ᠯᠢᠶᠠᠩᠴᠧᠩ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ
ᠨᠡᠶᠢᠲᠡᠯᠡᠭᠰᠡᠨ ᠴᠠᠭ᠄
2019-12-04
        ᠯᠢᠶᠠᠩᠴᠧᠩ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠭᠤᠤᠯ ᠲᠤᠰᠢᠶᠠᠯ ᠬᠠᠷᠢᠭᠤᠴᠠᠯᠭ᠎ᠠ ᠪᠣᠯ ᠵᠠᠮ ᠬᠠᠷᠢᠯᠴᠠᠭᠠᠨ ᠤ ᠠᠵᠢᠯ ᠲᠥᠷᠥᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠪᠡ᠂ ᠲᠤᠰᠬᠠᠶ ᠲᠥᠯᠥᠪᠵᠢᠭᠦᠯᠪᠡ᠂ ᠲᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠯᠲᠠ᠂ ᠵᠠᠮ ᠤᠨ ᠶᠠᠪᠤᠳᠠᠯ ᠤᠨ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ᠂ ᠳᠦᠷᠢᠮ  ᠢ ᠲᠤᠭᠤᠷᠪᠢᠨ ᠲᠣᠭᠲᠠᠭᠠᠬᠤ ᠪᠥᠭᠡᠳ ᠬᠢᠨᠠᠯᠲᠠ ᠲᠠᠯᠪᠢᠵᠤ ᠬᠡᠷᠡᠭᠵᠢᠭᠦᠯᠦᠨ᠎ᠡ︔ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ  ᠵᠤᠶᠢᠯᠡᠰ ᠪᠠ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ︔ ᠬᠤᠯᠪᠣᠭᠳᠠᠯ ᠪᠦᠬᠦᠢ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠪᠠᠷᠢᠯᠭ᠎ᠠ ᠶᠢᠨ ᠶᠠᠰᠤ ᠴᠢᠨᠠᠷ᠂ ᠠᠶᠤᠯᠭᠦᠶ  ᠤᠶᠢᠯᠡᠳᠪᠤᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠵᠠᠮ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠶᠢᠨ ᠬᠠᠮᠢᠶᠠᠷᠤᠯᠲᠠ ᠪᠠ ᠬᠠᠮᠠᠭᠠᠯᠠᠯᠲᠠ ᠶᠢ ᠵᠢᠯᠣᠭᠤᠳᠤᠨ᠎ᠠ︔ ᠵᠠᠮ ᠬᠠᠷᠢᠯᠴᠠᠭᠠᠨ ᠤ ᠠᠵᠢᠯ ᠲᠥᠷᠥᠯ ᠤᠨ ᠠᠶᠤᠯᠭᠦᠶ  ᠤᠶᠢᠯᠡᠳᠪᠤᠷᠢᠯᠡᠯ ᠪᠠ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ ᠡ᠊ᠨᠳᠡᠯ ᠢ ᠪᠠᠶᠢᠴᠠᠭᠠᠨ  ᠰᠢᠢᠳᠪᠤᠷᠢᠯᠡᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ︔ ᠵᠠᠮ ᠬᠠᠷᠢᠯᠴᠠᠭᠠᠨ ᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃                                                 ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2