ᠮᠠᠨ ᠤ ᠰᠢᠶᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ  ᠪᠠᠶᠢᠭᠤᠯᠤᠮᠵᠢ ᠳᠤ  ᠪᠠᠶᠢᠴᠠᠭᠠᠯᠳᠡ ᠬᠢᠪᠡ
ᠨᠡᠶᠢᠲᠡᠯᠡᠭᠰᠡᠨ ᠴᠠᠭ᠄
2019-12-03
    ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠬᠠᠨᠳᠤᠭᠤᠯᠤᠭᠰᠠᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠪᠣᠯᠤᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠰᠤᠷᠭᠠᠭᠤᠯᠢ ᠡᠷᠬᠢᠯᠡᠬᠦ ᠶᠠᠰᠤ ᠴᠢᠨᠠᠷ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠬᠤ ᠶᠢᠨ ᠲᠤᠰᠠᠳᠠ᠂ 11 ᠰᠠᠷ᠎ᠠ ᠶᠢᠨ 29 ᠤ ᠡᠳᠦᠷ᠂ ᠮᠠᠨ ᠤ ᠰᠢᠶᠠᠨ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠥᠪᠯᠡᠷᠡᠩᠭᠦᠶ ᠪᠠᠶᠢᠴᠠᠭᠠᠯᠲᠠ ᠬᠢᠵᠦ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠱᠢ ᠼᠦᠢ ᠴᠢᠨ ᠠᠵᠢᠯᠯᠠᠭ᠎ᠠ ᠳᠤ ᠣᠷᠣᠯᠴᠠᠪᠠ᠃
        ᠪᠠᠶᠢᠴᠠᠭᠠᠬᠤ ᠲᠤᠭᠤᠶᠢᠯᠠᠩ ᠤᠨ ᠬᠢᠨ ᠤᠷᠢᠳ ᠬᠤᠵᠢᠳ  ᠱᠧᠨ ᠮᠦᠸᠧ ᠰᠤᠷᠭᠠᠨ ᠬᠥᠮᠦᠵᠢᠯ᠂ ᠡᠬᠢᠯᠡᠯᠲᠡ ᠶᠢᠨ ᠤᠷᠠᠯᠢᠭ ᠤᠨ ᠪᠣᠯᠪᠠᠰᠤᠷᠠᠯ ᠤᠨ ᠲᠥᠪ᠂ ᠴᠧᠩ ᠯᠢ ᠰᠤᠷᠭᠠᠨ ᠬᠥᠮᠦᠵᠢᠯ᠂  ᠲᠢᠶᠠᠨ ᠢᠦᠢ ᠰᠤᠷᠭᠠᠨ ᠬᠥᠮᠦᠵᠢᠯ᠂ ᠪᠥᠸᠧ ᠰᠧ ᠶᠠ ᠰᠤᠷᠭᠠᠨ ᠬᠥᠮᠦᠵᠢᠯ ᠵᠡᠷᠭᠡ ᠪᠣᠯᠪᠠᠰᠤᠷᠠᠯ ᠤᠨ ᠪᠠᠶᠢᠭᠤᠯᠤᠮᠵᠢ ᠳᠤ ᠬᠦᠷᠴᠦ᠂ ᠰᠤᠷᠭᠠᠭᠤᠯᠢ ᠡᠷᠬᠢᠯᠡᠬᠦ ᠬᠢᠷᠢ ᠬᠡᠮ᠂ ᠠᠮᠤᠷ ᠲᠦᠪᠰᠢᠨ ᠤ  ᠪᠠᠶᠢᠳᠠᠯ᠂ ᠰᠤᠷᠤᠭᠴᠢ ᠡᠯᠰᠡᠬᠦ ᠶᠢ ᠬᠠᠪᠰᠤᠷᠤᠨ ᠵᠢᠯᠣᠭᠤᠳᠬᠤ᠂ ᠪᠠᠭᠰᠢ ᠶᠢ ᠤᠷᠢᠨ ᠲᠣᠮᠢᠯᠠᠬᠤ ᠳᠤ ᠲᠤᠬᠠᠶ ᠶᠢᠨ ᠭᠠᠵᠠᠷ ᠤᠨ  ᠪᠠᠶᠢᠴᠠᠭᠠᠯᠳᠡ ᠬᠢᠵᠦ᠂ ᠳᠠᠷᠠᠭ᠎ᠠ ᠨᠢ ᠵᠠᠰᠠᠭ ᠤᠨ ᠣᠷᠳᠣᠨ ᠤ ᠬᠤᠶᠠᠳᠤᠭᠠᠷ ᠳᠠᠪᠬᠤᠷᠯᠢᠭ ᠲᠤ ᠶᠠᠷᠢᠯᠴᠠᠬᠤ ᠬᠤᠷᠠᠯ ᠬᠢᠵᠡᠶ᠃
            ᠱᠢ ᠼᠦᠢ ᠴᠢᠨ ᠠᠴᠠ᠂ ᠪᠣᠯᠪᠠᠰᠤᠷᠠᠯ ᠤᠨ  ᠪᠠᠶᠢᠭᠤᠯᠤᠮᠵᠢ ᠡᠷᠬᠡᠪᠰᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠤᠷ᠎ᠠ ᠰᠣᠨᠢᠷᠬᠠᠯ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂  ᠤᠶᠢᠯᠡᠳᠦᠯᠭᠡ  ᠶᠢᠨ ᠴᠢᠳᠠᠪᠤᠷᠢ ᠪᠣᠯᠤᠨ ᠬᠥᠳᠡᠯᠮᠦᠷᠢᠯᠡᠬᠦ ᠴᠢᠳᠠᠪᠤᠷᠢ ᠶᠢ ᠬᠥᠮᠦᠵᠢᠭᠦᠯᠬᠦ ᠪᠠᠷ ᠬᠠᠷᠠᠯᠲᠠ ᠪᠣᠯᠭᠠᠨ ᠪᠣᠯᠪᠠᠰᠤᠷᠠᠯ ᠬᠢᠵᠦ᠂ ᠰᠢᠯᠭᠠᠯᠲᠠ ᠳᠤ ᠣᠷᠣᠯᠴᠠᠬᠤ᠂ ᠤᠷᠢᠳᠴᠢᠯᠠᠨ ᠪᠣᠯᠪᠠᠰᠤᠷᠠᠭᠤᠯᠬᠤ ᠶᠢ ᠡᠷᠡᠰ ᠴᠠᠭᠠᠵᠠᠯᠠᠵᠤ᠂ ᠬᠡᠤᠬᠡᠳ ᠲᠤ ᠬᠠᠷᠢᠭᠤᠴᠠᠵᠤ᠂ ᠭᠡᠷ ᠤᠨ ᠠᠬᠠᠮᠠᠳ ᠲᠠᠭᠠᠨ ᠣᠰᠣᠯᠳᠠᠬᠤ ᠦᠭᠡᠢ᠂ ᠨᠡᠶᠢᠭᠡᠮ ᠳᠤ ᠣᠰᠣᠯᠳᠠᠬᠤ ᠦᠭᠡᠢ ᠪᠠᠶᠢᠬᠤ ᠬᠡᠷᠡᠭᠲᠡᠶ ᠭᠡᠵᠦ ᠴᠢᠬᠤᠯᠠᠴᠢᠯᠠᠪᠠ᠃ ᠠᠮᠤᠷ ᠲᠦᠪᠰᠢᠨ ᠤ ᠠᠰᠠᠭᠤᠳᠠᠯ ᠢ ᠴᠢᠬᠤᠯᠠᠴᠢᠯᠠᠨ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ  ᠪᠠᠶᠢᠭ᠎ᠠ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠠᠤᠯᠢ ᠶᠣᠰᠣᠭᠠᠷ ᠡᠷᠡᠰ ᠬᠦᠴᠦᠨ ᠦᠭᠡᠢ ᠪᠣᠯᠭᠠᠬᠤ ᠬᠡᠷᠡᠭᠲᠡᠶ᠃ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠬᠢᠨᠠᠨ ᠵᠥᠪᠰᠢᠶᠡᠷᠡᠵᠦ ᠳᠠᠩᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠂ ᠡᠷᠬᠡᠪᠰᠢ ᠤᠷᠢᠳᠠᠪᠠᠷ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠣᠯᠤᠭᠰᠠᠨ ᠤ ᠳᠠᠷᠠᠭ᠎ᠠ ᠰᠠᠶ᠋ᠢ ᠡᠵᠡᠩᠨᠡᠯᠲᠡ ᠶᠢᠨ ᠪᠣᠯᠪᠠᠰᠤᠷᠠᠯ ᠤᠨ  ᠪᠠᠶᠢᠭᠤᠯᠤᠮᠵᠢ ᠡᠷᠬᠡᠪᠰᠢ ᠦᠨᠡᠮᠯᠡᠯ ᠳᠠᠩᠰᠠᠯᠠᠭᠤᠯᠵᠤ᠂ ᠢᠩᠭᠢᠪᠡᠯ ᠰᠠᠶ᠋ᠢ ᠪᠣᠯᠪᠠᠰᠤᠷᠠᠭᠤᠯᠤᠯ ᠥᠷᠨᠢᠭᠦᠯᠵᠦ᠂ ᠦᠨᠡᠮᠯᠡᠯ ᠣᠯᠭᠤᠬᠤ ᠶᠢ ᠴᠢᠩᠭ᠎ᠠ ᠪᠠᠷᠢᠮᠲᠠᠯᠠᠨ᠂ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠬᠢᠨᠠᠨ ᠵᠥᠪᠰᠢᠶᠡᠷᠡᠭᠰᠡᠨ ᠰᠤᠷᠭᠠᠭᠤᠯᠢ ᠡᠷᠬᠢᠯᠡᠬᠦ ᠭᠠᠵᠠᠷ ᠲᠤ ᠰᠤᠷᠭᠠᠭᠤᠯᠢ ᠡᠷᠬᠢᠯᠡᠬᠦ ᠬᠡᠷᠡᠭᠲᠡᠶ᠂ ᠳᠤᠷ᠎ᠠ ᠪᠠᠷ ᠢᠶᠠᠨ ᠵᠢᠭᠠᠨ ᠰᠤᠷᠭᠠᠬᠤ ᠴᠢᠭ ᠭᠠᠷᠭᠠᠵᠤ ᠪᠣᠯᠬᠤ ᠦᠭᠡᠢ ᠃  ᠪᠠᠶᠢᠴᠠᠭᠠᠯᠲᠠ ᠪᠠ  ᠮᠡᠳᠡᠭᠦᠯᠦᠯᠲᠡ ᠶᠢ ᠢᠯᠡ ᠨᠡᠶᠢᠲᠡᠯᠡᠬᠦ ᠠᠵᠢᠯ ᠢ ᠬᠢᠨᠠᠮᠠᠭᠠᠶ ᠥᠷᠨᠢᠭᠦᠯᠵᠦ᠂ ᠪᠠᠶᠢᠴᠠᠭᠠᠯᠲᠠ ᠪᠠ ᠮᠡᠳᠡᠭᠦᠯᠦᠯᠲᠡ ᠶᠢᠨ ᠢᠯᠡ ᠨᠡᠶᠢᠲᠡᠯᠡᠭᠰᠡᠨ ᠮᠡᠳᠡᠭᠡ ᠵᠠᠩᠭᠢ ᠶᠢ ᠰᠤᠭᠤᠴᠢᠨ  ᠪᠠᠶᠢᠴᠠᠭᠠᠭᠠᠳ᠂ ᠪᠣᠯᠪᠠᠰᠤᠷᠠᠭᠤᠯᠤᠯ ᠤᠨ ᠪᠠᠶᠢᠭᠤᠯᠤᠮᠵᠢ ᠪᠣᠳᠠᠲᠤ ᠪᠠᠶᠢᠳᠠᠯ ᠢᠶᠠᠨ ᠨᠢᠭᠤᠨ ᠳᠠᠯᠳᠠᠯᠠᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠬᠠᠤᠯᠢ ᠲᠣᠭᠲᠠᠭᠠᠯ ᠠᠴᠠ ᠵᠥᠷᠢᠴᠡᠨ ᠰᠤᠷᠭᠠᠭᠤᠯᠢ ᠡᠷᠬᠢᠯᠡᠭᠰᠡᠨ᠂ ᠡᠰᠡᠬᠦᠯ᠎ᠡ ᠪᠠᠶᠢᠴᠠᠭᠠᠯᠲᠠ ᠶᠢ ᠬᠦᠯᠢᠶᠡᠭᠰᠡᠨ ᠦᠭᠡᠢ ᠂ ᠮᠡᠳᠡᠭᠦᠯᠦᠯᠲᠡ ᠪᠠᠨ ᠮᠡᠳᠡᠭᠦᠯᠦᠨ ᠬᠦᠷᠭᠡᠭᠰᠡᠨ ᠦᠭᠡᠢ  ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠤᠷᠢᠯᠡᠵᠦ᠂ ᠦᠢᠯᠡ  ᠪᠠᠶᠢᠳᠠᠯ ᠨᠢ ᠬᠦᠨᠳᠦ ᠨᠣᠴᠢᠲᠠᠶ ᠪᠣᠯ ᠰᠤᠷᠭᠠᠭᠤᠯᠢ ᠡᠷᠬᠢᠯᠡᠬᠦ ᠵᠥᠪᠰᠢᠶᠡᠷᠡᠯ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠵᠤ᠂ ᠪᠣᠯᠪᠠᠰᠤᠷᠠᠭᠤᠯᠤᠯ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ ︵ᠰᠤᠷᠪᠤᠯᠵᠢᠯᠠᠭᠴᠢ ᠯᠢ ᠰᠢᠶᠣᠤ ᠾᠦᠢ︶                             ᠨᠠᠶᠢᠷᠠᠭᠤᠯᠤᠭᠴᠢ᠄ ᠭᠦᠸᠧ ᠬᠤᠩ ᠰᠢᠶᠠ    ᠡᠤ ᠬᠤᠩ ᠰᠢᠶᠠ                             ᠤᠷᠴᠢᠭᠤᠯᠤᠭᠴᠢ᠄ ᠼᠦᠢ ᠴᠢᠩ                             ᠬᠢᠨᠠᠭᠴᠢ᠄ ᠶᠠᠩ ᠸᠧᠨ ᠵᠢᠶᠦ᠋ᠨ  ᠯᠢ ᠵᠢᠶᠠᠨ ᠹᠠᠩ   ᠭᠤᠤ ᠸᠧᠶ
 
ᠢᠷᠡᠯᠲᠡ᠄ ᠠᠮᠢᠵᠢᠷᠠᠯ  ᠪᠢᠯᠬᠠᠭᠰᠠᠨ ᠯᠢᠶᠠᠩᠴᠧᠩ  ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2