᠯ ᠢ ᠨᠢ ᠤᠩᠰᠢᠵᠤ᠂ ᠤᠭ ᠵᠣᠬᠢᠶᠠᠯ ᠢ ᠨᠢ ᠰᠤᠷᠤᠯᠴᠠᠵᠤ᠂ ᠤᠭ ᠶᠣᠰᠣ ᠶᠢ ᠨᠢ ᠣᠶᠢᠯᠠᠭᠠᠵᠤ᠂ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠥᠷᠨᠢᠭᠦᠯᠬᠦ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠵᠤ ᠥᠭᠪᠡ᠃ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠭᠤᠤᠯ ᠰᠡᠳᠦᠪᠲᠦ ᠬᠥᠮᠦᠵᠢᠯ ᠢ ᠭᠦᠨᠵᠡᠭᠡᠶ ᠠᠬᠢᠭᠤᠯᠬᠤ ᠶᠢᠨ ᠬᠠᠮᠲᠤ᠂ ᠤᠳᠤᠷᠢᠳᠬᠤ ᠪᠠᠭ ᠤᠨ ᠪᠦᠷᠢᠯᠳᠦᠬᠦᠨ ᠪᠦᠬᠦᠨ ᠢᠶᠠᠷ ᠢᠶᠠᠨ ᠳᠠᠭᠠᠭᠠᠴᠢᠯᠠᠵᠤ ᠪᠦᠬᠦᠢ ᠨᠠᠮ ᠤᠨ ᠡᠭᠦᠷ ᠤᠨ ᠭᠤᠤᠯ ᠰᠡᠳᠦᠪᠲᠦ ᠬᠥᠮᠦᠵᠢᠯ ᠢ ᠭᠦᠨᠵᠡᠭᠡᠶ ᠠᠬᠢᠭᠤᠯᠬᠤ ᠶᠢᠨ ᠬᠠᠮᠲᠤ ᠰᠢᠶᠠᠨ ᠤ ᠨᠠᠮ ᠤᠨ ᠬᠤᠷᠢᠶᠠᠨ ᠤ ᠭᠤᠤᠯ ᠰᠡᠳᠦᠪᠲᠦ ᠬᠥᠮᠦᠵᠢᠯ ᠤᠨ ᠭᠤᠷᠪᠠᠳᠤᠭᠠᠷ ᠡᠭᠡᠯᠵᠢ ᠶᠢᠨ  ᠭᠡᠰᠢᠭᠦᠳ ᠢ ᠤᠷᠢᠵᠤ ᠭᠤᠤᠯ ᠰᠡᠳᠦᠪᠲᠦ ᠬᠥᠮᠦᠵᠢᠯ ᠢ ᠠᠬᠢᠭᠤᠯᠬᠤ ᠠᠷᠭ᠎ᠠ ᠬᠡᠯᠪᠡᠷᠢ ᠪᠣᠯᠤᠨ ᠱᠠᠭᠠᠷᠳᠠᠯᠭ᠎ᠠ ᠵᠡᠷᠭᠡ ᠠᠭᠤᠯᠭ᠎ᠠ ᠶᠢᠨ ᠲᠠᠯ᠎ᠠ ᠪᠠᠷ ᠪᠦᠬᠦ ᠪᠠᠯᠭᠠᠰᠤᠨ ᠤ ᠺᠠᠳ᠋ᠷ ᠲᠤ ᠪᠣᠳᠠᠲᠠᠶ ᠵᠢᠯᠣᠭᠤᠳᠤᠯᠭ᠎ᠠ ᠬᠢᠵᠦ᠂ ᠭᠤᠤᠯ ᠰᠡᠳᠦᠪᠲᠦ ᠬᠥᠮᠦᠵᠢᠯ ᠤᠨ ᠡᠮᠬᠢ ᠳᠢᠭᠯᠢᠮ ᠲᠠᠢ ᠲᠦᠷᠭᠡᠨ ᠠᠬᠢᠬᠤ ᠶᠢ ᠪᠠᠲᠤᠯᠠᠪᠠ᠃     ᠪᠠᠯᠭᠠᠰᠤᠨ ᠤ ᠨᠠᠮ ᠤᠨ ᠬᠤᠷᠢᠶ᠎ᠠ ᠨᠢᠭᠡ ᠲᠠᠯ᠎ᠠ ᠪᠠᠷ ᠰᠤᠷᠤᠯᠴᠠᠵᠤ᠂ ᠨᠢᠭᠡ ᠲᠠᠯ᠎ᠠ ᠪᠠᠷ ᠬᠠᠷᠢᠴᠠᠭᠤᠯᠵᠤ᠂ ᠨᠢᠭᠡ ᠲᠠᠯ᠎ᠠ ᠪᠠᠷ ᠪᠠᠶᠢᠴᠠᠭᠠᠨ ᠦᠵᠡᠵᠦ᠂ ᠨᠢᠭᠡ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠪᠠ᠃ ᠬᠥᠳᠡᠭᠡ ᠲᠣᠰᠬᠤᠨ ᠤ ᠨᠠᠮ ᠤᠨ ᠭᠡᠰᠢᠭᠦᠨ ᠭᠠᠳᠠᠭᠰᠢ ᠶᠠᠪᠤᠬᠤ ᠨᠢ ᠣᠯᠠᠨ᠂ ᠨᠡᠭᠦᠳᠡᠯ ᠴᠢᠨᠠᠷ ᠢᠶᠠᠷ ᠶᠡᠭᠡ ᠪᠠ ᠰᠣᠶᠣᠯ ᠤᠨ ᠬᠢᠷᠢ ᠬᠡᠮᠵᠢᠶ᠎ᠡ ᠳᠣᠤᠷ᠎ᠠ ᠵᠢᠴᠢ ᠣᠨᠴᠠ ᠵᠠᠷᠢᠮ ᠨᠠᠮ ᠤᠨ ᠭᠡᠰᠢᠭᠦᠨ ᠤ ᠪᠡᠶ᠎ᠡ ᠪᠠᠭᠤᠷᠠᠶ ᠡᠪᠡᠳᠴᠢᠨ ᠡᠮᠭᠡᠭ ᠲᠠᠢ ᠶᠠᠪᠤᠵᠤ ᠰᠠᠭᠤᠬᠤ ᠳᠤ ᠳᠥᠭᠦᠮ ᠦᠭᠡᠢ ᠵᠡᠷᠭᠡ ᠪᠣᠳᠠᠲᠤ ᠠᠰᠠᠭᠤᠳᠠᠯ ᠳᠤ ᠴᠢᠭᠯᠡᠭᠦᠯᠦᠨ᠂  ᠲᠤᠰ ᠬᠥᠮᠦᠨ ᠳᠤᠨᠢ ᠲᠤᠬᠢᠷᠠᠭᠤᠯᠤᠨ ᠵᠢᠭᠠᠨ ᠰᠤᠷᠭᠠᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠳᠠᠭᠠᠭᠤᠯᠤᠨ ᠰᠤᠷᠤᠯᠴᠠᠬᠤ᠂ ᠰᠤᠷᠭᠠᠭᠤᠯᠢ ᠳᠤ ᠰᠠᠭᠤᠬᠤ ᠵᠡᠷᠭᠡ ᠣᠯᠠᠨ  ᠵᠤᠶᠢᠯ ᠤᠨ ᠠᠷᠭ᠎ᠠ ᠮᠠᠶ᠋ᠢᠭ ᠢ ᠠᠪᠴᠤ᠂ ᠣᠨᠣᠯ ᠤᠨ ᠰᠤᠷᠤᠯᠴᠠᠯᠭ᠎ᠠ ᠶᠢ ᠨᠡᠶᠢᠳᠡᠮ ᠪᠦᠷᠬᠦᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ ᠡᠯ᠎ᠡ ᠨᠠᠮ ‍ᠤᠨ‌ᠡᠭᠦᠷ ᠤᠨ ᠬᠢᠨ ᠭᠤᠤᠯ ᠰᠡᠳᠦᠪᠲᠦ ᠰᠤᠷᠭᠠᠨ ᠬᠥᠮᠦᠵᠢᠯ ᠤᠨ ᠵᠢᠷᠭᠢᠶ᠎ᠡ ᠶᠢᠨ ᠪᠦᠯᠬᠦᠮ ᠢ  ᠪᠠᠶᠢᠭᠤᠯᠵᠤ᠂ 474 ᠨᠠᠮ ᠤᠨ ᠭᠡᠰᠢᠭᠦᠨ ᠪᠦᠬᠦᠨ ᠢᠶᠠᠷ ᠢᠶᠠᠨ ᠣᠷᠣᠯᠴᠠᠪᠠ᠃ ᠭᠠᠳᠠᠭᠰᠢ ᠭᠠᠷᠤᠭᠰᠠᠨ ᠨᠡᠭᠦᠳᠡᠯ ᠨᠠᠮ ᠤᠨ ᠭᠡᠰᠢᠭᠦᠨ ᠤ ᠳᠣᠲᠣᠷ᠎ᠠ᠂ ᠡᠯ᠎ᠡ ᠡᠭᠦᠷ ᠤᠨ ᠬᠢᠨ ᠲᠣᠰ ᠲᠣᠰ ︽ᠰᠢ ᠶᠢᠨ ᠫᠢᠩ ᠤᠨ ︿ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠲᠤᠬᠠᠶ ᠥᠭᠦᠯᠡᠯᠲᠡ ᠶᠢᠨ ᠲᠣᠪᠴᠢᠯᠠᠯ︾ ᠵᠡᠷᠭᠡ ᠰᠤᠷᠤᠯᠴᠠᠬᠤ ᠮᠠᠲ᠋ᠧᠷᠢᠶᠠᠯ ᠢ ᠢᠯᠡᠭᠡᠵᠦ᠂ ᠲᠣᠭᠲᠠᠮᠠᠯ ᠪᠤᠰᠤ ᠨᠠᠮ ᠤᠨ ᠭᠡᠰᠢᠭᠦᠨ ᠨᠢ ᠪᠦᠬᠦᠨ ᠢᠶᠠᠷ ᠢᠶᠠᠨ ᠪᠦᠯᠦᠭᠯᠡᠯ ᠳᠤ ᠣᠷᠣᠵᠤ ᠰᠤᠷᠤᠯᠴᠠᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠤᠩᠰᠢᠵᠤ ᠪᠢᠴᠢᠬᠦ ᠳᠤ ᠬᠦᠴᠢᠷᠲᠡᠶ 51 ᠨᠠᠮ ᠤᠨ ᠭᠡᠰᠢᠭᠦᠨ ᠳᠤ ᠴᠢᠭᠯᠡᠭᠦᠯᠦᠨ᠂ ᠴᠥᠮ ᠰᠤᠷᠭᠠᠭᠤᠯᠢ ᠳᠤ ᠬᠦᠷᠭᠡᠬᠦ᠂ ᠬᠠᠪᠰᠤᠷᠤᠨ ᠰᠤᠷᠤᠯᠴᠠᠬᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠣᠰᠬᠤᠨ ᠳᠤ ᠬᠦᠷᠭᠡᠵᠦ ᠰᠤᠷᠤᠯᠴᠠᠭᠤᠯᠪᠠ᠂ ᠲᠣᠰᠬᠤᠨ ᠳᠤ  ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠬᠠᠪᠰᠤᠷᠤᠨ ᠰᠤᠷᠤᠯᠴᠠᠭᠤᠯᠪᠠ᠃    ᠪᠠᠯᠭᠠᠰᠤᠨ ᠤ ᠨᠠᠮ ᠤᠨ ᠬᠤᠷᠢᠶ᠎ᠠ ᠭᠤᠤᠯ ᠰᠡᠳᠦᠪᠲᠦ ᠬᠥᠮᠦᠵᠢᠯ ᠤᠨ ᠠᠵᠢᠯ  ᠤᠨ ᠲᠤᠬᠠᠶ ᠰᠢᠶᠠᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠶᠢ ᠭᠦᠨᠵᠡᠭᠡᠶᠢᠷᠡᠭᠦᠯᠵᠦ᠂ ᠰᠠᠨᠠᠯ ᠬᠤᠷᠢᠶᠠᠬᠤ ᠠᠷᠭ᠎ᠠ ᠵᠠᠮ  ᠢ ᠪᠦᠲᠦᠮᠵᠢᠲᠡᠶ ᠥᠷᠭᠡᠳᠬᠡᠪᠡ᠃ ᠪᠠᠭ ᠤᠨ ᠪᠦᠷᠢᠯᠳᠦᠬᠦᠨ ᠪᠠᠷᠢᠮᠵᠢᠶ᠎ᠠ ᠶᠢᠨ ᠱᠠᠭᠠᠷᠳᠠᠯᠭ᠎ᠠ ᠲᠠᠢ ᠨᠠᠷᠢᠨ ᠬᠢᠨᠠᠮᠠᠭᠠᠶ ᠬᠠᠷᠢᠴᠠᠭᠤᠯᠵᠤ᠂ ᠥᠪᠡᠷ ᠢᠶᠠᠨ ᠠᠰᠠᠭᠤᠳᠠᠯ ᠢ 3 ᠵᠤᠷᠪᠤᠰ ᠠᠴᠠ ᠳᠡᠭᠡᠭᠰᠢ ᠡᠷᠢᠪᠡ︔ ᠠᠰᠠᠭᠤᠳᠠᠯ ᠢ ᠪᠠᠶᠢᠴᠠᠭᠠᠨ ᠦᠵᠡᠬᠦ ᠶᠢ ᠵᠡᠷᠭᠡ ᠪᠠᠷ ᠥᠷᠨᠢᠭᠦᠯᠵᠦ᠂ ᠤᠳᠤᠷᠢᠳᠬᠤ ᠪᠠᠭ ᠤᠨ ᠪᠦᠷᠢᠯᠳᠦᠬᠦᠨ 25 ᠵᠤᠷᠪᠤᠰ ᠰᠠᠨᠠᠯ ᠰᠠᠨᠠᠭᠤᠯᠭ᠎ᠠ ᠳᠤᠷᠠᠳᠴᠤ᠂ ᠤᠳᠤᠷᠢᠳᠬᠤ ᠪᠠᠭ ᠲᠤ 9 ᠵᠤᠷᠪᠤᠰ ᠰᠠᠨᠠᠭᠤᠯᠭ᠎ᠠ ᠳᠤᠷᠠᠳᠪᠠ︔ ᠭᠠᠴᠠᠭᠠᠨ ᠤ ᠳᠤᠭᠤᠶᠢᠯᠠᠩ ᠳᠤ ᠢᠳᠡᠪᠬᠢᠲᠡᠢ ᠭᠦᠨᠵᠡᠭᠡᠶᠢᠷᠡᠨ᠂ ᠤᠳᠤᠷᠢᠳᠬᠤ ᠪᠠᠭ ᠵᠢᠴᠢ ᠬᠤᠪᠢ ᠬᠥᠮᠦᠨ ᠤ ᠰᠠᠨᠠᠯ ᠬᠤᠷᠢᠶᠠᠬᠤ ᠪᠢᠴᠢᠭ ᠢ 390 ᠬᠤᠪᠢ ᠲᠠᠷᠬᠠᠭᠠᠵᠤ᠂ ᠭᠠᠴᠠᠭᠠᠨ ᠤ ︽ᠭᠤᠷᠪᠠᠨ ᠵᠥᠪᠯᠡᠯ︾ ᠤᠨ ᠪᠦᠷᠢᠯᠳᠦᠬᠦᠨ᠂ ᠭᠠᠴᠠᠭᠠᠨ ᠤ ᠨᠠᠮ ᠤᠨ ᠭᠡᠰᠢᠭᠦᠨ᠂ ᠣᠯᠠᠨ ᠲᠦᠮᠡᠨ ᠠᠴᠠ 608 ᠵᠤᠷᠪᠤᠰ ᠰᠠᠨᠠᠯ ᠬᠤᠷᠢᠶᠠᠪᠠ᠃ ᠱᠠᠯᠠᠪᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ  ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠳᠤ ︽ᠡᠷᠭᠢᠨ ᠬᠠᠷᠠᠬᠤ︾ ᠠᠵᠢᠯ ᠬᠢᠵᠦ᠂ ᠴᠡᠭᠴᠡᠯᠡᠨ ᠰᠠᠶᠢᠵᠢᠷᠠᠭᠤᠯᠤᠭᠠᠳᠤᠶ 4 ᠵᠤᠶᠢᠯ᠂ ᠤᠷᠲᠤ ᠬᠤᠭᠤᠴᠠᠭ᠎ᠠ ᠪᠠᠷ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ 12 ᠵᠤᠶᠢᠯ ᠢ ᠵᠢᠭᠰᠠᠭᠠᠪᠠ᠃ ᠡᠭᠦᠨ ᠤ ᠳᠤ ᠬᠠᠮᠲᠤ ︽ᠡᠭᠦᠳᠡ ᠪᠠᠨ ᠨᠡᠭᠡᠭᠡᠵᠦ ᠢᠳᠬᠠᠯ ᠠᠪᠬᠤ︾ ᠠᠷᠭ᠎ᠠ ᠮᠠᠶ᠋ᠢᠭ ᠢ ᠨᠡᠶᠢᠲᠡᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠢᠭᠦᠮᠵᠢᠯᠡᠯ ᠰᠠᠨᠠᠭᠤᠯᠭ᠎ᠠ ᠶᠢ ᠬᠦᠯᠢᠶᠡᠨ ᠠᠪᠴᠠᠶ᠃ ᠴᠤᠭᠯᠠᠭᠤᠯᠤᠨ ᠡᠮᠬᠢᠳᠬᠡᠬᠦ ᠠᠵᠢᠯ ᠢ ᠴᠢᠩᠭᠠᠳᠬᠠᠵᠤ᠂ ᠪᠠᠶᠢᠴᠠᠭᠠᠨ ᠦᠵᠡᠭᠰᠡᠨ ᠠᠰᠠᠭᠤᠳᠠᠯ ᠢ ᠪᠦᠬᠦᠨ ᠢ ᠳᠠᠩᠰᠠᠯᠠᠨ ᠲᠡᠮᠳᠡᠭᠯᠡᠵᠦ᠂ ᠨᠠᠷᠢᠨ ᠳᠠᠩᠰᠠ ᠶᠢᠨ ᠬᠠᠮᠢᠶᠠᠷᠤᠯᠲᠠ ᠳᠤ ᠣᠷᠣᠭᠤᠯᠤᠨ᠂ ᠴᠡᠭᠴᠡᠯᠡᠨ ᠥᠭᠡᠷᠡᠴᠢᠯᠡᠪᠡ᠃     ᠴᠡᠭᠴᠡᠯᠡᠨ ᠰᠠᠶᠢᠵᠢᠷᠠᠭᠤᠯᠬᠤ ᠶᠠᠪᠤᠴᠠ ᠳᠤ᠂ ᠶᠦᠩ ᠰᠢᠩ ᠲᠣᠰᠬᠤᠨ ᠤ ᠠᠷᠠᠳ ᠪᠠᠷᠠᠭᠤᠨ  ᠵᠢᠷᠭᠠᠯᠠᠩᠳᠤ ᠬᠦᠷᠢᠶᠡᠯᠡᠩ ᠤᠨ ᠬᠡᠰᠡᠭ ᠨᠠᠰᠤᠳᠠᠶᠢᠴᠤᠳ ᠤᠨ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠤᠬᠠᠮᠰᠠᠷ ᠴᠢᠩᠭ᠎ᠠ ᠪᠢᠰᠢ  ᠪᠠᠶᠢᠬᠤ ᠠᠰᠠᠭᠤᠳᠠᠯ ᠳᠤ ᠲᠤᠰᠬᠠᠯ ᠭᠠᠷᠭᠠᠵᠤ᠂ ᠪᠠᠯᠭᠠᠰᠤᠨ ᠤ ᠪᠠᠶᠢᠭᠤᠯᠤᠯᠭ᠎ᠠ ᠶᠢᠨ ᠨᠠᠮ ᠤᠨ ᠡᠭᠦᠷ ᠠᠴᠠ ᠨᠠᠮ ᠤᠨ ᠭᠡᠰᠢᠭᠦᠨ ᠢ ᠵᠣᠬᠢᠶᠠᠨ  ᠪᠠᠶᠢᠭᠤᠯᠵᠤ  ᠵᠢᠷᠭᠠᠯᠠᠩᠳᠤ ᠬᠦᠷᠢᠶᠡᠯᠡᠩ ᠤᠨ ᠣᠯᠠᠨ ᠲᠦᠮᠡᠨ ᠲᠠᠢ ᠨᠥᠬᠦᠷᠯᠡᠵᠦ᠂ ᠭᠡᠷ ᠤᠨ ᠳᠣᠲᠣᠨ᠎ᠠ ᠭᠠᠳᠠᠨᠠᠬᠢ ᠡᠷᠡᠭᠦᠯ ᠬᠠᠮᠠᠭᠠᠯᠠᠯ ᠢ ᠴᠡᠪᠡᠷᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠶᠡᠷᠦ ᠶᠢᠨ ᠮᠡᠳᠡᠯᠭᠡ ᠶᠢ ᠤᠬᠠᠭᠤᠯᠬᠤ᠂ ᠭᠠᠯ ᠢ ᠰᠡᠷᠭᠡᠶᠢᠯᠡᠬᠦ ᠮᠡᠳᠡᠯᠭᠡ ᠶᠢ ᠤᠬᠠᠭᠤᠯᠬᠤ᠂ ᠪᠠᠲᠤᠯᠠᠭ᠎ᠠ ᠶᠢᠨ  ᠤᠶᠢᠯᠡᠴᠢᠯᠡᠭᠡᠨ ᠤ ᠰᠠᠨᠠᠭᠤᠯᠭ᠎ᠠ ᠬᠤᠷᠢᠶᠠᠬᠤ ᠪᠠᠷ ᠭᠤᠤᠯ  ᠠᠭᠤᠯᠭ᠎ᠠ ᠪᠣᠯᠭᠠᠭᠰᠠᠨ ︽ᠳᠥᠷᠪᠡᠨ ᠵᠤᠶᠢᠯ ᠤᠨ ᠤᠶᠢᠯᠡᠴᠢᠯᠡᠭᠡ ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠶᠢ ᠥᠷᠨᠢᠭᠦᠯᠪᠡ︔ ᠬᠡᠰᠡᠭ ᠲᠠᠷᠢᠶᠠᠴᠢᠨ ᠨᠠᠮ ᠤᠨ ᠭᠡᠰᠢᠭᠦᠨ ᠤ ᠲᠤᠰᠬᠠᠭᠰᠠᠨ ᠬᠠᠮᠲᠤ ᠶᠢᠨ ᠠᠵᠤ ᠠᠬᠤᠢ ᠶᠢᠨ ᠲᠥᠷᠥᠯ  ᠵᠤᠶᠢᠯ ᠤᠨ ᠳᠠᠶᠢᠴᠢᠯᠠᠬᠤ  ᠤᠶᠢᠯᠡᠳᠦᠯ ᠨᠢ ᠢᠯᠡᠷᠬᠡᠶ ᠪᠤᠰᠤ  ᠪᠠᠶᠢᠬᠤ ᠠᠰᠠᠭᠤᠳᠠᠯ ᠳᠤ ᠴᠢᠭᠯᠡᠭᠦᠯᠦᠨ᠂ ᠪᠠᠯᠭᠠᠰᠤᠨ ᠤ ᠨᠠᠮ ᠤᠨ ᠬᠤᠷᠢᠶ᠎ᠠ ᠠᠴᠠ 3 ᠤᠳᠤᠷᠢᠳᠬᠤ ᠪᠠᠭ ᠤᠨ ᠪᠦᠷᠢᠯᠳᠦᠬᠦᠨ ᠲᠣᠰ ᠲᠣᠰ ᠶᠦᠡᠭ ᠰᠢᠩ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ  ᠵᠤᠶᠢᠯ᠂ ᠳ᠋ᠤᠨᠠᠰᠦ᠋ᠬᠤᠸᠠ ᠰᠢᠪᠡᠷ ᠡᠳ᠋ᠰᠢᠭᠦᠯᠬᠦ ᠲᠥᠷᠥᠯ  ᠵᠤᠶᠢᠯ ᠪᠣᠯᠤᠨ ᠮᠣᠩᠭᠤᠯ ᠬᠠᠳᠠ  ᠶᠢᠨ ᠠᠭᠤᠯᠠ ᠠᠭᠤᠷᠬᠠᠢ ᠶᠢᠨ ᠪᠤᠯᠠᠭ ᠤᠨ ᠤᠰᠤᠨ ᠤ  ᠤᠶᠢᠯᠡᠳᠪᠤᠷᠢᠯᠡᠯ ᠤᠨ ᠲᠥᠷᠥᠯ  ᠵᠤᠶᠢᠯ ᠢ ᠵᠣᠯᠭᠠᠭᠤᠯᠬᠤ ᠪᠠᠷ ᠲᠣᠭᠲᠠᠪᠠ᠃ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ  ᠵᠤᠶᠢᠯ ᠤᠨ ᠪᠡᠯᠡ ᠣᠷᠣᠭᠤᠯᠤᠯᠲᠠ ᠶᠢᠨ ᠬᠤᠳᠠᠯᠳᠤᠭᠠᠴᠢᠨ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠲᠡᠰ ᠤᠨ ᠲᠤᠰᠬᠠᠶ ᠪᠠᠶᠢᠭᠤᠯᠤᠮᠵᠢ ᠳᠤ ᠬᠦᠷᠭᠡᠨ ᠲᠥᠷᠥᠯ  ᠵᠤᠶᠢᠯ ᠢ ᠨᠠᠶᠢᠷᠠᠭᠤᠯᠤᠨ ᠵᠣᠬᠢᠶᠠᠬᠤ ᠪᠠ ᠲᠥᠯᠥᠪᠵᠢᠭᠦᠯᠵᠦ᠂ ᠨᠠᠩᠭᠢ ᠰᠢᠷᠣᠶ ᠡᠳ᠋ᠰᠢᠭᠦᠯᠬᠦ ᠲᠥᠷᠥᠯ  ᠵᠤᠶᠢᠯ ᠢ ᠲᠣᠰ ᠰᠠᠷ᠎ᠠ ᠶᠢᠨ ᠰᠡᠭᠦᠯᠴᠢ ᠪᠠᠷ ᠲᠤᠷᠰᠢᠨ  ᠤᠶᠢᠯᠡᠳᠪᠤᠷᠢᠯᠡᠬᠦ ᠶᠢ ᠪᠡᠶᠡᠯᠡᠭᠦᠯᠵᠦ᠂ ᠠᠭᠤᠷᠬᠠᠢ ᠶᠢᠨ ᠪᠤᠯᠠᠭ ᠤᠨ ᠤᠰᠤ ᠤᠶᠢᠯᠡᠳᠪᠤᠷᠢᠯᠡᠬᠦ ᠲᠥᠷᠥᠯ ᠵᠤᠶᠢᠯ ᠢ ᠨᠢᠭᠡᠨᠲᠡ ᠡᠬᠢᠯᠡᠨ ᠪᠦᠲᠦᠭᠡᠨ ᠪᠠᠶᠢᠭᠤᠯᠵᠤ᠂ ᠲᠣᠨᠤᠭ ᠲᠥᠬᠦᠭᠡᠷᠦᠮᠵᠢ ᠵᠠᠬᠢᠶᠠᠯᠠᠬᠤ ᠶᠢ ᠪᠡᠶᠡᠯᠡᠭᠦᠯᠪᠡ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠣᠨᠳᠣᠤ ᠭᠠᠵᠠᠷ ᠲᠤ ᠨᠡᠭᠦᠳᠡᠯᠴᠢᠨ ᠠᠷᠠᠳ ᠢ ᠨᠡᠭᠦᠯᠭᠡᠬᠦ ᠲᠤᠰᠬᠠᠶ ᠰᠢᠪᠠᠳᠠᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠣᠨᠳᠣᠤ ᠭᠠᠵᠠᠷ ᠲᠤ ᠨᠡᠭᠦᠳᠡᠯᠯᠡᠨ ᠣᠷᠣᠵᠤ ᠰᠠᠭᠤᠬᠤ᠂ ᠬᠠᠭᠤᠴᠢᠨ ᠢ ᠨᠤᠷᠠᠭᠠᠬᠤ ᠠᠬᠢᠴᠠ ᠤᠳᠠᠭᠠᠨ  ᠪᠠᠶᠢᠬᠤ ᠠᠰᠠᠭᠤᠳᠠᠯ ᠳᠤ ᠴᠢᠭᠯᠡᠭᠦᠯᠦᠨ᠂ ᠪᠠᠯᠭᠠᠰᠤᠨ ᠤ ᠨᠠᠮ ᠤᠨ ᠬᠤᠷᠢᠶ᠎ᠠ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ 21 ᠡᠷᠦᠬᠡ ᠬᠠᠭᠤᠴᠢᠨ ᠢ ᠨᠤᠷᠠᠭᠠᠭᠰᠠᠨ ᠦᠭᠡᠢ ᠨᠢ 16 ᠡᠷᠦᠬᠡ ᠪᠣᠯᠵᠤ᠂ ᠦᠢᠯᠡᠳᠦᠭᠰᠡᠨ ᠨᠢ ᠬᠠᠭᠤᠴᠢᠨ ᠢ ᠨᠤᠷᠠᠭᠠᠬᠤ ᠠᠵᠢᠯ ᠢ ᠪᠦᠬᠦ ᠬᠦᠴᠦᠨ ᠢᠶᠠᠷ ᠬᠢᠵᠦ ᠪᠠᠶᠢᠨ᠎ᠠ᠃ ᠡᠭᠦᠨ ᠤ ᠳᠤ ᠬᠠᠮᠲᠤ᠂ ︽ᠭᠤᠤᠯ ᠰᠡᠳᠦᠪᠲᠦ ᠬᠥᠮᠦᠵᠢᠯ +︾ ᠤᠨ ᠵᠠᠭᠪᠤᠷ ᠢᠶᠠᠷ᠂ ᠰᠤᠯᠠ ᠵᠠᠳᠠᠭᠠᠶ ᠲᠣᠰᠬᠤᠨ ᠤ ᠨᠠᠮ ᠤᠨ ᠡᠭᠦᠷ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠳᠠᠶᠢᠴᠢᠯᠠᠭ᠎ᠠ ᠶᠢᠨ ᠰᠦᠪᠡᠭᠴᠢ ᠶᠢ ᠪᠠᠶᠢᠴᠠᠭᠠᠨ ᠵᠢᠭᠰᠠᠭᠠᠬᠤ ᠠᠵᠢᠯ ᠨᠢ ᠭᠤᠤᠯ ᠰᠡᠳᠦᠪᠲᠦ ᠬᠥᠮᠦᠵᠢᠯ ᠤᠨ ᠳᠥᠷᠪᠡᠨ  ᠵᠤᠶᠢᠯ ᠤᠨ ᠠᠵᠢᠯ ᠳᠤ ᠣᠷᠭᠠᠨᠢᠭ ᠢᠶᠠᠷ ᠠᠭᠤᠰᠤᠯᠴᠠᠵᠤ᠂ ᠬᠠᠮᠲᠤ ᠳᠤᠨᠢ ᠲᠣᠬᠢᠷᠠᠭᠤᠯᠵᠤ᠂ ᠬᠠᠮᠲᠤ ᠳᠤᠨᠢ ᠪᠠᠶᠢᠷᠢᠯᠠᠭᠤᠯᠵᠤ᠂ ᠬᠠᠮᠲᠤᠪᠠᠷ ᠠᠬᠢᠭᠤᠯᠬᠤ ᠶᠢ ᠪᠡᠶᠡᠯᠡᠭᠦᠯᠵᠡᠶ᠃ ︵ᠰᠤᠷᠪᠤᠯᠵᠢᠯᠠᠭᠴᠢ ᠰᠦᠩ ᠹᠦ᠋ ᠾᠧᠩ︶                                                                                                             ᠨᠠᠶᠢᠷᠠᠭᠤᠯᠤᠭᠴᠢ᠄ ᠭᠦᠸᠧ ᠬᠤᠩ ᠰᠢᠶᠠ                                  ᠬᠢᠨᠠᠭᠴᠢ᠄ ᠶᠠᠩ  ᠸᠧᠨ ᠵᠢᠶᠦ᠋ᠨ     ᠯᠢ ᠵᠢᠶᠠᠨ ᠹᠠᠩ                                                  ᠭᠤᠤ ᠸᠧᠶ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2