ᠯᠢᠶᠠᠩᠴᠧᠩ ᠤᠨ ᠦᠨᠳᠦᠰᠦᠳᠡᠨ ᠤ ᠪᠠᠭ᠎ᠠ ᠰᠤᠷᠭᠠᠭᠤᠯᠢ ᠶᠢᠨ ᠪᠠᠭᠰᠢ ᠪᠤᠯᠬᠤ ᠪᠠᠢ ᠷᠦᠢ ᠯᠢᠨ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2019-12-05
   ᠨᠢᠭᠡ ᠣ ᠶᠢᠨ ᠪᠢᠷ ᠢᠶᠠᠷ ᠰᠢᠷᠭᠠᠭᠤ ᠠᠵᠢᠯᠯᠠᠵᠤ᠂ ᠭᠤᠷᠪᠠᠨ ᠲᠣᠬᠤᠢ ᠬᠢᠴᠢᠶᠡᠯ ᠤᠨ ᠲᠠᠪᠴᠠᠩ ᠳᠡᠭᠡᠷ᠎ᠡ  ᠤᠯᠠᠨ ᠠᠷᠪᠢᠨ ᠰᠤᠷᠤᠭᠴᠢᠳ ᠢ ᠬᠦᠮᠦᠵᠢᠭᠦᠯᠪᠡ᠃ 20 ᠭᠠᠷᠤᠶ ᠵᠢᠯ ᠤᠨ ᠲᠤᠷᠰᠢ᠂ ᠪᠠᠶ ᠷᠦᠢ ᠯᠢᠨ ᠰᠢᠷᠭᠠᠭᠤ ᠬᠠᠲᠠᠭᠤᠵᠢᠯᠲᠠᠶ  ᠴᠢᠷᠮᠠᠶᠢᠯᠭ᠎ᠠ ᠪᠠᠷ ᠢᠶᠠᠨ  ᠂ ︽ᠪᠦᠬᠦ ᠬᠤᠲᠠ ᠶᠢᠨ ᠰᠢᠯᠢᠳᠡᠭ ᠪᠠᠭᠰᠢ︾᠂ ᠪᠦᠬᠦ ᠬᠤᠲᠠ ᠶᠢᠨ ︽ᠠᠷᠪᠠᠨ ᠰᠢᠯᠢᠳᠡᠭ ᠪᠠᠭᠰᠢ ᠶᠢᠨ ᠶᠣᠰᠣ ᠰᠤᠷᠲᠠᠬᠤᠨ ᠤ ᠵᠢᠱᠢᠶᠡᠴᠢ︾ ᠵᠡᠷᠭᠡ ᠢᠷᠠᠭᠤ ᠠᠯᠳᠠᠷ ᠢ ᠣᠯᠠᠨᠲᠠ ᠬᠦᠷᠲᠡᠪᠡ᠃
       ᠡᠨᠡ ᠵᠢᠯ ᠪᠣᠯ ᠲᠡᠭᠦᠨ ᠤ ᠲᠤᠬᠠᠶᠢᠯᠠᠭᠰᠠᠨ ᠠᠵᠢᠯ  ᠤᠨ ᠲᠠᠯ᠎ᠠ ᠪᠠᠷ ᠬᠢ 24 ᠳ᠋ᠦᠭᠡᠷ ᠵᠢᠯ ᠪᠣᠯᠤᠨ᠎ᠠ᠃ ᠣᠯᠠᠨ ᠵᠢᠯ ᠤᠨ ᠲᠤᠷᠰᠢ᠂ ᠲᠡᠷᠡ ᠪᠢᠴᠢᠭ ᠵᠢᠭᠠᠬᠤ ᠶᠢ ᠢᠮᠠᠭᠲᠠ ᠪᠠᠷᠢᠮᠲᠠᠯᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ︽ᠤᠷᠮᠠᠰᠢᠭᠤᠯᠵᠤ᠂ ᠪᠠᠭ᠋ᠠᠷᠬᠠᠵᠤ᠂ ᠬᠦᠨᠳᠦᠳᠬᠡᠵᠦ᠂ ᠳᠠᠭᠤᠳᠠᠨ ᠰᠡᠷᠢᠭᠡᠵᠦ︾᠂  ᠲᠤᠶᠢᠯ  ᠤᠨ ᠶᠡᠭᠡ ᠵᠣᠷᠢᠭ᠂ ᠲᠡᠰᠪᠦᠷᠢ ᠲᠡᠪᠴᠢᠶᠡᠷᠢ᠂ ᠬᠠᠷᠢᠭᠤᠴᠠᠯᠭᠠᠲᠤ ᠰᠡᠳᠬᠢᠯᠭᠡ ᠪᠠᠷ ᠰᠤᠷᠤᠭᠴᠢᠳ ᠢ ᠬᠥᠮᠦᠵᠢᠭᠦᠯᠵᠦ᠂ ᠰᠤᠷᠤᠭᠴᠢᠳ ᠤᠨ ᠬᠠᠶᠢᠷ᠎ᠠ ᠬᠦᠨᠳᠦᠳᠬᠡᠯ ᠢ ᠣᠯᠤᠭᠰᠠᠨ ᠪᠠᠶᠢᠨ᠎ᠠ᠃ ᠰᠤᠷᠤᠭᠴᠢ ᠸᠠᠩ ᠽᠢ ᠵᠢᠶᠦ᠋ᠨ᠄ ︽ᠪᠢ ᠪᠠᠶ ᠪᠠᠭᠰᠢ ᠶᠢᠨ ᠬᠢᠴᠢᠶᠡᠯ ᠣᠷᠣᠬᠤ ᠮᠠᠰᠢ ᠳᠤᠷᠠᠲᠠᠶ᠂ ᠲᠡᠭᠦᠨ ᠤ ᠶᠠᠷᠢᠬᠤ ᠬᠢᠴᠢᠶᠡᠯ ᠨᠢ ᠰᠡᠳᠬᠢᠴᠡ ᠲᠣᠳᠣ᠂ ᠬᠢᠴᠢᠶᠡᠯ ᠳᠡᠭᠡᠷ᠎ᠡ ᠠᠭᠤᠷ ᠠᠮᠢᠰᠬᠤᠯ ᠬᠥᠷ ᠬᠥᠭᠵᠢᠶᠡᠨ ᠲᠠᠢ᠂ ᠪᠢ ᠤᠳᠠᠯ ᠦᠭᠡᠢ ᠰᠢᠨ᠎ᠡ ᠮᠡᠳᠡᠯᠭᠡ ᠬᠦᠷᠲᠡᠵᠦ ᠴᠢᠳᠠᠨ᠎ᠠ᠂ ᠲᠡᠷᠡ ᠡᠶᠡᠯᠰᠡᠭ ᠳᠣᠲᠣᠨᠣ᠂ ᠬᠠᠮᠲᠤ ᠰᠤᠷᠤᠭᠴᠢ ᠪᠣᠯᠭᠠᠨ ᠳᠤ ᠡᠷᠬᠡ ᠲᠡᠭᠰᠢ ᠪᠠᠷ ᠬᠠᠨᠳᠤᠨ᠎ᠠ᠂ ᠪᠢᠳᠡ ᠪᠦᠷ ᠲᠡᠭᠦᠨ ᠳᠤ ᠬᠠᠶᠢᠷᠠᠲᠠᠶ  ︾ ᠭᠡᠪᠡ᠃
  ᠵᠢᠭᠠᠨ ᠰᠤᠷᠭᠠᠬᠤ ᠠᠵᠢᠯ ᠪᠣᠯ ᠰᠤᠷᠭᠠᠭᠤᠯᠢ ᠶᠢᠨ ᠡᠯ᠎ᠡ  ᠵᠤᠶᠢᠯ ᠤᠨ ᠠᠵᠢᠯ ᠤᠨ ᠭᠤᠤᠯᠳᠠᠯᠭ᠎ᠠ ᠮᠥᠨ᠂ ᠪᠠᠰᠠ ᠴᠤ ᠪᠠᠭᠰᠢ ᠶᠢᠨ ᠠᠵᠢᠯ ᠤᠨ ᠰᠠᠶᠢᠨ ᠮᠠᠭᠤ ᠶᠢ ᠰᠢᠯᠭᠠᠬᠤ ᠵᠠᠩᠭᠢᠯᠠᠭ᠎ᠠ ᠮᠥᠨ᠃ ᠪᠠᠶ ᠪᠠᠭᠰᠢ ᠪᠠᠭᠰᠢ ᠶᠢᠨ ᠪᠣᠯᠪᠠᠰᠤᠷᠠᠯ᠂ ᠲᠤᠰᠠᠯᠠᠬᠤ ᠪᠠ ᠰᠣᠯᠢᠯᠴᠠᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠣᠯᠠᠨ ᠤᠳᠠᠭ᠎ᠠ ᠵᠢᠱᠢᠶ᠎ᠡ ᠦᠵᠡᠭᠦᠯᠬᠦ ᠬᠢᠴᠢᠶᠡᠯ ᠵᠢᠴᠢ ᠰᠤᠷᠭᠠᠨ ᠬᠥᠮᠦᠵᠢᠯ ᠢ ᠬᠥᠳᠡᠭᠡ ᠬᠦᠷᠭᠡᠬᠦ ᠵᠡᠷᠭᠡ ᠵᠢᠭᠠᠨ ᠰᠤᠷᠭᠠᠯᠲᠠ ᠶᠢᠨ ᠡᠭᠦᠷᠭᠡ ᠶᠢ ᠡᠭᠦᠷᠭᠡᠯᠡᠵᠦ ᠥᠩᠭᠡᠷᠡᠭᠰᠡᠨ ᠪᠤᠶᠤ ᠭᠤᠤᠯᠯᠠᠨ ᠶᠠᠷᠢᠬᠤ ᠪᠠᠭᠰᠢ ᠶᠢᠨ ᠲᠤᠰᠢᠶᠠᠯ ᠢ ᠡᠭᠦᠷᠭᠡᠯᠡᠵᠦ ᠲᠤᠰᠬᠠᠶ ᠰᠡᠳᠦᠪᠲᠦ ᠲᠠᠶᠢᠯᠤᠮᠵᠢ ᠬᠢᠬᠦ ᠶᠢᠨ ᠬᠠᠮᠲᠤ ᠪᠠᠰᠠ ︽ᠴᠡᠩᠬᠡᠷ ᠬᠥᠬᠡ ᠢᠨᠵᠧᠨᠧᠷᠢᠩ︾ ᠤᠨ ᠠᠵᠢᠯᠯᠠᠭ᠎ᠠ ᠳᠤ ᠣᠷᠣᠯᠴᠠᠵᠤ᠂ ᠤᠯᠠᠮᠵᠢᠯᠠᠬᠤ᠂ ᠬᠠᠪᠰᠤᠷᠬᠤ᠂ ᠳᠠᠶᠢᠴᠢᠯᠠᠬᠤ  ᠤᠶᠢᠯᠡᠳᠦᠯ ᠢ ᠨᠢ ᠪᠠᠳᠠᠷᠠᠭᠤᠯᠵᠤ᠂ ᠵᠠᠯᠠᠭᠤ ᠪᠠᠭᠰᠢ ᠶᠢ ᠵᠢᠯᠣᠭᠤᠳᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠬᠢᠴᠢᠶᠡᠯ ᠲᠥᠷᠥᠯ ᠤᠨ ᠰᠤᠷᠭᠠᠨ ᠬᠥᠮᠦᠵᠢᠯ ᠤᠨ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠯᠠᠭᠤ ᠪᠠᠭᠰᠢ ᠶᠢᠨ ᠦᠳᠲᠡᠷ ᠲᠦᠷᠭᠡᠨ ᠦᠰᠦᠨ ᠪᠤᠶᠢᠵᠢᠬᠤ ᠶᠢ ᠠᠬᠢᠭᠤᠯᠵᠤ᠂ ᠨᠡᠶᠢᠭᠡᠮ ᠤᠨ ᠬᠢᠷᠢ ᠲᠡᠩᠴᠡᠭᠰᠡᠨ ᠴᠢᠳᠠᠪᠤᠷᠢᠲᠠᠨ ᠢ ᠬᠥᠮᠦᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
       ᠪᠣᠳᠠᠲᠠᠶ ᠠᠵᠢᠯ ᠤᠨ ᠳᠤᠮᠳᠠ᠂ ᠪᠠᠶ ᠪᠠᠭᠰᠢ ᠪᠤᠰᠤᠳ ᠤᠨ ᠰᠠᠨᠠᠯ ᠰᠠᠨᠠᠭᠤᠯᠭ᠎ᠠ ᠶᠢ ᠳᠠᠷᠤᠤ ᠬᠢᠴᠢᠶᠡᠩᠭᠦᠶ ᠪᠠᠷ ᠬᠦᠯᠢᠶᠡᠨ ᠠᠪᠬᠤ ᠶᠢᠨ ᠬᠠᠮᠲᠤ ᠦᠷᠭᠦᠯᠵᠢ ᠰᠠᠨᠠᠭᠠᠴᠢᠯᠠᠭ᠎ᠠ ᠠᠴᠠ ᠪᠠᠨ ᠪᠤᠰᠤᠳ ᠪᠠᠭᠰᠢ ᠶᠢᠨ ᠬᠢᠴᠢᠶᠡᠯ ᠢ ᠰᠣᠨᠣᠰᠴᠤ᠂ ᠳᠤᠮᠳᠠ ᠠᠴᠠ ᠨᠢ  ᠰᠢᠩᠭᠡᠭᠡᠨ‌ᠠᠪᠴᠤ᠂ ᠦᠷᠭᠦᠯᠵᠢ ᠬᠠᠮᠲᠤ ᠠᠵᠢᠭᠯᠠᠭᠰᠠᠳ ᠲᠠᠢ ᠪᠠᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠠᠷᠭ᠎ᠠ ᠶᠢ ᠰᠤᠳᠤᠯᠤᠨ ᠶᠠᠷᠢᠯᠴᠠᠵᠤ᠂ ᠥᠪᠡᠷ ᠤᠨ ᠵᠢᠭᠠᠨ ᠰᠤᠷᠭᠠᠬᠤ ᠠᠷᠭ᠎ᠠ ᠪᠠᠨ ᠰᠤᠳᠤᠯᠤᠨ ᠲᠠᠰᠤᠷᠠᠯᠲᠠ ᠦᠭᠡᠢ ᠬᠠᠯᠠᠨ ᠰᠠᠶᠢᠵᠢᠷᠠᠭᠤᠯᠵᠤ᠂ ᠬᠠᠮᠲᠤ ᠠᠵᠢᠭᠯᠠᠭᠰᠠᠳ ᠤᠨ ᠢᠶᠠᠨ ᠰᠠᠶᠢᠨ ᠦᠨᠡᠯᠡᠯᠲᠡ ᠪᠠ ᠬᠦᠷᠢᠶᠡᠯᠡᠯ ᠢ ᠣᠯᠳᠠᠭ᠃
          ᠬᠠᠮᠲᠤ ᠠᠵᠢᠯᠲᠠᠨ ᠵᠤᠤ ᠯᠢ ᠬᠤᠸᠠ᠄ ︽ᠪᠠᠶ ᠪᠠᠭᠰᠢ ᠪᠣᠯ ᠨᠢᠭᠡᠨ ᠠᠵᠢᠯ ᠤᠨ ᠴᠢᠳᠠᠪᠤᠷᠢ ᠰᠠᠶᠢᠨ᠂ ᠠᠵᠢᠯ  ᠤᠶᠢᠯᠡᠰ ᠢᠶᠠᠨ ᠳᠡᠭᠡᠳᠦᠯᠡᠳᠡᠭ ᠪᠠᠭᠰᠢ᠂ ᠲᠡᠷᠡ ᠨᠢᠭᠡᠨᠲᠡ ᠲᠠᠪᠢ ᠭᠠᠷᠴᠠᠶ᠂ ᠨᠢᠭᠡ ᠡᠳᠦᠷ ᠭᠤᠷᠪᠠ ᠳᠥᠷᠪᠡᠨ ᠴᠠᠭ ᠤᠨ ᠬᠢᠴᠢᠶᠡᠯ ᠣᠷᠣᠬᠤ ᠠᠴᠠ ᠭᠠᠳᠠᠨ᠎ᠠ᠂ ᠨᠢᠭᠡ ᠡᠳᠦᠷ ᠬᠢᠴᠢᠶᠡᠯ ᠪᠠᠭᠤᠮᠠᠭᠴᠠ ᠰᠤᠷᠤᠭᠴᠢ ᠪᠠᠨ ᠬᠠᠪᠰᠤᠷᠤᠨ ᠵᠢᠯᠣᠭᠤᠳᠴᠤ᠂ ᠨᠢᠭᠡ ᠡᠳᠦᠷ 90 ᠪᠣᠯᠪᠠᠰᠤᠷᠠᠯ ᠤᠨ ᠳᠡᠪᠲᠡᠷ᠂ 90 ᠭᠠᠷᠤᠶ ᠳᠠᠰᠬᠠᠯ ᠢ ᠨᠢ ᠲᠠᠰᠤᠯᠤᠨ ᠦᠵᠡᠳᠡᠭ᠂ ᠭᠡᠪᠡᠴᠦ ᠲᠡᠭᠦᠨ ᠤ ᠨᠢᠭᠤᠷ ᠳᠡᠭᠡᠷ᠎ᠡ ᠠᠴᠠ ᠨᠢᠭᠡ ᠴᠦ ᠶᠠᠳᠠᠷᠠᠯ ᠢ ᠣᠯᠵᠤ ᠦᠵᠡᠬᠦ ᠦᠭᠡᠢ ᠰᠢᠭ᠂ ᠲᠡᠷᠡ ᠪᠣᠯ ᠪᠢᠳᠡᠨ ᠤ ᠰᠤᠷᠤᠯᠴᠠᠬᠤ ᠳᠠᠭᠤᠷᠢᠶᠠᠯ ᠮᠥᠨ  ︾ ᠭᠡᠪᠡ᠃                                                                         ᠰᠤᠷᠪᠤᠯᠵᠢᠯᠠᠭᠴᠢ᠄ ᠸᠠᠩ ᠪᠢᠨ    ᠱᠠᠩ ᠶᠦᠨ ᠰᠢᠶᠠ                                     ᠤᠷᠴᠢᠭᠤᠯᠤᠭᠴᠢ᠄ ᠼᠦᠢ ᠴᠢᠩ
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2