︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︿ᠲᠡᠭ ᠪᠣᠯᠭᠠᠬᠤ ᠪᠠᠷᠢᠮᠵᠢᠶ᠎ᠠ ᠳᠤ ᠬᠦᠷᠭᠡᠬᠦ﹀ ᠵᠢᠴᠢ ᠳᠥᠷᠪᠡᠨ ︿ᠡᠷᠭᠢᠨ ᠬᠠᠷᠠᠬᠤ﹀ ᠲᠤᠰᠬᠠᠢ ᠠᠵᠢᠯᠯᠠᠭ᠎ᠠ︾᠎ ᠶᠢ ᠥᠷᠨᠢᠭᠦᠯᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2019-05-10
            ᠯᠢᠶᠠᠩ ᠶᠠᠳᠠᠭᠤ ᠠᠴᠠ ᠠᠩᠬᠢᠵᠢᠷᠠᠭᠤᠯᠬᠤ ᠠᠯᠪᠠᠨ ᠲᠠᠷᠬᠠᠭᠠᠭᠰᠠᠨ ︹ 2019 ︺ 2 ᠳ᠋ᠤᠭᠠᠷ ᠲᠣᠭᠠᠲᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︿ᠲᠡᠭ ᠪᠣᠯᠭᠠᠬᠤ ᠪᠠᠷᠢᠮᠵᠢᠶ᠎ᠠ ᠳᠤ ᠬᠦᠷᠭᠡᠬᠦ﹀ ᠵᠢᠴᠢ ᠳᠥᠷᠪᠡᠨ ︿ᠡᠷᠭᠢᠨ ᠬᠠᠷᠠᠬᠤ﹀ ᠲᠤᠰᠬᠠᠢ ᠠᠵᠢᠯᠯᠠᠭ᠎ᠠ︾᠎ ᠶᠢ ᠥᠷᠨᠢᠭᠦᠯᠬᠦ ᠲᠤᠬᠠᠢ ᠮᠡᠳᠡᠭᠳᠡᠯ  ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠣᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠳᠤ᠄     ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︿ᠲᠡᠭ ᠪᠣᠯᠭᠠᠬᠤ ᠪᠠᠷᠢᠮᠵᠢᠶ᠎ᠠ ᠳᠤ ᠬᠦᠷᠭᠡᠬᠦ﹀ ᠵᠢᠴᠢ ᠳᠥᠷᠪᠡᠨ ︿ᠡᠷᠭᠢᠨ ᠬᠠᠷᠠᠬᠤ﹀ ᠲᠤᠰᠬᠠᠢ ᠠᠵᠢᠯᠯᠠᠭ᠎ᠠ︾᠎ ᠶᠢ ᠥᠷᠨᠢᠭᠦᠯᠬᠦ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠥᠪᠡᠷ ᠥᠪᠡᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠤᠱᠯᠠᠭᠤᠯᠤᠨ  ᠨᠠᠶᠢᠳᠠᠪᠤᠷᠢᠵᠢᠭᠤᠯᠬᠤ ᠪᠤᠯᠪᠠᠤ  ︕                          ᠯᠢᠶᠠᠩᠴᠧᠩ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ  ᠲᠤᠭᠤᠶᠢᠯᠠᠩ ᠤᠨ ᠠᠯᠪᠠᠨ ᠭᠡᠷ                                        2019 ᠣᠨ 3 ᠰᠠᠷ᠎ᠠ ᠶᠢᠨ 16᠎ ᠤ ᠡᠳᠦᠷ       ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠥᠷᠨᠢᠭᠦᠯᠬᠦ ︽ᠲᠡᠭ ᠪᠣᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠵᠦ ᠬᠠᠷᠠᠬᠤ︾ ᠲᠤᠰᠬᠠᠶ ᠠᠵᠢᠯᠯᠠᠭ᠎ᠠ   2019 ᠣᠨ ᠳᠤ ᠮᠠᠨ ᠤ ᠰᠢᠶᠠᠨ ᠦᠯᠡᠳᠡᠭᠰᠡᠨ 1300 ᠡᠷᠦᠬᠡ 2795 ᠶᠠᠳᠠᠭᠤ ᠬᠦᠴᠢᠷᠳᠡᠯᠲᠡᠢ ᠬᠥᠮᠥᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠲᠣᠰᠬᠤᠨ ᠠᠴᠠ ᠪᠠᠨ ᠭᠠᠷᠤᠭᠰᠠᠨ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠮᠥᠨ ᠬᠦ ᠪᠠᠬᠢᠵᠢᠭᠦᠯᠦᠨ ᠳᠡᠭᠡᠭᠰᠢᠯᠡᠭᠦᠯᠬᠦ ᠴᠢᠬᠤᠯᠠᠲᠠᠢ  ᠪᠠᠶᠢᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ  ᠲᠤᠶᠢᠯ ᠤᠨ ᠪᠡᠷᠬᠡ ᠬᠠᠲᠠᠭᠤᠵᠢᠯᠲᠠᠢ ᠪᠠᠶᠢᠨ᠎ᠠ᠂ ᠭᠡᠪᠡᠴᠦ ᠣᠳᠣᠬᠠᠨ ᠳᠤ ᠮᠠᠨ ᠤ ᠰᠢᠶᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠠᠭᠤᠷᠢ ᠲᠣᠭᠲᠠᠭᠤᠨ ᠪᠤᠰᠤ  ᠪᠠᠶᠢᠬᠤ ᠵᠡᠷᠭᠡ ᠮᠠᠰᠢ ᠤᠯᠠᠨ ᠠᠰᠠᠭᠤᠳᠠᠯ ᠣᠷᠣᠰᠢᠭᠰᠠᠭᠠᠷ  ᠪᠠᠶᠢᠨ᠎ᠠ᠃ ᠮᠠᠨ ᠤ ᠰᠢᠶᠠᠨ ᠤ ᠨᠢᠭᠡᠨᠲᠡ ᠲᠣᠭᠲᠠᠭᠠᠭᠰᠠᠨ ᠡᠭᠦᠷᠭᠡ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠳᠤᠮᠳᠠᠬᠢ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ ᠤ ᠶᠠᠳᠠᠭᠤ ᠠᠴᠠ ᠠᠩᠭᠢᠵᠢᠷᠠᠭᠤᠯᠬᠤ  ᠪᠤᠭᠤᠮᠳᠠ ᠰᠢᠪᠳᠤᠯᠬᠤ ᠠᠵᠢᠯ ᠤᠨ ᠤᠳᠤᠷᠢᠳᠬᠤ  ᠲᠤᠭᠤᠶᠢᠯᠠᠩ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠦᠬᠦ ᠰᠢᠶᠠᠨ ᠤ ᠬᠡᠪᠴᠢᠶᠡᠨ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ︽ᠲᠡᠭ ᠪᠤᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠨ ᠬᠠᠷᠠᠬᠤ︾ ᠲᠤᠰᠬᠠᠶ ᠠᠵᠢᠯᠯᠠᠭ᠎ᠠ ᠶᠢ ᠥᠷᠨᠢᠭᠦᠯᠬᠦ ᠶᠢᠨ ᠲᠥᠯᠥᠭᠡ᠂ ᠣᠳᠣ ᠪᠣᠳᠠᠲᠠᠶ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠲᠤᠰᠬᠠᠢ ᠠᠵᠢᠯᠯᠠᠭ᠎ᠠ ᠶᠢᠨ ᠠᠭᠤᠯᠭ᠎ᠠ    ︵ᠨᠢᠭᠡ︶ ︽ᠵᠢᠷᠭᠤᠭ᠎ᠠ ᠶᠢ ᠲᠡᠭ ᠪᠤᠯᠭᠠᠬᠤ ᠳᠥᠷᠪᠡ ᠶᠢ ᠪᠠᠷᠢᠮᠵᠢᠶ᠎ᠠ ᠳᠤ ᠬᠦᠷᠭᠡᠬᠦ︾ ᠲᠤᠰᠬᠠᠢ ᠵᠦᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ  ᠬᠡᠷᠡᠭᠳᠡᠢ᠃     ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠡᠷᠦᠬᠡ ᠳᠤ  ᠬᠦᠷᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠬᠡᠷᠡᠭᠵᠢᠭᠦᠯᠬᠦ ᠲᠠᠯ᠎ᠠ ᠪᠠᠷ ᠠᠳᠡᠭᠦᠦ ᠪᠤᠷᠤᠭᠤ ᠣᠷᠣᠰᠢᠵᠤ  ᠪᠠᠶᠢᠬᠤ ᠠᠰᠠᠭᠤᠳᠠᠯ ᠢ  ᠰᠢᠢᠳᠪᠤᠷᠢᠯᠡᠬᠦ ᠬᠡᠷᠡᠭᠳᠡᠢ᠃   ᠬᠤᠶᠠᠷ ᠲᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠢ ᠪᠦᠷᠬᠦᠭᠡᠳᠦᠢ ᠪᠠ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠦᠬᠦᠨ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠪᠦᠷᠬᠦᠭᠡᠳᠦᠢ ᠪᠠᠶᠢᠬᠤ ᠶᠢ ᠪᠡᠶᠡᠯᠡᠭᠦᠯᠦᠨ᠎ᠡ᠃           ᠭᠤᠷᠪᠠ ᠳᠤ᠂ ᠶᠠᠳᠠᠭᠤ ᠬᠦᠴᠢᠷᠳᠡᠯᠲᠡᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 5 ᠲᠦᠮᠡᠨ ᠲᠥᠭᠦᠷᠢᠭ ᠠᠴᠠ ᠳᠣᠷᠣᠭᠰᠢ ᠪᠠᠶᠢᠬᠤ ᠦᠭᠡᠢ ᠶᠢ ᠪᠡᠶᠡᠯᠡᠭᠦᠯᠦᠨ᠎ᠡ᠃    ᠳᠥᠷᠪᠡ ᠳᠤ C᠂ D ᠳᠡᠰ ᠤᠨ ᠭᠡᠷ ᠪᠠᠢᠰᠢᠩ ᠢ ᠡᠷᠬᠡᠪᠰᠢ ᠪᠦᠬᠦᠨ ᠢ ᠥᠭᠡᠷᠡᠴᠢᠯᠡᠬᠦ ᠬᠡᠷᠡᠭᠲᠡᠶ᠂ ᠰᠢᠨ᠎ᠡ ᠶᠢ ᠪᠠᠢᠭᠤᠯᠬᠤ ᠳᠤ ᠡᠷᠬᠡᠪᠰᠢ ᠬᠠᠭᠤᠴᠢᠨ ᠢ ᠨᠤᠷᠠᠭᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠳᠠᠩᠰᠠ ᠡᠪᠬᠡᠮᠡᠯ  ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ  ᠪᠠᠶᠢᠰᠢᠩ ᠢ ᠴᠡᠪᠡᠷᠯᠡᠨ ᠠᠷᠢᠯᠭᠠᠬᠤ  ᠬᠡᠷᠡᠭᠳᠡᠢ᠃     ᠲᠠᠪᠤ ᠳᠤ᠂ ᠶᠠᠳᠠᠭᠤ ᠬᠦᠴᠢᠷᠳᠡᠯᠲᠡᠢ ᠲᠣᠰᠬᠤᠨ ᠳᠤ ᠬᠥᠳᠡᠯᠭᠡᠬᠦ ᠬᠦᠴᠦᠨ ᠴᠠᠬᠢᠯᠭᠠᠨ ᠬᠡᠷᠡᠭᠯᠡᠭᠰᠡᠨ ᠦᠭᠡᠢ᠂ ᠶᠠᠳᠠᠭᠤ ᠬᠦᠴᠢᠷᠳᠡᠯᠲᠡᠢ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠪᠠᠷᠢᠮᠵᠢᠶ᠎ᠠ ᠳᠤ ᠬᠦᠷᠭᠡᠭᠰᠡᠨ ᠦᠭᠡᠢ ᠪᠠᠶᠢᠬᠤ ᠶᠢ ᠰᠢᠢᠳᠪᠤᠷᠢᠯᠡᠨ ᠪᠡᠶᠡᠯᠡᠭᠦᠯᠦᠨ᠎ᠡ᠃    ᠵᠢᠷᠭᠤᠭ᠎ᠠ ᠳᠤ᠂ ᠲᠥᠪᠯᠡᠷᠡᠭᠦᠯᠦᠨ ᠲᠥᠪᠬᠢᠨᠡᠭᠦᠯᠬᠦ ᠴᠡᠭ  ᠤᠨ ᠠᠵᠤ ᠦᠢᠯᠡᠰ ᠤᠨ ᠲᠥᠷᠥᠯ  ᠵᠤᠶᠢᠯ ᠤᠨ ᠪᠦᠲᠦᠭᠡᠨ ᠪᠠᠶᠢᠭᠤᠯᠤᠯᠳᠡ ᠶᠢ ᠪᠡᠶᠡᠯᠡᠭᠦᠯᠵᠦ᠂ ᠣᠨᠳᠣᠤ ᠭᠠᠵᠠᠷ ᠲᠤ ᠨᠡᠭᠦᠯᠭᠡᠬᠦ ᠵᠠᠯᠭᠠᠮᠵᠢ ᠠᠵᠤ ᠦᠢᠯᠡᠰ ᠤᠨ ᠬᠥᠭᠵᠢᠯᠲᠡ ᠶᠢ ᠲᠤᠪᠤᠶᠢᠮ᠎ᠠ ᠰᠠᠶᠢᠲᠤᠷ ᠠᠳᠬᠤᠵᠤ᠂ ᠠᠵᠤ  ᠤᠶᠢᠯᠡᠰ ᠥᠬᠡᠶ ᠪᠠ ᠠᠵᠤ  ᠤᠶᠢᠯᠡᠰ ᠴᠥᠭᠡᠨ  ᠪᠠᠶᠢᠬᠤ ᠠᠰᠠᠭᠤᠳᠠᠯ ᠢ ᠰᠠᠶᠢᠲᠤᠷ ᠰᠢᠢᠳᠪᠤᠷᠢᠯᠠᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠲᠣᠳᠣᠷᠬᠠᠶ ᠪᠣᠯᠭᠠᠬᠤ ᠶᠢ ᠪᠡᠶᠡᠯᠡᠭᠦᠯᠦᠨ᠎ᠡ᠃    ᠳᠣᠯᠤᠭ᠎ᠠ ᠳᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠡᠪᠬᠡᠮᠡᠯ ᠪᠠᠶᠢᠭᠤᠯᠵᠤ ᠺᠠᠷᠲᠯᠠᠨ ᠳᠠᠩᠰᠠᠯᠠᠬᠤ ᠲᠠᠪᠴᠠᠩ ᠤᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠳᠡ ᠶᠢ ᠪᠠᠷᠢᠮᠵᠢᠶ᠎ᠠ ᠳᠤ ᠬᠦᠷᠭᠡᠬᠦ ᠠᠵᠢᠯ ᠢ ᠪᠡᠶᠡᠯᠡᠭᠦᠯᠦᠨ᠎ᠡ  ᠃   ᠨᠠᠢᠮᠠ ᠳᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠦᠨᠳᠦᠰᠦᠨ ᠡᠮ ᠡᠮᠨᠡᠯᠭᠡ ᠶᠢᠨ ᠬᠡᠷᠡᠭᠴᠡᠭᠡ ᠶᠢ ᠪᠠᠲᠤᠯᠠᠵᠤ᠂ ᠡᠯ᠎ᠡ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠲᠠᠰᠤᠭ︶᠎ ᠶᠢᠨ ᠲᠥᠬᠦᠭᠡᠷᠦᠮᠵᠢ᠂ ᠠᠵᠢᠯᠲᠠᠨ᠂ ᠡᠮ ᠤᠨ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡ ᠶᠢ ᠪᠠᠷᠢᠮᠵᠢᠶ᠎ᠠ ᠳᠤ ᠬᠦᠷᠭᠡᠨ᠎ᠡ︔ ᠶᠢᠰᠦ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠦᠬᠦᠨ ᠢᠶᠠᠷ ᠢᠶᠠᠨ ᠪᠠᠷᠢᠮᠵᠢᠶ᠎ᠠ ᠳᠤ  ᠬᠦᠷᠭᠡᠬᠦ ᠶᠢ ᠪᠡᠶᠡᠯᠡᠭᠦᠯᠦᠨ᠎ᠡ᠃    ᠠᠷᠪᠠ ᠳᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢ ᠥᠭᠡᠷᠡᠴᠢᠯᠡᠬᠦ ᠪᠠ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢ ᠥᠭᠡᠷᠡᠴᠢᠯᠡᠬᠦ ᠶᠢ ᠪᠡᠶᠡᠯᠡᠭᠦᠯᠵᠦ᠂ ᠳᠠᠩᠰᠠ ᠡᠪᠬᠡᠮᠡᠯ  ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠦᠷ᠎ᠡ ᠬᠡᠦᠬᠡᠳ ᠤᠨ ᠰᠤᠷᠤᠯᠭ᠎ᠠ ᠪᠠᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠪᠠᠷᠢᠮᠵᠢᠶ᠎ᠠ ᠳᠤ ᠬᠦᠷᠬᠦ ᠶᠢ ᠪᠡᠶᠡᠯᠡᠭᠦᠯᠦᠨ᠎ᠡ᠃      ︵ᠬᠤᠶᠠᠷ︶ ᠳᠥᠷᠪᠡᠨ ︽ᠡᠷᠭᠢᠨ ᠬᠠᠷᠠᠬᠤ︾ ᠲᠤᠰᠬᠠᠢ ᠵᠦᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ     1  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠠᠭᠤᠷᠢ ᠶᠢ ᠪᠠᠬᠢᠵᠢᠭᠦᠯᠬᠦ ᠲᠣᠭᠤᠷᠢᠨ ᠳᠤ ︽ᠡᠷᠭᠢᠨ ᠬᠠᠷᠠᠬᠤ︾ ᠲᠤᠰᠬᠠᠢ ᠠᠵᠢᠯᠯᠠᠭ᠎ᠠ ᠥᠷᠨᠢᠭᠦᠯᠦᠨ᠎ᠡ᠃ ᠶᠠᠳᠠᠭᠤ ᠬᠦᠴᠢᠷᠳᠡᠯᠲᠡᠶ ᠡᠷᠦᠬᠡ ᠶᠢᠨ ᠢᠯᠭᠠᠨ ᠲᠠᠨᠢᠵᠤ ᠤᠬᠤᠷᠢᠨ ᠭᠠᠷᠬᠤ ᠳᠡᠰ ᠳᠠᠷᠠᠭᠠᠯᠠᠯ ᠨᠢ ᠵᠢᠷᠤᠮᠵᠢᠯ ᠥᠬᠡᠶ᠂ ᠲᠤᠭ᠎ᠠ ᠪᠠᠷᠢᠮᠲᠠ ᠶᠢᠨ ᠶᠠᠰᠤ ᠴᠢᠨᠠᠷ ᠨᠢ ᠥᠨᠳᠥᠷ ᠪᠤᠰᠤ ᠵᠡᠷᠭᠡ ᠠᠰᠠᠭᠤᠳᠠᠯ ᠳᠤ ᠴᠢᠭᠯᠡᠭᠦᠯᠦᠨ ︽ᠡᠷᠭᠢᠵᠦ ᠬᠠᠷᠠᠬᠤ︾ ᠠᠵᠢᠯ ᠢ  ᠥᠷᠨᠢᠭᠦᠯᠦᠨ᠎ᠡ  ᠃ ᠨᠢᠭᠡᠨᠲᠡ ᠶᠠᠳᠠᠭᠤ ᠠᠴᠠ ᠠᠩᠭᠢᠵᠢᠷᠠᠭᠤᠯᠤᠭᠰᠠᠨ ᠪᠠ ᠶᠠᠳᠠᠭᠤ ᠠᠴᠠ ᠠᠩᠭᠢᠵᠢᠷᠠᠭᠠᠳᠤᠶ ᠬᠥᠮᠥᠨ ᠠᠮᠠ ᠶᠢᠨ ᠡᠯ᠎ᠡ  ᠵᠤᠶᠢᠯ ᠤᠨ ᠶᠠᠳᠠᠭᠤ ᠠᠴᠠ ᠠᠩᠭᠢᠵᠢᠷᠠᠭᠤᠯᠬᠤ ᠭᠦᠢᠴᠡᠳᠭᠡᠯ ᠲᠤᠭ᠎ᠠ ᠶᠢᠨ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠣᠶᠢᠯᠠᠭᠠᠵᠤ᠂ ᠳᠠᠬᠢᠨ ᠰᠢᠭᠰᠢᠨ ᠪᠠᠶᠢᠴᠠᠭᠠᠵᠤ᠂ ᠳᠠᠬᠢᠨ ᠲᠥᠷᠥᠯ ᠬᠤᠪᠢᠶᠠᠬᠤ ᠬᠡᠷᠡᠭᠲᠡᠶ᠂ ᠡᠭᠦᠨ ᠳᠤ ᠶᠠᠮᠠᠷ ᠠᠷᠭ᠎ᠠ ᠬᠡᠮᠵᠢᠶ᠎ᠡ ᠪᠠᠷ ᠶᠠᠳᠠᠭᠤ ᠠᠴᠠ ᠠᠩᠭᠢᠵᠢᠷᠠᠭᠤᠯᠤᠭᠰᠠᠨ᠂ ᠶᠠᠳᠠᠭᠤ ᠬᠦᠴᠢᠷᠳᠡᠯᠲᠡᠶ ᠰᠢᠶᠠᠩ ᠪᠠᠯᠭᠠᠰᠤ ᠤᠬᠤᠷᠢᠨ ᠭᠠᠷᠤᠭᠰᠠᠨ ᠤ ᠳᠠᠷᠠᠭ᠎ᠠ ᠦᠯᠡᠳᠡᠭᠰᠡᠨ ᠶᠠᠳᠠᠭᠤ ᠠᠴᠠ ᠠᠩᠭᠢᠵᠢᠷᠠᠭᠠᠳᠤᠶ ᠬᠥᠮᠥᠨ ᠠᠮᠠ ᠶᠢᠨ ᠪᠠᠢᠳᠠᠯ᠂ ᠡᠪᠡᠳᠴᠢᠨ ᠠᠴᠠ ᠪᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠨᠢ ᠤᠳᠠᠭᠠᠨ ᠡᠪᠡᠳᠴᠢᠯᠡᠭᠰᠡᠨ ᠶᠤᠮ ᠤᠤ ᠡᠰᠡᠬᠦᠯ᠎ᠡ ᠬᠦᠨᠳᠦ ᠡᠪᠡᠳᠴᠢᠨ ᠠᠴᠠ ᠪᠣᠯᠵᠤ ᠶᠠᠳᠠᠭᠤᠷᠠᠭᠰᠠᠨ ᠶᠤᠮ ᠤᠤ᠂ ᠲᠥᠷᠥ ᠶᠢᠨ ᠪᠣᠳᠣᠯᠭ᠎ᠠ ᠪᠠᠷ ᠪᠦᠬᠦᠨ ᠢ ᠬᠠᠮᠤᠷᠤᠭᠰᠠᠨ ᠶᠤᠮ ᠤᠤ᠂ ᠬᠡᠳᠦᠶ ᠶᠠᠳᠠᠭᠤ ᠬᠦᠴᠢᠷᠳᠡᠯᠲᠡᠶ ᠡᠷᠦᠬᠡ ᠨᠢ ᠨᠤᠷᠠᠬᠤ ᠠᠶᠤᠯᠲᠠᠶ ᠭᠡᠷ  ᠪᠠᠶᠢᠰᠢᠩ ᠢ ᠰᠢᠨᠡᠳᠬᠡᠨ ᠵᠠᠰᠠᠬᠤ  ᠲᠦᠷᠦ ᠶᠢᠨ ᠪᠤᠳᠤᠯᠭ᠎ᠠ ᠶᠢ ᠬᠦᠷᠳᠡᠵᠦ ᠪᠠᠶᠢᠬᠤ ᠵᠡᠷᠭᠡ ᠪᠠᠭᠲᠠᠨ᠎ᠠ᠃ ︽ᠡᠷᠭᠢᠨ ᠬᠠᠷᠠᠬᠤ︾᠎ ᠪᠠᠷ ᠳᠠᠮᠵᠢᠭᠤᠯᠤᠨ ᠪᠠᠶᠢᠳᠠᠯ ᠢ ᠤᠯᠠᠮ ᠨᠢᠭᠡ ᠠᠯᠬᠤᠮ ᠣᠨᠣᠪᠴᠢᠲᠠᠶ ᠣᠶᠢᠯᠠᠭᠠᠵᠤ᠂ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠬᠠᠮᠢᠶᠠᠷᠤᠯᠲᠠ ᠪᠠᠨ ᠴᠢᠩᠭᠠᠳᠬᠠᠵᠤ᠂ ᠳᠠᠬᠢᠨ ᠶᠠᠳᠠᠭᠤᠷᠠᠬᠤ ᠬᠥᠮᠥᠨ ᠠᠮᠠ ᠪᠠ ᠰᠢᠨ᠎ᠡ ᠪᠠᠷ ᠪᠤᠢ ᠪᠣᠯᠤᠭᠰᠠᠨ ᠶᠠᠳᠠᠭᠤ ᠬᠦᠴᠢᠷᠳᠡᠯᠲᠡᠶ ᠬᠥᠮᠥᠨ ᠠᠮᠠ ᠶᠢ ᠴᠠᠭ ᠲᠤᠬᠠᠶ ᠳᠤᠨᠢ  ᠲᠠᠩᠰᠠ‌ᠡᠪᠬᠡᠮᠡᠯ  ᠪᠠᠶᠢᠭᠤᠯᠤᠨ ᠺᠠᠷᠲᠯᠠᠨ ᠳᠠᠩᠰᠠᠯᠠᠬᠤ ᠰᠢᠰᠲ᠋ᠧᠮ ᠳᠤ ᠣᠷᠣᠭᠤᠯᠤᠨ ᠬᠠᠪᠰᠤᠷᠤᠨ ᠲᠡᠳᠬᠦᠨ᠎ᠡ᠃      2 ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠥᠷᠢᠶ᠎ᠡ ᠶᠢᠨ ᠲᠣᠭᠤᠷᠢᠨ ᠳᠤ ︽ᠡᠷᠭᠢᠵᠦ ᠬᠠᠷᠠᠬᠤ︾ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠵᠢᠷᠤᠭ ᠲᠥᠯᠥᠪᠯᠡᠭᠡ ᠶᠢᠨ ︽ᠲᠥᠷᠥᠯᠬᠢ ᠬᠦᠷᠦᠯᠴᠡᠬᠦ ᠦᠭᠡᠢ︾᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ︽ᠬᠥᠷᠥᠰᠥ ᠰᠢᠷᠣᠢ  ᠲᠤᠬᠢᠷᠠᠯᠴᠠᠬᠤ ᠦᠭᠡᠢ︾᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ︽ᠳᠤᠲᠠᠭᠤ ᠲᠣᠷᠭᠤᠨ︾  ᠪᠠᠶᠢᠬᠤ ᠵᠡᠷᠭᠡ ᠬᠡᠯᠪᠡᠷᠢᠯ ᠢ ᠴᠠᠭ ᠲᠤᠬᠠᠢ ᠳᠤᠨᠢ ᠵᠠᠯᠠᠷᠠᠭᠤᠯᠤᠨ᠎ᠠ᠃ ᠡᠯ᠎ᠡ ᠰᠢᠶᠠᠩ ᠪᠠᠯᠭᠠᠰᠤ ᠨᠢ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ  ᠨᠢᠭᠡ ᠨᠢᠭᠡ  ᠵᠤᠶᠢᠯ ᠢᠶᠠᠷ ᠡᠮᠬᠢᠯᠡᠵᠦ᠂ ᠨᠢᠭᠡ ᠲᠠᠯ᠎ᠠ ᠪᠠᠷ ᠤᠬᠠᠭᠤᠯᠵᠤ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠨᠥᠬᠦᠭᠡ ᠲᠠᠯ᠎ᠠ ᠪᠠᠷ ᠴᠠᠭ ᠲᠤᠬᠠᠶ ᠳᠤᠨᠢ  ᠪᠠᠶᠢᠴᠠᠭᠠᠨ ᠣᠷᠬᠢᠭᠳᠠᠭᠤᠯᠤᠭᠰᠠᠨ ᠢ ᠨᠥᠬᠦᠪᠥᠷᠢᠯᠡᠬᠦ ᠬᠡᠷᠡᠭᠲᠡᠶ᠃ ᠵᠢᠱᠢᠶᠡᠯᠡᠪᠡᠯ᠂ ᠣᠨᠳᠣᠣ ᠭᠠᠵᠠᠷ ᠲᠤ ᠨᠡᠭᠦᠯᠭᠡᠬᠦ᠂ ᠨᠤᠷᠠᠬᠤ ᠠᠶᠤᠯᠲᠠᠢ ᠭᠡᠷ  ᠪᠠᠶᠢᠰᠢᠩ ᠢ ᠰᠢᠨᠡᠳᠬᠡᠨ ᠵᠠᠰᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ  ᠪᠠᠶᠢᠳᠠᠯ᠂ ᠪᠠᠰᠠ ᠡᠷᠡᠭᠦᠯ ᠡᠩᠬᠡ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠠᠮᠢ ᠠᠬᠤᠢ᠂  ᠡᠯᠧᠺᠲᠷᠤᠨ ᠬᠤᠳᠠᠯᠳᠤᠭ᠎ᠠ᠂ ᠭᠡᠷᠡᠯ  ᠴᠠᠬᠢᠯᠭᠠᠨ᠂ ᠬᠥᠳᠡᠭᠡ ᠲᠣᠰᠬᠤᠨ ᠤ ᠵᠤᠭᠠᠴᠠᠯ ᠢᠶᠠᠷ ᠶᠠᠳᠠᠭᠤ ᠶᠢ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ  ᠪᠠᠶᠢᠳᠠᠯ ᠵᠡᠷᠭᠡ  ᠪᠠᠶᠢᠨ᠎ᠠ᠃      3  ᠠᠵᠦ ᠦᠢᠯᠡᠰ ᠤᠨ ᠦᠷᠭᠦᠯᠵᠢᠯᠡᠬᠦ ᠴᠢᠨᠠᠷ  ᠤᠨ ᠲᠣᠭᠤᠷᠢᠨ ᠳᠤ ︽ᠡᠷᠭᠢᠨ ᠬᠠᠷᠠᠬᠤ︾ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠶᠠᠳᠠᠭᠤ ᠶᠢ ᠲᠡᠳᠬᠦᠬᠦ  ᠲᠤᠯᠤᠭᠠᠶᠢᠯᠠᠭᠴᠢ ᠠᠵᠤ  ᠠᠬᠤᠶᠢᠯᠠᠯ ᠤᠨ ᠳᠠᠶᠢᠴᠢᠯᠠᠬᠤ ᠴᠢᠳᠠᠪᠤᠷᠢ᠂ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠣᠷᠣᠯᠴᠠᠬᠤ ᠬᠡᠮᠵᠢᠶ᠎ᠡ ᠵᠢᠴᠢ ᠬᠤᠪᠢ ᠣᠷᠣᠭᠤᠯᠵᠤ ᠠᠰᠢᠭ ᠬᠤᠪᠢᠶᠠᠬᠤ ᠵᠠᠭᠪᠤᠷ ᠵᠡᠷᠭᠡ ᠶᠢ ᠪᠥᠬᠦ ᠲᠠᠯ᠎ᠠ ᠪᠠᠷ ᠦᠨᠡᠯᠡᠨ ᠵᠢᠱᠢᠵᠦ᠂ ᠬᠥᠳᠡᠯᠦᠩᠭᠦᠶ ᠬᠢᠨᠠᠨ ᠬᠡᠮᠵᠢᠬᠦ ᠪᠠ ᠦᠨᠡᠯᠡᠨ ᠵᠢᠱᠢᠬᠦ ᠲᠣᠭᠲᠠᠴᠠ ᠶᠢ  ᠪᠠᠶᠢᠭᠤᠯᠤᠨ᠂ ᠠᠵᠤ  ᠠᠬᠤᠶᠢᠯᠠᠯ ᠤᠨ ᠶᠠᠳᠠᠭᠤ ᠶᠢ ᠳᠠᠭᠠᠭᠤᠯᠤᠨ ᠶᠠᠳᠠᠭᠤ ᠶᠢ ᠪᠠᠭᠠᠰᠬᠠᠬᠤ ᠪᠠ ᠡᠵᠡᠩᠨᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠪᠠᠶᠢᠪᠠᠯ᠂ ᠲᠡᠳᠬᠦᠨ ᠪᠤᠶᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠶ᠃ ᠳᠠᠶᠢᠴᠢᠯᠠᠬᠤ ᠬᠦᠴᠦᠨ ᠪᠠᠭᠤᠷᠠᠶ᠂ ᠲᠦᠭᠰᠢᠭᠦᠷᠢ ᠶᠡᠭᠡ  ᠪᠠᠶᠢᠪᠠᠯ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ  ᠪᠠᠶᠢᠭᠠᠳ ᠲᠣᠬᠢᠷᠠᠭᠤᠯᠤᠯᠲᠠ ᠬᠢᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢ ᠡᠳ᠋ᠯᠡᠭᠰᠡᠨ ᠪᠣᠯᠪᠠᠴᠤ ᠶᠠᠳᠠᠭᠤ  ᠶᠢ ᠳᠠᠭᠠᠭᠤᠯᠤᠨ ᠶᠠᠳᠠᠭᠤ  ᠶᠢ ᠪᠠᠭᠠᠰᠬᠠᠬᠤ ᠬᠠᠷᠢᠭᠤᠴᠠᠯᠭ᠎ᠠ  ᠶᠢ ᠭᠦᠢᠴᠡᠳᠬᠡᠭᠰᠡᠨ ᠦᠭᠡᠢ᠂ ᠲᠣᠭᠲᠠᠭᠠᠯ ᠠᠴᠠ ᠵᠥᠷᠢᠴᠡᠭᠰᠡᠨ ᠪᠤᠶᠤ ᠬᠠᠤᠯᠢ ᠠᠴᠠ ᠵᠥᠷᠢᠴᠡᠨ ᠡᠵᠡᠩᠨᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ  ᠤ ᠠᠰᠢᠭ ᠲᠤᠰᠠ  ᠶᠢ ᠬᠤᠬᠢᠷᠠᠭᠤᠯᠤᠭᠰᠠᠨ ᠠᠵᠤ  ᠠᠬᠤᠶᠢᠯᠠᠯ  ᠢ ︽ᠨᠡᠷ᠎ᠡ ᠶᠢᠨ ᠬᠠᠷ᠎ᠠ ᠳᠠᠩᠰᠠ︾᠎ ᠲᠤ ᠣᠷᠣᠭᠤᠯᠵᠤ᠂ ᠲᠡᠳᠬᠦᠭᠰᠡᠨ ᠪᠡᠯᠡ ᠮᠥᠩᠭᠦ  ᠶᠢ ᠨᠡᠬᠡᠮᠵᠢᠯᠡᠨ ᠠᠪᠴᠢᠷᠠᠬᠤ ᠬᠡᠷᠡᠭᠲᠡᠢ᠃ ᠡᠳ᠋ ᠬᠥᠷᠥᠩᠭᠡ ᠶᠢᠨ ᠠᠰᠢᠭ ᠣᠷᠣᠯᠭ᠎ᠠ ᠪᠠᠷ ᠶᠠᠳᠠᠭᠤ ᠶᠢ ᠲᠡᠳᠬᠦᠬᠦ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠭᠦᠯᠵᠦ᠂ ᠡᠷᠦᠬᠡ ᠠᠮᠠ ᠶᠢᠨ ᠵᠢᠭᠡᠯᠡᠯᠭᠡ ᠶᠢ ᠠᠵᠤ  ᠠᠬᠤᠶᠢᠯᠠᠯ ᠬᠡᠷᠡᠭᠯᠡᠬᠦ᠂ ᠬᠥᠮᠦᠨ ᠤ ᠨᠡᠷ᠎ᠡ ᠪᠠᠷ ᠵᠣᠭᠤᠰ ᠵᠢᠭᠡᠯᠡᠬᠦ᠂ ᠲᠣᠭᠲᠠᠭᠠᠯ ᠠᠴᠠ ᠵᠥᠷᠢᠴᠡᠨ ᠵᠣᠭᠤᠰ ᠬᠡᠷᠡᠭᠯᠡᠬᠦ ᠵᠡᠷᠭᠡ ᠠᠰᠠᠭᠤᠳᠠᠯ ᠢ ᠡᠷᠡᠰ ᠵᠠᠯᠠᠷᠠᠭᠤᠯᠤᠨ᠎ᠠ᠃    4  ᠲᠤᠰᠬᠤᠨ ᠳᠤ ᠰᠠᠭᠤᠬᠤ ᠠᠵᠢᠯᠯᠠᠬᠤ ᠠᠩᠭᠢ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢᠨ ᠲᠣᠭᠤᠷᠢᠨ ᠳᠤ ︽ᠡᠷᠭᠢᠨ ᠬᠠᠷᠠᠬᠤ︾ ᠲᠤᠰᠬᠠᠶ ᠠᠵᠢᠯᠯᠠᠭ᠎ᠠ ᠥᠷᠨᠢᠭᠦᠯᠦᠨ᠎ᠡ᠃ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠬᠦᠴᠦᠨ ᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠺᠠᠳ᠋ᠷ ᠢ ᠪᠣᠯᠪᠠᠰᠤᠷᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠨ᠎ᠡ᠃ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢ ᠰᠣᠩᠭᠤᠨ ᠲᠣᠮᠢᠯᠠᠭᠰᠠᠨ ᠨᠢ ᠣᠨᠣᠪᠴᠢᠲᠠᠢ ᠪᠢᠰᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠦᠢᠯᠡᠳᠦᠯ ᠢ ᠪᠠᠳᠠᠷᠠᠭᠤᠯᠤᠭᠰᠠᠨ ᠨᠢ ᠢᠯᠡᠷᠬᠡᠢ ᠪᠢᠰᠢ᠂ ᠶᠠᠳᠠᠭᠤ ᠶᠢ ᠲᠡᠳᠬᠦᠬᠦ ᠺᠠᠳ᠋ᠷ ᠤᠨ ᠰᠤᠷᠲᠠᠯ ᠦᠨᠡᠨ ᠪᠣᠳᠠᠲᠠᠢ ᠪᠢᠰᠢ᠂ ᠶᠠᠳᠠᠭᠤ ᠬᠦᠴᠢᠷᠳᠡᠯᠲᠡᠢ ᠲᠣᠰᠬᠤᠨ ᠤ ᠨᠠᠮ ᠤᠨ ᠡᠭᠦᠷ ᠤᠨ ᠱᠦᠵᠢ ᠶᠢᠨ ᠤᠯᠠᠨ ᠲᠦᠮᠡᠨ ᠢ ᠳᠠᠭᠠᠭᠤᠯᠤᠨ ᠶᠠᠳᠠᠭᠤ ᠠᠴᠠ ᠠᠩᠭᠢᠵᠢᠷᠠᠭᠤᠯᠬᠤ ᠰᠡᠳᠬᠢᠴᠡ ᠲᠣᠳᠣᠷᠬᠠᠢ ᠦᠭᠡᠢ᠂ ᠴᠢᠳᠠᠪᠤᠷᠢ ᠬᠦᠷᠦᠯᠴᠡᠬᠦ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ︽ᠡᠷᠭᠢᠨ ᠬᠠᠷᠠᠬᠤ︾ ᠠᠵᠢᠯ ᠢ ᠥᠷᠨᠢᠭᠦᠯᠵᠦ᠂ ᠲᠣᠰᠬᠤᠨ ᠳᠤ ᠰᠠᠭᠤᠬᠤ ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ︽ᠶᠠᠳᠠᠭᠤ ᠶᠢ ᠲᠡᠳᠬᠦᠬᠦ ᠶᠢ ᠣᠶᠢᠯᠠᠭᠠᠬᠤ᠂ ᠬᠠᠪᠰᠤᠷᠤᠨ ᠲᠡᠳᠬᠦᠵᠦ  ᠲᠡᠶᠢᠯᠬᠦ᠂ ᠬᠠᠪᠰᠤᠷᠤᠨ ᠲᠡᠳᠬᠦᠵᠦ ᠴᠢᠳᠠᠬᠤ︾ ᠴᠠᠭᠠᠷᠠᠭᠰᠠᠨ ᠺᠠᠳ᠋ᠷ ᠤᠨ ᠡᠩᠨᠡᠭᠡ ᠶᠢ  ᠪᠠᠶᠢᠭᠤᠯᠬᠤ ᠬᠡᠷᠡᠭᠲᠡᠢ᠃      ᠬᠤᠶᠠᠷ᠂ ᠴᠠᠭ ᠬᠤᠭᠤᠴᠠᠭ᠎ᠠ ᠶᠢᠨ ᠲᠣᠬᠢᠷᠠᠭᠤᠯᠤᠯᠲᠠ   2019 ᠣᠨ 2 ᠰᠠᠷ᠎ᠠ ᠶᠢᠨ 22᠎ ᠤᠨ ᠡᠳᠦᠷ ᠠᠴᠠ 12 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠰᠢᠶᠠᠨ ᠤ ᠬᠡᠪᠴᠢᠶᠡᠨ ᠳᠤ ᠨᠢᠭᠡ ᠤᠳᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠲᠡᠭ  ᠪᠤᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠨ ᠬᠠᠷᠠᠬᠤ︾ ᠲᠤᠰᠬᠠᠢ ᠠᠵᠢᠯᠯᠠᠭ᠎ᠠ ᠦᠷᠨᠢᠭᠦᠯᠦᠨ᠎ᠡ᠃    ︵ᠨᠢᠭᠡ︶ ᠥᠪᠡᠷ ᠢᠶᠠᠨ ᠪᠠᠶᠢᠴᠠᠭᠠᠬᠤ ᠱᠠᠲᠤ  ︵2 ᠳ᠋ᠤᠭᠠᠷ ᠰᠠᠷ᠎ᠠ ᠶᠢᠨ 22᠎ ᠤᠨ ᠡᠳᠦᠷ — 4 ᠳ᠋ᠦᠭᠡᠷ ᠰᠠᠷ᠎ᠠ ᠶᠢᠨ 1᠎ ᠤ ᠡᠳᠦᠷ︶᠃ ᠡᠯ᠎ᠡ ᠰᠢᠶᠠᠩ ᠪᠠᠯᠭᠠᠰᠤ ᠟ ᠶᠢᠨ ᠠᠷᠠᠳ  ᠤᠨ ᠵᠠᠰᠠᠭ  ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠨᠦᠭᠦᠳ ᠠᠵᠢᠯ  ᠤᠨ ᠳᠤᠮᠳᠠ ᠣᠷᠣᠰᠢᠵᠤ  ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ  ᠶᠢ ᠨᠠᠷᠢᠨ ᠬᠢᠨᠠᠮᠠᠭᠠᠢ  ᠪᠠᠶᠢᠴᠠᠭᠠᠨ ᠡᠮᠬᠢᠯᠡᠵᠦ  ᠲᠢᠭᠯᠡᠨ᠂ ︽ᠲᠡᠭ  ᠪᠤᠯᠭᠠᠬᠤ ᠪᠠᠷᠢᠮᠵᠢᠶ᠎ᠠ ᠪᠣᠯᠭᠠᠬᠤ︾ ᠪᠠᠶᠢᠳᠠᠯ ᠢ ᠣᠶᠢᠯᠠᠭᠠᠬᠤ ᠠᠵᠢᠯ ᠵᠢᠴᠢ ᠳᠥᠷᠪᠡᠨ ︽ᠡᠷᠭᠢᠵᠦ  ᠪᠠᠶᠢᠴᠠᠭᠠᠬᠤ︾ ᠠᠰᠠᠭᠤᠳᠠᠯ ᠎ ᠢ ᠥᠪᠡᠷᠲᠡᠭᠡᠨ ᠪᠠᠶᠢᠴᠠᠭᠠᠬᠤ ᠠᠵᠢᠯ  ᠢ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠡᠭᠦᠨ ᠤ ᠬᠠᠮᠲᠤ᠂ ᠣᠷᠣᠰᠢᠵᠤ  ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠢᠵᠢᠷᠠᠭᠤᠯᠬᠤ ᠡᠬᠡ ᠳᠠᠩᠰᠠ ᠲᠣᠭᠲᠠᠭᠠᠬᠤ ᠶᠢᠨ ᠬᠠᠮᠲᠤ 2019 ᠣᠨ 3 ᠰᠠᠷ᠎ᠠ ᠶᠢᠨ 6᠎ ᠤ ᠡᠳᠦᠷ ᠠᠴᠠ ᠡᠮᠦᠨ᠎ᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠲᠡᠭ ᠪᠤᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠨ ᠬᠠᠷᠠᠬᠤ︾ ᠲᠤᠰᠬᠠᠢ ᠠᠵᠢᠯᠯᠠᠭ᠎ᠠ ᠶᠢᠨ ᠴᠡᠭᠴᠡᠯᠡᠨ  ᠰᠠᠶᠢᠵᠢᠷᠠᠭᠤᠯᠬᠤ ᠲᠥᠰᠦᠯ ᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ  ᠲᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠳᠠᠩᠰᠠᠯᠠᠭᠤᠯᠵᠤ᠂ 3 ᠰᠠᠷ᠎ᠠ ᠶᠢᠨ 30᠎ ᠤ ᠡᠳᠦᠷ ᠠᠴᠠ ᠡᠮᠦᠨ᠎ᠡ ᠪᠠᠶᠢᠳᠠᠯ ᠢ ᠣᠶᠢᠯᠠᠭᠠᠵᠤ᠂ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ  ᠲᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃ ︵ᠰᠢᠶᠠᠨ ᠤ ᠵᠠᠰᠠᠭ ᠣᠨ ᠣᠷᠳᠣᠨ ᠤ 207 ᠠᠯᠪᠠᠨ ᠭᠡᠷ᠂ ᠸᠠᠩ ᠴᠤᠤ 155606675︶     ︵ᠬᠤᠶᠠᠷ︶ ᠬᠡᠷᠡᠭᠵᠢᠭᠦᠯᠬᠦ ᠱᠠᠲᠤ  ︵4 ᠳ᠋ᠤᠭᠡᠷ ᠰᠠᠷ᠎ᠠ ᠶᠢᠨ 1᠎ ᠤ ᠡᠳᠦᠷ ᠠᠴᠠ 9 ᠳ᠋ᠤᠭᠡᠷ ᠰᠠᠷ᠎ᠠ ᠶᠢᠨ 30᠎ ᠤ ᠡᠳᠦᠷ︶᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ  ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠪᠠᠨ ᠬᠤᠭᠤᠴᠠᠭ᠎ᠠ ᠶᠣᠰᠣᠭᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠲᠡᠭ  ᠪᠤᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠨ ᠬᠠᠷᠠᠬᠤ︾ ᠲᠤᠰᠬᠠᠶ ᠠᠵᠢᠯᠯᠠᠭ᠎ᠠ ᠶᠢ ᠠᠩᠬ᠎ᠠ ᠠᠯᠬᠤᠮ ᠦᠷ᠎ᠡ ᠪᠦᠲᠦᠮᠵᠢ ᠲᠠᠢ ᠪᠣᠯᠭᠠᠨ᠎ᠠ᠃ 4 ᠰᠠᠷ᠎ᠠ ᠠᠴᠠ ᠡᠬᠢᠯᠡᠨ ᠰᠠᠷ᠎ᠠ ᠪᠦᠷᠢ ᠶᠢᠨ 5᠎ ᠤ ᠡᠳᠦᠷ ᠠᠴᠠ ᠡᠮᠦᠨ᠎ᠡ᠂ ᠠᠵᠢᠯ ᠤᠨ ᠠᠬᠢᠯᠲᠠ ᠶᠢᠨ  ᠪᠠᠶᠢᠳᠠᠯ ᠵᠢᠴᠢ ᠦᠷ᠎ᠡ ᠪᠦᠲᠦᠮᠵᠢ ᠶᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ  ᠲᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠵᠦ᠂ 10 ᠰᠠᠷ᠎ᠠ ᠶᠢᠨ 1᠎ ᠤ ᠡᠳᠦᠷ ᠠᠴᠠ ᠡᠮᠦᠨ᠎ᠡ ᠱᠠᠲᠤᠴᠢ ᠴᠢᠨᠠᠷᠲᠠᠢ ᠦᠷ᠎ᠡ ᠪᠦᠲᠦᠮᠵᠢ ᠶᠢᠨ ᠳ᠋ᠦᠩᠨᠡᠯᠲᠡ ᠶᠢ ᠮᠡᠳᠡᠭᠦᠯᠦᠨ ᠬᠦᠷᠭᠡᠨ᠎ᠡ᠃     ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ  ︵10 ᠳ᠋ᠤᠭᠠᠷ ᠰᠠᠷ᠎ᠠ ᠶᠢᠨ 1᠎ ᠤ ᠡᠳᠦᠷ ᠠᠴᠠ 12 ᠳ᠋ᠤᠭᠠᠷ ᠰᠠᠷ᠎ᠠ ᠶᠢᠨ 31᠎ ᠤ ᠡᠳᠦᠷ︶᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ  ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠣᠷᠬᠢᠭᠳᠠᠯ ᠢ  ᠪᠠᠶᠢᠴᠠᠭᠠᠨ ᠨᠥᠬᠦᠪᠥᠷᠢᠯᠡᠵᠦ᠂ ᠠᠵᠢᠯᠯᠠᠭ᠎ᠠ ᠶᠢᠨ ᠦᠷ᠎ᠡ ᠪᠦᠲᠦᠭᠡᠯ ᠢᠶᠠᠨ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ︽ᠲᠡᠭ ᠪᠤᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠨ ᠬᠠᠷᠠᠬᠤ︾ ᠲᠤᠰᠬᠠᠶ ᠠᠵᠢᠯᠯᠠᠭ᠎ᠠ ᠶᠢᠨ ᠠᠵᠢᠯ ᠢ ᠪᠦᠬᠦᠨ ᠢ ᠪᠡᠶᠡᠯᠡᠭᠦᠯᠵᠦ᠂ 12 ᠰᠠᠷ᠎ᠠ ᠶᠢᠨ 30᠎ ᠤ ᠡᠳᠦᠷ ᠠᠴᠠ ᠡᠮᠦᠨ᠎ᠡ ︽ᠲᠡᠭ  ᠪᠤᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠨ ᠬᠠᠷᠠᠬᠤ︾ ᠲᠤᠰᠬᠠᠶ ᠠᠵᠢᠯᠯᠠᠭ᠎ᠠ ᠶᠢᠨ ᠪᠢᠴᠢᠭ ᠤᠨ ᠬᠡᠯᠪᠡᠷᠢ ᠶᠢᠨ ᠳ᠋ᠦᠩᠨᠡᠯᠲᠡ ᠶᠢ ᠮᠡᠳᠡᠭᠦᠯᠦᠨ   ᠬᠦᠷᠭᠡᠨ᠎ᠡ᠃     ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠣᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠲᠤᠬᠢᠷᠠᠭᠤᠯᠤᠨ ᠪᠠᠶᠢᠷᠢᠯᠠᠭᠤᠯᠵᠤ᠂ ︽ᠲᠡᠭ  ᠪᠤᠯᠭᠠᠬᠤ ᠪᠠᠷᠢᠮᠵᠢᠶ᠎ᠠ ᠳᠤ ᠬᠦᠷᠭᠡᠬᠦ︾᠂ ᠳᠥᠷᠪᠡᠨ ︽ᠡᠷᠭᠢᠨ ᠬᠠᠷᠠᠬᠤ︾ ᠠᠵᠢᠯᠯᠠᠭ᠎ᠠ ᠶᠢᠨ ᠲᠥᠰᠦᠯ ᠢ ᠬᠢᠨᠠᠮᠠᠭᠠᠶ ᠰᠤᠳᠤᠯᠤᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠪᠠᠶᠢᠳᠠᠯ ᠢ ᠣᠶᠢᠯᠠᠭᠠᠵᠤ  ᠪᠠᠶᠢᠴᠠᠭᠠᠬᠤ᠂ ᠠᠰᠠᠭᠤᠳᠠᠯ ᠢ ᠥᠪᠡᠰᠦᠪᠡᠨ  ᠪᠠᠶᠢᠴᠠᠭᠠᠬᠤ ᠠᠵᠢᠯ ᠢ ᠬᠢᠨᠠᠮᠠᠭᠠᠶ ᠵᠣᠬᠢᠶᠠᠨ  ᠪᠠᠶᠢᠭᠤᠯᠤᠨ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃    ︵ᠬᠤᠶᠠᠷ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ  ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢ  ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ  ᠨᠠᠶᠢᠳᠠᠪᠤᠷᠢᠵᠢᠭᠤᠯᠬᠤ  ᠂ ᠠᠵᠢᠯ ᠢ ᠨᠠᠶᠢᠳᠠᠪᠤᠷᠢᠵᠢᠭᠤᠯᠬᠤ ᠶᠢ ᠤᠯᠠᠮ ᠴᠢᠨᠠᠭᠰᠢᠳᠠ ᠴᠢᠩᠭᠠᠳᠬᠠᠵᠤ᠂ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠪᠣᠳᠠᠲᠤ ᠪᠠᠶᠢᠳᠠᠯ ᠠᠴᠠ ᠰᠠᠯᠵᠤ᠂ ᠪᠠᠷᠢᠮᠵᠢᠶ᠎ᠠ ᠶᠢ ᠳᠡᠭᠡᠭᠰᠢᠯᠡᠭᠦᠯᠵᠦ᠂ ᠳᠤᠷ᠎ᠠ ᠪᠠᠷ ᠢᠶᠠᠨ ᠳᠡᠭᠡᠭᠰᠢᠯᠡᠭᠦᠯᠵᠦ ᠪᠣᠯᠬᠤ ᠦᠭᠡᠢ ᠮᠥᠷᠲᠡᠭᠡᠨ ᠪᠠᠰᠠ ᠲᠤᠭ᠎ᠠ ᠶᠣᠰᠣᠭᠠᠷ ᠶᠠᠳᠠᠭᠤ ᠠᠴᠠ ᠠᠩᠭᠢᠵᠢᠷᠠᠭᠤᠯᠵᠤ ᠬᠤᠳᠠᠯ ᠬᠠᠭᠤᠷᠮᠠᠭ ᠢᠶᠠᠷ ᠶᠠᠳᠠᠭᠤ ᠠᠴᠠ ᠠᠩᠭᠢᠵᠢᠷᠠᠭᠤᠯᠵᠤ᠂ ᠪᠠᠷᠢᠮᠵᠢᠶ᠎ᠠ ᠶᠢ ᠪᠠᠭᠤᠷᠠᠭᠤᠯᠵᠤ ᠪᠣᠯᠬᠤ ᠦᠭᠡᠢ᠃     ︵ᠭᠤᠷᠪᠠ︶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ  ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ︽ᠲᠡᠭ ᠪᠤᠯᠭᠠᠬᠤ ᠪᠠᠷᠢᠮᠵᠢᠶ᠎ᠠ ᠳᠤ ᠬᠦᠷᠭᠡᠬᠦ︾ ᠠᠵᠢᠯᠯᠠᠭ᠎ᠠ ᠳᠤ ᠴᠢᠭᠯᠡᠭᠦᠯᠦᠨ ᠡᠯ᠎ᠡ ᠵᠠᠰᠠᠭ ᠵᠠᠬᠢᠷᠭᠠᠨ ᠤ ᠲᠣᠰᠬᠤᠨ ᠳᠤ  ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ ᠳᠤᠭᠤᠶᠢᠯᠠᠩ ᠳᠤ ᠳᠡᠪᠰᠢᠭᠦᠯᠦᠨ  ᠰᠢᠢᠳᠪᠦᠷᠢᠯᠡᠭᠦᠯᠬᠦ ᠬᠡᠷᠡᠭᠲᠡᠢ  ᠃     ︵ᠳᠥᠷᠪᠡ︶ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠶ᠃ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠱᠠᠯᠠᠪᠳᠠᠭᠤᠯᠤᠨ ᠪᠠᠶᠢᠴᠠᠭᠠᠬᠤ ᠠᠵᠢᠯ ‍ᠤᠨ‌‍ᠲ᠋ᠤᠭᠤᠶᠢᠯᠠᠩ ᠲᠣᠮᠢᠯᠠᠵᠤ᠂ ᠡᠯ᠎ᠡ ᠰᠢᠶᠠᠩ ᠪᠠᠯᠭᠠᠰᠤ ᠶᠢᠨ ︽ᠲᠡᠭ ᠪᠤᠯᠭᠠᠬᠤ ᠪᠠᠷᠢᠮᠵᠢᠶ᠎ᠠ ᠳᠤ ᠬᠦᠷᠭᠡᠬᠦ︾᠂ ᠳᠥᠷᠪᠡᠨ ︽ᠡᠷᠭᠢᠨ ᠬᠠᠷᠠᠬᠤ︾ ᠠᠵᠢᠯᠯᠠᠭ᠎ᠠ ᠳᠤ ᠲᠤᠰᠬᠠᠢ ᠱᠠᠯᠠᠪᠳᠠᠭᠤᠯᠤᠨ ᠪᠠᠶᠢᠴᠠᠭᠠᠯᠳᠡ ᠬᠢᠵᠦ᠂ ᠱᠠᠯᠠᠪᠳᠠᠭᠤᠯᠤᠨ ᠪᠠᠶᠢᠴᠠᠭᠠᠭᠰᠠᠨ ᠦᠷ᠎ᠡ ᠳ᠋ᠦᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠢᠨᠠᠨ ᠰᠢᠯᠭᠠᠬᠤ ᠠᠭᠤᠯᠭ᠎ᠠ ᠳᠤ ᠣᠷᠣᠭᠤᠯᠬᠤ ᠪᠣᠯᠤᠨ᠎ᠠ᠃ ︽ᠲᠡᠭ ᠪᠤᠯᠭᠠᠬᠤ ᠪᠠᠷᠢᠮᠵᠢᠶ᠎ᠠ ᠳᠤ ᠬᠦᠷᠭᠡᠬᠦ︾᠂ ᠳᠥᠷᠪᠡᠨ ︽ᠡᠷᠭᠢᠨ ᠬᠠᠷᠠᠬᠤ︾ ᠠᠵᠢᠯᠯᠠᠭ᠎ᠠ ᠶᠢ ᠰᠤᠳᠤᠯᠤᠨ ᠪᠠᠶᠢᠷᠢᠯᠠᠭᠤᠯᠤᠭᠰᠠᠨ ᠨᠢ ᠴᠠᠭ ᠲᠤᠬᠠᠢ ᠳᠤᠨᠢ ᠬᠢᠭᠰᠡᠨ ᠦᠭᠡᠢ᠂ ᠬᠦᠴᠦᠨ ᠢᠶᠠᠨ ᠭᠦᠢᠴᠡᠳ ᠲᠣᠬᠢᠷᠠᠭᠤᠯᠤᠭᠰᠠᠨ ᠦᠭᠡᠢ ᠰᠢᠶᠠᠩ ᠪᠠᠯᠭᠠᠰᠤ ᠠᠴᠠ ᠵᠠᠷᠯᠢᠭᠳᠠᠵᠤ  ᠪᠠᠶᠢᠭᠠᠳ ᠴᠡᠭᠴᠡᠯᠡᠨ ᠰᠠᠶᠢᠵᠢᠷᠠᠭᠤᠯᠵᠤ  ᠨᠠᠶᠢᠳᠠᠪᠤᠷᠢᠵᠢᠭᠤᠯᠬᠤ᠂ ᠨᠠᠷᠢᠨ ᠬᠢᠨᠠᠮᠠᠭᠠᠢ ᠪᠢᠰᠢ᠂ ᠬᠠᠰᠢ ᠶᠠᠰᠢ ᠥᠩᠭᠡᠷᠡᠭᠦᠯᠬᠦ ᠰᠢᠶᠠᠩ ᠪᠠᠯᠭᠠᠰᠤ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2