ᠯᠢᠶᠠᠩᠴᠧᠩ ᠰᠢᠶᠠᠨ ᠤ ᠬᠤᠩ ᠶᠤᠸᠠᠨ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠂ ᠳᠡᠳ᠋ ᠰᠤᠷᠭᠠᠭᠤᠯᠢ ᠶᠢᠨ ᠵᠠᠬᠢᠷᠤᠯ ᠯᠢ ᠬᠠᠢ ᠶᠢ ᠰᠤᠷᠪᠤᠯᠵᠢᠯᠡᠭᠰᠡᠨ ᠨᠢ
ᠨᠡᠶᠢᠲᠡᠯᠡᠭᠰᠡᠨ ᠴᠠᠭ᠄
2019-12-05
    ᠯᠢ ᠬᠠᠢ ᠦᠨᠦ ᠵᠢᠯ 62 ᠨᠠᠰᠤᠲᠠᠶ᠂  ᠨᠠᠮ ᠤᠨ ᠭᠡᠰᠢᠭᠦᠨ᠂ ᠳᠤᠮᠳᠠᠳᠤ ᠰᠤᠷᠭᠠᠭᠤᠯᠢ ᠶᠢᠨ  ᠲᠡᠭᠡᠳᠦ ᠲᠡᠰ ᠤᠨ ᠪᠠᠭᠰᠢ᠃ 2017 ᠣᠨ ᠳᠤ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠪᠠᠰᠠ ᠯᠢᠶᠠᠩᠴᠧᠩ  ᠰᠢᠶᠠᠨ ᠤ ᠬᠤᠩ ᠶᠤᠸᠠᠨ ᠳᠤᠮᠳᠠᠳᠤ ᠰᠤᠷᠭᠠᠭᠤᠯᠢ ᠳᠤ ᠢᠷᠡᠵᠦ᠂ ᠬᠤᠩ ᠶᠤᠸᠠᠨ ᠳᠤᠮᠳᠠᠳᠤ ᠰᠤᠷᠭᠠᠭᠤᠯᠢ ᠶᠢᠨ ᠨᠠᠮ ᠤᠨ ᠡᠭᠦᠷ ᠤᠨ ᠱᠦᠵᠢ ᠪᠣᠯᠵᠤ᠂ ᠬᠡᠯᠡ ᠪᠢᠴᠢᠭ ᠤᠨ ᠪᠠᠭᠰᠢ ᠪᠣᠯᠪᠠ᠃ ᠲᠡᠷᠡ ᠠᠵᠢᠯ ᠤᠨ ᠪᠠᠶᠢᠷᠢ ᠪᠠᠨ ᠬᠠᠶᠢᠷᠠᠯᠠᠵᠤ ᠠᠵᠢᠯ  ᠤᠶᠢᠯᠡᠰ ᠢᠶᠠᠨ ᠳᠡᠭᠡᠳᠦᠯᠡᠨ᠂ ᠪᠠᠭᠰᠢ ᠶᠢᠨ ᠬᠡᠪ ᠳᠠᠭᠤᠷᠢᠶᠠᠯ ᠪᠣᠯᠵᠤ᠂ ᠰᠤᠷᠤᠭᠴᠢᠳ ᠢᠶᠠᠨ ᠬᠠᠶᠢᠷᠠᠯᠠᠵᠤ᠂ ᠬᠠᠷᠠᠮ ᠦᠭᠡᠢ ᠵᠢᠳᠬᠦᠳᠡᠭ᠃ 22 ᠨᠠᠰᠤᠲᠠᠶ ᠳᠠᠭᠠᠨ ᠰᠤᠷᠭᠠᠨ ᠬᠥᠮᠦᠵᠢᠯ ᠤᠨ  ᠤᠶᠢᠯᠡᠰ ᠲᠤ ᠣᠷᠣᠯᠴᠠᠵᠤ᠂ ᠳᠥᠴᠢ ᠭᠠᠷᠤᠶ ᠵᠢᠯ ᠤᠨ ᠲᠤᠷᠰᠢ᠂ ᠨᠢᠭᠡ ᠰᠡᠳᠬᠢᠯ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠡᠭᠡᠷ᠎ᠡ ᠭᠠᠪᠰᠢᠭᠠᠶᠢᠯᠠᠵᠤ᠂ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠲᠤᠰᠢᠶᠠᠯ ᠬᠠᠷᠢᠭᠤᠴᠠᠯᠭ᠎ᠠ ᠪᠠᠨ ᠵᠢᠱᠢᠶᠡᠴᠢ ᠪᠠᠷ  ᠭᠦᠢᠴᠡᠳᠭᠡᠵᠠᠢ᠃ ︽ᠤᠯᠠᠭᠠᠨᠴᠠᠪ ᠬᠤᠲᠠ ᠶᠢᠨ  ᠡᠷᠡᠨ ᠰᠤᠨᠳᠠᠯᠠᠭᠰᠠᠨ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ︾᠂ ︽ᠤᠯᠠᠭᠠᠨᠴᠠᠪ ᠬᠤᠲᠠ ᠶᠢᠨ ᠰᠢᠯᠢᠳᠡᠭ ᠰᠤᠷᠭᠠᠨ ᠬᠥᠮᠦᠵᠢᠯ ᠤᠨ ᠠᠵᠢᠯᠲᠠᠨ︾᠂ ︽ᠤᠯᠠᠭᠠᠨᠴᠠᠪ ᠬᠤᠲᠠ ᠶᠢᠨ  ᠡᠷᠡᠨ ᠰᠤᠨᠳᠠᠯᠠᠭᠰᠠᠨ ᠴᠡᠴᠡᠷᠯᠢᠭᠴᠢ ᠳᠤᠮᠳᠠᠳᠤ ᠰᠤᠷᠭᠠᠭᠤᠯᠢ ᠶᠢᠨ ᠭᠤᠤᠯᠯᠠᠭᠴᠢ ᠪᠠᠭᠰᠢ︾ ᠵᠡᠷᠭᠡ ᠢᠷᠠᠭᠤ ᠠᠯᠳᠠᠷ ᠢ ᠬᠦᠷᠲᠡᠪᠡ᠃
         ᠯᠢᠶᠠᠩᠴᠧᠩ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠪᠠᠷᠠᠭᠤᠨ ᠬᠤᠶᠢᠲᠤ ᠥᠨᠴᠥᠭ ᠲᠤ ᠨᠣᠭᠤᠭᠠᠨ ᠮᠣᠳᠣ ᠪᠠᠷ ᠬᠦᠷᠢᠶᠡᠯᠡᠭᠳᠡᠭᠰᠡᠨ ᠠᠰᠠᠷ ᠲᠤ ᠨᠢᠭᠡᠨ ᠣᠨᠴᠠᠭᠠᠢ ᠵᠢᠭᠠᠨ ᠰᠤᠷᠭᠠᠬᠤ ᠠᠩᠭᠢ — ᠬᠤᠩ ᠶᠤᠸᠠᠨ ᠳᠤᠮᠳᠠᠳᠤ ᠰᠤᠷᠭᠠᠭᠤᠯᠢ ᠶᠢᠨ ᠲᠤᠷᠰᠢᠯᠲᠠ ᠶᠢᠨ ᠠᠩᠭᠢ ᠪᠠᠶ᠋ᠳᠠᠭ᠃ ᠲᠤᠰ ᠠᠩᠭᠢ ᠶᠢ ᠠᠷᠠᠳ ᠠᠴᠠ ᠡᠷᠬᠢᠯᠡᠭᠰᠡᠨ ᠬᠤᠩ ᠶᠤᠸᠠᠨ ᠳᠤᠮᠳᠠᠳᠤ ᠰᠤᠷᠭᠠᠭᠤᠯᠢ ᠠᠴᠠ ᠭᠤᠤᠯᠯᠠᠨ ᠡᠷᠬᠢᠯᠡᠵᠦ᠂ ᠯᠢᠶᠠᠩᠴᠧᠩ  ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠠᠴᠠ ᠬᠠᠮᠵᠢᠨ ᠡᠷᠬᠢᠯᠡᠵᠦ᠂ ᠪᠠᠭ᠎ᠠ ᠰᠤᠷᠭᠠᠭᠤᠯᠢ ᠠᠴᠠ ᠠᠩᠬ᠎ᠠ ᠳᠤᠮᠳᠠᠳᠤ ᠳᠤ ᠳᠡᠪᠰᠢᠬᠦ ᠰᠢᠯᠢᠳᠡᠭ ᠰᠤᠷᠤᠭᠴᠢ ᠶᠢ ᠡᠯᠰᠡᠵᠦ ᠰᠤᠷᠤᠯᠴᠠᠭᠤᠯᠤᠨ᠂ ᠨᠡᠷᠡᠲᠦ ᠪᠠᠭᠰᠢ ᠰᠣᠩᠭᠤᠨ ᠪᠠᠭᠰᠢᠯᠠᠭᠤᠯᠵᠤ᠂ ᠯᠢ ᠬᠠᠢ ᠲᠤᠰ ᠠᠩᠭᠢ ᠶᠢᠨ ᠡᠷᠬᠢᠯᠡᠭᠴᠢ ᠪᠥᠭᠡᠳ ᠬᠡᠯᠡ ᠪᠢᠴᠢᠭ ᠤᠨ ᠪᠠᠭᠰᠢ ᠪᠣᠯᠪᠠ᠃
       ᠬᠢᠴᠢᠶᠡᠯ ᠤᠨ ᠭᠡᠷ ᠲᠤ ᠠᠯᠬᠤᠨ ᠣᠷᠣᠬᠤ ᠳᠤ᠂ ᠯᠢ ᠬᠠᠢ ᠶᠠᠭ ︽ᠮᠣᠳᠣ ᠲᠠᠷᠢᠭᠰᠠᠨ ᠬᠤᠨᠢᠴᠢᠨ︾ ᠢ ᠶᠠᠷᠢᠵᠤ ᠪᠠᠶᠢᠯ᠎ᠠ᠂ ᠲᠡᠷᠡ ᠬᠢᠴᠢᠶᠡᠯ ᠢᠶᠠᠷ ᠦᠯᠢᠭᠡᠷ ᠵᠢᠱᠢᠶ᠎ᠡ ᠪᠣᠯᠭᠠᠵᠤ᠂ ᠤᠩᠰᠢᠨ ᠰᠣᠨᠢᠷᠬᠠᠵᠤ᠂ ᠵᠠᠳᠠᠯᠤᠨ ᠣᠶᠢᠯᠠᠭᠠᠵᠤ᠂ ᠬᠥᠮᠦᠨ ᠤ ᠠᠷᠭ᠎ᠠ ᠶᠢ ᠲᠠᠶᠢᠯᠪᠤᠷᠢᠯᠠᠨ ᠵᠢᠭᠠᠵᠤ᠂ ᠵᠣᠬᠢᠶᠠᠨ ᠪᠢᠴᠢᠬᠦ ᠣᠨᠴᠠᠯᠢᠭ ᠢ ᠤᠶᠢᠯᠠᠭᠠᠨ᠂ ᠪᠠᠶᠠᠷ ᠬᠥᠷ ᠲᠠᠢ ᠠᠭᠤᠷ ᠠᠮᠢᠰᠬᠤᠯ ᠤᠨ ᠳᠤᠮᠳᠠ ᠰᠤᠷᠤᠭᠴᠢᠳ ᠤᠨ ᠳᠤᠷ᠎ᠠ ᠰᠣᠨᠢᠷᠬᠠᠯ ᠪᠠ ᠴᠢᠳᠠᠪᠤᠷᠢ ᠶᠢ ᠬᠥᠮᠦᠵᠢᠭᠦᠯᠪᠡ ᠃ ᠬᠤᠩᠬ᠎ᠠ ᠳᠤᠤᠭᠠᠷᠤᠭᠰᠠᠨ ᠤ ᠳᠠᠷᠠᠭ᠎ᠠ᠂ ᠯᠢ ᠬᠠᠢ ᠰᠤᠷᠤᠭᠴᠢᠳ ᠢ ᠳᠠᠭᠠᠭᠤᠯᠤᠨ ᠠᠰᠠᠷ ᠤᠨ ᠳᠣᠤᠷᠠᠬᠢ ᠵᠢᠵᠢᠭ ᠲᠠᠮᠢᠷ ᠤᠨ ᠲᠠᠯᠠᠪᠠᠢ ᠳᠤ ᠬᠦᠷᠴᠦ᠂ ᠰᠤᠷᠤᠭᠴᠢᠳ ᠲᠠᠢ ᠬᠠᠮᠲᠤ ᠲᠠᠮᠢᠷ ᠬᠢᠵᠦ᠂ ᠰᠤᠷᠤᠭᠴᠢᠳ ᠲᠠᠢ ᠶᠠᠷᠢᠯᠴᠠᠵᠤ᠂ ᠬᠠᠶᠢᠷ᠎ᠠ ᠬᠠᠯᠠᠮᠵᠢ ᠶᠢ ᠰᠤᠷᠤᠭᠴᠢᠳ ᠤᠨ ᠰᠡᠳᠬᠢᠯ ᠳᠤ ᠰᠢᠩᠭᠡᠭᠡᠪᠡ᠃ ᠰᠤᠷᠤᠭᠴᠢ ᠱᠠᠩ ᠽᠧ ᠬᠤᠢ᠄ ︽ᠯᠢ ᠪᠠᠭᠰᠢ ᠡᠩ ᠤᠨ ᠠᠮᠢᠳᠤᠷᠠᠯ ᠳᠤᠮᠳᠠ ᠪᠢᠳᠡᠨ ᠢ ᠮᠠᠰᠢ ᠬᠠᠯᠠᠮᠵᠢᠯᠠᠵᠤ᠂ ᠪᠢᠳᠡᠨ ᠤ ᠰᠤᠷᠤᠯᠴᠠᠯᠭ᠎ᠠ ᠶᠢ ᠮᠠᠰᠢ ᠬᠠᠯᠠᠮᠵᠢᠯᠠᠵᠤ᠂ ᠪᠢᠳᠡᠨ ᠤ ᠡᠩ ᠤᠨ ᠴᠠᠭ ᠤᠨ ᠳᠠᠳᠬᠠᠯ ᠢ ᠬᠠᠯᠠᠮᠵᠢᠯᠠᠵᠤ᠂ ᠵᠢᠭᠠᠨ ᠰᠤᠷᠭᠠᠯᠲᠠ ᠶᠢᠨ ᠲᠠᠯ᠎ᠠ ᠪᠠᠷ ᠨᠠᠷᠢᠨ ᠬᠢᠨᠠᠮᠠᠭᠠᠶ ᠬᠠᠷᠢᠭᠤᠴᠠᠵᠤ᠂ ᠪᠢᠳᠡᠨ ᠳᠤ ᠮᠡᠳᠡᠯᠭᠡ ᠵᠢᠭᠠᠵᠤ ᠥᠭᠬᠦ ᠨᠢ ᠮᠠᠰᠢ ᠬᠦᠯᠢᠴᠡᠩᠭᠦᠶ᠂ ᠲᠡᠭᠡᠬᠦ ᠮᠥᠷᠲᠡᠭᠡᠨ ᠤᠳᠠᠭ᠎ᠠ ᠪᠣᠯᠭᠠᠨ ᠪᠢᠳᠡ ᠮᠡᠳᠡᠬᠦ ᠦᠭᠡᠢ ᠠᠰᠠᠭᠤᠳᠠᠯ  ᠪᠠᠶᠢᠪᠠᠯ ᠪᠠᠭᠰᠢ ᠪᠠᠷ ᠣᠴᠢᠵᠤ ᠵᠢᠭᠠᠯᠭᠠᠨ᠎ᠠ᠂ ᠪᠠᠭᠰᠢ ᠨᠢ ᠪᠢᠳᠡᠨ ᠳᠤ ᠨᠢᠭᠡ ᠨᠢᠭᠡ ᠪᠠᠷ ᠬᠠᠷᠢᠭᠤᠯᠲᠠ ᠥᠭᠭᠦᠨ᠎ᠡ  ᠃
           ᠰᠠᠷᠠᠭᠤᠯ ᠠᠭᠤᠵᠢᠮ ᠬᠢᠴᠢᠶᠡᠯ ᠤᠨ ᠭᠡᠷ᠂ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠪᠦᠷᠢᠨ ᠭᠦᠢᠴᠡᠳ᠂ ᠪᠠᠰᠠ ᠯᠢᠶᠠᠩᠴᠧᠩ  ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠵᠦ᠂ ᠮᠣᠷᠠᠯ ᠰᠤᠷᠤᠯᠭ᠎ᠠ ᠬᠤᠤᠰᠯᠠᠭᠰᠠᠨ 25 ᠰᠤᠷᠤᠭᠴᠢ ᠠᠳᠡ ᠰᠢᠯᠢᠳᠡᠭ ᠰᠤᠷᠭᠠᠨ ᠬᠥᠮᠦᠵᠢᠯ ᠬᠦᠷᠲᠡᠵᠦ ᠪᠣᠯᠤᠨ᠎ᠠ᠃ ᠯᠢ ᠬᠠᠢ  ᠲᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠬᠢᠭᠰᠡᠨ ᠳᠥᠴᠢᠨ ᠵᠢᠯ ᠤᠨ ᠲᠤᠷᠰᠢᠯᠭ᠎ᠠ ᠪᠠᠨ  ᠭᠦᠢᠴᠡᠳ ᠪᠠᠳᠠᠷᠠᠭᠤᠯᠵᠤ ᠂ ᠣᠷᠣᠨ ᠪᠦᠰᠡ ᠶᠢᠨ ᠲᠡᠷᠢᠭᠦᠨ ᠵᠡᠷᠭᠡ ᠶᠢᠨ ᠰᠤᠷᠤᠭᠴᠢ ᠶᠢ ᠬᠥᠮᠦᠵᠢᠭᠦᠯᠦᠨ᠎ᠡ᠃ ᠲᠡᠷᠡ ᠨᠡᠭᠡᠭᠡᠯᠲᠡᠲᠦ ᠴᠢᠨᠠᠷ᠂ ᠰᠡᠩᠬᠡᠷᠡᠭᠦᠯᠬᠦ ᠴᠢᠨᠠᠷ᠂ ᠪᠦᠲᠦᠭᠡᠯᠴᠢ ᠴᠢᠨᠠᠷ᠂ ᠣᠯᠠᠨ ᠡᠰᠢᠵᠢᠬᠦᠯᠬᠦ ᠰᠤᠷᠭᠠᠨ ᠬᠥᠮᠦᠵᠢᠯ ᠤᠨ ᠵᠠᠷᠴᠢᠮ  ᠢ ᠵᠢᠷᠤᠮᠯᠠᠨ᠂ ᠴᠢᠳᠠᠪᠤᠷᠢ ᠳᠤᠨᠢ ᠲᠤᠬᠢᠷᠠᠭᠤᠯᠤᠨ ᠵᠢᠭᠠᠨ ᠰᠤᠷᠭᠠᠵᠤ᠂ ᠰᠤᠷᠤᠭᠴᠢᠳ ᠤᠨ ᠰᠠᠭᠤᠷᠢ ᠶᠢ ᠪᠠᠬᠢᠵᠢᠭᠦᠯᠦᠨ᠂ ᠰᠤᠷᠤᠭᠴᠢᠳ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠰᠤᠷᠤᠭᠴᠢᠳ ᠤᠨ ᠪᠦᠲᠦᠭᠡᠯᠴᠢ ᠴᠢᠳᠠᠪᠤᠷᠢ ᠶᠢ ᠠᠭᠤᠳᠠᠯᠤᠨ᠂ ᠰᠤᠷᠤᠭᠴᠢᠳ ᠢ ᠥᠪᠡᠷ ᠤᠨ ᠬᠦᠰᠡᠯ ᠰᠠᠨᠠᠭ᠎ᠠ᠂ ᠳᠤᠷ᠎ᠠ ᠰᠣᠨᠢᠷᠬᠠᠯ᠂ ᠬᠡᠪ ᠤᠨ ᠪᠠᠶᠢᠳᠠᠯ ᠢᠶᠠᠨ ᠰᠣᠩᠭᠤᠬᠤ᠂ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠠᠷᠭ᠎ᠠ ᠮᠠᠶ᠋ᠢᠭ ᠢ ᠰᠣᠩᠭᠤᠵᠤ᠂ ᠪᠡᠶ᠎ᠡ ᠪᠠᠨ ᠳᠠᠭᠠᠭᠠᠵᠤ ᠮᠡᠳᠡᠭᠡ ᠵᠠᠩᠭᠢ ᠲᠠᠢ ᠣᠶᠢᠷᠠᠲᠤᠨ᠂ ᠳᠡᠯᠡᠬᠡᠶ ᠶᠢᠷᠲᠢᠨᠴᠦ ᠲᠠᠢ ᠣᠶᠢᠷᠠᠲᠤᠨ᠂ ᠲᠤᠷᠰᠢᠯᠭ᠎ᠠ ᠣᠯᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠪᠡᠶ᠎ᠡ ᠪᠠᠨ ᠳᠠᠭᠠᠭᠠᠵᠤ ᠬᠥᠭᠵᠢᠭᠦᠯᠵᠦ᠂ ᠦᠨᠡᠨ ᠬᠦ ᠰᠤᠷᠤᠯᠴᠠᠯᠭ᠎ᠠ ᠶᠢᠨ ᠡᠵᠡᠨ ᠪᠣᠯᠭᠠᠨ᠎ᠠ᠃    ᠲᠡᠭᠦᠨ ᠤ ᠶᠣᠰᠣ ᠮᠣᠷᠠᠯ ᠨᠢ ᠡᠷᠬᠢᠮ  ᠲᠡᠭᠡᠳᠦ᠂ ᠵᠢᠭᠠᠬᠤ ᠮᠡᠷᠭᠡᠵᠢᠯ ᠨᠢ ᠤᠷᠠᠨ ᠨᠠᠷᠢᠯᠢᠭ ᠪᠠᠶᠢᠵᠤ᠂ ᠬᠠᠮᠲᠤ ᠠᠵᠢᠯᠲᠠᠳ ᠲᠠᠭᠠᠨ ᠰᠤᠷᠤᠯᠴᠠᠬᠤ ᠳᠠᠭᠤᠷᠢᠶᠠᠯ ᠪᠣᠯᠤᠭᠰᠠᠨ ᠪᠠᠶᠢᠨ᠎ᠠ᠃ ᠪᠠᠭᠰᠢ ᠶᠢᠨ ᠱᠣ᠋ ᠰᠢᠶᠠᠨ ᠢᠩᠭᠢᠵᠦ ᠦᠨᠡᠯᠡᠪᠡ᠄ ︽ᠯᠢ ᠪᠠᠭᠰᠢ ᠪᠣᠯ ᠮᠢᠨᠦ ᠮᠠᠰᠢ ᠪᠢᠰᠢᠷᠡᠳᠡᠭ ᠪᠠᠭᠰᠢ ᠮᠥᠨ᠂ ᠮᠠᠨ ᠤ ᠲᠤᠷᠰᠢᠯᠲᠠ ᠶᠢᠨ ᠠᠩᠭᠢ ᠪᠠᠶᠢᠭᠤᠯᠤᠭᠳᠠᠭᠰᠠᠨ ᠠᠴᠠ ᠨᠠᠭᠠᠰᠢ᠂ ᠲᠡᠷᠡ ᠶᠡᠷᠦ ᠨᠢ ᠬᠠᠮᠤᠭ ᠡᠷᠲᠡ ᠰᠤᠷᠭᠠᠭᠤᠯᠢ ᠳᠤ ᠢᠷᠡᠵᠦ᠂ ᠬᠠᠮᠤᠭ ᠣᠷᠣᠢ ᠳᠠᠭᠠᠨ ᠰᠤᠷᠭᠠᠭᠤᠯᠢ ᠠᠴᠠ ᠰᠠᠯᠵᠤ ᠶᠠᠪᠤᠭᠰᠠᠨ ᠪᠥᠭᠡᠳ ᠰᠤᠷᠤᠭᠴᠢ ᠨᠢᠭᠡᠪᠦᠷᠢ ᠶᠢ ᠴᠠᠭ ᠢᠮᠠᠭᠲᠠ ᠬᠠᠯᠠᠮᠵᠢᠯᠠᠨ ᠬᠠᠶᠢᠷᠠᠯᠠᠳᠠᠭ᠃ ᠲᠡᠭᠦᠨ ᠤ ᠵᠢᠭᠠᠭᠰᠠᠨ ᠬᠡᠯᠡ ᠪᠢᠴᠢᠭ ᠤᠨ ᠬᠢᠴᠢᠶᠡᠯ ᠨᠢ ᠮᠠᠰᠢ ᠬᠦᠷᠢᠶᠡᠯᠡᠯ ᠲᠠᠢ᠂ ᠣᠨᠴᠠᠭᠠᠶᠢᠯᠠᠨ ᠵᠣᠬᠢᠶᠠᠨ ᠪᠢᠴᠢᠯᠭᠡ ᠶᠢᠨ ᠵᠢᠭᠠᠨ ᠰᠤᠷᠭᠠᠯᠲᠠ ᠪᠣᠯ ᠲᠡᠭᠦᠨ ᠤ ᠬᠡᠯᠡ ᠪᠢᠴᠢᠭ ᠤᠨ ᠵᠢᠭᠠᠨ ᠰᠤᠷᠭᠠᠯᠲᠠ ᠶᠢᠨ ᠨᠢᠭᠡᠨ ᠥᠪᠡᠷᠮᠢᠴᠡ ᠬᠡᠪ ᠨᠠᠮᠪᠠ ᠪᠣᠯᠤᠨ᠎ᠠ᠂ ᠬᠠᠮᠲᠤ ᠠᠵᠢᠯᠲᠠᠨ ᠪᠣᠯᠤᠭᠰᠠᠨ ᠤ ᠬᠤᠪᠢ ᠳᠤ᠂ ᠪᠢ ᠯᠢ ᠪᠠᠭᠰᠢ ᠶᠢᠨ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠮᠠᠰᠢ ᠪᠢᠰᠢᠷᠡᠨ᠎ᠡ᠂ ᠪᠢ ᠯᠢ ᠪᠠᠭᠰᠢ ᠶᠢ ᠥᠪᠡᠷ ᠤᠨ ᠵᠢᠭᠠᠨ ᠰᠤᠷᠭᠠᠯᠲᠠ ᠶᠢᠨ ᠳᠤᠮᠳᠠᠬᠢ ᠳᠠᠭᠤᠷᠢᠶᠠᠯ ᠪᠣᠯᠭᠠᠵᠤ᠂ ᠲᠡᠭᠦᠨ ᠠᠴᠠ ᠣᠴᠢᠵᠤ ᠰᠤᠷᠤᠯᠴᠠᠨ᠎ᠠ  ︾ ᠭᠡᠪᠡ᠃    ᠦᠤᠷ ᠴᠠᠶᠢᠲᠠᠯ᠎ᠠ ᠦᠤᠷ ᠤᠨ ᠲᠤᠶᠠᠭ᠎ᠠ ᠲᠡᠭᠷᠢ ᠳᠤ ᠳᠠᠭᠤᠷᠢᠰᠤᠨ᠎ᠠ ᠭᠡᠵᠦ ᠪᠢᠲᠡᠭᠡᠶ ᠬᠡᠯᠡᠭᠡᠷᠡᠶ᠃ ᠢᠷᠡᠭᠡᠳᠦᠶ ᠶᠢᠨ ᠬᠥᠮᠦᠨ ᠢ ᠬᠥᠮᠦᠵᠢᠭᠦᠯᠬᠦ ᠠᠵᠢᠯ ᠳᠤᠮᠳᠠ᠂ ᠯᠢ ᠬᠠᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠯᠢᠶᠠᠩᠴᠧᠩ ᠰᠢᠶᠠᠨ ᠤ ᠰᠤᠷᠭᠠᠨ ᠬᠥᠮᠦᠵᠢᠯ ᠤᠨ ᠤᠶᠢᠯᠡᠰ ᠲᠤ  ᠬᠦᠴᠦᠨ ᠢᠶᠠᠨ ᠡᠷᠭᠦᠨ᠎ᠡ︕                         ᠰᠤᠷᠪᠤᠯᠵᠢᠯᠠᠭᠴᠢ᠄ ᠰᠦᠩ ᠹᠦ᠋ ᠾᠧᠩ    ᠯᠢ ᠰᠢᠶᠣᠤ ᠬᠤᠢ                         ᠤᠷᠴᠢᠭᠤᠯᠤᠭᠴᠢ᠄ ᠼᠦᠢ ᠴᠢᠩ
 
ᠢᠷᠡᠯᠲᠡ᠄ ᠠᠮᠢᠵᠢᠷᠠᠯ ᠪᠢᠯᠬᠠᠭᠰᠠᠨ ᠯᠢᠶᠠᠩᠴᠧᠩ ᠤᠨ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2