ᠵᠢᠭᠠᠰᠤᠨ ᠤ ᠠᠵᠦ ᠠᠬᠤᠢ ᠶᠢᠨ ᠡᠬᠢ ᠪᠠᠶᠠᠯᠢᠭ
ᠨᠡᠶᠢᠲᠡᠯᠡᠭᠰᠡᠨ ᠴᠠᠭ᠄
2019-06-25
   ᠯᠢᠶᠠᠩᠴᠧᠩ ᠰᠢᠶᠠᠨ ᠨᠢ ᠨᠡᠯᠢᠶᠡᠳ ᠡᠯᠪᠡᠭ ᠪᠠᠶᠠᠯᠢᠭ ᠪᠠᠶᠢᠭᠠᠯᠢ ᠶᠢᠨ ᠤᠰᠤᠨ ᠤ ᠤᠷᠤᠨ ᠲᠠᠯᠠᠪᠠᠢ ᠲᠠᠢ᠃ ᠤᠰᠤᠨ ᠤ ᠲᠠᠯᠠᠪᠠᠢ ᠨᠢ 1 · 65 ᠭᠠᠷᠦᠢ ᠲᠦᠮᠡᠨ ᠡᠾᠧᠺᠲ᠋ᠠᠷ ᠲᠤ ᠬᠦᠷᠴᠦ᠂ ᠡᠭᠦᠨ ᠤ ᠲᠤᠳᠤᠷ᠎ᠠ ᠲᠠᠭ᠎ᠠ ᠶᠢᠨ ᠨᠠᠭᠤᠷ ᠤᠰᠤᠨ ᠤ ᠲᠠᠯᠠᠪᠠᠢ ᠨᠢ 160 ᠺᠦᠸᠠᠳ᠋ ᠺᠢᠯᠤᠮᠧᠳ᠋ᠷ ᠢ ᠡᠵᠡᠯᠡᠵᠦ᠂ ᠤᠰᠤᠨ ᠤ ᠬᠠᠳᠠᠭᠠᠯᠠᠭᠳᠠᠴᠠ ᠶᠢᠨ ᠬᠡᠮᠵᠢᠶ᠎ᠡ ᠨᠢ 13 ᠳ᠋ᠦᠩᠰᠢᠭᠤᠷ ᠪᠤᠰᠤᠭ᠎ᠠ ᠲᠦᠷᠪᠡᠯᠵᠢᠨ ᠮᠧᠳ᠋ᠷ ᠢ ᠡᠵᠡᠯᠡᠨ᠎ᠡ᠃ ᠤᠰᠤᠨ ᠤ ᠲᠤᠯᠠᠭᠠᠨ ᠨᠢ ᠲᠤᠬᠢᠷᠠᠮᠵᠢᠳᠠᠢ᠂ ᠤᠰᠤᠨ ᠤ ᠴᠢᠨᠠᠷ ᠲᠤᠩᠭᠠᠯᠠᠭ᠂ ᠤᠰᠤᠨ ᠴᠤᠭᠴᠠ ᠨᠢ ᠪᠤᠬᠢᠷᠳᠤᠯ ᠦᠭᠡᠢ᠃ ᠡᠷᠬᠢᠨ ᠲᠤᠭᠤᠷᠢᠨ ᠤ ᠠᠮᠢ ᠠᠬᠤᠢ ᠶᠢᠨ ᠤᠷᠴᠢᠨ ᠲᠤᠭᠤᠷᠢᠨ ᠨᠢ ᠲᠤᠬᠢᠯᠢᠭ ᠰᠠᠶᠢᠨ᠂ ᠤᠨᠴᠠᠭᠠᠶᠢᠯᠠᠨ ᠤᠯᠠᠨ ᠵᠦᠢᠯ ᠤᠨ ᠠᠮᠢᠳᠤ ᠪᠤᠳᠠᠰ ᠪᠠ ᠵᠢᠭᠠᠰᠤᠨ ᠤ ᠲᠦᠷᠦᠯ ᠤᠨ ᠦᠰᠦᠨ ᠪᠤᠶᠢᠵᠢᠯᠳᠡ ᠳᠤ ᠠᠰᠢᠭᠳᠠᠢ᠂ ᠡᠨᠡ ᠲᠠᠯ᠎ᠠ ᠪᠠᠷ ᠮᠠᠨ ᠤ ᠦᠪᠦᠷ ᠮᠤᠩᠭᠤᠯ ᠤᠷᠤᠨ ᠳᠠᠭᠠᠨ ᠨᠡᠷ᠎ᠡ ᠠᠯᠳᠠᠷᠰᠢᠵᠠᠢ᠃ ᠵᠢᠭᠠᠰᠤᠨ ᠠᠵᠦ ᠠᠬᠤᠢ ᠶᠢᠨ ᠤᠶᠢᠯᠡᠳᠪᠤᠷᠢᠯᠡᠯ ᠤᠨ ᠰᠠᠭᠤᠷᠢᠨ ᠭᠠᠵᠠᠷ ᠪᠠ ᠮᠠᠨ ᠤ ᠤᠯᠤᠰ ᠤᠨ ᠤᠮᠠᠷᠠᠳᠤ ᠤᠷᠤᠨ ᠤ ᠵᠠᠷᠢᠮ ᠰᠠᠭᠤᠷᠢᠨ ᠳᠠᠬᠢ ᠭᠤᠤᠯ ᠤᠶᠢᠯᠡᠳᠪᠤᠷᠢᠯᠡᠯ ᠤᠨ ᠰᠠᠭᠤᠷᠢᠨ ᠭᠠᠵᠠᠷ ᠤᠨ ᠨᠢᠭᠡᠨ᠂ ᠤᠳᠤ ᠲᠡᠭᠡᠷ᠎ᠡ ᠲᠠᠭ᠎ᠠ ᠶᠢᠨ ᠨᠠᠭᠤᠷ ᠤᠨ ᠠᠮᠢᠳᠤ ᠵᠢᠭᠠᠰᠤ ᠶᠢᠨ ᠲᠦᠷᠦᠯ ᠵᠦᠢᠯ ᠨᠢ ᠬᠤᠷᠢ ᠭᠠᠷᠤᠢ ᠪᠠᠶᠢᠵᠦ᠂ ᠵᠢᠯ ᠤᠨ ᠭᠠᠷᠤᠯᠳᠠ ᠨᠢ 230 ᠲᠤᠨ ᠳᠤ ᠬᠦᠷᠴᠠᠢ᠃ ᠭᠤᠤᠯ ᠪᠤᠯᠬᠤ ᠲᠦᠷᠦᠯ ᠵᠦᠢᠯ ᠭᠡᠪᠡᠯ᠄ ᠮᠦᠷᠭᠦ ᠵᠢᠭᠠᠰᠤ᠂ ᠬᠡᠯᠳᠡᠭᠡ ᠵᠢᠭᠠᠰᠤ᠂ ᠠᠯᠠᠭᠠᠨ᠎ᠠ᠂ ᠠᠮᠦᠷ᠎ᠠ ᠵᠢᠭᠠᠰᠤ᠂ ᠠᠳᠤᠬ᠎ᠠ᠂ ᠨᠠᠢᠮᠠᠯᠵᠢ ᠵᠡᠷᠭᠡ ᠪᠤᠢ᠃ ᠤᠯᠠᠭᠠᠨ ᠰᠡᠭᠦᠯᠳᠦ ᠮᠦᠷᠭᠦ ᠵᠢᠭᠠᠰᠤ ᠪᠤᠯᠤᠨ ᠲᠤᠮᠤ ᠢᠴᠡ ᠵᠢᠭᠠᠰᠤ ᠨᠢ ᠲᠡᠭᠡᠳᠦ ᠵᠡᠷᠭᠡᠯᠡᠯ ᠤᠨ ᠡᠳ᠋ ᠪᠤᠯᠵᠦ᠂ ᠬᠤᠯᠠ ᠳᠠᠭᠠᠨ ᠡᠸᠦ᠋ᠷᠦᠫᠡ᠂ ᠠᠮᠧᠷᠢᠺᠠ᠂ ᠶᠠᠫᠤᠨ ᠵᠡᠷᠭᠡ ᠤᠯᠤᠰ ᠲᠤ ᠪᠤᠷᠤᠯᠠᠭᠤᠯᠵᠤ ᠪᠠᠶᠢᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2