ᠯᠢᠶᠠᠩᠴᠧᠩ ᠰᠢᠶᠠᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ
ᠨᠡᠶᠢᠲᠡᠯᠡᠭᠰᠡᠨ ᠴᠠᠭ᠄
2019-03-14
 ᠨᠢᠭᠡ᠂ ᠠᠯᠪᠠᠨ ᠭᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ   ︵ᠨᠢᠭᠡ  ︶ ᠪᠠᠶᠢᠭᠤᠯᠤᠯᠭ᠎ᠠ ᠶᠢᠨ ᠡᠳᠦᠷ ᠲᠤᠳᠤᠮ ᠤᠨ ᠠᠵᠢᠯ ᠢ ᠵᠤᠬᠢᠴᠠᠭᠤᠯᠤᠨ ᠰᠢᠪᠡᠳᠡᠨ ᠬᠢᠯᠭᠡᠵᠦ᠂ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠬᠤ   ᠶᠢ ᠬᠠᠷᠢᠭᠤᠴᠠᠨ᠎ᠠ᠃   ︵ᠬᠤᠶᠠᠷ︶ ᠪᠠᠶᠢᠭᠤᠯᠤᠯᠭ᠎ᠠ ᠶᠢᠨ ᠪᠢᠴᠢᠭ ᠮᠠᠲ᠋ᠧᠷᠢᠶᠠᠯ᠂ ᠴᠠᠬᠢᠯᠭᠠᠨ ᠮᠡᠳᠡᠭᠡ᠂ ᠬᠤᠷᠠᠯ ᠤᠨ  ᠶᠠᠪᠤᠳᠠᠯ᠂ ᠴᠢᠬᠤᠯᠠ ᠪᠢᠴᠢᠭ ᠮᠠᠲ᠋ᠧᠷᠢᠶᠠᠯ᠂ ᠲᠠᠩᠰᠠ ᠡᠪᠬᠡᠮᠡᠯ᠂ ᠰᠤᠷᠠᠭ ᠴᠢᠮᠡᠭᠡ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂  ᠡᠳ᠋ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ᠂ ᠬᠦᠯᠢᠶᠡᠨ ᠠᠪᠴᠤ ᠵᠤᠴᠢᠯᠠᠬᠤ ᠵᠡᠷᠭᠡ ᠠᠵᠢᠯ ᠢ ᠬᠠᠷᠢᠭᠤᠴᠠᠨ᠎ᠠ᠃   ︵ᠭᠤᠷᠪᠠ︶ ᠠᠵᠢᠯᠳᠠᠨ ᠤ ᠶᠠᠪᠤᠳᠠᠯ᠂ ᠬᠦᠳᠡᠯᠮᠦᠷᠢ ᠬᠦᠴᠦᠨ ᠤ ᠡᠬᠢ ᠪᠠᠶᠠᠯᠢᠭ᠂ ᠪᠠᠶᠢᠭᠤᠯᠭ᠎ᠠ ᠶᠢᠨ ᠪᠦᠳᠦᠴᠡ ᠶᠢᠨ ᠤᠷᠤᠨ ᠲᠤᠭ᠎ᠠ᠂ ᠲᠤᠰᠬᠠᠢ ᠮᠡᠷᠭᠡᠵᠢᠯ ᠤᠨ ᠵᠡᠷᠭᠡ ᠲᠤᠰᠢᠶᠠᠯ  ᠢ ᠦᠨᠡᠯᠡᠨ ᠤᠷᠢᠬᠤ ᠵᠡᠷᠭᠡ ᠶᠢ ᠬᠠᠷᠢᠭᠤᠴᠠᠨ᠎ᠠ᠃   ︵ᠲᠦᠷᠪᠡ  ︶ ᠠᠵᠢᠯ ᠠᠴᠠ ᠪᠠᠨ ᠠᠮᠠᠷᠠᠵᠦ ᠠᠵᠢᠯ ᠠᠴᠠ ᠪᠠᠨ ᠪᠠᠭᠤᠭᠰᠠᠳ ᠤᠨ ᠠᠵᠢᠯ ᠢ ᠬᠠᠷᠢᠭᠤᠴᠠᠨ᠎ᠠ᠃ ᠬᠤᠶᠠᠷ᠂ ᠦᠨᠳᠦᠰᠦᠳᠡᠨ ᠤ  ᠲᠠᠰᠤᠭ    ︵ᠨᠢᠭᠡ︶ ᠦᠨᠳᠦᠰᠦᠳᠡᠨ ᠤ ᠲᠦᠷᠦ ᠶᠢᠨ ᠪᠤᠳᠤᠯᠭ᠎ᠠ᠂ ᠬᠠᠤᠯᠢ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠬᠠᠮᠢᠶᠠᠷᠴᠤ ᠪᠠᠶᠢᠴᠠᠭᠠᠬᠤ ᠠᠵᠢᠯ ᠢ ᠡᠭᠦᠷᠭᠡᠯᠡᠨ ᠬᠠᠷᠢᠭᠤᠴᠠᠵᠦ᠂ ᠴᠦᠬᠡᠨ ᠲᠤᠭᠠᠳᠤ ᠦᠨᠳᠦᠰᠦᠳᠡᠨ ᠤ ᠡᠷᠬᠡ ᠠᠰᠢᠭ ᠤᠨ  ᠪᠠᠳᠤᠯᠠᠭ᠎ᠠ ᠶᠢᠨ ᠲᠤᠬᠠᠢ ᠬᠢᠨᠡᠨ ᠬᠠᠮᠢᠶᠠᠷᠤᠨ᠎ᠠ᠃   ︵ᠬᠤᠶᠠᠷ︶᠂ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠦᠨᠳᠦᠰᠦᠳᠡᠨ ᠤ ᠠᠵᠢᠯ ᠤᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠵᠤᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃   ︵ᠭᠤᠷᠪᠠ︶ ᠦᠨᠳᠦᠰᠦᠳᠡᠨ ᠤ ᠬᠡᠷᠡᠭ ᠡᠷᠬᠢᠯᠡᠬᠦ ᠤᠶᠢᠯᠡᠴᠢᠯᠡᠭᠡᠨ ᠤ ᠰᠢᠰᠲ᠋ᠧᠮ ᠪᠤᠯᠤᠨ ᠦᠨᠳᠦᠰᠦᠳᠡᠨ ᠤ  ᠬᠡᠷᠡᠭ ᠡᠷᠬᠢᠯᠡᠬᠦ ᠬᠠᠮᠢᠶᠠᠷᠤᠯᠳᠠ ᠶᠢᠨ ᠮᠡᠳᠡᠭᠡ ᠵᠠᠩᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠬᠡᠷᠡᠭᠵᠢᠭᠦᠯᠦᠨ᠎ᠡ᠃   ︵ᠲᠦᠷᠪᠡ︶ ᠦᠨᠳᠦᠰᠦᠳᠡᠨ ᠤ ᠲᠦᠷᠦ ᠶᠢᠨ ᠪᠤᠳᠤᠯᠭ᠎ᠠ᠂ ᠬᠠᠤᠯᠢ ᠲᠦᠷᠢᠮ᠂ ᠲᠤᠭᠳᠠᠭᠠᠯ  ᠢ  ᠤᠬᠠᠭᠤᠯᠤᠨ ᠰᠤᠷᠭᠠᠨ ᠬᠦᠮᠦᠵᠢᠭᠦᠯᠬᠦ ᠠᠵᠢᠯ ᠢ ᠰᠠᠶᠢᠳᠤᠷ ᠬᠢᠨ᠎ᠡ᠃  ︵ᠲᠠᠪᠤ  ︶ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠪᠤᠯᠤᠨ ᠬᠦᠬᠢᠭᠦᠯᠦᠨ ᠰᠠᠶᠢᠰᠢᠶᠠᠬᠤ ᠠᠵᠢᠯ ᠢ ᠡᠷᠬᠢᠯᠡᠨ ᠶᠠᠪᠤᠭᠳᠠᠭᠤᠯᠵᠦ᠂ ᠴᠦᠬᠡᠨ ᠲᠤᠭᠠᠳᠤ ᠦᠨᠳᠦᠰᠦᠳᠡᠨ ᠤ ᠵᠠᠩ ᠳᠡᠳᠬᠠᠯ ᠢ ᠬᠦᠨᠳᠦᠳᠭᠡᠵᠦ᠂ ᠬᠠᠮᠢᠶ᠎ᠠ ᠪᠦᠬᠦᠢ  ᠬᠠᠮᠢᠶᠠᠷᠦᠯᠳᠠ ᠶᠢᠨ ᠠᠵᠢᠯ ᠢ ᠵᠢᠯᠤᠭᠤᠳᠤᠨ᠎ᠠ᠃   ︵ᠵᠢᠷᠭᠤᠭ᠎ᠠ︶ ᠴᠦᠬᠡᠨ ᠲᠤᠭᠠᠳᠤ ᠦᠨᠳᠦᠰᠦᠳᠡᠨ ᠤ ᠴᠢᠳᠠᠪᠤᠷᠢᠳᠠᠨ ᠤ ᠡᠩᠨᠡᠭᠡᠨ ᠤ ᠪᠦᠳᠦᠭᠡᠨ ᠪᠠᠶᠢᠭᠤᠯᠤᠯᠳᠠ  ᠶᠢᠨ ᠲᠦᠯᠦᠪᠯᠡᠭᠡ ᠢ ᠲᠤᠭᠤᠷᠪᠢᠨ ᠴᠦᠬᠡᠨ ᠲᠤᠭᠠᠳᠤ ᠦᠨᠳᠦᠰᠦᠳᠡᠨ ᠤ  ᠺᠠᠳ᠋ᠷ ᠲᠠᠢ ᠬᠠᠷᠢᠯᠴᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠴᠦᠬᠡᠨ ᠲᠤᠭᠠᠳᠤ ᠦᠨᠳᠦᠰᠦᠳᠡᠨ ᠤ ᠺᠠᠳ᠋ᠷ ᠢ ᠬᠦᠮᠦᠵᠢᠭᠦᠯᠦᠨ ᠰᠢᠯᠢᠨ ᠳᠡᠪᠰᠢᠭᠦᠯᠬᠦ ᠠᠵᠢᠯ ᠢ ᠬᠠᠷᠢᠭᠤᠴᠠᠨ᠎ᠠ᠃ᠭᠤᠷᠪᠠ᠂ ᠮᠤᠩᠭᠤᠯ ᠬᠡᠯᠡᠨ ᠤ ᠠᠵᠢᠯ ᠤᠨ ᠲᠠᠰᠤᠭ    ︵ᠨᠢᠭᠡ  ︶ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠴᠦᠬᠡᠨ ᠲᠤᠭᠠᠳᠤ ᠦᠨᠳᠦᠰᠦᠳᠡᠨ ᠤ ᠦᠬᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ᠂ ᠬᠠᠤᠯᠢ ᠲᠦᠷᠢᠮ᠂ ᠲᠤᠭᠳᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ᠃    ︵ᠬᠤᠶᠠᠷ︶ ᠪᠦᠬᠦ ᠰᠢᠶᠠᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠰᠤᠷᠤᠯᠴᠠᠯᠭ᠎ᠠ ᠬᠡᠷᠡᠭᠯᠡᠯᠳᠡ ᠰᠤᠳᠤᠯᠤᠯᠳᠠ ᠪᠤᠯᠤᠨ ᠬᠦᠭᠵᠢᠯᠳᠠ ᠶᠢᠨ ᠠᠵᠢᠯ   ᠢ ᠵᠢᠯᠤᠭᠤᠳᠤᠨ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠦᠨᠳᠦᠰᠦᠳᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠶᠢᠨ ᠲᠤᠤᠱᠯᠠᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠰᠠᠶᠢᠳᠤᠷ ᠬᠢᠨ᠎ᠡ᠃    ︵ᠭᠤᠷᠪᠠ︶ ᠪᠦᠬᠦ ᠰᠢᠶᠠᠨ ᠤ ᠮᠤᠩᠭᠤᠯ ᠦᠭᠡ ᠬᠡᠯᠡ ᠦᠰᠦᠭ ᠪᠢᠴᠢᠭ ᠢ ᠰᠤᠷᠴᠤ ᠬᠡᠷᠡᠭᠯᠡᠭᠰᠡᠳ ᠢ ᠬᠦᠬᠢᠭᠦᠯᠦᠨ ᠰᠠᠶᠢᠰᠢᠶᠠᠬᠤ ᠬᠦᠳᠡᠯᠭᠡᠭᠡᠨ ᠢ ᠡᠭᠦᠷᠭᠡᠯᠡᠨ᠎ᠡ᠃    ︵ᠲᠦᠷᠪᠡ︶ ᠮᠤᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨᠴᠢ ᠰᠤᠳᠤᠯᠤᠯᠳᠠ ᠶᠢᠨ ᠬᠡᠷᠡᠭᠵᠢᠭᠦᠯᠦᠯᠳᠡ ᠶᠢ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃    ︵ᠲᠠᠪᠤ  ︶ ᠳᠡᠭᠡᠳᠤ ᠱᠠᠳᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ ᠵᠦᠪᠯᠡᠯ ᠤᠨ ᠲᠠᠭᠠᠭᠠᠯᠭᠠᠭᠰᠠᠨ ᠪᠤᠰᠤᠳ ᠠᠵᠢᠯ ᠲᠦᠷᠦᠯ ᠢ ᠪᠡᠶᠡᠯᠡᠭᠦᠯᠬᠦ ᠶᠢ ᠬᠠᠷᠢᠭᠤᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2