11 ᠰᠠᠷ᠎ᠠ ᠶᠢᠨ 5 ᠤ ᠡᠳᠦᠷ᠂ ᠯᠢᠶᠠᠩᠴᠧᠩ ᠰᠢᠶᠠᠨ ᠤ ᠠᠷᠪᠠᠨ ᠲᠦᠷᠪᠡᠳᠦᠭᠡᠷ ᠬᠤᠭᠤᠴᠠᠭᠠᠨ ᠤ ᠨᠠᠮ ᠤᠨ | ᠬᠤᠷᠢᠶᠠᠨ ᠤ 108 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠵᠤ᠂ ᠰᠢᠶᠠᠨ ᠤ | ᠨᠠᠮ ᠤᠨ ᠬᠤᠷᠢᠶᠠᠨ ᠤ ᠱᠦᠵᠢ ᠸᠠᠩ ᠸᠧᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠡᠷᠬᠢᠯᠡᠭᠴᠢ ᠮᠠ ᠶᠦᠩ ᠽᠠᠢ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠢᠦᠢ ᠳ᠋ᠠᠶ ᠴᠢᠩ᠂ ᠶᠤᠸᠠᠨ ᠺᠤᠸᠠᠨ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ | ᠤᠳᠤᠷᠢᠳᠤᠯᠭ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠳ ᠳᠡᠰ ᠳᠠᠷᠠᠭᠠᠯᠠᠨ | ᠨᠠᠮ ᠤᠨ ᠳᠦᠷᠢᠮ ᠲᠠᠢ ᠬᠠᠷᠢᠴᠠᠭᠤᠯᠤᠨ ᠵᠥᠷᠢᠶ᠎ᠡ ᠪᠠᠨ ᠡᠷᠢᠵᠦ᠂ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠᠶᠢᠴᠠᠭᠠᠨᠰᠤᠳᠤᠯᠤᠯᠲᠠ ᠶᠢᠨ ᠦᠷ᠎ᠡ | ᠪᠦᠲᠦᠭᠡᠯ ᠢᠶᠠᠨ ᠰᠣᠯᠢᠯᠴᠠᠪᠠ᠃ ᠠᠯᠪᠠᠲᠠᠨ ᠤ ᠬᠠᠮᠲᠤ ᠨᠡᠶᠢᠲᠡ ᠵᠢᠴᠢ ᠬᠤᠪᠢ ᠬᠥᠮᠦᠨ ᠤ ᠲᠠᠨᠢᠯᠴᠠᠭᠤᠯᠤᠭᠰᠠᠨ | ᠮᠡᠳᠡᠭᠦᠯᠦᠯᠲᠡ᠂ ︽ᠠᠷᠢᠭᠤᠨ ᠴᠢᠬᠡᠴᠢ ᠺᠠᠳ᠋ᠷ︾ ᠢ ᠰᠢᠯᠭᠠᠷᠠᠭᠤᠯᠤᠭᠰᠠᠨ ᠦᠷ᠎ᠡ ᠳ᠋ᠦᠩ︔ ︽ᠲᠥᠪ ᠤᠨ ᠨᠢᠭᠡᠳᠦᠮᠡᠯ | ᠹᠷᠣᠨᠲ ᠤᠨ ᠠᠵᠢᠯ ᠤᠨ ᠤᠳᠤᠷᠢᠳᠬᠤ ᠲᠤᠭᠤᠶᠢᠯᠠᠩ ᠤᠨ ᠱᠠᠰᠢᠨ ᠰᠤᠷᠲᠠᠬᠤᠨ ᠤ ᠠᠵᠢᠯ ᠢ ᠱᠠᠯᠠᠪᠳᠠᠭᠤᠯᠤᠨ | ᠪᠠᠶᠢᠴᠠᠭᠠᠵᠤ ᠬᠥᠬᠡᠬᠤᠲᠠ ᠶᠢᠨ ᠨᠠᠮ ᠤᠨ ᠬᠤᠷᠢᠶ᠎ᠠ᠂ ᠰᠠᠨᠶᠠ ᠬᠤᠲᠠ ᠶᠢᠨ ᠨᠠᠮ ᠤᠨ ᠬᠤᠷᠢᠶ᠎ᠠ᠂ ᠪᠤᠤᠵᠢ | ᠬᠤᠲᠠ ᠶᠢᠨ ᠨᠠᠮ ᠤᠨ ᠬᠤᠷᠢᠶ᠎ᠠ ᠠᠴᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠤᠨ ᠲᠤᠬᠠᠶ ᠵᠠᠷᠯᠠᠯ︾ ᠢ | ᠤᠯᠠᠮᠵᠢᠯᠠᠨ ᠰᠤᠷᠤᠯᠴᠠᠪᠠ︔ ︽ᠳᠠᠭ᠎ᠠ ᠶᠢᠨ ᠨᠠᠭᠤᠷ ᠵᠢᠴᠢ 22 ᠭᠤᠤᠯ ᠮᠥᠷᠡᠨ ᠭᠤᠤᠯ ᠨᠠᠭᠤᠷ ᠤᠨ ᠳᠠᠷᠤᠭ᠎ᠠ ᠶᠢᠨ | ᠳᠦᠷᠢᠮ ᠤᠨ ᠬᠡᠷᠡᠭᠵᠢᠭᠦᠯᠬᠦ ᠲᠥᠰᠦᠯ︾ ᠢ ᠰᠤᠳᠤᠯᠪᠠ᠃ | ᠬᠤᠷᠠᠯ ᠠᠴᠠ᠂ ︽ᠨᠢᠭᠡ ᠭᠤᠤᠯ ᠨᠢᠭᠡ ᠫᠠᠢ︾ ᠶᠢ ᠨᠠᠶᠢᠳᠠᠪᠤᠷᠢᠵᠢᠭᠤᠯᠬᠤ᠂ ᠭᠤᠤᠯ ᠮᠥᠷᠡᠨ ᠪᠦᠷᠢ ᠶᠢᠨ ᠢᠯᠠ | ᠲᠣᠳᠣ ᠣᠷᠣᠨ ᠪᠠᠶᠢᠷᠢ ᠳᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢ ᠢᠯᠠ ᠨᠡᠶᠢᠲᠡᠯᠡᠬᠦ ᠫᠠᠶᠢᠰᠠ | ᠭᠠᠷᠭᠠᠬᠤ ᠬᠡᠷᠡᠭᠲᠡᠶ︔ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠢ ︽ᠭᠤᠤᠯ ᠮᠥᠷᠡᠨ ᠤ ᠲᠠᠷᠤᠭ᠎ᠠ︾ | A P P ᠶᠢ ᠤᠭᠰᠠᠷᠠᠵᠤ᠂ ᠣᠶᠤᠨᠴᠢᠯᠠᠭᠰᠠᠨ ᠭᠤᠤᠯ ᠮᠥᠷᠡᠨ ᠴᠠᠭᠳᠠᠬᠤ᠂ ᠮᠡᠳᠡᠭᠡ ᠵᠠᠩᠭᠢᠵᠢᠯᠲᠠ ᠶᠢᠨ | ᠬᠠᠮᠢᠶᠠᠷᠤᠯᠲᠠ ᠶᠢ ᠦᠨᠡᠨ ᠬᠦ ᠪᠡᠶᠡᠯᠡᠭᠦᠯᠬᠦ ᠬᠡᠷᠡᠭᠲᠡᠶ︔ ︽ᠨᠢᠭᠡᠳᠦᠭᠡᠷ ᠰᠠᠷ᠎ᠠ ᠳᠤ ᠨᠢᠭᠡ ᠤᠳᠠᠭ᠎ᠠ ᠪᠠᠶᠢᠴᠠᠭᠠᠯᠳᠡ | ᠬᠢᠵᠦ︾᠂ ︽ᠨᠢᠭᠡ ᠳᠤ ᠬᠠᠷᠢᠭᠤᠴᠠᠵᠤ ᠳᠥᠷᠪᠡ ᠳᠤ ᠵᠠᠰᠠᠬᠤ︾ ᠠᠵᠢᠯᠯᠠᠭ᠎ᠠ ᠶᠢ ᠥᠷᠨᠢᠭᠦᠯᠵᠦ᠂ ᠭᠤᠷᠪᠠᠨ | ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠶ | ᠨᠠᠶᠢᠳᠠᠪᠤᠷᠢᠵᠢᠭᠤᠯᠬᠤ ᠬᠡᠷᠡᠭᠲᠡᠶ︔ ︽ᠨᠢᠭᠡ ᠰᠠᠷ᠎ᠠ ᠳᠤ ᠨᠢᠭᠡ ᠬᠡᠮᠵᠢᠯᠲᠡ ᠬᠢᠬᠦ︾ ᠶᠢ ᠬᠡᠷᠡᠭᠵᠢᠭᠦᠯᠵᠦ᠂ ᠣᠷᠴᠢᠨ | ᠠᠬᠤᠢ ᠶᠢᠨ ᠬᠠᠮᠠᠭᠠᠯᠠᠯᠲᠠ᠂ ᠴᠠᠭ ᠠᠭᠤᠷ᠂ ᠲᠠᠷᠢᠶᠠᠯᠠᠩ ᠮᠠᠯ ᠠᠵᠤ ᠠᠬᠤᠶ᠂ ᠣᠷᠣᠨ ᠰᠠᠭᠤᠴᠠ ᠪᠠ ᠪᠦᠲᠦᠭᠡᠨ | ᠪᠠᠶᠢᠭᠤᠯᠤᠯᠲᠠ᠂ ᠤᠰᠤᠨ ᠠᠰᠢᠭᠯᠠᠯᠲᠠ ᠵᠡᠷᠭᠡ ᠰᠠᠯᠠᠭ᠎ᠠ ᠮᠥᠴᠢᠷ ᠤᠳ ᠡᠯ᠎ᠡ ᠱᠠᠲᠤᠨ ᠤ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠵᠠᠷᠯᠢᠭ ᠲᠤ ᠲᠣᠳᠣᠷᠬᠠᠶ ᠲᠣᠭᠲᠠᠭᠠᠭᠰᠠᠨ ᠡᠭᠦᠷᠭᠡ ᠴᠢᠳᠠᠪᠤᠷᠢ ᠲᠤᠰᠢᠶᠠᠯ | ᠬᠠᠷᠢᠭᠤᠴᠠᠯᠭ᠎ᠠ ᠶᠣᠰᠣᠭᠠᠷ᠂ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠤ ᠬᠡᠮᠵᠢᠶ᠎ᠡ᠂ ᠤᠰᠤᠨ ᠤ ᠴᠢᠨᠠᠷ᠂ | ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠵᠡᠷᠭᠡ ᠪᠠᠶᠢᠳᠠᠯ ᠢ ᠰᠠᠷ᠎ᠠ ᠪᠦᠷᠢ ᠨᠢᠭᠡ ᠤᠳᠠᠭ᠎ᠠ ᠬᠢᠨᠠᠨ ᠬᠡᠮᠵᠢᠬᠦ ᠬᠡᠷᠡᠭᠲᠡᠶ | ︔ ︽ᠨᠢᠭᠡ ᠰᠠᠷ᠎ᠠ ᠳᠤ ᠨᠢᠭᠡ ᠤᠳᠠᠭ᠎ᠠ ᠲᠣᠬᠢᠷᠠᠭᠤᠯᠤᠯᠲᠠ ᠬᠢᠬᠦ︾ ᠶᠢ ᠵᠣᠬᠢᠶᠠᠨ ᠪᠠᠶᠢᠭᠤᠯᠵᠤ᠂ ᠰᠢᠶᠠᠨ ᠤ | ᠭᠤᠤᠯ ᠤᠨ ᠳᠠᠷᠤᠭ᠎ᠠ ᠶᠢᠨ ᠠᠯᠪᠠᠨ ᠭᠡᠷ ᠠᠴᠠ ᠭᠤᠤᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ | ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠬᠡᠷᠡᠭᠲᠡᠶ︔ ︽ᠨᠢᠭᠡ ᠤᠯᠠᠷᠢᠯ ᠳᠤ | ᠨᠢᠭᠡ ᠰᠢᠯᠭᠠᠯᠲᠠ︾ ᠬᠢᠬᠦ ᠠᠵᠢᠯ ᠢ ᠰᠠᠶᠢᠲᠤᠷ ᠬᠢᠵᠦ᠂ ᠰᠢᠶᠠᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ | ᠬᠡᠯᠲᠡᠰ ᠠᠴᠠ ᠰᠢᠶᠠᠨ ᠤ ᠭᠤᠤᠯ ᠤᠨ ᠳᠠᠷᠤᠭ᠎ᠠ ᠶᠢᠨ ᠠᠯᠪᠠᠨ ᠭᠡᠷ ᠤᠨ ᠬᠢᠨ ᠲᠠᠢ ᠬᠠᠮᠳᠤ ᠤᠯᠠᠷᠢᠯ ᠪᠦᠷᠢ ᠰᠢᠶᠠᠨ ᠤ | ᠱᠠᠳᠤᠨ ᠤ ᠭᠤᠤᠯ ᠤᠨ ᠳᠠᠷᠤᠭ᠎ᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠨᠢᠭᠡ ᠤᠳᠠᠭᠠᠨ ᠤ ᠬᠢᠨᠠᠨ | ᠰᠢᠯᠭᠠᠯᠲᠠ ᠬᠢᠬᠦ ᠬᠡᠷᠡᠭᠲᠡᠶ ᠭᠡᠪᠡ᠃ ︵ᠰᠤᠷᠪᠤᠯᠵᠢᠯᠠᠭᠴᠢ᠄ ᠴᠧᠨ ᠶᠦᠨ᠂ ᠱᠠᠩ ᠶᠦᠨ ᠰᠢᠶᠠ︶ | ᠨᠠᠶᠢᠷᠠᠭᠤᠯᠤᠭᠴᠢ᠄ ᠭᠦᠸᠧ ᠬᠤᠩ ᠰᠢᠶᠠ | ᠤᠷᠴᠢᠭᠤᠯᠤᠭᠴᠢ᠄ ᠼᠦᠢ ᠴᠢᠩ | ᠬᠢᠨᠠᠭᠴᠢ᠄ ᠶᠠᠩ ᠸᠧᠨ ᠵᠢᠶᠦ᠋ᠨ ᠯᠢ ᠵᠢᠶᠠᠨ ᠹᠠᠩ | ᠭᠤᠤ ᠸᠧᠶ |