ᠵᠠᠶ ᠵᠢᠶ ᠴᠢᠩ
ᠨᠡᠶᠢᠲᠡᠯᠡᠭᠰᠡᠨ ᠴᠠᠭ᠄
2019/5/16
      ᠵᠠᠶ ᠵᠢᠶ ᠴᠢᠩ᠂ ᠡᠷᠡᠭᠲᠡᠶ᠂ ᠬᠢᠲᠠᠳ ᠦᠨᠳᠦᠰᠦᠲᠡᠨ᠂ 1975 ᠣᠨ ᠤ 9 ᠰᠠᠷ᠎ᠠ ᠳᠤ ᠳᠦᠷᠦᠵᠡᠶ᠂ ᠱᠠᠨᠳᠦ᠋ᠩ ᠤᠨ ᠯᠢᠶᠤᠤᠴᠧᠩ ᠤᠨ ᠬᠥᠮᠦᠨ᠂ 2006 ᠣᠨ ᠤ 10 ᠰᠠᠷ᠎ᠠ ᠳᠤ ᠠᠵᠢᠯ ᠳᠤ ᠣᠷᠣᠵᠤ᠂ 2003 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠠᠮᠢᠲᠠᠨ ᠤ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ ᠠᠴᠠ ᠲᠡᠭᠦᠰᠴᠡᠶ ᠂ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠃   ᠤᠳᠤ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ  ᠤᠨ ᠲᠤᠰᠢᠶᠠᠯ ᠳᠤ ᠪᠤᠢ᠃    1997.09 — 2002.07 ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠠᠮᠢᠲᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠬᠥᠳᠡᠯᠦᠯ ᠪᠣᠳᠠᠰ ᠤᠨ ᠰᠢᠨᠵᠢᠯᠡᠬᠦ ᠤᠬᠠᠭᠠᠨ ᠤ ᠲᠤᠰᠬᠠᠶ ᠮᠡᠷᠭᠡᠵᠢᠯ᠃    2002.07 — 2006.10 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠩ ᠲᠠᠢ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠲᠤᠬᠠᠶᠢᠯᠠᠭᠰᠠᠨ ᠠᠵᠢᠯ ᠤᠨ ᠲᠤᠰᠬᠠᠶ ᠲᠤᠰᠢᠶᠠᠯᠲᠠᠨ᠃    2006.10 — 2015.09 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠦᠶ᠋ᠯᠡᠴᠢᠯᠡᠭᠡᠨ ᠤ ᠲᠥᠪ ᠤᠨ ᠺᠠᠳ᠋ᠷ᠂ ᠬᠥᠳᠡᠭᠡ ᠲᠣᠰᠬᠤᠨ ᠤ ᠮᠡᠳᠡᠭᠡ ᠵᠠᠩᠭᠢ ᠶᠢᠨ ᠡᠷᠦᠬᠡ ᠶᠢᠨ ᠰᠦᠯᠵᠢᠶᠡᠨ ᠤ ᠠᠵᠢᠯ ᠤᠨ ᠥᠷᠲᠡᠭᠡ ᠶᠢᠨ ᠳᠡᠳ᠋ ᠳᠠᠷᠤᠭ᠎ᠠ᠃    2015.09 — 2019.06 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠤᠶᠢᠯᠡᠴᠢᠯᠡᠭᠡᠨ ᠤ ᠲᠥᠪ ᠤᠨ ᠬᠥᠳᠡᠭᠡ ᠲᠣᠰᠬᠤᠨ ᠤ ᠮᠡᠳᠡᠭᠡ ᠵᠠᠩᠭᠢ ᠶᠢᠨ ᠡᠷᠦᠬᠡ ᠶᠢᠨ ᠰᠦᠯᠵᠢᠶᠡᠨ ᠤ ᠠᠵᠢᠯ ᠤᠨ ᠥᠷᠲᠡᠭᠡ ᠶᠢᠨ ᠳᠠᠷᠤᠭ᠎ᠠ᠃    2019.06 — 2021.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠥᠳᠡᠭᠡ ᠲᠣᠰᠬᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠶᠢᠨ ᠳᠠᠷᠤᠭ᠎ᠠ ︵ᠡᠨᠡ ᠬᠤᠭᠤᠴᠠᠭᠠᠨ ᠳᠤ᠄ 2018.04 — 2021.04 ᠬᠤᠲᠠ ᠶᠢᠨ ᠨᠠᠮ ᠤᠨ ᠬᠤᠷᠢᠶ᠎ᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠯᠢ ᠰᠢᠶᠠᠩ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ 38 ᠬᠢᠨᠠᠨ ᠵᠢᠯᠣᠭᠤᠳᠬᠤ ᠳᠤᠭᠤᠶᠢᠯᠠᠩ ᠤᠨ ᠭᠡᠰᠢᠭᠦᠨ︔ 2021.05 — 2021.11 ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ︶    2021.11 — 2022.01 ᠯᠢᠶᠠᠩᠴᠧᠩ ᠰᠢᠶᠠᠨ ᠤ ᠳᠡᠳ᠋ ᠳᠠᠷᠤᠭ᠎ᠠ ᠶᠢᠨ ᠵᠢᠱᠢᠭᠳᠡᠭᠴᠢ᠃    2022.01 — ᠣᠳᠣ ᠪᠣᠯᠲᠠᠯ᠎ᠠ ᠯᠢᠶᠠᠩᠴᠧᠩ ᠰᠢᠶᠠᠨ ᠤ ᠳᠡᠳ᠋ ᠳᠠᠷᠤᠭ᠎ᠠ ᠤᠨ ᠲᠤᠰᠢᠶᠠᠯ ᠳᠤ ᠪᠤᠢ᠃    ᠰᠢᠶᠠᠨ ᠤ ᠳᠠᠷᠤᠭ᠎ᠠ ᠶᠢ ᠬᠠᠮᠵᠢᠨ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠬᠠᠮᠢᠶᠠᠷᠤᠯᠲᠠ᠂ ᠦᠨᠳᠦᠰᠦᠲᠡᠨ ᠤ ᠬᠡᠷᠡᠭ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠦᠵᠡᠯ ᠤᠬᠠᠮᠰᠠᠷ ᠤᠨ ᠬᠡᠯᠪᠡᠷᠢ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠬᠠᠷᠢᠭᠤᠴᠠᠨ᠎ᠠ᠃
 
ᠢᠷᠡᠯᠲᠡ᠄ ᠯᠢᠶᠠᠩᠴᠧᠩ ᠰᠢᠶᠠᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2