| ᠯᠢᠶᠠᠩ ᠶᠠᠳᠠᠭᠤ ᠠᠴᠠ ᠠᠩᠬᠢᠵᠢᠷᠠᠭᠤᠯᠬᠤ ᠠᠯᠪᠠᠨ ᠲᠠᠷᠬᠠᠭᠠᠭᠰᠠᠨ ︹ 2019 ︺ 2 ᠳ᠋ᠤᠭᠠᠷ | ᠲᠣᠭᠠᠲᠤ | ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︿ᠲᠡᠭ ᠪᠣᠯᠭᠠᠬᠤ ᠪᠠᠷᠢᠮᠵᠢᠶ᠎ᠠ ᠳᠤ ᠬᠦᠷᠭᠡᠬᠦ﹀ | ᠵᠢᠴᠢ ᠳᠥᠷᠪᠡᠨ ︿ᠡᠷᠭᠢᠨ ᠬᠠᠷᠠᠬᠤ﹀ ᠲᠤᠰᠬᠠᠢ ᠠᠵᠢᠯᠯᠠᠭ᠎ᠠ︾ ᠶᠢ ᠥᠷᠨᠢᠭᠦᠯᠬᠦ ᠲᠤᠬᠠᠢ ᠮᠡᠳᠡᠭᠳᠡᠯ | ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠣᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ | ᠪᠦᠬᠦᠢ ᠨᠢᠭᠡᠴᠢ ᠳᠤ᠄ | ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︿ᠲᠡᠭ ᠪᠣᠯᠭᠠᠬᠤ ᠪᠠᠷᠢᠮᠵᠢᠶ᠎ᠠ ᠳᠤ ᠬᠦᠷᠭᠡᠬᠦ﹀ | ᠵᠢᠴᠢ ᠳᠥᠷᠪᠡᠨ ︿ᠡᠷᠭᠢᠨ ᠬᠠᠷᠠᠬᠤ﹀ ᠲᠤᠰᠬᠠᠢ ᠠᠵᠢᠯᠯᠠᠭ᠎ᠠ︾ ᠶᠢ ᠥᠷᠨᠢᠭᠦᠯᠬᠦ ᠶᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠥᠪᠡᠷ ᠥᠪᠡᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠪᠤᠯᠪᠠᠤ ︕ | | ᠯᠢᠶᠠᠩᠴᠧᠩ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠤᠳᠤᠷᠢᠳᠬᠤ ᠲᠤᠭᠤᠶᠢᠯᠠᠩ ᠤᠨ ᠠᠯᠪᠠᠨ ᠭᠡᠷ | 2019 ᠣᠨ 3 ᠰᠠᠷ᠎ᠠ ᠶᠢᠨ 16 ᠤ ᠡᠳᠦᠷ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠥᠷᠨᠢᠭᠦᠯᠬᠦ ︽ᠲᠡᠭ ᠪᠣᠯᠭᠠᠬᠤ | ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠵᠦ ᠬᠠᠷᠠᠬᠤ︾ ᠲᠤᠰᠬᠠᠶ ᠠᠵᠢᠯᠯᠠᠭ᠎ᠠ | 2019 ᠣᠨ ᠳᠤ ᠮᠠᠨ ᠤ ᠰᠢᠶᠠᠨ ᠦᠯᠡᠳᠡᠭᠰᠡᠨ 1300 ᠡᠷᠦᠬᠡ 2795 ᠶᠠᠳᠠᠭᠤ ᠬᠦᠴᠢᠷᠳᠡᠯᠲᠡᠢ ᠬᠥᠮᠥᠨ | ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ | ᠲᠣᠰᠬᠤᠨ ᠠᠴᠠ ᠪᠠᠨ ᠭᠠᠷᠤᠭᠰᠠᠨ ᠪᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢ ᠮᠥᠨ ᠬᠦ ᠪᠠᠬᠢᠵᠢᠭᠦᠯᠦᠨ | ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ | ᠲᠤᠶᠢᠯ ᠤᠨ ᠪᠡᠷᠬᠡ ᠬᠠᠲᠠᠭᠤᠵᠢᠯᠲᠠᠢ ᠪᠠᠶᠢᠨ᠎ᠠ᠂ ᠭᠡᠪᠡᠴᠦ ᠣᠳᠣᠬᠠᠨ ᠳᠤ ᠮᠠᠨ ᠤ ᠰᠢᠶᠠᠨ ᠳᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠠᠭᠤᠷᠢ ᠲᠣᠭᠲᠠᠭᠤᠨ ᠪᠤᠰᠤ ᠪᠠᠶᠢᠬᠤ ᠵᠡᠷᠭᠡ ᠮᠠᠰᠢ ᠤᠯᠠᠨ ᠠᠰᠠᠭᠤᠳᠠᠯ | ᠣᠷᠣᠰᠢᠭᠰᠠᠭᠠᠷ ᠪᠠᠶᠢᠨ᠎ᠠ᠃ ᠮᠠᠨ ᠤ ᠰᠢᠶᠠᠨ ᠤ ᠨᠢᠭᠡᠨᠲᠡ ᠲᠣᠭᠲᠠᠭᠠᠭᠰᠠᠨ ᠡᠭᠦᠷᠭᠡ ᠬᠠᠷᠠᠯᠲᠠ ᠪᠠᠨ ᠲᠡᠭᠦᠰ | ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ | ᠰᠢᠢᠳᠪᠤᠷᠢᠯᠡᠬᠦ ᠳᠤᠮᠳᠠᠬᠢ ᠳᠤᠲᠠᠭᠤᠳᠠᠯ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠠᠨ ᠤ | ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ | ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠦᠬᠦ ᠰᠢᠶᠠᠨ ᠤ ᠬᠡᠪᠴᠢᠶᠡᠨ ᠳᠤ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠤᠨ ︽ᠲᠡᠭ ᠪᠤᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠨ | ᠬᠠᠷᠠᠬᠤ︾ ᠲᠤᠰᠬᠠᠶ ᠠᠵᠢᠯᠯᠠᠭ᠎ᠠ ᠶᠢ ᠥᠷᠨᠢᠭᠦᠯᠬᠦ ᠶᠢᠨ ᠲᠥᠯᠥᠭᠡ᠂ ᠣᠳᠣ ᠪᠣᠳᠠᠲᠠᠶ ᠤᠴᠢᠷ ᠶᠠᠪᠤᠳᠠᠯ ᠢ ᠳᠣᠣᠷᠠᠬᠢ | ᠮᠡᠲᠦ ᠮᠡᠳᠡᠭᠳᠡᠶ᠎ᠡ᠄ | ᠨᠢᠭᠡ᠂ ᠲᠤᠰᠬᠠᠢ ᠠᠵᠢᠯᠯᠠᠭ᠎ᠠ ᠶᠢᠨ ᠠᠭᠤᠯᠭ᠎ᠠ | ︵ᠨᠢᠭᠡ︶ ︽ᠵᠢᠷᠭᠤᠭ᠎ᠠ ᠶᠢ ᠲᠡᠭ ᠪᠤᠯᠭᠠᠬᠤ ᠳᠥᠷᠪᠡ ᠶᠢ ᠪᠠᠷᠢᠮᠵᠢᠶ᠎ᠠ ᠳᠤ ᠬᠦᠷᠭᠡᠬᠦ︾ ᠲᠤᠰᠬᠠᠢ ᠵᠦᠢᠯ ᠤᠨ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠳᠡᠢ᠃ | ᠨᠢᠭᠡ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠡᠷᠦᠬᠡ ᠳᠤ ᠬᠦᠷᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠪᠤᠶᠤ ᠬᠡᠷᠡᠭᠵᠢᠭᠦᠯᠬᠦ ᠲᠠᠯ᠎ᠠ ᠪᠠᠷ ᠠᠳᠡᠭᠦᠦ ᠪᠤᠷᠤᠭᠤ ᠣᠷᠣᠰᠢᠵᠤ | ᠪᠠᠶᠢᠬᠤ ᠠᠰᠠᠭᠤᠳᠠᠯ ᠢ ᠰᠢᠢᠳᠪᠤᠷᠢᠯᠡᠬᠦ ᠬᠡᠷᠡᠭᠳᠡᠢ᠃ | ᠬᠤᠶᠠᠷ ᠲᠤ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠶᠠᠳᠠᠭᠤ ᠶᠢ | ᠲᠡᠳᠬᠦᠬᠦ ᠠᠵᠤ ᠦᠢᠯᠡᠰ ᠤᠨ ᠲᠥᠷᠥᠯ ᠵᠦᠢᠯ ᠢ ᠪᠦᠷᠬᠦᠭᠡᠳᠦᠢ ᠪᠠ ᠬᠥᠳᠡᠯᠮᠦᠷᠢᠯᠡᠬᠦ ᠴᠢᠳᠠᠪᠤᠷᠢ ᠦᠭᠡᠢ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠪᠦᠬᠦᠨ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠪᠦᠷᠬᠦᠭᠡᠳᠦᠢ ᠪᠠᠶᠢᠬᠤ ᠶᠢ | ᠪᠡᠶᠡᠯᠡᠭᠦᠯᠦᠨ᠎ᠡ᠃ | ᠭᠤᠷᠪᠠ ᠳᠤ᠂ ᠶᠠᠳᠠᠭᠤ ᠬᠦᠴᠢᠷᠳᠡᠯᠲᠡᠢ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ | ᠠᠬᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 5 ᠲᠦᠮᠡᠨ ᠲᠥᠭᠦᠷᠢᠭ ᠠᠴᠠ ᠳᠣᠷᠣᠭᠰᠢ | ᠪᠠᠶᠢᠬᠤ ᠦᠭᠡᠢ ᠶᠢ ᠪᠡᠶᠡᠯᠡᠭᠦᠯᠦᠨ᠎ᠡ᠃ | ᠳᠥᠷᠪᠡ ᠳᠤ C᠂ D ᠳᠡᠰ ᠤᠨ ᠭᠡᠷ ᠪᠠᠢᠰᠢᠩ ᠢ ᠡᠷᠬᠡᠪᠰᠢ ᠪᠦᠬᠦᠨ ᠢ ᠥᠭᠡᠷᠡᠴᠢᠯᠡᠬᠦ ᠬᠡᠷᠡᠭᠲᠡᠶ᠂ ᠰᠢᠨ᠎ᠡ ᠶᠢ | ᠪᠠᠢᠭᠤᠯᠬᠤ ᠳᠤ ᠡᠷᠬᠡᠪᠰᠢ ᠬᠠᠭᠤᠴᠢᠨ ᠢ ᠨᠤᠷᠠᠭᠠᠬᠤ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ | ᠳᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠨᠤᠷᠠᠬᠤ ᠠᠶᠤᠯᠲᠠᠶ ᠭᠡᠷ | ᠪᠠᠶᠢᠰᠢᠩ ᠢ ᠴᠡᠪᠡᠷᠯᠡᠨ ᠠᠷᠢᠯᠭᠠᠬᠤ ᠬᠡᠷᠡᠭᠳᠡᠢ᠃ | ᠲᠠᠪᠤ ᠳᠤ᠂ ᠶᠠᠳᠠᠭᠤ ᠬᠦᠴᠢᠷᠳᠡᠯᠲᠡᠢ ᠲᠣᠰᠬᠤᠨ ᠳᠤ ᠬᠥᠳᠡᠯᠭᠡᠬᠦ ᠬᠦᠴᠦᠨ ᠴᠠᠬᠢᠯᠭᠠᠨ ᠬᠡᠷᠡᠭᠯᠡᠭᠰᠡᠨ ᠦᠭᠡᠢ᠂ | ᠶᠠᠳᠠᠭᠤ ᠬᠦᠴᠢᠷᠳᠡᠯᠲᠡᠢ ᠡᠷᠦᠬᠡ ᠶᠢᠨ ᠠᠮᠢᠳᠤᠷᠠᠯ ᠳᠤ ᠬᠡᠷᠡᠭᠯᠡᠬᠦ ᠴᠠᠬᠢᠯᠭᠠᠨ ᠢ ᠪᠠᠷᠢᠮᠵᠢᠶ᠎ᠠ ᠳᠤ ᠬᠦᠷᠭᠡᠭᠰᠡᠨ ᠦᠭᠡᠢ | ᠪᠠᠶᠢᠬᠤ ᠶᠢ ᠰᠢᠢᠳᠪᠤᠷᠢᠯᠡᠨ ᠪᠡᠶᠡᠯᠡᠭᠦᠯᠦᠨ᠎ᠡ᠃ | ᠵᠢᠷᠭᠤᠭ᠎ᠠ ᠳᠤ᠂ ᠲᠥᠪᠯᠡᠷᠡᠭᠦᠯᠦᠨ ᠲᠥᠪᠬᠢᠨᠡᠭᠦᠯᠬᠦ ᠴᠡᠭ ᠤᠨ ᠠᠵᠤ ᠦᠢᠯᠡᠰ ᠤᠨ ᠲᠥᠷᠥᠯ ᠵᠤᠶᠢᠯ ᠤᠨ | ᠪᠦᠲᠦᠭᠡᠨ ᠪᠠᠶᠢᠭᠤᠯᠤᠯᠳᠡ ᠶᠢ ᠪᠡᠶᠡᠯᠡᠭᠦᠯᠵᠦ᠂ ᠣᠨᠳᠣᠤ ᠭᠠᠵᠠᠷ ᠲᠤ ᠨᠡᠭᠦᠯᠭᠡᠬᠦ ᠵᠠᠯᠭᠠᠮᠵᠢ ᠠᠵᠤ ᠦᠢᠯᠡᠰ ᠤᠨ | ᠬᠥᠭᠵᠢᠯᠲᠡ ᠶᠢ ᠲᠤᠪᠤᠶᠢᠮ᠎ᠠ ᠰᠠᠶᠢᠲᠤᠷ ᠠᠳᠬᠤᠵᠤ᠂ ᠠᠵᠤ ᠤᠶᠢᠯᠡᠰ ᠥᠬᠡᠶ ᠪᠠ ᠠᠵᠤ ᠤᠶᠢᠯᠡᠰ ᠴᠥᠭᠡᠨ | ᠪᠠᠶᠢᠬᠤ ᠠᠰᠠᠭᠤᠳᠠᠯ ᠢ ᠰᠠᠶᠢᠲᠤᠷ ᠰᠢᠢᠳᠪᠤᠷᠢᠯᠠᠵᠤ᠂ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ | ᠬᠦᠴᠢᠷᠳᠡᠯᠲᠡᠶ ᠡᠷᠦᠬᠡ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠡᠭᠦᠷᠭᠡ ᠶᠢ ᠲᠣᠳᠣᠷᠬᠠᠶ | ᠪᠣᠯᠭᠠᠬᠤ ᠶᠢ ᠪᠡᠶᠡᠯᠡᠭᠦᠯᠦᠨ᠎ᠡ᠃ | ᠳᠣᠯᠤᠭ᠎ᠠ ᠳᠤ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠡᠪᠬᠡᠮᠡᠯ ᠪᠠᠶᠢᠭᠤᠯᠵᠤ ᠺᠠᠷᠲᠯᠠᠨ ᠳᠠᠩᠰᠠᠯᠠᠬᠤ | ᠲᠠᠪᠴᠠᠩ ᠤᠨ ᠲᠤᠭ᠎ᠠ ᠪᠠᠷᠢᠮᠲᠠ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠳᠡ ᠶᠢ ᠪᠠᠷᠢᠮᠵᠢᠶ᠎ᠠ ᠳᠤ ᠬᠦᠷᠭᠡᠬᠦ | ᠠᠵᠢᠯ ᠢ ᠪᠡᠶᠡᠯᠡᠭᠦᠯᠦᠨ᠎ᠡ ᠃ | ᠨᠠᠢᠮᠠ ᠳᠤ᠂ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠦᠨᠳᠦᠰᠦᠨ ᠡᠮ ᠡᠮᠨᠡᠯᠭᠡ ᠶᠢᠨ ᠬᠡᠷᠡᠭᠴᠡᠭᠡ ᠶᠢ | ᠪᠠᠲᠤᠯᠠᠵᠤ᠂ ᠡᠯ᠎ᠡ ᠰᠢᠶᠠᠩ ᠪᠠᠯᠭᠠᠰᠤ᠂ ᠵᠠᠰᠠᠭ ᠵᠠᠬᠢᠷᠭᠠᠨ ᠤ ᠲᠣᠰᠬᠤᠨ ᠤ ᠬᠤᠶᠠᠷ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ︵ᠲᠠᠰᠤᠭ︶ ᠶᠢᠨ ᠲᠥᠬᠦᠭᠡᠷᠦᠮᠵᠢ᠂ ᠠᠵᠢᠯᠲᠠᠨ᠂ ᠡᠮ ᠤᠨ ᠦᠨᠳᠦᠰᠦᠨ ᠡᠮ ᠡᠮᠨᠡᠯᠭᠡ ᠶᠢᠨ | ᠦᠢᠯᠡᠴᠢᠯᠡᠭᠡ ᠶᠢ ᠪᠠᠷᠢᠮᠵᠢᠶ᠎ᠠ ᠳᠤ ᠬᠦᠷᠭᠡᠨ᠎ᠡ︔ ᠶᠢᠰᠦ᠂ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠢ | ᠡᠷᠦᠬᠡ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠦᠬᠦᠨ ᠢᠶᠠᠷ ᠢᠶᠠᠨ ᠪᠠᠷᠢᠮᠵᠢᠶ᠎ᠠ ᠳᠤ ᠬᠦᠷᠭᠡᠬᠦ ᠶᠢ | ᠪᠡᠶᠡᠯᠡᠭᠦᠯᠦᠨ᠎ᠡ᠃ | ᠠᠷᠪᠠ ᠳᠤ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠤᠷᠠᠶ ᠰᠤᠷᠭᠠᠭᠤᠯᠢ ᠶᠢ ᠥᠭᠡᠷᠡᠴᠢᠯᠡᠬᠦ ᠪᠠ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ᠂ ᠰᠢᠶᠠᠩ | ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢ ᠥᠭᠡᠷᠡᠴᠢᠯᠡᠬᠦ ᠶᠢ ᠪᠡᠶᠡᠯᠡᠭᠦᠯᠵᠦ᠂ ᠳᠠᠩᠰᠠ ᠡᠪᠬᠡᠮᠡᠯ | ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠭᠡᠷ ᠪᠦᠯᠢ ᠶᠢᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠦᠷ᠎ᠡ ᠬᠡᠦᠬᠡᠳ ᠤᠨ ᠰᠤᠷᠤᠯᠭ᠎ᠠ ᠪᠠᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ | ᠪᠠᠲᠤᠯᠠᠬᠤ ᠪᠠᠷᠢᠮᠵᠢᠶ᠎ᠠ ᠳᠤ ᠬᠦᠷᠬᠦ ᠶᠢ ᠪᠡᠶᠡᠯᠡᠭᠦᠯᠦᠨ᠎ᠡ᠃ | ︵ᠬᠤᠶᠠᠷ︶ ᠳᠥᠷᠪᠡᠨ ︽ᠡᠷᠭᠢᠨ ᠬᠠᠷᠠᠬᠤ︾ ᠲᠤᠰᠬᠠᠢ ᠵᠦᠢᠯ ᠤᠨ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠬᠦ ᠬᠡᠷᠡᠭᠲᠡᠢ | 1 ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠠᠭᠤᠷᠢ ᠶᠢ ᠪᠠᠬᠢᠵᠢᠭᠦᠯᠬᠦ ᠲᠣᠭᠤᠷᠢᠨ ᠳᠤ ︽ | ᠡᠷᠭᠢᠨ ᠬᠠᠷᠠᠬᠤ︾ ᠲᠤᠰᠬᠠᠢ ᠠᠵᠢᠯᠯᠠᠭ᠎ᠠ ᠥᠷᠨᠢᠭᠦᠯᠦᠨ᠎ᠡ᠃ ᠶᠠᠳᠠᠭᠤ ᠬᠦᠴᠢᠷᠳᠡᠯᠲᠡᠶ ᠡᠷᠦᠬᠡ ᠶᠢᠨ ᠢᠯᠭᠠᠨ ᠲᠠᠨᠢᠵᠤ | ᠤᠬᠤᠷᠢᠨ ᠭᠠᠷᠬᠤ ᠳᠡᠰ ᠳᠠᠷᠠᠭᠠᠯᠠᠯ ᠨᠢ ᠵᠢᠷᠤᠮᠵᠢᠯ ᠥᠬᠡᠶ᠂ ᠲᠤᠭ᠎ᠠ ᠪᠠᠷᠢᠮᠲᠠ ᠶᠢᠨ ᠶᠠᠰᠤ ᠴᠢᠨᠠᠷ ᠨᠢ ᠥᠨᠳᠥᠷ ᠪᠤᠰᠤ | ᠵᠡᠷᠭᠡ ᠠᠰᠠᠭᠤᠳᠠᠯ ᠳᠤ ᠴᠢᠭᠯᠡᠭᠦᠯᠦᠨ ︽ᠡᠷᠭᠢᠵᠦ ᠬᠠᠷᠠᠬᠤ︾ ᠠᠵᠢᠯ ᠢ ᠥᠷᠨᠢᠭᠦᠯᠦᠨ᠎ᠡ ᠃ ᠨᠢᠭᠡᠨᠲᠡ | ᠶᠠᠳᠠᠭᠤ ᠠᠴᠠ ᠠᠩᠭᠢᠵᠢᠷᠠᠭᠤᠯᠤᠭᠰᠠᠨ ᠪᠠ ᠶᠠᠳᠠᠭᠤ ᠠᠴᠠ ᠠᠩᠭᠢᠵᠢᠷᠠᠭᠠᠳᠤᠶ ᠬᠥᠮᠥᠨ ᠠᠮᠠ ᠶᠢᠨ ᠡᠯ᠎ᠡ ᠵᠤᠶᠢᠯ ᠤᠨ | ᠶᠠᠳᠠᠭᠤ ᠠᠴᠠ ᠠᠩᠭᠢᠵᠢᠷᠠᠭᠤᠯᠬᠤ ᠭᠦᠢᠴᠡᠳᠭᠡᠯ ᠲᠤᠭ᠎ᠠ ᠶᠢᠨ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ | ᠣᠶᠢᠯᠠᠭᠠᠵᠤ᠂ ᠳᠠᠬᠢᠨ ᠰᠢᠭᠰᠢᠨ ᠪᠠᠶᠢᠴᠠᠭᠠᠵᠤ᠂ ᠳᠠᠬᠢᠨ ᠲᠥᠷᠥᠯ ᠬᠤᠪᠢᠶᠠᠬᠤ ᠬᠡᠷᠡᠭᠲᠡᠶ᠂ ᠡᠭᠦᠨ ᠳᠤ ᠶᠠᠮᠠᠷ ᠠᠷᠭ᠎ᠠ | ᠬᠡᠮᠵᠢᠶ᠎ᠡ ᠪᠠᠷ ᠶᠠᠳᠠᠭᠤ ᠠᠴᠠ ᠠᠩᠭᠢᠵᠢᠷᠠᠭᠤᠯᠤᠭᠰᠠᠨ᠂ ᠶᠠᠳᠠᠭᠤ ᠬᠦᠴᠢᠷᠳᠡᠯᠲᠡᠶ ᠰᠢᠶᠠᠩ ᠪᠠᠯᠭᠠᠰᠤ ᠤᠬᠤᠷᠢᠨ | ᠭᠠᠷᠤᠭᠰᠠᠨ ᠤ ᠳᠠᠷᠠᠭ᠎ᠠ ᠦᠯᠡᠳᠡᠭᠰᠡᠨ ᠶᠠᠳᠠᠭᠤ ᠠᠴᠠ ᠠᠩᠭᠢᠵᠢᠷᠠᠭᠠᠳᠤᠶ ᠬᠥᠮᠥᠨ ᠠᠮᠠ ᠶᠢᠨ ᠪᠠᠢᠳᠠᠯ᠂ | ᠡᠪᠡᠳᠴᠢᠨ ᠠᠴᠠ ᠪᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠨᠢ ᠤᠳᠠᠭᠠᠨ ᠡᠪᠡᠳᠴᠢᠯᠡᠭᠰᠡᠨ ᠶᠤᠮ ᠤᠤ ᠡᠰᠡᠬᠦᠯ᠎ᠡ | ᠬᠦᠨᠳᠦ ᠡᠪᠡᠳᠴᠢᠨ ᠠᠴᠠ ᠪᠣᠯᠵᠤ ᠶᠠᠳᠠᠭᠤᠷᠠᠭᠰᠠᠨ ᠶᠤᠮ ᠤᠤ᠂ ᠲᠥᠷᠥ ᠶᠢᠨ ᠪᠣᠳᠣᠯᠭ᠎ᠠ ᠪᠠᠷ ᠪᠦᠬᠦᠨ ᠢ | ᠬᠠᠮᠤᠷᠤᠭᠰᠠᠨ ᠶᠤᠮ ᠤᠤ᠂ ᠬᠡᠳᠦᠶ ᠶᠠᠳᠠᠭᠤ ᠬᠦᠴᠢᠷᠳᠡᠯᠲᠡᠶ ᠡᠷᠦᠬᠡ ᠨᠢ ᠨᠤᠷᠠᠬᠤ ᠠᠶᠤᠯᠲᠠᠶ ᠭᠡᠷ ᠪᠠᠶᠢᠰᠢᠩ ᠢ | ᠰᠢᠨᠡᠳᠬᠡᠨ ᠵᠠᠰᠠᠬᠤ ᠲᠦᠷᠦ ᠶᠢᠨ ᠪᠤᠳᠤᠯᠭ᠎ᠠ ᠶᠢ ᠬᠦᠷᠳᠡᠵᠦ ᠪᠠᠶᠢᠬᠤ ᠵᠡᠷᠭᠡ ᠪᠠᠭᠲᠠᠨ᠎ᠠ᠃ ︽ᠡᠷᠭᠢᠨ ᠬᠠᠷᠠᠬᠤ︾ | ᠪᠠᠷ ᠳᠠᠮᠵᠢᠭᠤᠯᠤᠨ ᠪᠠᠶᠢᠳᠠᠯ ᠢ ᠤᠯᠠᠮ ᠨᠢᠭᠡ ᠠᠯᠬᠤᠮ ᠣᠨᠣᠪᠴᠢᠲᠠᠶ ᠣᠶᠢᠯᠠᠭᠠᠵᠤ᠂ ᠳᠠᠬᠢᠨ ᠶᠠᠳᠠᠭᠤᠷᠠᠬᠤ ᠶᠢ | ᠬᠢᠨᠠᠨ ᠬᠡᠮᠵᠢᠬᠦ ᠬᠠᠮᠢᠶᠠᠷᠤᠯᠲᠠ ᠪᠠᠨ ᠴᠢᠩᠭᠠᠳᠬᠠᠵᠤ᠂ ᠳᠠᠬᠢᠨ ᠶᠠᠳᠠᠭᠤᠷᠠᠬᠤ ᠬᠥᠮᠥᠨ ᠠᠮᠠ ᠪᠠ ᠰᠢᠨ᠎ᠡ ᠪᠠᠷ ᠪᠤᠢ | ᠪᠣᠯᠤᠭᠰᠠᠨ ᠶᠠᠳᠠᠭᠤ ᠬᠦᠴᠢᠷᠳᠡᠯᠲᠡᠶ ᠬᠥᠮᠥᠨ ᠠᠮᠠ ᠶᠢ ᠴᠠᠭ ᠲᠤᠬᠠᠶ ᠳᠤᠨᠢ ᠲᠠᠩᠰᠠᠡᠪᠬᠡᠮᠡᠯ ᠪᠠᠶᠢᠭᠤᠯᠤᠨ | ᠺᠠᠷᠲᠯᠠᠨ ᠳᠠᠩᠰᠠᠯᠠᠬᠤ ᠰᠢᠰᠲ᠋ᠧᠮ ᠳᠤ ᠣᠷᠣᠭᠤᠯᠤᠨ ᠬᠠᠪᠰᠤᠷᠤᠨ ᠲᠡᠳᠬᠦᠨ᠎ᠡ᠃ | 2 ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠵᠥᠷᠢᠶ᠎ᠡ ᠶᠢᠨ ᠲᠣᠭᠤᠷᠢᠨ ᠳᠤ ︽ | ᠡᠷᠭᠢᠵᠦ ᠬᠠᠷᠠᠬᠤ︾ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠵᠢᠷᠤᠭ | ᠲᠥᠯᠥᠪᠯᠡᠭᠡ ᠶᠢᠨ ︽ᠲᠥᠷᠥᠯᠬᠢ ᠬᠦᠷᠦᠯᠴᠡᠬᠦ ᠦᠭᠡᠢ︾᠂ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ︽ | ᠬᠥᠷᠥᠰᠥ ᠰᠢᠷᠣᠢ ᠲᠤᠬᠢᠷᠠᠯᠴᠠᠬᠤ ᠦᠭᠡᠢ︾᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ︽ᠳᠤᠲᠠᠭᠤ | ᠲᠣᠷᠭᠤᠨ︾ ᠪᠠᠶᠢᠬᠤ ᠵᠡᠷᠭᠡ ᠬᠡᠯᠪᠡᠷᠢᠯ ᠢ ᠴᠠᠭ ᠲᠤᠬᠠᠢ ᠳᠤᠨᠢ ᠵᠠᠯᠠᠷᠠᠭᠤᠯᠤᠨ᠎ᠠ᠃ ᠡᠯ᠎ᠡ ᠰᠢᠶᠠᠩ ᠪᠠᠯᠭᠠᠰᠤ ᠨᠢ | ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠢᠭᠡ ᠨᠢᠭᠡ ᠵᠤᠶᠢᠯ ᠢᠶᠠᠷ ᠡᠮᠬᠢᠯᠡᠵᠦ᠂ ᠨᠢᠭᠡ ᠲᠠᠯ᠎ᠠ ᠪᠠᠷ ᠤᠬᠠᠭᠤᠯᠵᠤ | ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠵᠦ᠂ ᠨᠥᠬᠦᠭᠡ ᠲᠠᠯ᠎ᠠ ᠪᠠᠷ ᠴᠠᠭ ᠲᠤᠬᠠᠶ ᠳᠤᠨᠢ ᠪᠠᠶᠢᠴᠠᠭᠠᠨ ᠣᠷᠬᠢᠭᠳᠠᠭᠤᠯᠤᠭᠰᠠᠨ ᠢ ᠨᠥᠬᠦᠪᠥᠷᠢᠯᠡᠬᠦ | ᠬᠡᠷᠡᠭᠲᠡᠶ᠃ ᠵᠢᠱᠢᠶᠡᠯᠡᠪᠡᠯ᠂ ᠣᠨᠳᠣᠣ ᠭᠠᠵᠠᠷ ᠲᠤ ᠨᠡᠭᠦᠯᠭᠡᠬᠦ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ | ᠵᠠᠰᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ | ᠪᠠᠶᠢᠳᠠᠯ᠂ ᠪᠠᠰᠠ ᠡᠷᠡᠭᠦᠯ ᠡᠩᠬᠡ᠂ ᠰᠤᠷᠭᠠᠨ ᠬᠥᠮᠦᠵᠢᠯ᠂ ᠠᠵᠢᠯ ᠣᠯᠭᠤᠯᠲᠠ᠂ ᠠᠮᠢ ᠠᠬᠤᠢ᠂ ᠡᠯᠧᠺᠲᠷᠤᠨ | ᠬᠤᠳᠠᠯᠳᠤᠭ᠎ᠠ᠂ ᠭᠡᠷᠡᠯ ᠴᠠᠬᠢᠯᠭᠠᠨ᠂ ᠬᠥᠳᠡᠭᠡ ᠲᠣᠰᠬᠤᠨ ᠤ ᠵᠤᠭᠠᠴᠠᠯ ᠢᠶᠠᠷ ᠶᠠᠳᠠᠭᠤ ᠶᠢ ᠲᠡᠳᠬᠦᠬᠦ ᠵᠡᠷᠭᠡ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠪᠠᠶᠢᠨ᠎ᠠ᠃ | 3 ᠠᠵᠦ ᠦᠢᠯᠡᠰ ᠤᠨ ᠦᠷᠭᠦᠯᠵᠢᠯᠡᠬᠦ ᠴᠢᠨᠠᠷ ᠤᠨ ᠲᠣᠭᠤᠷᠢᠨ ᠳᠤ ︽ᠡᠷᠭᠢᠨ ᠬᠠᠷᠠᠬᠤ︾ ᠲᠤᠰᠬᠠᠶ | ᠠᠵᠢᠯᠯᠠᠭ᠎ᠠ ᠶᠢ ᠥᠷᠨᠢᠭᠦᠯᠦᠨ᠎ᠡ᠃ ᠶᠠᠳᠠᠭᠤ ᠶᠢ ᠲᠡᠳᠬᠦᠬᠦ ᠲᠤᠯᠤᠭᠠᠶᠢᠯᠠᠭᠴᠢ ᠠᠵᠤ ᠠᠬᠤᠶᠢᠯᠠᠯ ᠤᠨ ᠳᠠᠶᠢᠴᠢᠯᠠᠬᠤ | ᠴᠢᠳᠠᠪᠤᠷᠢ᠂ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢ ᠬᠤᠯᠪᠣᠬᠤ ᠲᠣᠭᠲᠠᠴᠠ᠂ ᠶᠠᠳᠠᠭᠤ | ᠬᠦᠴᠢᠷᠳᠡᠯᠲᠡᠶ ᠣᠯᠠᠨ ᠲᠦᠮᠡᠨ ᠤ ᠣᠷᠣᠯᠴᠠᠬᠤ ᠬᠡᠮᠵᠢᠶ᠎ᠡ ᠵᠢᠴᠢ ᠬᠤᠪᠢ ᠣᠷᠣᠭᠤᠯᠵᠤ ᠠᠰᠢᠭ ᠬᠤᠪᠢᠶᠠᠬᠤ ᠵᠠᠭᠪᠤᠷ | ᠵᠡᠷᠭᠡ ᠶᠢ ᠪᠥᠬᠦ ᠲᠠᠯ᠎ᠠ ᠪᠠᠷ ᠦᠨᠡᠯᠡᠨ ᠵᠢᠱᠢᠵᠦ᠂ ᠬᠥᠳᠡᠯᠦᠩᠭᠦᠶ ᠬᠢᠨᠠᠨ ᠬᠡᠮᠵᠢᠬᠦ ᠪᠠ ᠦᠨᠡᠯᠡᠨ ᠵᠢᠱᠢᠬᠦ ᠲᠣᠭᠲᠠᠴᠠ ᠶᠢ | ᠪᠠᠶᠢᠭᠤᠯᠤᠨ᠂ ᠠᠵᠤ ᠠᠬᠤᠶᠢᠯᠠᠯ ᠤᠨ ᠶᠠᠳᠠᠭᠤ ᠶᠢ ᠳᠠᠭᠠᠭᠤᠯᠤᠨ ᠶᠠᠳᠠᠭᠤ ᠶᠢ ᠪᠠᠭᠠᠰᠬᠠᠬᠤ ᠪᠠ ᠡᠵᠡᠩᠨᠡᠯᠲᠡ ᠶᠢᠨ | ᠪᠠᠶᠢᠳᠠᠯ ᠢ ᠴᠠᠭ ᠲᠤᠬᠠᠶ ᠳᠤᠨᠢ ᠣᠶᠢᠯᠠᠭᠠᠵᠤ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠪᠠᠶᠢᠪᠠᠯ᠂ ᠲᠡᠳᠬᠦᠨ | ᠪᠤᠶᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠬᠤ ᠬᠡᠷᠡᠭᠲᠡᠶ᠃ | ᠳᠠᠶᠢᠴᠢᠯᠠᠬᠤ ᠬᠦᠴᠦᠨ ᠪᠠᠭᠤᠷᠠᠶ᠂ ᠲᠦᠭᠰᠢᠭᠦᠷᠢ ᠶᠡᠭᠡ ᠪᠠᠶᠢᠪᠠᠯ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ | ᠪᠠᠶᠢᠭᠠᠳ ᠲᠣᠬᠢᠷᠠᠭᠤᠯᠤᠯᠲᠠ ᠬᠢᠬᠦ ᠬᠡᠷᠡᠭᠲᠡᠶ᠃ ᠲᠥᠷᠥ ᠶᠢᠨ ᠪᠣᠳᠣᠯᠭ᠎ᠠ ᠶᠢ ᠡᠳ᠋ᠯᠡᠭᠰᠡᠨ ᠪᠣᠯᠪᠠᠴᠤ ᠶᠠᠳᠠᠭᠤ ᠶᠢ | ᠳᠠᠭᠠᠭᠤᠯᠤᠨ ᠶᠠᠳᠠᠭᠤ ᠶᠢ ᠪᠠᠭᠠᠰᠬᠠᠬᠤ ᠬᠠᠷᠢᠭᠤᠴᠠᠯᠭ᠎ᠠ ᠶᠢ ᠭᠦᠢᠴᠡᠳᠬᠡᠭᠰᠡᠨ ᠦᠭᠡᠢ᠂ ᠲᠣᠭᠲᠠᠭᠠᠯ ᠠᠴᠠ | ᠵᠥᠷᠢᠴᠡᠭᠰᠡᠨ ᠪᠤᠶᠤ ᠬᠠᠤᠯᠢ ᠠᠴᠠ ᠵᠥᠷᠢᠴᠡᠨ ᠡᠵᠡᠩᠨᠡᠵᠦ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠠᠰᠢᠭ | ᠲᠤᠰᠠ ᠶᠢ ᠬᠤᠬᠢᠷᠠᠭᠤᠯᠤᠭᠰᠠᠨ ᠠᠵᠤ ᠠᠬᠤᠶᠢᠯᠠᠯ ᠢ ︽ᠨᠡᠷ᠎ᠡ ᠶᠢᠨ ᠬᠠᠷ᠎ᠠ ᠳᠠᠩᠰᠠ︾ ᠲᠤ ᠣᠷᠣᠭᠤᠯᠵᠤ᠂ | ᠲᠡᠳᠬᠦᠭᠰᠡᠨ ᠪᠡᠯᠡ ᠮᠥᠩᠭᠦ ᠶᠢ ᠨᠡᠬᠡᠮᠵᠢᠯᠡᠨ ᠠᠪᠴᠢᠷᠠᠬᠤ ᠬᠡᠷᠡᠭᠲᠡᠢ᠃ ᠡᠳ᠋ ᠬᠥᠷᠥᠩᠭᠡ ᠶᠢᠨ ᠠᠰᠢᠭ ᠣᠷᠣᠯᠭ᠎ᠠ ᠪᠠᠷ | ᠶᠠᠳᠠᠭᠤ ᠶᠢ ᠲᠡᠳᠬᠦᠬᠦ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠥᠷᠨᠢᠭᠦᠯᠵᠦ᠂ ᠡᠷᠦᠬᠡ ᠠᠮᠠ ᠶᠢᠨ | ᠵᠢᠭᠡᠯᠡᠯᠭᠡ ᠶᠢ ᠠᠵᠤ ᠠᠬᠤᠶᠢᠯᠠᠯ ᠬᠡᠷᠡᠭᠯᠡᠬᠦ᠂ ᠬᠥᠮᠦᠨ ᠤ ᠨᠡᠷ᠎ᠡ ᠪᠠᠷ ᠵᠣᠭᠤᠰ ᠵᠢᠭᠡᠯᠡᠬᠦ᠂ ᠲᠣᠭᠲᠠᠭᠠᠯ ᠠᠴᠠ | ᠵᠥᠷᠢᠴᠡᠨ ᠵᠣᠭᠤᠰ ᠬᠡᠷᠡᠭᠯᠡᠬᠦ ᠵᠡᠷᠭᠡ ᠠᠰᠠᠭᠤᠳᠠᠯ ᠢ ᠡᠷᠡᠰ ᠵᠠᠯᠠᠷᠠᠭᠤᠯᠤᠨ᠎ᠠ᠃ | 4 ᠲᠤᠰᠬᠤᠨ ᠳᠤ ᠰᠠᠭᠤᠬᠤ ᠠᠵᠢᠯᠯᠠᠬᠤ ᠠᠩᠭᠢ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠶᠢᠨ ᠲᠣᠭᠤᠷᠢᠨ ᠳᠤ ︽ᠡᠷᠭᠢᠨ ᠬᠠᠷᠠᠬᠤ︾ ᠲᠤᠰᠬᠠᠶ | ᠠᠵᠢᠯᠯᠠᠭ᠎ᠠ ᠥᠷᠨᠢᠭᠦᠯᠦᠨ᠎ᠡ᠃ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠬᠦᠴᠦᠨ ᠢ ᠤᠯᠠᠮ ᠨᠢᠭᠡ ᠠᠯᠬᠤᠮ | ᠴᠢᠩᠭᠠᠳᠬᠠᠨ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠺᠠᠳ᠋ᠷ ᠢ ᠪᠣᠯᠪᠠᠰᠤᠷᠠᠭᠤᠯᠬᠤ ᠠᠵᠢᠯ ᠢ ᠬᠢᠨᠠᠮᠠᠭᠠᠶ ᠰᠠᠶᠢᠲᠤᠷ | ᠬᠢᠨ᠎ᠡ᠃ ᠲᠣᠰᠬᠤᠨ ᠳᠤ ᠰᠠᠭᠤᠬᠤ ᠠᠵᠢᠯᠯᠠᠬᠤ ᠠᠩᠭᠢ ᠪᠠ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠶᠢ ᠰᠣᠩᠭᠤᠨ | ᠲᠣᠮᠢᠯᠠᠭᠰᠠᠨ ᠨᠢ ᠣᠨᠣᠪᠴᠢᠲᠠᠢ ᠪᠢᠰᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠦᠢᠯᠡᠳᠦᠯ ᠢ | ᠪᠠᠳᠠᠷᠠᠭᠤᠯᠤᠭᠰᠠᠨ ᠨᠢ ᠢᠯᠡᠷᠬᠡᠢ ᠪᠢᠰᠢ᠂ ᠶᠠᠳᠠᠭᠤ ᠶᠢ ᠲᠡᠳᠬᠦᠬᠦ ᠺᠠᠳ᠋ᠷ ᠤᠨ ᠰᠤᠷᠲᠠᠯ ᠦᠨᠡᠨ ᠪᠣᠳᠠᠲᠠᠢ ᠪᠢᠰᠢ᠂ | ᠶᠠᠳᠠᠭᠤ ᠬᠦᠴᠢᠷᠳᠡᠯᠲᠡᠢ ᠲᠣᠰᠬᠤᠨ ᠤ ᠨᠠᠮ ᠤᠨ ᠡᠭᠦᠷ ᠤᠨ ᠱᠦᠵᠢ ᠶᠢᠨ ᠤᠯᠠᠨ ᠲᠦᠮᠡᠨ ᠢ ᠳᠠᠭᠠᠭᠤᠯᠤᠨ | ᠶᠠᠳᠠᠭᠤ ᠠᠴᠠ ᠠᠩᠭᠢᠵᠢᠷᠠᠭᠤᠯᠬᠤ ᠰᠡᠳᠬᠢᠴᠡ ᠲᠣᠳᠣᠷᠬᠠᠢ ᠦᠭᠡᠢ᠂ ᠴᠢᠳᠠᠪᠤᠷᠢ ᠬᠦᠷᠦᠯᠴᠡᠬᠦ ᠦᠭᠡᠢ ᠵᠡᠷᠭᠡ | ᠠᠰᠠᠭᠤᠳᠠᠯ ᠳᠤ ᠴᠢᠭᠯᠡᠭᠦᠯᠦᠨ᠂ ︽ᠡᠷᠭᠢᠨ ᠬᠠᠷᠠᠬᠤ︾ ᠠᠵᠢᠯ ᠢ ᠥᠷᠨᠢᠭᠦᠯᠵᠦ᠂ ᠲᠣᠰᠬᠤᠨ ᠳᠤ ᠰᠠᠭᠤᠬᠤ | ᠠᠵᠢᠯᠯᠠᠬᠤ ᠠᠩᠭᠢ᠂ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ | ᠴᠢᠩᠭᠠᠳᠬᠠᠵᠤ᠂ ︽ᠶᠠᠳᠠᠭᠤ ᠶᠢ ᠲᠡᠳᠬᠦᠬᠦ ᠶᠢ ᠣᠶᠢᠯᠠᠭᠠᠬᠤ᠂ ᠬᠠᠪᠰᠤᠷᠤᠨ ᠲᠡᠳᠬᠦᠵᠦ ᠲᠡᠶᠢᠯᠬᠦ᠂ ᠬᠠᠪᠰᠤᠷᠤᠨ | ᠲᠡᠳᠬᠦᠵᠦ ᠴᠢᠳᠠᠬᠤ︾ ᠴᠠᠭᠠᠷᠠᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ | ᠬᠤᠶᠠᠷ᠂ ᠴᠠᠭ ᠬᠤᠭᠤᠴᠠᠭ᠎ᠠ ᠶᠢᠨ ᠲᠣᠬᠢᠷᠠᠭᠤᠯᠤᠯᠲᠠ | 2019 ᠣᠨ 2 ᠰᠠᠷ᠎ᠠ ᠶᠢᠨ 22 ᠤᠨ ᠡᠳᠦᠷ ᠠᠴᠠ 12 ᠰᠠᠷ᠎ᠠ ᠶᠢᠨ ᠰᠡᠭᠦᠯᠴᠢ ᠪᠣᠯᠲᠠᠯ᠎ᠠ᠂ ᠪᠦᠬᠦ ᠰᠢᠶᠠᠨ ᠤ | ᠬᠡᠪᠴᠢᠶᠡᠨ ᠳᠤ ᠨᠢᠭᠡ ᠤᠳᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠲᠡᠭ ᠪᠤᠯᠭᠠᠬᠤ | ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠨ ᠬᠠᠷᠠᠬᠤ︾ ᠲᠤᠰᠬᠠᠢ ᠠᠵᠢᠯᠯᠠᠭ᠎ᠠ ᠦᠷᠨᠢᠭᠦᠯᠦᠨ᠎ᠡ᠃ | ︵ᠨᠢᠭᠡ︶ ᠥᠪᠡᠷ ᠢᠶᠠᠨ ᠪᠠᠶᠢᠴᠠᠭᠠᠬᠤ ᠱᠠᠲᠤ ︵2 ᠳ᠋ᠤᠭᠠᠷ ᠰᠠᠷ᠎ᠠ ᠶᠢᠨ 22 ᠤᠨ ᠡᠳᠦᠷ — 4 ᠳ᠋ᠦᠭᠡᠷ | ᠰᠠᠷ᠎ᠠ ᠶᠢᠨ 1 ᠤ ᠡᠳᠦᠷ︶᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠰᠢᠶᠠᠨ ᠤ | ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠡ ᠨᠦᠭᠦᠳ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ | ᠪᠠ ᠬᠦᠷᠦᠯᠴᠡᠬᠦ ᠦᠭᠡᠢ ᠲᠠᠯ᠎ᠠ ᠶᠢ ᠨᠠᠷᠢᠨ ᠬᠢᠨᠠᠮᠠᠭᠠᠢ ᠪᠠᠶᠢᠴᠠᠭᠠᠨ ᠡᠮᠬᠢᠯᠡᠵᠦ ᠲᠢᠭᠯᠡᠨ᠂ ︽ᠲᠡᠭ ᠪᠤᠯᠭᠠᠬᠤ | ᠪᠠᠷᠢᠮᠵᠢᠶ᠎ᠠ ᠪᠣᠯᠭᠠᠬᠤ︾ ᠪᠠᠶᠢᠳᠠᠯ ᠢ ᠣᠶᠢᠯᠠᠭᠠᠬᠤ ᠠᠵᠢᠯ ᠵᠢᠴᠢ ᠳᠥᠷᠪᠡᠨ ︽ᠡᠷᠭᠢᠵᠦ ᠪᠠᠶᠢᠴᠠᠭᠠᠬᠤ︾ ᠠᠰᠠᠭᠤᠳᠠᠯ | ᠢ ᠥᠪᠡᠷᠲᠡᠭᠡᠨ ᠪᠠᠶᠢᠴᠠᠭᠠᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠡᠭᠦᠨ ᠤ | ᠬᠠᠮᠲᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠢᠵᠢᠷᠠᠭᠤᠯᠬᠤ ᠡᠬᠡ ᠳᠠᠩᠰᠠ | ᠲᠣᠭᠲᠠᠭᠠᠬᠤ ᠶᠢᠨ ᠬᠠᠮᠲᠤ 2019 ᠣᠨ 3 ᠰᠠᠷ᠎ᠠ ᠶᠢᠨ 6 ᠤ ᠡᠳᠦᠷ ᠠᠴᠠ ᠡᠮᠦᠨ᠎ᠡ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ︽ᠲᠡᠭ ᠪᠤᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ | ᠡᠷᠭᠢᠨ ᠬᠠᠷᠠᠬᠤ︾ ᠲᠤᠰᠬᠠᠢ ᠠᠵᠢᠯᠯᠠᠭ᠎ᠠ ᠶᠢᠨ ᠴᠡᠭᠴᠡᠯᠡᠨ ᠰᠠᠶᠢᠵᠢᠷᠠᠭᠤᠯᠬᠤ ᠲᠥᠰᠦᠯ ᠢ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ | ᠳᠠᠩᠰᠠᠯᠠᠭᠤᠯᠵᠤ᠂ 3 ᠰᠠᠷ᠎ᠠ ᠶᠢᠨ 30 ᠤ ᠡᠳᠦᠷ ᠠᠴᠠ ᠡᠮᠦᠨ᠎ᠡ ᠪᠠᠶᠢᠳᠠᠯ ᠢ ᠣᠶᠢᠯᠠᠭᠠᠵᠤ᠂ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ | ᠬᠡᠷᠡᠭᠲᠡᠢ᠃ ︵ᠰᠢᠶᠠᠨ ᠤ ᠵᠠᠰᠠᠭ ᠣᠨ ᠣᠷᠳᠣᠨ ᠤ 207 ᠠᠯᠪᠠᠨ ᠭᠡᠷ᠂ ᠸᠠᠩ ᠴᠤᠤ 155606675︶ | ︵ᠬᠤᠶᠠᠷ︶ ᠬᠡᠷᠡᠭᠵᠢᠭᠦᠯᠬᠦ ᠱᠠᠲᠤ ︵4 ᠳ᠋ᠤᠭᠡᠷ ᠰᠠᠷ᠎ᠠ ᠶᠢᠨ 1 ᠤ ᠡᠳᠦᠷ ᠠᠴᠠ 9 ᠳ᠋ᠤᠭᠡᠷ ᠰᠠᠷ᠎ᠠ ᠶᠢᠨ | 30 ᠤ ᠡᠳᠦᠷ︶᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ | ᠬᠠᠷᠢᠶ᠎ᠠ ᠬᠤᠯᠪᠣᠭᠳᠠᠯ ᠪᠦᠬᠦᠢ ᠨᠢᠭᠡᠴᠢ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠡᠯ᠎ᠡ ᠵᠦᠢᠯ ᠤᠨ | ᠡᠭᠦᠷᠭᠡ ᠪᠠᠨ ᠬᠤᠭᠤᠴᠠᠭ᠎ᠠ ᠶᠣᠰᠣᠭᠠᠷ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ︽ᠲᠡᠭ | ᠪᠤᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠨ ᠬᠠᠷᠠᠬᠤ︾ ᠲᠤᠰᠬᠠᠶ ᠠᠵᠢᠯᠯᠠᠭ᠎ᠠ ᠶᠢ ᠠᠩᠬ᠎ᠠ | ᠠᠯᠬᠤᠮ ᠦᠷ᠎ᠡ ᠪᠦᠲᠦᠮᠵᠢ ᠲᠠᠢ ᠪᠣᠯᠭᠠᠨ᠎ᠠ᠃ 4 ᠰᠠᠷ᠎ᠠ ᠠᠴᠠ ᠡᠬᠢᠯᠡᠨ ᠰᠠᠷ᠎ᠠ ᠪᠦᠷᠢ ᠶᠢᠨ 5 ᠤ ᠡᠳᠦᠷ ᠠᠴᠠ | ᠡᠮᠦᠨ᠎ᠡ᠂ ᠠᠵᠢᠯ ᠤᠨ ᠠᠬᠢᠯᠲᠠ ᠶᠢᠨ ᠪᠠᠶᠢᠳᠠᠯ ᠵᠢᠴᠢ ᠦᠷ᠎ᠡ ᠪᠦᠲᠦᠮᠵᠢ ᠶᠢ ᠰᠢᠶᠠᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ | ᠬᠦᠷᠭᠡᠵᠦ᠂ 10 ᠰᠠᠷ᠎ᠠ ᠶᠢᠨ 1 ᠤ ᠡᠳᠦᠷ ᠠᠴᠠ ᠡᠮᠦᠨ᠎ᠡ ᠱᠠᠲᠤᠴᠢ ᠴᠢᠨᠠᠷᠲᠠᠢ ᠦᠷ᠎ᠡ ᠪᠦᠲᠦᠮᠵᠢ ᠶᠢᠨ | ᠳ᠋ᠦᠩᠨᠡᠯᠲᠡ ᠶᠢ ᠮᠡᠳᠡᠭᠦᠯᠦᠨ ᠬᠦᠷᠭᠡᠨ᠎ᠡ᠃ | ︵ᠭᠤᠷᠪᠠ︶ ᠪᠠᠬᠢᠵᠢᠭᠦᠯᠦᠨ ᠳᠡᠭᠡᠭᠰᠢᠯᠡᠭᠦᠯᠬᠦ ᠱᠠᠲᠤ ︵10 ᠳ᠋ᠤᠭᠠᠷ ᠰᠠᠷ᠎ᠠ ᠶᠢᠨ 1 ᠤ ᠡᠳᠦᠷ ᠠᠴᠠ 12 | ᠳ᠋ᠤᠭᠠᠷ ᠰᠠᠷ᠎ᠠ ᠶᠢᠨ 31 ᠤ ᠡᠳᠦᠷ︶᠃ ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ | ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ ᠣᠷᠬᠢᠭᠳᠠᠯ ᠢ ᠪᠠᠶᠢᠴᠠᠭᠠᠨ ᠨᠥᠬᠦᠪᠥᠷᠢᠯᠡᠵᠦ᠂ | ᠠᠵᠢᠯᠯᠠᠭ᠎ᠠ ᠶᠢᠨ ᠦᠷ᠎ᠡ ᠪᠦᠲᠦᠭᠡᠯ ᠢᠶᠠᠨ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ︽ᠲᠡᠭ | ᠪᠤᠯᠭᠠᠬᠤ ᠪᠠᠷᠢᠮᠵᠢᠶ᠎ᠠ ᠳᠤ ᠬᠦᠷᠭᠡᠬᠦ︾ ᠵᠢᠴᠢ ᠳᠥᠷᠪᠡᠨ ︽ᠡᠷᠭᠢᠨ ᠬᠠᠷᠠᠬᠤ︾ ᠲᠤᠰᠬᠠᠶ ᠠᠵᠢᠯᠯᠠᠭ᠎ᠠ ᠶᠢᠨ ᠠᠵᠢᠯ ᠢ | ᠪᠦᠬᠦᠨ ᠢ ᠪᠡᠶᠡᠯᠡᠭᠦᠯᠵᠦ᠂ 12 ᠰᠠᠷ᠎ᠠ ᠶᠢᠨ 30 ᠤ ᠡᠳᠦᠷ ᠠᠴᠠ ᠡᠮᠦᠨ᠎ᠡ ︽ᠲᠡᠭ ᠪᠤᠯᠭᠠᠬᠤ ᠪᠠᠷᠢᠮᠵᠢᠶ᠎ᠠ ᠳᠤ | ᠬᠦᠷᠭᠡᠬᠦ︾ ᠵᠢᠴᠢ ᠳᠥᠷᠪᠡᠨ ︽ᠡᠷᠭᠢᠨ ᠬᠠᠷᠠᠬᠤ︾ ᠲᠤᠰᠬᠠᠶ ᠠᠵᠢᠯᠯᠠᠭ᠎ᠠ ᠶᠢᠨ ᠪᠢᠴᠢᠭ ᠤᠨ ᠬᠡᠯᠪᠡᠷᠢ ᠶᠢᠨ | ᠳ᠋ᠦᠩᠨᠡᠯᠲᠡ ᠶᠢ ᠮᠡᠳᠡᠭᠦᠯᠦᠨ ᠬᠦᠷᠭᠡᠨ᠎ᠡ᠃ | ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠰᠢᠶᠠᠩ | ᠪᠠᠯᠭᠠᠰᠤᠨ ᠤ ᠠᠷᠠᠳ ᠤᠨ ᠵᠠᠰᠠᠭ ᠣᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠨᠢᠭᠡᠴᠢ | ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠳᠲᠡᠷ ᠲᠦᠷᠭᠡᠨ ᠲᠤᠬᠢᠷᠠᠭᠤᠯᠤᠨ ᠪᠠᠶᠢᠷᠢᠯᠠᠭᠤᠯᠵᠤ᠂ ︽ᠲᠡᠭ | ᠪᠤᠯᠭᠠᠬᠤ ᠪᠠᠷᠢᠮᠵᠢᠶ᠎ᠠ ᠳᠤ ᠬᠦᠷᠭᠡᠬᠦ︾᠂ ᠳᠥᠷᠪᠡᠨ ︽ᠡᠷᠭᠢᠨ ᠬᠠᠷᠠᠬᠤ︾ ᠠᠵᠢᠯᠯᠠᠭ᠎ᠠ ᠶᠢᠨ ᠲᠥᠰᠦᠯ ᠢ ᠬᠢᠨᠠᠮᠠᠭᠠᠶ | ᠰᠤᠳᠤᠯᠤᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠪᠠᠶᠢᠳᠠᠯ ᠢ ᠣᠶᠢᠯᠠᠭᠠᠵᠤ ᠪᠠᠶᠢᠴᠠᠭᠠᠬᠤ᠂ ᠠᠰᠠᠭᠤᠳᠠᠯ ᠢ ᠥᠪᠡᠰᠦᠪᠡᠨ | ᠪᠠᠶᠢᠴᠠᠭᠠᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠪᠣᠳᠠᠲᠤ ᠦᠷ᠎ᠡ ᠪᠦᠲᠦᠮᠵᠢ ᠣᠯᠬᠤ ᠶᠢ | ᠦᠨᠡᠨ ᠬᠦ ᠪᠠᠲᠤᠯᠠᠬᠤ ᠬᠡᠷᠡᠭᠲᠡᠶ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠰᠢᠶᠠᠩ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠢ ᠶᠢᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠂ ᠠᠵᠢᠯ ᠢ ᠨᠠᠶᠢᠳᠠᠪᠤᠷᠢᠵᠢᠭᠤᠯᠬᠤ ᠶᠢ | ᠤᠯᠠᠮ ᠴᠢᠨᠠᠭᠰᠢᠳᠠ ᠴᠢᠩᠭᠠᠳᠬᠠᠵᠤ᠂ ᠪᠠᠷᠢᠮᠵᠢᠶ᠎ᠠ ᠶᠢ ᠢᠮᠠᠭᠲᠠ ᠪᠠᠷᠢᠮᠲᠠᠯᠠᠵᠤ᠂ ᠪᠣᠳᠠᠲᠤ ᠪᠠᠶᠢᠳᠠᠯ ᠠᠴᠠ ᠰᠠᠯᠵᠤ᠂ | ᠪᠠᠷᠢᠮᠵᠢᠶ᠎ᠠ ᠶᠢ ᠳᠡᠭᠡᠭᠰᠢᠯᠡᠭᠦᠯᠵᠦ᠂ ᠳᠤᠷ᠎ᠠ ᠪᠠᠷ ᠢᠶᠠᠨ ᠳᠡᠭᠡᠭᠰᠢᠯᠡᠭᠦᠯᠵᠦ ᠪᠣᠯᠬᠤ ᠦᠭᠡᠢ ᠮᠥᠷᠲᠡᠭᠡᠨ ᠪᠠᠰᠠ ᠲᠤᠭ᠎ᠠ | ᠶᠣᠰᠣᠭᠠᠷ ᠶᠠᠳᠠᠭᠤ ᠠᠴᠠ ᠠᠩᠭᠢᠵᠢᠷᠠᠭᠤᠯᠵᠤ ᠬᠤᠳᠠᠯ ᠬᠠᠭᠤᠷᠮᠠᠭ ᠢᠶᠠᠷ ᠶᠠᠳᠠᠭᠤ ᠠᠴᠠ ᠠᠩᠭᠢᠵᠢᠷᠠᠭᠤᠯᠵᠤ᠂ | ᠪᠠᠷᠢᠮᠵᠢᠶ᠎ᠠ ᠶᠢ ᠪᠠᠭᠤᠷᠠᠭᠤᠯᠵᠤ ᠪᠣᠯᠬᠤ ᠦᠭᠡᠢ᠃ | ︵ᠭᠤᠷᠪᠠ︶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ | ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ | ᠨᠢᠭᠡᠴᠢ ︽ᠲᠡᠭ ᠪᠤᠯᠭᠠᠬᠤ ᠪᠠᠷᠢᠮᠵᠢᠶ᠎ᠠ ᠳᠤ ᠬᠦᠷᠭᠡᠬᠦ︾ ᠠᠵᠢᠯᠯᠠᠭ᠎ᠠ ᠳᠤ ᠴᠢᠭᠯᠡᠭᠦᠯᠦᠨ ᠡᠯ᠎ᠡ ᠵᠠᠰᠠᠭ ᠵᠠᠬᠢᠷᠭᠠᠨ ᠤ | ᠲᠣᠰᠬᠤᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠪᠠᠨ ᠴᠢᠩᠭᠠᠳᠬᠠᠵᠤ᠂ ᠣᠯᠵᠤ ᠮᠡᠳᠡᠭᠰᠡᠨ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠣᠷᠣᠰᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠢ ᠴᠠᠭ | ᠲᠤᠬᠠᠢ ᠳᠤᠨᠢ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ ᠳᠤᠭᠤᠶᠢᠯᠠᠩ ᠳᠤ | ᠳᠡᠪᠰᠢᠭᠦᠯᠦᠨ ᠰᠢᠢᠳᠪᠦᠷᠢᠯᠡᠭᠦᠯᠬᠦ ᠬᠡᠷᠡᠭᠲᠡᠢ ᠃ | ︵ᠳᠥᠷᠪᠡ︶ ᠰᠢᠮᠳᠠᠭᠤᠯᠤᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠡᠶ᠃ | ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ | ᠱᠠᠯᠠᠪᠳᠠᠭᠤᠯᠤᠨ ᠪᠠᠶᠢᠴᠠᠭᠠᠬᠤ ᠠᠵᠢᠯ ᠤᠨᠲ᠋ᠤᠭᠤᠶᠢᠯᠠᠩ ᠲᠣᠮᠢᠯᠠᠵᠤ᠂ ᠡᠯ᠎ᠡ ᠰᠢᠶᠠᠩ ᠪᠠᠯᠭᠠᠰᠤ ᠶᠢᠨ ︽ᠲᠡᠭ | ᠪᠤᠯᠭᠠᠬᠤ ᠪᠠᠷᠢᠮᠵᠢᠶ᠎ᠠ ᠳᠤ ᠬᠦᠷᠭᠡᠬᠦ︾᠂ ᠳᠥᠷᠪᠡᠨ ︽ᠡᠷᠭᠢᠨ ᠬᠠᠷᠠᠬᠤ︾ ᠠᠵᠢᠯᠯᠠᠭ᠎ᠠ ᠳᠤ ᠲᠤᠰᠬᠠᠢ | ᠱᠠᠯᠠᠪᠳᠠᠭᠤᠯᠤᠨ ᠪᠠᠶᠢᠴᠠᠭᠠᠯᠳᠡ ᠬᠢᠵᠦ᠂ ᠱᠠᠯᠠᠪᠳᠠᠭᠤᠯᠤᠨ ᠪᠠᠶᠢᠴᠠᠭᠠᠭᠰᠠᠨ ᠦᠷ᠎ᠡ ᠳ᠋ᠦᠩ ᠤᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠢᠨᠠᠨ ᠰᠢᠯᠭᠠᠬᠤ ᠠᠭᠤᠯᠭ᠎ᠠ ᠳᠤ ᠣᠷᠣᠭᠤᠯᠬᠤ ᠪᠣᠯᠤᠨ᠎ᠠ᠃ ︽ᠲᠡᠭ | ᠪᠤᠯᠭᠠᠬᠤ ᠪᠠᠷᠢᠮᠵᠢᠶ᠎ᠠ ᠳᠤ ᠬᠦᠷᠭᠡᠬᠦ︾᠂ ᠳᠥᠷᠪᠡᠨ ︽ᠡᠷᠭᠢᠨ ᠬᠠᠷᠠᠬᠤ︾ ᠠᠵᠢᠯᠯᠠᠭ᠎ᠠ ᠶᠢ ᠰᠤᠳᠤᠯᠤᠨ | ᠪᠠᠶᠢᠷᠢᠯᠠᠭᠤᠯᠤᠭᠰᠠᠨ ᠨᠢ ᠴᠠᠭ ᠲᠤᠬᠠᠢ ᠳᠤᠨᠢ ᠬᠢᠭᠰᠡᠨ ᠦᠭᠡᠢ᠂ ᠬᠦᠴᠦᠨ ᠢᠶᠠᠨ ᠭᠦᠢᠴᠡᠳ ᠲᠣᠬᠢᠷᠠᠭᠤᠯᠤᠭᠰᠠᠨ | ᠦᠭᠡᠢ ᠰᠢᠶᠠᠩ ᠪᠠᠯᠭᠠᠰᠤ ᠠᠴᠠ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ | ᠨᠠᠷᠢᠨ ᠬᠢᠨᠠᠮᠠᠭᠠᠢ ᠪᠢᠰᠢ᠂ ᠬᠠᠰᠢ ᠶᠠᠰᠢ ᠥᠩᠭᠡᠷᠡᠭᠦᠯᠬᠦ ᠰᠢᠶᠠᠩ ᠪᠠᠯᠭᠠᠰᠤ ᠠᠴᠠ ᠴᠢᠩᠭ᠎ᠠ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ᠃ |