ᠲᠠᠷᠢᠶᠠᠯᠠᠩ ᠮᠠᠯ ᠠᠵᠦ ᠠᠬᠤᠢ
ᠨᠡᠶᠢᠲᠡᠯᠡᠭᠰᠡᠨ ᠴᠠᠭ᠄
2019-06-25
   ᠯᠢᠶᠠᠩᠴᠧᠩ ᠰᠢᠶᠠᠨ ᠪᠤᠯ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠦᠳᠡᠭᠡ ᠠᠵᠦ ᠠᠬᠤᠢ ᠶᠢᠨ ᠤᠶᠢᠯᠡᠳᠪᠤᠷᠢᠯᠡᠯ ᠤᠨ ᠨᠦᠬᠦᠴᠡᠯ ᠬᠠᠷᠢᠴᠠᠩᠭᠤᠢ ᠲᠠᠪᠠᠭᠤᠯᠢᠭ ᠭᠠᠵᠠᠷ ᠤᠷᠤᠨ ᠤ ᠨᠢᠭᠡ ᠮᠦᠨ᠃ ᠵᠢᠯ ᠤᠨ ᠠᠮᠦ ᠪᠤᠳᠠᠭᠠᠨ ᠤ ᠤᠨᠠᠯᠳᠠ ᠶᠢᠨ ᠬᠡᠮᠵᠢᠶ᠎ᠡ ᠨᠢ ᠲᠤᠭᠳᠠᠭᠤᠨ ᠢᠶᠠᠷ 4 ᠳ᠋ᠦᠩᠰᠢᠭᠤᠷ ᠵᠢᠩ ᠠᠴᠠ ᠲᠡᠭᠡᠭᠰᠢ ᠭᠠᠷᠳᠠᠭ᠃ ᠤᠶᠢᠷ᠎ᠡ ᠶᠢᠨ ᠵᠢᠯ ᠠᠴᠠ ᠯᠢᠶᠠᠩᠴᠧᠩ ᠰᠢᠶᠠᠨ ᠨᠢ ᠬᠦᠳᠡᠭᠡ ᠲᠤᠰᠬᠤᠨ ᠤ ᠠᠵᠦ ᠤᠶᠢᠯᠡᠰ ᠤᠨ ᠪᠦᠳᠦᠴᠡ ᠶᠢ ᠶᠡᠬᠡᠪᠡᠷ ᠲᠤᠬᠢᠷᠠᠭᠤᠯᠤᠨ᠂ ᠲᠠᠷᠢᠶᠠᠯᠠᠩ ᠮᠠᠯ ᠠᠵᠦ ᠠᠬᠤᠢ ᠶᠢᠨ ᠦᠨᠳᠦᠰᠦᠨ ᠪᠠᠶᠢᠷᠢ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠢ ᠶᠡᠬᠡᠪᠡᠷ ᠬᠦᠭᠵᠢᠭᠦᠯᠵᠡᠢ ᠃ ᠡᠷᠳᠡᠨᠢ ᠰᠢᠰᠢ᠂ ᠲᠦᠮᠦᠰᠦ᠂ ᠬᠤᠯᠢᠰᠢᠨ ᠠᠮᠦ ᠬᠤᠯᠢᠰᠢᠨ ᠪᠤᠷᠴᠠᠭ ᠵᠡᠷᠭᠡ ᠪᠠᠷ ᠭᠤᠤᠯ ᠪᠤᠯᠭᠠᠭᠰᠠᠨ ᠲᠤᠮᠦ ᠬᠦᠳᠡᠭᠡ ᠠᠵᠦ ᠠᠬᠤᠢ ᠪᠤᠯᠤᠨ ᠬᠦᠯᠡᠮᠵᠢ ᠶᠢᠨ ᠢᠳᠡᠰᠢᠨ ᠨᠤᠭᠤᠭ᠎ᠠ᠂ ᠤᠳᠤᠭᠰᠠᠨ ᠲᠠᠮᠠᠬᠢ᠂ ᠰᠢᠬᠢᠷ ᠯᠤᠤᠪᠠᠩ ᠢᠶᠠᠷ ᠭᠤᠤᠯ ᠪᠤᠯᠭᠠᠭᠰᠠᠨ ᠤᠨᠴᠠᠯᠢᠭᠳᠤ ᠲᠠᠷᠢᠶᠠᠯᠠᠩ ᠤᠨ ᠲᠠᠷᠢᠮᠠᠯ ᠤᠨ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠭᠦᠯᠦᠭᠰᠡᠨ ᠪᠠᠶᠢᠨ᠎ᠠ᠃ ᠡᠯᠪᠡᠭ ᠪᠠᠶᠠᠯᠢᠭ ᠡᠪᠡᠰᠤᠨ ᠤ ᠡᠬᠢ ᠪᠠᠶᠠᠯᠢᠭ ᠲᠤ ᠲᠦᠰᠢᠭᠯᠡᠨ᠂ ᠦᠨᠳᠦᠷ ᠦᠷ᠎ᠡ ᠪᠦᠳᠦᠮᠵᠢᠳᠠᠢ ᠮᠠᠯ ᠠᠵᠦ ᠠᠬᠤᠢ ᠶᠢ ᠶᠡᠬᠡᠪᠡᠷ ᠬᠦᠭᠵᠢᠭᠦᠯᠵᠦ᠂ ᠦᠨᠢᠶᠡᠨ ᠰᠦ᠂ ᠠᠯᠠᠰᠢᠨ ᠬᠤᠨᠢ ᠪᠠᠷ ᠭᠤᠤᠯ ᠪᠤᠯᠭᠠᠭᠰᠠᠨ ᠲᠤᠯᠭᠠᠭᠤᠷᠢ ᠠᠵᠦ ᠤᠶᠢᠯᠡᠰ ᠠᠯᠬᠤᠮ ᠠᠯᠬᠤᠮ ᠢᠶᠠᠷ ᠪᠦᠷᠢᠯᠳᠦᠵᠠᠢ᠃ 2011 ᠤᠨ ᠤ 6 ᠰᠠᠷ᠎ᠠ ᠶᠢᠨ ᠡᠴᠦᠰ ᠬᠦᠷᠳᠡᠯ᠎ᠡ᠂ ᠪᠦᠬᠦ ᠰᠢᠶᠠᠨ ᠤ ᠭᠡᠷ ᠤᠨ ᠲᠡᠵᠢᠭᠡᠪᠤᠷᠢ ᠶᠢᠨ ᠶᠡᠷᠦᠩᠬᠡᠢ ᠲᠤᠭ᠎ᠠ 86 · 1 ᠲᠦᠮᠡᠨ ᠲᠤᠯᠤᠭᠠᠢ ᠳᠤ ᠬᠦᠷᠴᠠᠢ᠃ ᠡᠭᠦᠨ ᠳᠤ ᠪᠤᠳᠠ ᠮᠠᠯ ᠤᠨ ᠲᠤᠭ᠎ᠠ 10 · 7 ᠲᠦᠮᠡᠨ ᠲᠤᠯᠤᠭᠠᠢ᠂ ᠪᠤᠭ ᠮᠠᠯ ᠤᠨ ᠲᠤᠭ᠎ᠠ 67 · 1 ᠲᠦᠮᠡᠨ ᠲᠤᠯᠤᠭᠠᠢ᠂ ᠠᠮᠢᠳᠤ ᠭᠠᠭ᠋ᠠᠢ 8 · 3 ᠲᠦᠮᠡᠨ ᠲᠤᠯᠤᠭᠠᠢ ᠪᠤᠢ᠃ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠲᠤᠭᠤᠷᠢᠭ ᠢ 5 ᠭᠠᠵᠠᠷ᠂ ᠠᠯᠠᠰᠢᠨ ᠬᠤᠨᠢ ᠲᠡᠵᠢᠭᠡᠨ ᠦᠷᠡᠵᠢᠭᠦᠯᠬᠦ ᠬᠦᠷᠢᠶᠡᠯᠡᠩ ᠲᠤᠭᠤᠷᠢᠭ ᠢ 5 ᠭᠠᠵᠠᠷ᠂ ᠪᠠᠷᠢᠮᠵᠢᠶᠠᠵᠢᠭᠰᠠᠨ ᠭᠠᠭ᠋ᠠᠢ ᠲᠡᠵᠢᠭᠡᠬᠦ ᠲᠠᠯᠠᠪᠠᠢ ᠶᠢ ᠨᠡᠶᠢᠳᠡ 12 ᠦᠭᠡᠷᠡᠴᠢᠯᠡᠨ ᠪᠠᠶᠢᠭᠤᠯᠤᠭᠰᠠᠨ ᠪᠠ ᠦᠷᠭᠡᠳᠭᠡᠨ ᠪᠠᠶᠢᠭᠤᠯᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2