| | | ᠭᠤᠤᠯ ᠰᠡᠳᠤᠪ᠄ ︽ᠠᠷᠠᠳ ᠲᠤ ᠳᠥᠭᠦᠮ ᠦᠵᠡᠭᠦᠯᠬᠦ ᠰᠠᠶᠢᠨ ᠴᠢᠮᠡᠭᠡ︾ ᠠᠴᠠ ᠭᠠᠶᠢᠯᠢ ᠶᠢ ᠬᠥᠩᠭᠡᠯᠡᠬᠦ | ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠲᠦᠭ ᠲᠦᠮᠡᠨ ᠠᠶᠢᠯ ᠡᠷᠦᠬᠡ ᠳᠤ ᠠᠰᠢᠭ ᠬᠦᠷᠳᠡᠭᠡᠪᠡ | ᠰᠤᠷᠪᠤᠯᠵᠢᠯᠠᠭᠰᠠᠨ ᠴᠠᠭ᠄2019 ᠤᠨ ᠤ4 ᠰᠠᠷ᠎ᠠ ᠶᠢᠨ8 ᠤ ᠡᠳᠦᠷ | ᠰᠤᠷᠪᠤᠯᠵᠢᠯᠠᠭ᠎ᠠ ᠬᠦᠯᠢᠶᠡᠭᠴᠢ᠄ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠤᠯᠠᠭᠠᠨᠴᠠᠪ | ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ | ᠸᠠᠩ ᠰᠢᠶᠠᠩ ᠶᠠᠩ | ᠲᠤᠪᠴᠢ ᠠᠭᠤᠯᠭ᠎ᠠ : ᠤᠶᠢᠷ᠎ᠠ ᠶᠢᠨ ᠵᠢᠯ ᠠᠴᠠ᠂ ᠠᠵᠤ ᠠᠬᠤᠢ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠠᠭ ᠢ ᠠᠮᠵᠢᠨ ᠪᠠᠶᠢᠳᠠᠯ ᠢ ᠰᠢᠨᠵᠢᠵᠦ | ᠂ ᠠᠯᠢ ᠣᠯᠠᠨ ᠴᠢᠬᠤᠯᠠ ᠶᠡᠭᠡ ᠭᠠᠶᠢᠯᠢ ᠰᠤᠶᠢᠳᠭᠡᠯ ᠤᠨ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠦᠷᠭᠦᠯᠵᠢᠯᠡᠨ ᠲᠣᠭᠲᠠᠭᠠᠨ ᠬᠡᠷᠡᠭᠵᠢᠭᠦᠯᠪᠡ᠃ ᠮᠠᠨ ᠤ ᠬᠤᠲᠠ ᠶᠢᠨ ᠡᠯ᠎ᠡ ᠱᠠᠲᠤᠨ ᠤ ᠭᠠᠶᠢᠯᠢ ᠶᠢᠨ | ᠪᠠᠶᠢᠭᠤᠯᠤᠯᠭ᠎ᠠ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠨᠡᠶᠢᠳᠡᠯᠡᠭᠰᠡᠨ ᠡᠯ᠎ᠡ ᠵᠦᠢᠯ ᠤᠨ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠷᠢᠰᠦᠯᠳᠦᠬᠦ ᠬᠦᠴᠦᠨ ᠢ | ᠲᠠᠰᠤᠷᠠᠯᠲᠠ ᠦᠭᠡᠢ ᠴᠢᠩᠭᠠᠳᠬᠠᠵᠤ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ᠂ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠪᠥᠬᠦᠳᠡ ᠣᠯᠠᠨ ᠢᠶᠠᠷ ᠢᠶᠠᠨ | ᠦᠢᠯᠡᠰ ᠪᠣᠰᠬᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠪᠦᠲᠦᠮᠵᠢᠲᠡᠢ ᠠᠬᠢᠭᠤᠯᠤᠨ᠎ᠠ᠃ 2019 | ᠣᠨ ᠤ ︽ᠠᠷᠠᠳ ᠠᠴᠠ ᠡᠷᠬᠢᠯᠡᠭᠰᠡᠨ ᠭᠠᠶᠢᠯᠢ ᠶᠢᠨ ᠬᠠᠪᠤᠷ ᠤᠨ ᠰᠠᠯᠬᠢᠨ ᠤ ᠠᠵᠢᠯᠯᠠᠭ᠎ᠠ︾ ᠡᠬᠢᠯᠡᠬᠦ ᠲᠠᠰᠢᠷᠠᠮ ᠢᠶᠠᠷ᠂ | ᠲᠣᠰ ᠪᠤᠯᠤᠩ ᠨᠢ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠤᠯᠠᠭᠠᠨᠴᠠᠪ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ ᠸᠠᠩ ᠰᠢᠶᠠᠩ | ᠶᠠᠩ ᠢ ᠤᠷᠢᠵᠤ ᠲᠠᠶᠢᠯᠦᠮᠵᠢ ᠬᠢᠯᠭᠡᠪᠡ᠃ | ᠰᠤᠷᠪᠤᠯᠵᠢᠯᠠᠭ᠎ᠠ ᠶᠢᠨ ᠪᠤᠳᠠᠳᠤ ᠲᠡᠮᠳᠡᠭᠯᠡᠯ | ᠬᠥᠲᠥᠯᠥᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ ᠥᠨᠥᠳᠥᠷ ᠪᠢᠳᠡ ᠵᠣᠯ ᠢᠶᠠᠷ | ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠳᠠᠷᠤᠭ᠎ᠠ ᠸᠠᠩ ᠰᠢᠶᠠᠩ ᠶᠠᠩ ᠢ ᠰᠦᠯᠵᠢᠶᠡᠨ | ᠳᠡᠭᠡᠷᠡᠬᠢ ᠫᠷᠤᠭ᠍ᠷᠠᠮ ᠳᠤ ᠤᠷᠢᠵᠤ᠂ ᠸᠠᠩ ᠲᠣᠪᠴᠢᠶᠠᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ︕ | ᠸᠠᠩ ᠰᠢᠶᠠᠩ ᠶᠠᠩ᠄ ᠬᠥᠲᠥᠯᠥᠭᠴᠢ ᠰᠠᠶᠢᠨ ᠤᠤ︖ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︖ | ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ᠰᠦᠯᠵᠢᠶᠡᠨ ᠳᠡᠭᠡᠷᠡᠬᠢ | ᠫᠷᠤᠭ᠍ᠷᠠᠮ ᠳᠤ ᠢᠷᠡᠭᠰᠡᠨ ᠳᠡᠭᠡᠨ ᠮᠠᠰᠢ ᠪᠠᠶᠠᠷᠲᠠᠶ ᠪᠠᠶᠢᠨ᠎ᠠ᠃ | ᠬᠥᠲᠥᠯᠥᠭᠴᠢ᠄ 2014 ᠣᠨ ᠠᠴᠠ ᠡᠬᠢᠯᠡᠨ᠂ ᠪᠥᠬᠦ ᠤᠯᠤᠰ ᠤᠨ ᠭᠠᠶᠢᠯᠢ ᠶᠢᠨ ᠶᠠᠪᠤᠳᠠᠯ ᠤᠨ ᠰᠢᠰᠲ᠋ᠧᠮ | ᠨᠢᠭᠡᠨᠲᠡ ᠲᠠᠪᠤᠨ ᠵᠢᠯ ᠳᠠᠷᠠᠭᠠᠯᠠᠨ ︽ᠠᠷᠠᠳ ᠠᠴᠠ ᠡᠷᠬᠢᠯᠡᠭᠰᠡᠨ ᠭᠠᠶᠢᠯᠢ ᠶᠢᠨ ᠬᠠᠪᠤᠷ ᠤᠨ ᠰᠠᠯᠬᠢᠨ ᠤ ᠠᠵᠢᠯᠯᠠᠭ᠎ᠠ︾ | ᠥᠷᠨᠢᠭᠦᠯᠵᠦ᠂ ᠡᠨᠡ ᠵᠢᠯ ᠪᠣᠯ ᠵᠢᠷᠭᠤᠳᠤᠭᠠᠷ ᠵᠢᠯ ᠪᠣᠯᠤᠨ᠎ᠠ᠃ 2019 ᠣᠨ ᠤ 2 ᠰᠠᠷ᠎ᠠ ᠶᠢᠨ 20 ᠤ ᠡᠳᠦᠷ᠂ | ︽ᠰᠢᠨ᠎ᠡ ᠭᠠᠶᠢᠯᠢ ᠶᠢᠨ ᠶᠠᠪᠤᠳᠠᠯ · ᠰᠢᠨ᠎ᠡ ᠤᠶᠢᠯᠡᠴᠢᠯᠡᠭᠡ︾ ᠪᠠᠷ ᠭᠤᠤᠯ ᠰᠡᠳᠦᠪ ᠪᠣᠯᠭᠠᠭᠰᠠᠨ 2019 ᠣᠨ ᠤ | ︽ᠠᠷᠠᠳ ᠲᠤ ᠳᠥᠭᠦᠮ ᠦᠵᠡᠭᠦᠯᠬᠦ ᠭᠠᠶᠢᠯᠢ ᠶᠢᠨ ᠬᠠᠪᠤᠷ ᠤᠨ ᠰᠠᠯᠬᠢᠨ ᠤ ᠠᠵᠢᠯᠯᠠᠭ᠎ᠠ︾ ᠪᠡᠭᠡᠵᠢᠩ ᠳᠤ | ᠵᠢᠩᠬᠢᠨᠢ ᠪᠠᠷ ᠡᠬᠢᠯᠡᠪᠡ᠃ ᠸᠠᠩ ᠲᠣᠪᠴᠢᠶᠠᠨ ᠳᠠᠷᠤᠭ᠎ᠠ ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠮᠠᠨ ᠤ | 2019 ᠣᠨ ᠤ ︽ᠠᠷᠠᠳ ᠠᠴᠠ ᠡᠷᠬᠢᠯᠡᠭᠰᠡᠨ ᠭᠠᠶᠢᠯᠢ ᠶᠢᠨ ᠬᠠᠪᠤᠷ ᠤᠨ ᠰᠠᠯᠬᠢᠨ ᠤ ᠠᠵᠢᠯᠯᠠᠭ᠎ᠠ︾ ᠶᠢᠨ | ᠭᠤᠤᠯᠳᠠᠯᠭ᠎ᠠ ᠨᠢ ᠠᠯᠢ ᠲᠠᠯ᠎ᠠ ᠳᠤ ᠪᠠᠶᠢᠬᠤ ᠪᠣᠶ︖ | ᠸᠠᠩ ᠰᠢᠶᠠᠩ ᠶᠠᠩ᠄ 2019 ᠣᠨ ᠤ ᠭᠠᠶᠢᠯᠢ ᠲᠠᠲᠠᠪᠤᠷᠢ ᠶᠢᠨ ᠠᠵᠢᠯ ᠤᠨ ᠭᠤᠤᠯ ᠰᠡᠳᠦᠪ ᠪᠣᠯ ᠭᠠᠶᠢᠯᠢ | ᠬᠥᠩᠭᠡᠯᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠦᠨᠡᠨ ᠬᠦ ᠪᠠᠲᠤᠯᠠᠬᠤ ᠶᠠᠪᠤᠳᠠᠯ ᠪᠣᠯᠤᠨ᠎ᠠ᠂ ᠥᠩᠭᠡᠷᠡᠭᠰᠡᠨ | ᠵᠢᠯ ᠤᠳ ᠲᠠᠢ ᠬᠠᠷᠢᠴᠠᠭᠤᠯᠪᠠᠯ᠂ ᠡᠨᠡ ᠵᠢᠯ ᠤᠨ ︽ᠠᠷᠠᠳ ᠠᠴᠠ ᠡᠷᠬᠢᠯᠡᠭᠰᠡᠨ ᠭᠠᠶᠢᠯᠢ ᠶᠢᠨ ᠬᠠᠪᠤᠷ ᠤᠨ ᠰᠠᠯᠬᠢᠨ ᠤ | ᠠᠵᠢᠯᠯᠠᠭ᠎ᠠ︾ ᠨᠢ ᠭᠠᠶᠢᠯᠢ ᠬᠥᠩᠭᠡᠯᠡᠬᠦ ᠭᠤᠤᠯᠳᠠᠯᠭ᠎ᠠ ᠶᠢ ᠳᠣᠪᠤᠶᠢᠯᠭᠠᠵᠤ᠂ ᠣᠯᠠᠨ ᠵᠤᠶᠢᠯ ᠤᠨ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠠ ᠤᠶᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠶᠢ ᠲᠣᠭᠲᠠᠭᠠᠵᠤ᠂ | ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ | ᠠᠬᠢᠭᠤᠯᠤᠨ᠎ᠠ᠃ | ᠬᠥᠲᠥᠯᠥᠭᠴᠢ᠄ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢᠨ ᠲᠤᠬᠠᠢ᠂ ᠰᠠᠶ᠋ᠢ ᠲᠠᠨ ᠤ ᠳᠤᠷᠠᠳᠤᠭᠰᠠᠨ | ᠬᠤᠶᠠᠷ ᠲᠠᠯ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠪᠣᠯ ᠲᠣᠰ ᠲᠣᠰ ᠲᠥᠷᠥ ᠶᠢᠨ | ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠪᠠ ᠤᠶᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠪᠣᠯᠤᠨ᠎ᠠ᠂ ᠸᠠᠩ | ᠲᠣᠪᠴᠢᠶᠠᠨ ᠳᠠᠷᠤᠭ᠎ᠠ ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠷᠭ᠎ᠠ ᠬᠡᠮᠵᠢᠶ᠎ᠡ ᠨᠢ ᠴᠥᠮ ᠶᠠᠭᠤ ᠶᠠᠭᠤ | ᠪᠠᠶᠢᠬᠤ ᠪᠣᠶ︖ | ᠸᠠᠩ ᠰᠢᠶᠠᠩ ᠶᠠᠩ᠄ ᠲᠥᠷᠥ ᠶᠢᠨ ᠪᠣᠳᠣᠯᠭ᠎ᠠ ᠶᠢᠨ ᠲᠠᠯ᠎ᠠ ᠪᠠᠷ᠂ ᠥᠷᠲᠡᠭ ᠨᠡᠮᠡᠭᠳᠡᠯ ᠤᠨ ᠭᠠᠶᠢᠯᠢ᠂ ᠠᠵᠤ | ᠠᠬᠤᠶᠢᠯᠠᠯ ᠤᠨ ᠣᠯᠵᠠᠪᠤᠷᠢ ᠶᠢᠨ ᠭᠠᠶᠢᠯᠢ ᠵᠢᠴᠢ ᠬᠠᠮᠢᠶ᠎ᠠ ᠪᠦᠬᠦᠢ ᠣᠷᠣᠨ ᠨᠤᠲᠤᠭ ᠤᠨ ᠭᠠᠶᠢᠯᠢ ᠰᠤᠶᠢᠳᠭᠡᠯ ᠲᠠᠢ | ᠬᠤᠯᠪᠣᠭᠳᠠᠨ᠎ᠠ᠂ ᠶᠠᠷᠢᠶᠠᠨ ᠥᠬᠡᠶ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ ᠥᠭᠡᠷᠡᠴᠢᠯᠡᠯᠲᠡ ᠶᠢᠨ | ᠲᠣᠭᠲᠠᠭᠠᠭᠰᠠᠨ ᠬᠠᠮᠢᠶ᠎ᠠ ᠪᠦᠬᠦᠢ ᠭᠠᠶᠢᠯᠢ ᠲᠠᠲᠠᠪᠤᠷᠢ ᠴᠤ ᠪᠠᠭᠲᠠᠨ᠎ᠠ᠃ ᠵᠢᠵᠢᠭ ᠪᠢᠴᠢᠯ ᠠᠵᠤ ᠠᠬᠤᠶᠢᠯᠠᠯ ᠤᠨ | ᠬᠥᠭᠵᠢᠯᠲᠡ ᠶᠢ ᠤᠯᠠᠮ ᠨᠢᠭᠡ ᠠᠯᠬᠤᠮ ᠳᠡᠮᠵᠢᠬᠦ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠬᠢᠵᠦ᠂ ᠵᠢᠵᠢᠭ ᠪᠢᠴᠢᠯ ᠠᠵᠤ | ᠠᠬᠤᠶᠢᠯᠠᠯ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠣᠯᠠᠨ | ᠵᠤᠶᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠲᠣᠭᠲᠠᠭᠠᠪᠠ᠂ ᠡᠭᠦᠨ ᠳᠤ᠂ 2019 ᠣᠨ ᠤ 1 | ᠰᠠᠷ᠎ᠠ ᠶᠢᠨ 1 ᠤ ᠡᠳᠦᠷ ᠠᠴᠠ 2021 ᠣᠨ 12 ᠰᠠᠷ᠎ᠠ ᠶᠢᠨ 31 ᠤ ᠡᠳᠦᠷ ᠪᠣᠯᠲᠠᠯ᠎ᠠ᠂ ᠰᠠᠷ᠎ᠠ ᠶᠢᠨ | ᠪᠣᠷᠣᠯᠠᠭᠤᠯᠤᠯᠲᠠ ᠶᠢᠨ ᠲᠤᠭ᠎ᠠ ᠨᠢ 10 ᠲᠦᠮᠡᠨ ᠲᠥᠭᠦᠷᠢᠭ ᠠᠴᠠ ᠳᠣᠷᠣᠭᠰᠢ ︵ᠡᠬᠡ ᠲᠤᠭ᠎ᠠ ᠶᠢ ᠪᠠᠭᠲᠠᠭᠠᠨ᠎ᠠ︶ | ᠥᠷᠲᠡᠭ ᠨᠡᠮᠡᠭᠳᠡᠯ ᠤᠨ ᠭᠠᠶᠢᠯᠢ ᠲᠤᠰᠢᠶᠠᠭᠴᠢ ᠠᠴᠠ ᠥᠷᠲᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠥᠬᠡᠶ︔ | ᠵᠢᠵᠢᠭ ᠬᠡᠯᠪᠡᠷᠢ ᠶᠢᠨ ᠥᠴᠦᠬᠡᠨ ᠠᠰᠢᠭ ᠣᠯᠵᠠᠪᠤᠷᠢ ᠲᠠᠢ ᠠᠵᠤ ᠠᠬᠤᠶᠢᠯᠠᠯ ᠤᠨ ᠵᠢᠯ ᠤᠨ ᠭᠠᠶᠢᠯᠢ ᠲᠤᠰᠢᠶᠠᠪᠠᠰᠤ | ᠵᠣᠬᠢᠬᠤ ᠭᠠᠶᠢᠯᠢ 100 ᠲᠦᠮᠡᠨ ᠲᠥᠭᠦᠷᠢᠭ ᠠᠴᠠ ᠬᠡᠲᠦᠷᠡᠬᠦ ᠥᠬᠡᠶ ᠬᠡᠰᠡᠭ ᠢ ᠬᠠᠰᠤᠵᠤ 25 % ᠪᠠᠷ ᠭᠠᠶᠢᠯᠢ | ᠲᠤᠰᠢᠶᠠᠪᠠᠰᠤ ᠵᠣᠬᠢᠬᠤ ᠭᠠᠶᠢᠯᠢ ᠲᠤᠰᠢᠶᠠᠪᠠᠰᠤ ᠵᠣᠬᠢᠬᠤ ᠭᠠᠵᠠᠷ ᠲᠤ ᠪᠣᠳᠣᠵᠤ ᠣᠷᠣᠭᠤᠯᠤᠨ᠂ 20 % ᠶᠢᠨ | ᠭᠠᠶᠢᠯᠢ ᠶᠢᠨ ᠨᠣᠷᠮ᠎ᠠ ᠪᠠᠷ ᠠᠵᠤ ᠠᠬᠤᠶᠢᠯᠠᠯ ᠤᠨ ᠣᠯᠵᠠᠪᠤᠷᠢ ᠶᠢᠨ ᠭᠠᠶᠢᠯᠢ ᠲᠤᠰᠢᠶᠠᠨ᠎ᠠ︔ ᠵᠢᠯ ᠤᠨ ᠲᠤᠰᠢᠶᠠᠪᠠᠰᠤ | ᠵᠣᠬᠢᠬᠤ ᠭᠠᠶᠢᠯᠢ ᠶᠢ 100 ᠲᠦᠮᠡᠨ ᠲᠥᠭᠦᠷᠢᠭ ᠠᠴᠠ ᠳᠠᠪᠠᠭᠤᠯᠤᠭᠰᠠᠨ ᠪᠣᠯᠪᠠᠴᠤ 300 ᠲᠦᠮᠡᠨ | ᠲᠥᠭᠦᠷᠢᠭ ᠠᠴᠠ ᠳᠠᠪᠠᠭᠤᠯᠬᠤ ᠥᠬᠡᠶ ᠬᠡᠰᠡᠭ ᠤᠨ 50 % ᠪᠠᠷ ᠭᠠᠶᠢᠯᠢ ᠲᠤᠰᠢᠶᠠᠪᠠᠰᠤ ᠵᠣᠬᠢᠬᠤ ᠭᠠᠶᠢᠯᠢ | ᠲᠤᠰᠢᠶᠠᠪᠠᠰᠤ ᠵᠣᠬᠢᠬᠤ ᠭᠠᠶᠢᠯᠢ ᠲᠤ ᠪᠣᠳᠣᠵᠤ ᠣᠷᠣᠭᠤᠯᠤᠨ᠂ 20 % ᠶᠢᠨ ᠭᠠᠶᠢᠯᠢ ᠶᠢᠨ ᠨᠣᠷᠮ᠎ᠠ ᠠᠵᠤ | ᠠᠬᠤᠶᠢᠯᠠᠯ ᠤᠨ ᠣᠯᠵᠠᠪᠤᠷᠢ ᠶᠢᠨ ᠭᠠᠶᠢᠯᠢ ᠲᠤᠰᠢᠶᠠᠨ᠎ᠠ᠃ ᠳᠡᠭᠡᠷ᠎ᠡ ᠳᠤᠷᠠᠳᠤᠭᠰᠠᠨ ᠪᠠᠭ᠎ᠠ ᠬᠡᠯᠪᠡᠷᠢ ᠶᠢᠨ ᠥᠴᠦᠬᠡᠨ | ᠣᠯᠵᠠᠪᠤᠷᠢ ᠲᠠᠢ ᠠᠵᠤ ᠠᠬᠤᠶᠢᠯᠠᠯ ᠭᠡᠳᠡᠭ ᠨᠢ ᠤᠯᠤᠰ ᠠᠴᠠ ᠦᠯᠦ ᠬᠢᠵᠠᠭᠠᠷᠯᠠᠬᠤ ᠪᠠ ᠴᠠᠭᠠᠵᠠᠯᠠᠬᠤ ᠠᠵᠢᠯ | ᠲᠥᠷᠥᠯ ᠢ ᠡᠷᠬᠢᠯᠡᠵᠦ ᠪᠠᠶᠢᠭ᠎ᠠ ᠮᠥᠷᠲᠡᠭᠡᠨ ᠭᠠᠶᠢᠯᠢ ᠲᠤᠰᠢᠶᠠᠪᠠᠰᠤ ᠵᠣᠬᠢᠬᠤ ᠭᠠᠶᠢᠯᠢ 300 ᠲᠦᠮᠡᠨ ᠲᠥᠭᠦᠷᠢᠭ ᠢ | ᠳᠠᠪᠠᠭᠤᠯᠬᠤ ᠦᠭᠡᠢ᠂ ᠠᠵᠢᠯ ᠡᠷᠬᠢᠯᠡᠵᠦ ᠪᠠᠶᠢᠭ᠎ᠠ ᠬᠥᠮᠦᠨ ᠤ ᠲᠤᠭ᠎ᠠ ᠨᠢ 300 ᠬᠥᠮᠦᠨ ᠢ ᠳᠠᠪᠠᠭᠤᠯᠬᠤ ᠦᠭᠡᠢ᠂ | ᠡᠳ᠋ ᠬᠥᠷᠥᠩᠭᠡ ᠶᠢᠨ ᠶᠡᠷᠦᠩᠬᠡᠶ ᠲᠤᠭ᠎ᠠ ᠨᠢ 5000 ᠲᠦᠮᠡᠨ ᠲᠥᠭᠦᠷᠢᠭ ᠢ ᠳᠠᠪᠠᠭᠤᠯᠬᠤ ᠦᠭᠡᠢ ᠵᠡᠷᠭᠡ ᠭᠤᠷᠪᠠᠨ | ᠨᠥᠬᠦᠴᠡᠯ ᠢ ᠬᠠᠮᠲᠤ ᠳᠤᠨᠢ ᠬᠢᠵᠦ ᠪᠠᠶᠢᠭ᠎ᠠ ᠠᠵᠤ ᠠᠬᠤᠶᠢᠯᠠᠯ ᠢ ᠵᠢᠭᠠᠵᠤ ᠪᠣᠢ᠃ ᠨᠥᠬᠦᠴᠡᠯ ᠳᠤ ᠨᠡᠶᠢᠴᠡᠬᠦ ᠵᠢᠵᠢᠭ | ᠬᠡᠯᠪᠡᠷᠢ ᠶᠢᠨ ᠥᠴᠦᠬᠡᠨ ᠣᠯᠵᠠᠪᠤᠷᠢ ᠲᠠᠢ ᠠᠵᠤ ᠠᠬᠤᠶᠢᠯᠠᠯ ᠨᠢ ᠡᠵᠡᠩᠨᠡᠯᠲᠡ ᠶᠢᠨ ᠥᠪᠡᠷ ᠤᠨ ᠥᠷᠲᠡᠭ ᠢᠶᠠᠨ | ᠪᠠᠭᠤᠷᠠᠭᠤᠯᠵᠤ᠂ ᠪᠣᠳᠠᠲᠠᠶ ᠠᠰᠢᠭ ᠣᠯᠵᠠᠪᠤᠷᠢ ᠪᠠᠨ ᠳᠡᠭᠡᠭᠰᠢᠯᠡᠭᠦᠯᠦᠨ᠂ ᠦᠨᠡᠨ ᠪᠣᠳᠠᠲᠠᠶ ᠬᠠᠷᠠᠭᠠᠯᠵᠠᠯ ᠬᠦᠷᠲᠡᠵᠦ | ᠪᠣᠯᠤᠨ᠎ᠠ᠃ | ︽ᠡᠳ᠋ ᠤᠨ ᠵᠠᠰᠠᠭ ᠤᠨ ᠶᠠᠮᠤᠨ᠂ ᠵᠢᠵᠢᠭ ᠪᠢᠴᠢᠯ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯ ᠤᠨ | ᠴᠢᠨᠠᠷᠲᠠᠶ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠶ | ᠮᠡᠳᠡᠭᠳᠡᠯ︾ ︵ᠡᠳ᠋ ᠤᠨ ᠵᠠᠰᠠᠭ ᠭᠠᠶᠢᠯᠢ ︹ 2019 ︺ 13 ᠳ᠋ᠤᠭᠠᠷ ᠲᠣᠭᠠᠲᠤ︶ ᠤᠨ ᠡᠷᠬᠡ ᠣᠯᠭᠤᠯᠲᠠ ᠶᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | 2019 ᠣᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ 2021 ᠣᠨ 12 ᠳ᠋ᠤᠭᠠᠷ ᠰᠠᠷ᠎ᠠ ᠶᠢᠨ 31 ᠤ ᠡᠳᠦᠷ | ᠪᠣᠯᠲᠠᠯ᠎ᠠ᠂ ᠮᠠᠨ ᠤ ᠣᠷᠣᠨ ᠤ ᠥᠷᠲᠡᠭ ᠨᠡᠮᠡᠭᠳᠡᠯ ᠤᠨ ᠭᠠᠶᠢᠯᠢ ᠶᠢᠨ ᠭᠠᠶᠢᠯᠢ ᠲᠤᠰᠢᠶᠠᠭᠴᠢ 50 % ᠪᠠᠷ ᠭᠠᠶᠢᠯᠢ | ︵ᠤᠰᠤ ᠪᠠᠭᠲᠠᠬᠤ ᠥᠬᠡᠶ︶᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠬᠤᠲᠠ | ᠪᠠᠯᠭᠠᠰᠤ ᠶᠢᠨ ᠭᠠᠵᠠᠷ ᠰᠢᠷᠣᠶ ᠬᠡᠷᠡᠭᠯᠡᠬᠦ ᠭᠠᠶᠢᠯᠢ᠂ ᠲᠡᠮᠳᠡᠭᠲᠦ ᠶᠢᠨ ᠭᠠᠶᠢᠯᠢ ︵ᠦᠨᠡᠲᠦ ᠲᠡᠮᠳᠡᠭᠲᠦ ᠶᠢᠨ | ᠠᠷᠠᠯᠵᠢᠶᠠᠨ ᠤ ᠲᠡᠮᠳᠡᠭᠲᠦ ᠶᠢᠨ ᠲᠡᠮᠳᠡᠭᠲᠦ ᠶᠢᠨ ᠭᠠᠶᠢᠯᠢ ᠪᠠᠭᠲᠠᠬᠤ ᠥᠬᠡᠶ︶᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ | ᠭᠠᠶᠢᠯᠢ ᠪᠠ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ | ᠵᠠᠷᠤᠳᠠᠯ ᠢ ᠬᠠᠰᠤᠵᠤ ᠲᠠᠲᠠᠪᠤᠷᠢᠯᠠᠨ᠎ᠠ᠃ | ᠡᠭᠦᠨ ᠠᠴᠠ ᠭᠠᠳᠠᠨ᠎ᠠ᠂ ᠡᠨᠡ ᠤᠳᠠᠭᠠᠨ ᠤ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢᠨ | ᠥᠭᠡᠷᠡᠴᠢᠯᠡᠯᠲᠡ ᠥᠷᠭᠡᠨ ᠣᠯᠠᠨ ᠭᠠᠶᠢᠯᠢ ᠲᠤᠰᠢᠶᠠᠭᠴᠢ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠷᠠᠳ | ᠲᠦᠮᠡᠨ ᠳᠤ ᠪᠠᠰᠠ ᠠᠰᠢᠭᠲᠠᠢ ᠶᠤᠮ᠃ 2018 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠭᠦᠯᠦᠭᠰᠡᠨ ᠰᠢᠯᠵᠢᠯᠲᠡ ᠶᠢᠨ ᠬᠤᠭᠤᠴᠠᠭᠠᠨ ᠤ ᠲᠥᠷᠥ ᠶᠢᠨ ᠪᠣᠳᠣᠯᠭ᠎ᠠ ᠳᠤ᠂ ᠦᠨᠳᠦᠰᠦᠨ ᠬᠠᠰᠤᠬᠤ | ᠵᠠᠷᠤᠳᠠᠯ ᠢ ᠰᠠᠷ᠎ᠠ ᠪᠦᠷᠢ 5000 ᠲᠥᠭᠦᠷᠢᠭ ᠪᠠᠶᠢᠭᠰᠠᠨ ᠠᠴᠠ ᠰᠠᠷ᠎ᠠ ᠪᠦᠷᠢ ︵ᠵᠢᠯ ᠪᠦᠷᠢ 6 ᠲᠦᠮᠡᠨ ᠲᠥᠭᠦᠷᠢᠭ | ︶ ᠪᠣᠯᠭᠠᠨ ᠳᠡᠭᠡᠭᠰᠢᠯᠡᠭᠦᠯᠵᠦ᠂ ᠠᠷᠠᠳ ᠢᠷᠭᠡᠳ ᠲᠤ ᠥᠭᠡᠷᠡᠴᠢᠯᠡᠯᠲᠡ ᠶᠢᠨ ᠠᠰᠢᠭ ᠢ ᠤᠷᠢᠳᠴᠢᠯᠠᠨ ᠣᠯᠭᠤᠬᠤ | ᠬᠡᠷᠡᠭᠲᠡᠶ᠃ 2019 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠭᠰᠡᠨ ︽ᠬᠤᠪᠢ ᠬᠥᠮᠦᠨ ᠤ | ᠠᠰᠢᠭ ᠣᠷᠣᠯᠭ᠎ᠠ ᠶᠢᠨ ᠭᠠᠶᠢᠯᠢ ᠶᠢᠨ ᠲᠤᠰᠬᠠᠶ ᠵᠤᠶᠢᠯ ᠤᠨ ᠨᠡᠮᠡᠯᠲᠡ ᠬᠠᠰᠤᠭᠳᠠᠯ ᠢ ᠲᠦᠷ ᠬᠡᠷᠡᠭᠵᠢᠭᠦᠯᠬᠦ ᠠᠷᠭ᠎ᠠ︾ | ᠳᠤ᠂ ᠡᠨᠡ ᠬᠦ ᠭᠠᠶᠢᠯᠢ ᠶᠢᠨ ᠥᠭᠡᠷᠡᠴᠢᠯᠡᠯᠲᠡ ᠶᠢᠨ ᠴᠡᠪᠡᠷ ᠠᠰᠢᠭ ᠤᠨ ᠲᠣᠮᠣ ᠪᠡᠯᠡᠭ ᠳᠤ᠂ ᠦᠷ᠎ᠡ ᠬᠡᠤᠬᠡᠳ ᠤᠨ | ᠰᠤᠷᠭᠠᠨ ᠬᠥᠮᠦᠵᠢᠯ᠂ ᠦᠷᠭᠦᠯᠵᠢᠯᠡᠭᠰᠡᠨ ᠰᠤᠷᠭᠠᠨ ᠬᠥᠮᠦᠵᠢᠯ᠂ ᠬᠦᠨᠳᠦ ᠡᠪᠡᠳᠴᠢᠨ ᠤ ᠡᠮᠴᠢᠯᠡᠭᠡ᠂ ᠣᠷᠣᠨ | ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ ᠪᠤᠶᠤ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ | ᠨᠠᠰᠤᠲᠠᠨ ᠢᠶᠠᠨ ᠠᠴᠢᠯᠠᠨ ᠲᠡᠵᠢᠭᠡᠬᠦ ᠵᠡᠷᠭᠡ ᠵᠢᠷᠭᠤᠭᠠᠨ ᠵᠤᠶᠢᠯ ᠤᠨ ᠲᠤᠰᠬᠠᠶ ᠵᠤᠶᠢᠯ ᠤᠨ ᠨᠡᠮᠡᠯᠲᠡ ᠬᠠᠰᠤᠭᠳᠠᠯ | ᠪᠠᠭᠲᠠᠨ᠎ᠠ᠃ ᠦᠷ᠎ᠡ ᠬᠡᠤᠬᠡᠳ ᠤᠨ ᠰᠤᠷᠭᠠᠨ ᠬᠥᠮᠦᠵᠢᠯ᠂ ᠭᠠᠶᠢᠯᠢ ᠲᠤᠰᠢᠶᠠᠭᠴᠢ ᠶᠢᠨ ᠦᠷ᠎ᠡ ᠬᠡᠤᠬᠡᠳ ᠨᠢ ᠪᠦᠬᠦᠯᠢ | ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠤᠨ ᠬᠠᠮᠢᠶ᠎ᠠ ᠪᠦᠬᠦᠢ ᠵᠠᠷᠤᠯᠭ᠎ᠠ ᠶᠢ | ᠬᠦᠷᠲᠡᠵᠦ᠂ ᠨᠥᠬᠦᠴᠡᠯ ᠳᠤ ᠨᠡᠶᠢᠴᠡᠪᠡᠯ ᠦᠷ᠎ᠡ ᠬᠡᠤᠬᠡᠳ ᠨᠢᠭᠡᠪᠦᠷᠢ ᠶᠢᠨ ᠰᠠᠷ᠎ᠠ ᠪᠦᠷᠢ ᠶᠢᠨ 1000 ᠲᠥᠭᠦᠷᠢᠭ ᠤᠨ | ᠪᠠᠷᠢᠮᠵᠢᠶ᠎ᠠ ᠪᠠᠷ ᠲᠣᠭᠲᠠᠭᠰᠠᠨ ᠲᠤᠭ᠎ᠠ ᠪᠠᠷ ᠰᠠᠭᠤᠯᠭᠠᠨ ᠬᠠᠰᠤᠨ᠎ᠠ᠃ ᠦᠷᠭᠦᠯᠵᠢᠯᠡᠭᠰᠡᠨ ᠰᠤᠷᠭᠠᠨ ᠬᠥᠮᠦᠵᠢᠯ᠂ | ᠭᠠᠶᠢᠯᠢ ᠲᠤᠰᠢᠶᠠᠭᠴᠢ ᠶᠢᠨ ᠳᠤᠮᠳᠠᠳᠤ ᠤᠯᠤᠰ ᠤᠨ ᠬᠢᠯᠢ ᠳᠣᠲᠣᠷ᠎ᠠ ᠰᠤᠷᠤᠯᠴᠠᠭᠰᠠᠨ ᠨᠠᠮᠲᠠᠷ ︵ᠡᠷᠳᠡᠮ ᠤᠨ ᠴᠣᠯᠠ | ︶ ᠤᠨ ᠦᠷᠭᠦᠯᠵᠢᠯᠡᠭᠰᠡᠨ ᠰᠤᠷᠭᠠᠨ ᠬᠥᠮᠦᠵᠢᠯ ᠬᠦᠷᠲᠡᠬᠦ ᠵᠠᠷᠤᠯᠭ᠎ᠠ ᠶᠢ ᠰᠤᠷᠤᠯᠴᠠᠭᠰᠠᠨ ᠨᠠᠮᠲᠠᠷ ︵ᠡᠷᠳᠡᠮ ᠤᠨ | ᠴᠣᠯᠠ︶ ᠤᠨ ᠰᠤᠷᠭᠠᠨ ᠬᠥᠮᠦᠵᠢᠯ ᠤᠨ ᠬᠤᠭᠤᠴᠠᠭᠠᠨ ᠳᠤ ᠰᠠᠷ᠎ᠠ ᠪᠦᠷᠢ 400 ᠲᠥᠭᠦᠷᠢᠭ ᠤᠨ ᠲᠣᠭᠲᠠᠭᠰᠠᠨ | ᠨᠣᠷᠮ᠎ᠠ ᠪᠠᠷ ᠬᠠᠰᠤᠵᠤ ᠭᠠᠷᠭᠠᠨ᠎ᠠ᠃ ᠠᠳᠠᠯᠢ ᠨᠢᠭᠡᠨ ᠰᠤᠷᠤᠯᠭ᠎ᠠ ᠶᠢᠨ ᠨᠠᠮᠲᠠᠷ ︵ᠡᠷᠳᠡᠮ ᠤᠨ ᠴᠣᠯᠠ︶ ᠤᠨ | ᠦᠷᠭᠦᠯᠵᠢᠯᠡᠭᠰᠡᠨ ᠰᠤᠷᠭᠠᠨ ᠬᠥᠮᠦᠵᠢᠯ ᠢ ᠬᠠᠰᠤᠵᠤ ᠭᠠᠷᠭᠠᠬᠤ ᠬᠤᠭᠤᠴᠠᠭ᠎ᠠ ᠶᠢ 48 ᠰᠠᠷ᠎ᠠ ᠠᠴᠠ ᠬᠡᠲᠦᠷᠡᠭᠦᠯᠵᠦ | ᠪᠣᠯᠬᠤ ᠥᠬᠡᠶ᠃ ᠭᠠᠶᠢᠯᠢ ᠲᠤᠰᠢᠶᠠᠭᠴᠢ ᠮᠡᠷᠭᠡᠵᠢᠯ ᠴᠢᠳᠠᠪᠤᠷᠢ ᠶᠢᠨ ᠠᠵᠢᠯᠲᠠᠨ ᠤ ᠦᠷᠭᠦᠯᠵᠢᠯᠡᠭᠰᠡᠨ ᠰᠤᠷᠭᠠᠨ | ᠬᠥᠮᠦᠵᠢᠯ᠂ ᠲᠤᠰᠬᠠᠶ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠬᠦᠷᠲᠡᠬᠦ ᠵᠠᠷᠤᠯᠭ᠎ᠠ ᠶᠢ | ᠬᠤᠯᠪᠣᠭᠳᠠᠯ ᠪᠦᠬᠦᠢ ᠦᠨᠡᠮᠯᠡᠯ ᠣᠯᠤᠭᠰᠠᠨ ᠲᠤᠬᠠᠶ ᠶᠢᠨ ᠵᠢᠯ ᠳᠤ 3600 ᠲᠥᠭᠦᠷᠢᠭ ᠤᠨ ᠲᠣᠭᠲᠠᠭᠰᠠᠨ | ᠨᠣᠷᠮ᠎ᠠ ᠪᠠᠷ ᠬᠠᠰᠤᠵᠤ ᠭᠠᠷᠭᠠᠨ᠎ᠠ᠃ ᠬᠦᠨᠳᠦ ᠡᠪᠡᠳᠴᠢᠨ ᠤ ᠡᠮᠴᠢᠯᠡᠭᠡ ᠳᠤ᠂ ᠭᠠᠶᠢᠯᠢ ᠲᠤᠰᠢᠶᠠᠬᠤ ᠨᠢᠭᠡ ᠤᠨ | ᠳᠣᠲᠣᠷ᠎ᠠ᠂ ᠭᠠᠶᠢᠯᠢ ᠲᠤᠰᠢᠶᠠᠭᠴᠢ ᠳᠤ ᠡᠭᠦᠰᠦᠭᠰᠡᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠲᠠᠢ | ᠬᠤᠯᠪᠣᠭᠳᠠᠬᠤ ᠡᠮ ᠡᠮᠨᠡᠯᠭᠡ ᠶᠢᠨ ᠵᠠᠷᠤᠯᠭ᠎ᠠ ᠳᠤ᠂ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠤᠭᠰᠠᠨ ᠤ | ᠳᠠᠷᠠᠭᠠᠬᠢ ᠬᠤᠪᠢ ᠬᠥᠮᠦᠨ ᠤ ᠡᠭᠦᠷᠭᠡᠯᠡᠯ ︵ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠤᠨ ᠬᠡᠪᠴᠢᠶᠡᠨ | ᠳᠣᠲᠣᠷᠠᠬᠢ ᠦᠪᠡᠷᠳᠡᠭᠡᠨ ᠲᠥᠯᠥᠬᠦ ᠬᠡᠰᠡᠭ ᠢ ᠵᠢᠭᠠᠵᠤ ᠪᠤᠢ︶ ᠠᠴᠠ ᠨᠡᠶᠢᠲᠡ 15000 ᠲᠥᠭᠦᠷᠢᠭ ᠢ ᠳᠠᠪᠠᠭᠰᠠᠨ | ᠬᠡᠰᠡᠭ ᠢ ᠭᠠᠶᠢᠯᠢ ᠲᠤᠰᠢᠶᠠᠭᠴᠢ ᠠᠴᠠ ᠬᠤᠷᠢᠶᠠᠩᠭᠤᠶᠢᠯᠠᠨ ᠪᠣᠳᠣᠵᠤ ᠢᠯᠭᠠᠷᠠᠭᠤᠯᠤᠨ ᠲᠤᠰᠢᠶᠠᠬᠤ ᠦᠶ᠎ᠡ ᠳᠤ᠂ | 80000 ᠲᠥᠭᠦᠷᠢᠭ ᠤᠨ ᠬᠢᠵᠠᠭᠠᠷ ᠲᠤᠭ᠎ᠠ ᠶᠢᠨ ᠳᠣᠲᠣᠷ᠎ᠠ ᠪᠣᠳᠠᠲᠠᠶ ᠪᠠᠶᠢᠳᠠᠯ ᠢ ᠦᠨᠳᠦᠰᠦᠯᠡᠨ ᠬᠠᠰᠤᠵᠤ | ᠭᠠᠷᠭᠠᠨ᠎ᠠ᠃ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ᠂ ᠭᠠᠶᠢᠯᠢ ᠲᠤᠰᠢᠶᠠᠭᠴᠢ ᠶᠢᠨ ᠲᠤᠰ ᠬᠥᠮᠦᠨ | ᠪᠤᠶᠤ ᠬᠤᠯᠪᠣᠰᠤ ᠨᠢ ᠲᠤᠰᠠᠭᠠᠷ ᠢᠶᠠᠨ ᠪᠤᠶᠤ ᠬᠠᠮᠲᠤ ᠪᠠᠷ ᠬᠤᠳᠠᠯᠳᠤᠭᠠᠨ ᠤ ᠪᠠᠩᠬᠢ ᠪᠤᠶᠤ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠤᠪᠢ ᠬᠥᠮᠦᠨ ᠤ ᠣᠷᠣᠨ ᠰᠠᠭᠤᠴᠠ ᠶᠢᠨ ᠵᠢᠭᠡᠯᠡᠯᠭᠡ ᠶᠢ | ᠬᠡᠷᠡᠭᠯᠡᠵᠦ ᠪᠠᠶᠢᠭᠠᠳ ᠲᠤᠰ ᠬᠥᠮᠦᠨ ᠪᠤᠶᠤ ᠬᠤᠯᠪᠣᠰᠤ ᠶᠢᠨ ᠬᠢᠨᠢ ᠳᠤᠮᠳᠠᠳᠤ ᠤᠯᠤᠰ ᠠᠴᠠ ᠬᠢᠯᠢ ᠳᠣᠲᠣᠷᠠᠬᠢ | ᠣᠷᠣᠨ ᠰᠠᠭᠤᠴᠠ ᠶᠢ ᠬᠤᠳᠠᠯᠳᠤᠨ ᠠᠪᠴᠤ ᠥᠭᠬᠦ ᠳᠤ᠂ ᠡᠭᠦᠰᠦᠭᠰᠡᠨ ᠲᠦᠷᠦᠭᠦᠤ ᠢᠵᠢ ᠣᠷᠣᠨ ᠰᠠᠭᠤᠴᠠ ᠶᠢᠨ | ᠵᠢᠭᠡᠯᠡᠯᠭᠡ ᠶᠢᠨ ᠬᠦᠤ ᠮᠥᠩᠭᠦ ᠶᠢᠨ ᠵᠠᠷᠤᠯᠭ᠎ᠠ ᠳᠤ᠂ ᠪᠣᠳᠠᠲᠠᠶ ᠡᠭᠦᠰᠦᠭᠰᠡᠨ ᠵᠢᠭᠡᠯᠡᠯᠭᠡ ᠶᠢᠨ ᠬᠦᠤ ᠮᠥᠩᠭᠦ ᠶᠢᠨ | ᠣᠨ ᠳᠤ᠂ ᠰᠠᠷ᠎ᠠ ᠪᠦᠷᠢ 1000 ᠲᠥᠭᠦᠷᠢᠭ ᠤᠨ ᠪᠠᠷᠢᠮᠵᠢᠶ᠎ᠠ ᠪᠠᠷ ᠨᠣᠷᠮ᠎ᠠ ᠲᠣᠭᠲᠠᠭᠠᠨ ᠬᠠᠰᠤᠵᠤ ᠭᠠᠷᠭᠠᠨ᠎ᠠ᠂ | ᠬᠠᠰᠤᠵᠤ ᠭᠠᠷᠭᠠᠬᠤ ᠬᠤᠭᠤᠴᠠᠭ᠎ᠠ ᠨᠢ ᠬᠠᠮᠤᠭ ᠤᠨ ᠤᠷᠲᠤ ᠳᠠᠭᠠᠨ 240 ᠰᠠᠷ᠎ᠠ ᠠᠴᠠ ᠬᠡᠲᠦᠷᠡᠬᠦ ᠦᠭᠡᠢ ᠪᠥᠭᠡᠳ | ᠵᠥᠪᠬᠡᠨ ᠨᠢᠭᠡ ᠯᠡ ᠤᠳᠠᠭ᠎ᠠ ᠲᠦᠷᠦᠭᠦᠤ ᠢᠵᠢ ᠣᠷᠣᠨ ᠰᠠᠭᠤᠴᠠ ᠶᠢᠨ ᠵᠢᠭᠡᠯᠡᠯᠭᠡ ᠶᠢᠨ ᠬᠦᠤ ᠮᠥᠩᠭᠦ ᠶᠢ ᠬᠠᠰᠤᠵᠤ | ᠭᠠᠷᠭᠠᠨ᠎ᠠ᠃ ᠣᠷᠣᠨ ᠰᠠᠭᠤᠴᠠ ᠶᠢᠨ ᠲᠦᠷᠢᠶᠡᠰᠦᠨ ᠮᠥᠩᠭᠦ᠂ ᠭᠠᠶᠢᠯᠢ ᠲᠤᠰᠢᠶᠠᠭᠴᠢ ᠭᠤᠤᠯ ᠠᠵᠢᠯᠯᠠᠵᠤ ᠪᠠᠶᠢᠭ᠎ᠠ | ᠬᠤᠲᠠ ᠳᠤ ᠥᠪᠡᠷ ᠤᠨ ᠣᠷᠣᠨ ᠰᠠᠭᠤᠴᠠ ᠦᠭᠡᠢ ᠠᠴᠠ ᠪᠣᠯᠵᠤ ᠡᠭᠦᠰᠦᠭᠰᠡᠨ ᠣᠷᠣᠨ ᠰᠠᠭᠤᠴᠠ ᠶᠢᠨ | ᠲᠦᠷᠢᠶᠡᠰᠦᠨ ᠮᠥᠩᠭᠦ ᠶᠢᠨ ᠵᠠᠷᠤᠯᠭ᠎ᠠ ᠶᠢ ᠳᠣᠤᠷᠠᠬᠢ ᠪᠠᠷᠢᠮᠵᠢᠶ᠎ᠠ ᠶᠣᠰᠣᠭᠠᠷ ᠨᠣᠷᠮ᠎ᠠ ᠲᠣᠭᠲᠠᠭᠠᠨ ᠨᠠᠰᠤᠲᠠᠨ ᠢᠶᠠᠨ | ᠠᠴᠢᠯᠠᠨ ᠲᠡᠵᠢᠭᠡᠬᠦ᠂ ᠭᠠᠶᠢᠯᠢ ᠲᠤᠰᠢᠶᠠᠭᠴᠢ ᠶᠢᠨ ᠨᠢᠭᠡ ᠬᠥᠮᠦᠨ ᠵᠢᠴᠢ ᠲᠡᠭᠦᠨ ᠠᠴᠠ ᠳᠡᠭᠡᠭᠰᠢ ᠪᠦᠬᠦᠯᠢ 60 ᠨᠠᠰᠤ | ᠬᠦᠷᠦᠭᠰᠡᠨ ᠠᠴᠢᠯᠠᠨ ᠲᠡᠵᠢᠭᠡᠭᠳᠡᠭᠴᠢ ᠶᠢᠨ ᠠᠴᠢᠯᠠᠨ ᠲᠡᠵᠢᠭᠡᠬᠦ ᠵᠠᠷᠤᠯᠭ᠎ᠠ ᠶᠢ ᠲᠣᠭᠲᠠᠭᠰᠠᠨ ᠪᠠᠷᠢᠮᠵᠢᠶ᠎ᠠ ᠶᠣᠰᠣᠭᠠᠷ | ᠨᠢᠭᠡᠳᠦᠯᠲᠡᠶ ᠨᠣᠷᠮ᠎ᠠ ᠲᠣᠭᠲᠠᠭᠠᠨ ᠬᠠᠰᠤᠵᠤ᠂ ᠰᠠᠷ᠎ᠠ ᠪᠦᠷᠢ 2000 ᠲᠥᠭᠦᠷᠢᠭ ᠤᠨ ᠪᠠᠷᠢᠮᠵᠢᠶ᠎ᠠ ᠶᠣᠰᠣᠭᠠᠷ | ᠨᠣᠷᠮ᠎ᠠ ᠲᠣᠭᠲᠠᠭᠠᠨ ᠬᠠᠰᠤᠵᠤ ᠭᠠᠷᠭᠠᠨ᠎ᠠ᠂ ᠲᠡᠭᠦᠨ ᠢ ᠰᠠᠷ᠎ᠠ ᠪᠦᠷᠢ 2000 ᠲᠥᠭᠦᠷᠢᠭ ᠤᠨ ᠬᠡᠮᠵᠢᠶ᠎ᠡ ᠪᠠᠷ | ᠬᠠᠰᠤᠵᠤ ᠭᠠᠷᠭᠠᠬᠤ ᠪᠢᠰᠢ ᠪᠣᠯ ᠬᠥᠮᠦᠨ ᠪᠦᠷᠢ ᠶᠢᠨ ᠡᠭᠦᠷᠭᠡᠯᠡᠬᠦ ᠲᠤᠭ᠎ᠠ ᠬᠡᠮᠵᠢᠶ᠎ᠡ ᠶᠢ ᠰᠠᠷ᠎ᠠ ᠪᠦᠷᠢ 1000 | ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠢ᠃ ᠲᠥᠷᠥ ᠶᠢᠨ ᠪᠣᠳᠣᠯᠭ᠎ᠠ ᠨᠡᠯᠢᠶᠡᠳ ᠣᠯᠠᠨ᠂ ᠨᠠᠩ ᠨᠠᠷᠢᠨ | ᠲᠣᠳᠣᠷᠬᠠᠶ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢ ᠣᠯᠠᠨ ᠢᠶᠠᠷ ᠢᠶᠠᠨ ᠰᠦᠯᠵᠢᠶ᠎ᠡ ᠪᠠᠷ ᠳᠠᠮᠵᠢᠨ ᠤᠯᠠᠮ ᠨᠢᠭᠡ | ᠠᠯᠬᠤᠮ ᠣᠶᠢᠯᠠᠭᠠᠵᠤ ᠪᠣᠯᠤᠨ᠎ᠠ᠃ | ᠬᠥᠲᠥᠯᠥᠭᠴᠢ᠄ ᠸᠠᠩ ᠲᠣᠪᠴᠢᠶᠠᠨ ᠳᠠᠷᠤᠭ᠎ᠠ ᠶᠢᠨ ᠲᠠᠨᠢᠯᠴᠠᠭᠤᠯᠤᠭᠰᠠᠨ ᠡᠳᠡᠭᠡᠷ ᠪᠣᠭᠤᠷᠰᠤᠭ ᠨᠢ ᠲᠦᠭ | ᠲᠦᠮᠡᠨ ᠠᠶᠢᠯ ᠡᠷᠦᠬᠡ ᠳᠤ ᠠᠰᠢᠭ ᠬᠦᠷᠲᠡᠭᠡᠵᠦ᠂ ᠭᠠᠶᠢᠯᠢ ᠲᠤᠰᠢᠶᠠᠭᠴᠢᠳ ᠤᠨ ᠠᠰᠢᠭ ᠲᠤᠰᠠ ᠶᠢ ᠶᠡᠬᠡᠪᠡᠷ | ᠪᠠᠭᠤᠷᠠᠭᠤᠯᠵᠠᠶ᠂ ᠠᠵᠤ ᠠᠬᠤᠶᠢᠯᠠᠯ ᠴᠤ ᠲᠡᠷᠡ᠂ ᠬᠤᠪᠢ ᠬᠥᠮᠦᠨ ᠴᠦ ᠲᠡᠷᠡ᠂ ᠡᠳ᠋ᠯᠡᠵᠦ ᠪᠠᠶᠢᠭ᠎ᠠ ᠬᠠᠷᠠᠭᠠᠯᠵᠠᠯ ᠨᠢ | ᠦᠨᠡᠨ ᠪᠣᠳᠠᠲᠠᠶ᠃ ᠲᠡᠭᠡᠪᠡᠯ ᠤᠶᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠨᠢ ᠶᠠᠮᠠᠷ ᠶᠠᠮᠠᠷ ᠪᠠᠶᠢᠳᠠᠭ ᠪᠤᠢ︖ | ᠸᠠᠩ ᠰᠢᠶᠠᠩ ᠶᠠᠩ᠄ ᠣᠳᠣ ᠪᠢ ᠣᠯᠠᠨ ᠳᠤ ᠤᠶᠢᠯᠡᠴᠢᠯᠡᠭᠡᠨ ᠤ ᠴᠢᠨᠠᠷᠲᠠᠶ ᠠᠷᠭ᠎ᠠ ᠬᠡᠮᠵᠢᠶ᠎ᠡ ᠶᠢ | ᠲᠠᠶᠢᠯᠪᠤᠷᠢᠯᠠᠵᠤ ᠥᠭᠬᠦᠶ᠎ᠡ᠃ | ᠨᠢᠭᠡ ᠳᠤ ᠮᠡᠳᠡᠭᠦᠯᠦᠨ ᠬᠦᠷᠭᠡᠬᠦ ᠮᠠᠲ᠋ᠧᠷᠢᠶᠠᠯ ᠢ ᠰᠢᠯᠢᠳᠡᠭᠵᠢᠭᠦᠯᠦᠨ ᠴᠣᠮᠬᠠᠳᠬᠠᠨ᠎ᠠ᠃ ᠮᠠᠲ᠋ᠧᠷᠢᠶᠠᠯ ᠢ | ᠴᠣᠮᠬᠠᠳᠬᠠᠨ ᠮᠡᠳᠡᠭᠦᠯᠦᠨ ᠬᠦᠷᠭᠡᠬᠦ ᠪᠣᠯ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠨᠢᠭᠡ ᠵᠤᠶᠢᠯ ᠤᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ 2018 ᠣᠨ ᠤ ᠡᠴᠦᠰ ᠲᠤ᠂ 20 ᠵᠤᠶᠢᠯ ᠤᠨ | ᠭᠠᠶᠢᠯᠢ ᠶᠢᠨ ᠶᠠᠪᠤᠳᠠᠯ ᠤᠨ ᠭᠡᠷᠡᠴᠢᠯᠡᠬᠦ ᠵᠤᠶᠢᠯᠡᠰ ᠢ ᠢᠯᠭᠠᠷᠠᠭᠤᠯᠤᠨ ᠲᠢᠭᠯᠡᠵᠦ᠂ ᠠᠵᠤ ᠠᠬᠤᠶᠢᠯᠠᠯ ᠪᠠ ᠬᠤᠪᠢ | ᠬᠥᠮᠦᠨ ᠤ ᠭᠠᠶᠢᠯᠢ ᠭᠦᠢᠴᠡᠳᠭᠡᠬᠦ ᠳᠤ ᠬᠠᠩᠭᠠᠬᠤ ᠴᠢᠬᠤᠯᠠᠲᠠᠶ ᠬᠤᠯᠪᠣᠭᠳᠠᠯ ᠪᠦᠬᠦᠢ ᠭᠡᠷᠡᠴᠢᠯᠡᠯ ᠢ ᠦᠨᠡᠨ ᠬᠦ | ᠴᠣᠮᠬᠠᠳᠬᠠᠪᠠ᠃ ᠡᠨᠡ ᠬᠦ ᠰᠠᠭᠤᠷᠢᠨ ᠳᠡᠭᠡᠷ᠎ᠡ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ 2019 ᠣᠨ ᠤ 3 | ᠰᠠᠷ᠎ᠠ ᠶᠢᠨ ᠰᠡᠭᠦᠯᠴᠢ ᠠᠴᠠ ᠡᠮᠦᠨ᠎ᠡ ᠪᠠᠰᠠ ᠨᠢᠭᠡ ᠪᠦᠯᠦᠭ ᠭᠠᠶᠢᠯᠢ ᠶᠢᠨ ᠶᠠᠪᠤᠳᠠᠯ ᠤᠨ ᠭᠡᠷᠡᠴᠢᠯᠡᠬᠦ ᠵᠤᠶᠢᠯᠡᠰ ᠢ | ᠬᠦᠴᠦᠨ ᠥᠬᠡᠶ ᠪᠣᠯᠭᠠᠵᠤ᠂ 2019 ᠣᠨ ᠡᠴᠦᠰ ᠠᠴᠠ ᠡᠮᠦᠨ᠎ᠡ ᠭᠠᠶᠢᠯᠢ ᠲᠤᠰᠢᠶᠠᠭᠴᠢ ᠶᠢᠨ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠳᠤ ᠮᠡᠳᠡᠭᠦᠯᠦᠨ ᠬᠦᠷᠭᠡᠭᠰᠡᠨ ᠮᠠᠲ᠋ᠧᠷᠢᠶᠠᠯ ᠢ ᠳᠠᠬᠢᠨ 25 % ᠠᠴᠠ ᠳᠡᠭᠡᠭᠰᠢ | ᠴᠣᠮᠬᠠᠳᠬᠠᠨ᠎ᠠ᠃ | ᠬᠤᠶᠠᠷ ᠲᠤ ᠪᠠᠷᠢᠮᠲᠠ ᠭᠦᠢᠴᠡᠳᠭᠡᠬᠦ ᠶᠢ ᠰᠢᠯᠢᠳᠡᠭᠵᠢᠭᠦᠯᠦᠨ᠎ᠡ᠃ ᠪᠠᠷᠢᠮᠲᠠ ᠶᠢ ᠰᠢᠢᠳᠪᠤᠷᠢᠯᠡᠬᠦ ᠪᠣᠯ ᠭᠠᠶᠢᠯᠢ | ᠲᠤᠰᠢᠶᠠᠭᠴᠢ ᠶᠢᠨ ᠭᠠᠶᠢᠯᠢ ᠲᠤᠰᠢᠶᠠᠬᠤ ᠠᠵᠢᠯ ᠤᠨ ᠲᠦᠭᠵᠢᠷᠡᠯ᠂ ᠡᠪᠡᠷᠰᠢᠶᠡᠯ ᠪᠣᠯᠤᠨ᠎ᠠ᠂ ᠭᠠᠶᠢᠯᠢ ᠲᠤᠰᠢᠶᠠᠬᠤ | ᠨᠢᠭᠡᠳᠦᠭᠡᠷ ᠹᠷᠣᠨᠲ ᠤᠨ ᠠᠵᠢᠯᠲᠠᠳ ᠭᠦᠨ ᠲᠥᠷᠥᠭᠳᠡᠯ ᠲᠠᠢ ᠪᠠᠶᠢᠨ᠎ᠠ᠃ 2019 ᠣᠨ ᠳᠤ᠂ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠪᠠᠷᠢᠮᠲᠠ ᠶᠢ ᠭᠦᠢᠴᠡᠳᠭᠡᠬᠦ ᠶᠢ ᠰᠢᠯᠢᠳᠡᠭᠵᠢᠭᠦᠯᠬᠦ ᠠᠯᠢ ᠣᠯᠠᠨ ᠳᠥᠭᠦᠮ ᠳᠥᠲᠡ | ᠠᠷᠭ᠎ᠠ ᠬᠡᠮᠵᠢᠶ᠎ᠡ ᠭᠠᠷᠭᠠᠵᠤ᠂ ᠭᠠᠶᠢᠯᠢ ᠲᠤᠰᠢᠶᠠᠭᠴᠢ ᠶᠢᠨ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢᠨ | ᠬᠠᠷᠠᠭᠠᠯᠵᠠᠯ ᠢ ᠭᠦᠢᠴᠡᠳ ᠬᠦᠷᠲᠡᠬᠦ ᠶᠢ ᠦᠨᠡᠨ ᠬᠦ ᠪᠠᠲᠤᠯᠠᠨ᠎ᠠ᠃ ᠡᠨᠡ ᠨᠢ ᠭᠠᠶᠢᠯᠢ ᠲᠤᠰᠢᠶᠠᠭᠴᠢ ᠶᠢᠨ | ᠥᠪᠡᠰᠦᠪᠡᠨ ᠭᠠᠶᠢᠯᠢ ᠲᠤᠰᠢᠶᠠᠬᠤ ᠥᠷᠳᠡᠭ ᠨᠡᠮᠡᠭᠳᠡᠯ ᠤᠨ ᠭᠠᠶᠢᠯᠢ ᠶᠢᠨ ᠲᠤᠷᠰᠢᠯᠲᠠ ᠶᠢᠨ ᠬᠦᠷᠢᠶ᠎ᠡ ᠬᠡᠪᠴᠢᠶ᠎ᠡ ᠶᠢ | ᠥᠷᠭᠡᠳᠬᠡᠬᠦ ᠶᠠᠪᠤᠳᠠᠯ ᠪᠣᠯᠤᠨ᠎ᠠ᠃ ᠡᠨᠡ ᠵᠢᠯ ᠲᠤᠷᠰᠢᠯᠲᠠ ᠬᠢᠬᠦ ᠬᠡᠪᠴᠢᠶ᠎ᠡ ᠶᠢ ᠬᠤᠨᠣᠭᠯᠠᠬᠤ ᠤᠶᠢᠯᠡᠰ᠂ ᠰᠢᠯᠭᠠᠨ | ᠭᠡᠷᠡᠴᠢᠯᠡᠬᠦ ᠵᠥᠪᠯᠡᠯᠭᠡ ᠥᠭᠬᠦ ᠤᠶᠢᠯᠡᠰ᠂ ᠪᠠᠷᠢᠯᠭ᠎ᠠ ᠶᠢᠨ ᠤᠶᠢᠯᠡᠰ᠂ ᠠᠵᠤ ᠤᠶᠢᠯᠡᠳᠪᠤᠷᠢ᠂ ᠮᠡᠳᠡᠭᠡ ᠵᠠᠩᠭᠢ | ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠤᠶᠢᠯᠡᠴᠢᠯᠡᠭᠡᠨ ᠤ ᠤᠶᠢᠯᠡᠰ ᠠᠴᠠ | ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠤᠶᠢᠯᠡᠴᠢᠯᠡᠭᠡᠨ ᠤ ᠤᠶᠢᠯᠡᠰ᠂ ᠰᠢᠨᠵᠢᠯᠡᠬᠦ ᠤᠬᠠᠭᠠᠨ ᠤ | ᠰᠤᠳᠤᠯᠤᠯ ᠪᠠ ᠮᠡᠷᠭᠡᠵᠢᠯ ᠤᠨ ᠤᠶᠢᠯᠡᠴᠢᠯᠡᠭᠡᠨ ᠤ ᠤᠶᠢᠯᠡᠰ ᠂ ᠰᠠᠭᠤᠭᠠᠯᠢ ᠠᠷᠠᠳ ᠲᠤ ᠤᠶᠢᠯᠡᠴᠢᠯᠡᠬᠦ᠂ ᠰᠡᠯᠪᠢᠨ | ᠵᠠᠰᠠᠬᠤ ᠪᠠ ᠪᠤᠰᠤᠳ ᠤᠶᠢᠯᠡᠴᠡᠯᠡᠭᠡᠨ ᠤ ᠤᠶᠢᠯᠡᠰ ᠬᠦᠷᠲᠡᠯ᠎ᠡ ᠥᠷᠭᠡᠳᠬᠡᠨ᠎ᠡ᠃ ᠲᠤᠷᠰᠢᠯᠲᠠ ᠶᠢᠨ ᠬᠡᠪᠴᠢᠶᠡᠨ ᠳᠤ | ᠰᠢᠨ᠎ᠡ ᠪᠠᠷ ᠣᠷᠣᠭᠤᠯᠤᠭᠰᠠᠨ ᠭᠤᠷᠪᠠᠨ ᠠᠵᠢᠯ ᠲᠥᠷᠥᠯ ᠳᠤ᠂ ᠵᠢᠵᠢᠭ ᠪᠢᠴᠢᠯ ᠠᠵᠤ ᠠᠬᠤᠶᠢᠯᠠᠯ ᠲᠥᠪᠯᠡᠷᠡᠭᠰᠡᠨ᠂ | ᠬᠡᠷᠡᠭᠴᠡᠭᠡ ᠱᠠᠭᠠᠷᠳᠠᠯᠭ᠎ᠠ ᠶᠢ ᠣᠷᠣᠯᠠᠨ ᠨᠡᠭᠡᠭᠡᠬᠦ ᠬᠡᠮᠵᠢᠶ᠎ᠡ ᠶᠡᠭᠡ᠂ ᠬᠤᠳᠠᠯ ᠢᠶᠠᠷ ᠨᠡᠭᠡᠭᠡᠬᠦ ᠲᠦᠭᠰᠢᠭᠦᠷᠢ ᠨᠡᠯᠢᠶᠡᠳ | ᠳᠣᠤᠷ᠎ᠠ ᠪᠠᠶᠢᠵᠤ᠂ ᠲᠤᠷᠰᠢᠯᠲᠠ ᠳᠤ ᠣᠷᠣᠭᠤᠯᠤᠭᠰᠠᠨ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠳᠠᠯ | ᠤᠶᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠬᠦ ᠳᠤ | ᠠᠰᠢᠭᠲᠠᠢ ᠶᠤᠮ᠃ ᠳᠡᠭᠡᠷ᠎ᠡ ᠳᠤᠷᠠᠳᠤᠭᠰᠠᠨ 8 ᠠᠵᠢᠯ ᠲᠥᠷᠥᠯ ᠢ ᠭᠠᠶᠢᠯᠢ ᠲᠤᠰᠢᠶᠠᠭᠴᠢ ᠶᠢᠨ ᠥᠪᠡᠰᠦᠪᠡᠨ | ᠥᠷᠲᠡᠭ ᠨᠡᠮᠡᠭᠳᠡᠯ ᠤᠨ ᠭᠠᠶᠢᠯᠢ ᠶᠢᠨ ᠲᠤᠷᠰᠢᠯᠲᠠ ᠶᠢᠨ ᠬᠡᠪᠴᠢᠶᠡᠨ ᠳᠤ ᠣᠷᠣᠭᠤᠯᠵᠤ᠂ ᠭᠠᠶᠢᠯᠢ ᠲᠤᠰᠢᠶᠠᠭᠴᠢ ᠶᠢᠨ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠭᠠᠶᠢᠯᠢ ᠭᠦᠢᠴᠡᠳᠭᠡᠬᠦ ᠴᠠᠭ ᠢ ᠪᠦᠲᠦᠮᠵᠢᠲᠡᠶ ᠠᠷᠪᠢᠯᠠᠵᠤ᠂ ᠵᠢᠵᠢᠭ | ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠠᠰᠢᠭᠲᠠᠢ ᠪᠣᠯᠭᠠᠪᠠ᠃ ᠬᠤᠶᠠᠷ ᠲᠤ | ᠥᠷᠲᠡᠭ ᠨᠡᠮᠡᠭᠳᠡᠯ ᠤᠨᠭᠠᠶᠢᠯᠢ ᠶᠢᠨ ᠪᠠᠷᠢᠮᠲᠠ ᠶᠢᠨ ᠭᠡᠷᠡᠴᠢᠯᠡᠭᠡ ᠶᠢ ᠬᠦᠴᠦᠨ ᠦᠭᠡᠢ ᠪᠣᠯᠭᠠᠬᠤ ᠭᠠᠶᠢᠯᠢ | ᠲᠤᠰᠢᠶᠠᠭᠴᠢ ᠶᠢᠨ ᠬᠡᠪᠴᠢᠶ᠎ᠡ ᠶᠢ ᠥᠷᠭᠡᠳᠬᠡᠨ᠎ᠡ᠃ ᠥᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢᠨ | ᠭᠡᠷᠡᠴᠢᠯᠡᠭᠡ ᠶᠢ ᠬᠦᠴᠦᠨ ᠥᠬᠡᠶ ᠪᠣᠯᠭᠠᠭᠰᠠᠨ ᠭᠠᠶᠢᠯᠢ ᠲᠤᠰᠢᠶᠠᠭᠴᠢ ᠶᠢᠨ ᠬᠡᠪᠴᠢᠶ᠎ᠡ ᠶᠢ ᠡᠩ ᠤᠨ ᠭᠠᠶᠢᠯᠢ | ᠲᠤᠰᠢᠶᠠᠭᠴᠢ ᠬᠦᠷᠲᠡᠯ᠎ᠡ ᠥᠷᠭᠡᠳᠬᠡᠬᠦ ᠶᠢᠨ ᠬᠠᠮᠲᠤ᠂ 2019 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠨ᠂ | ᠪᠣᠶ ᠪᠦᠬᠦᠢ ᠡᠩ ᠤᠨ ᠭᠠᠶᠢᠯᠢ ᠲᠤᠰᠢᠶᠠᠭᠴᠢ ᠥᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢ ᠣᠯᠤᠭᠰᠠᠨ ᠤ | ᠳᠠᠷᠠᠭ᠎ᠠ᠂ ᠴᠥᠮ ᠥᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠶᠢ ᠰᠠᠶᠢᠨ ᠳᠤᠷ᠎ᠠ ᠠᠴᠠ ᠪᠠᠨ ᠬᠡᠷᠡᠭᠯᠡᠨ | ᠨᠤᠲᠠᠯᠠᠬᠤ ᠲᠠᠪᠴᠠᠩ ᠢᠶᠠᠷ ᠪᠠᠶᠢᠴᠠᠭᠠᠨ ᠯᠠᠪᠯᠠᠬᠤ᠂ ᠭᠠᠳᠠᠭᠠᠳᠤ ᠳᠤ ᠭᠠᠷᠭᠠᠭᠰᠠᠨ ᠤᠶᠢᠯᠡᠳᠭᠦᠨ ᠤ ᠭᠠᠶᠢᠯᠢ ᠶᠢ | ᠪᠤᠴᠠᠭᠠᠬᠤ ᠪᠤᠶᠤ ᠭᠠᠶᠢᠯᠢ ᠪᠤᠴᠠᠭᠠᠬᠤ ᠶᠢ ᠣᠷᠣᠯᠠᠨ ᠭᠦᠢᠴᠡᠳᠭᠡᠬᠦ ᠳᠤ ᠬᠡᠷᠡᠭᠯᠡᠬᠦ ᠥᠷᠲᠡᠭ ᠨᠡᠮᠡᠭᠳᠡᠯ ᠤᠨ | ᠭᠠᠶᠢᠯᠢ ᠶᠢᠨ ᠪᠠᠷᠢᠮᠲᠠ ᠶᠢᠨ ᠮᠡᠳᠡᠭᠡ ᠵᠠᠩᠭᠢ ᠶᠢ ᠰᠣᠩᠭᠤᠵᠤ ᠪᠣᠯᠤᠨ᠎ᠠ᠂ ᠡᠨᠡ ᠨᠢ ᠭᠠᠶᠢᠯᠢ ᠲᠤᠰᠢᠶᠠᠭᠴᠢ ᠶᠢᠨ | ᠭᠠᠶᠢᠯᠢ ᠲᠤᠰᠢᠶᠠᠬᠤ ᠤᠶᠢᠯᠡᠴᠢᠯᠡᠭᠡᠨ ᠤ ᠲᠢᠩᠬᠢᠮ ᠳᠤ ᠣᠴᠢᠵᠤ ᠭᠡᠷᠡᠴᠢᠯᠡᠬᠦ ᠴᠠᠭ ᠢ ᠶᠡᠭᠡ ᠪᠠᠷ ᠠᠷᠪᠢᠯᠠᠬᠤ | ᠪᠣᠯᠤᠨ᠎ᠠ᠃ | ᠬᠥᠲᠥᠯᠥᠭᠴᠢ᠄ ᠮᠠᠲ᠋ᠧᠷᠢᠶᠠᠯ ᠢ ᠴᠣᠮᠬᠠᠳᠬᠠᠵᠤ ᠮᠡᠳᠡᠭᠦᠯᠦᠨ ᠬᠦᠷᠭᠡᠬᠦ ᠠᠴᠠ ᠪᠠᠷᠢᠮᠲᠠ ᠶᠢ ᠭᠦᠢᠴᠡᠳᠭᠡᠬᠦ ᠶᠢ | ᠰᠢᠯᠢᠳᠡᠭᠵᠢᠭᠦᠯᠬᠦ ᠬᠦᠷᠲᠡᠯ᠎ᠡ ᠴᠥᠮ ᠭᠠᠶᠢᠯᠢ ᠲᠤᠰᠢᠶᠠᠭᠴᠢ ᠶᠢᠨ ᠭᠠᠶᠢᠯᠢ ᠭᠦᠢᠴᠡᠳᠭᠡᠬᠦ ᠳᠤ ᠦᠨᠳᠦᠰᠦᠨ ᠠᠴᠠ ᠨᠢ | ᠳᠥᠭᠦᠮ ᠦᠵᠡᠭᠦᠯᠬᠦ ᠠᠷᠠᠳ ᠲᠤ ᠠᠰᠢᠭᠲᠠᠢ ᠠᠷᠭ᠎ᠠ ᠬᠡᠮᠵᠢᠶ᠎ᠡ ᠮᠥᠨ᠃ ᠸᠠᠩ ᠲᠣᠪᠴᠢᠶᠠᠨ ᠳᠠᠷᠤᠭ᠎ᠠ ᠠ᠂ ᠲᠣᠰ | ᠤᠳᠠᠭᠠᠨ ᠤ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠵᠢᠯ ᠤᠨ ᠳᠤᠮᠳᠠ᠂ ᠮᠠᠨ ᠤ | ᠬᠤᠲᠠ ᠶᠢᠨ ᠭᠠᠶᠢᠯᠢ ᠶᠢᠨ ᠶᠠᠪᠤᠳᠠᠯ ᠤᠨ ᠰᠢᠰᠲ᠋ᠧᠮ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠣᠶ︖ | ᠸᠠᠩ ᠰᠢᠶᠠᠩ ᠶᠠᠩ᠄ ᠲᠡᠭᠡᠳᠦ ᠱᠠᠲᠤᠨ ᠤ ᠤᠳᠤᠷᠢᠳᠬᠤ ᠰᠠᠯᠠᠭ᠎ᠠ ᠮᠥᠴᠢᠷ ᠤᠨ ᠭᠠᠶᠢᠯᠢ ᠬᠥᠩᠭᠡᠯᠡᠬᠦ | ᠰᠢᠢᠳᠪᠤᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠠᠪᠤᠴᠠ ᠳᠤ᠂ | ᠮᠠᠨ ᠤ ᠬᠤᠲᠠ ᠶᠢᠨ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠣᠯᠠᠨ ᠵᠤᠶᠢᠯ ᠤᠨ ᠠᠷᠭ᠎ᠠ ᠬᠡᠮᠵᠢᠶ᠎ᠡ | ᠠᠪᠴᠤ᠂ ᠭᠠᠶᠢᠯᠢ ᠬᠥᠩᠭᠡᠯᠡᠬᠦ ᠠᠵᠢᠯ ᠢ ᠢᠳᠡᠪᠬᠢᠲᠡᠢ ᠨᠠᠶᠢᠳᠠᠪᠤᠷᠢᠵᠢᠭᠤᠯᠬᠤ᠂ ᠥᠷᠭᠡᠨ ᠣᠯᠠᠨ ᠭᠠᠶᠢᠯᠢ | ᠲᠤᠰᠢᠶᠠᠭᠴᠢ ᠪᠣᠯᠤᠨ ᠰᠤᠶᠢᠳᠭᠡᠯ ᠲᠤᠰᠢᠶᠠᠭᠴᠢᠳ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠡᠳ᠋ᠯᠡᠬᠦ ᠶᠢ | ᠪᠠᠲᠤᠯᠠᠨ᠎ᠠ᠃ | ᠨᠢᠭᠡᠳᠦᠭᠡᠷ ᠲᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ 1 | ᠰᠠᠷ᠎ᠠ ᠶᠢᠨ 25 ᠤ ᠡᠳᠦᠷ ᠬᠤᠲᠠ ᠶᠢᠨ ᠲᠣᠪᠴᠢᠶ᠎ᠠ ᠨᠠᠮ ᠤᠨ ᠬᠤᠷᠢᠶᠠᠨ ᠤ ᠱᠦᠵᠢ᠂ ᠲᠣᠪᠴᠢᠶᠠᠨ ᠳᠠᠷᠤᠭ᠎ᠠ | ᠳᠤᠭᠤᠶᠢᠯᠠᠩ ᠤᠨ ᠳᠠᠷᠤᠭ᠎ᠠ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠤᠳᠤᠷᠢᠳᠬᠤ ᠳᠤᠭᠤᠶᠢᠯᠠᠩ | ᠢ ᠪᠠᠶᠢᠭᠤᠯᠵᠤ᠂ ᠳᠣᠤᠷ᠎ᠠ ᠨᠢ ᠠᠯᠪᠠᠨ ᠭᠡᠷ ᠵᠢᠴᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠲᠠᠲᠠᠪᠤᠷᠢᠯᠠᠨ | ᠬᠠᠮᠢᠶᠠᠷᠬᠤ ᠲᠣᠭᠠᠴᠠᠭ᠎ᠠ ᠬᠢᠬᠦ᠂ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠤᠷᠢᠯᠡᠭᠦᠯᠬᠦ᠂ ᠦᠢᠯᠡᠴᠢᠯᠡᠵᠦ | ᠤᠬᠠᠭᠤᠯᠬᠤ ᠠᠵᠢᠯ ᠤᠨ ᠳᠤᠭᠤᠶᠢᠯᠠᠩ ᠪᠠᠶᠢᠭᠤᠯᠵᠤ᠂ ᠪᠦᠷᠢᠯᠳᠦᠬᠦᠨ ᠨᠢᠭᠡᠴᠡ ᠨᠢ ᠮᠠᠨ ᠤ ᠲᠣᠪᠴᠢᠶ᠎ᠠ ᠶᠢᠨ ᠬᠤᠷᠢᠨ | ᠰᠠᠯᠠᠭ᠎ᠠ ᠲᠠᠰᠤᠭ ᠲᠠᠢ ᠬᠤᠯᠪᠣᠭᠳᠠᠵᠤ᠂ ᠡᠯ᠎ᠡ ᠰᠠᠯᠠᠭ᠎ᠠ ᠲᠠᠰᠤᠭ ᠤᠨ ᠲᠤᠰᠢᠶᠠᠯ ᠬᠠᠷᠢᠭᠤᠴᠠᠯᠭ᠎ᠠ ᠲᠣᠳᠣᠷᠬᠠᠶ᠂ | ᠠᠵᠢᠯ ᠤᠨ ᠬᠤᠪᠢᠶᠠᠷᠢᠯᠠᠯ ᠲᠣᠳᠣᠷᠬᠠᠶ ᠪᠠᠶᠢᠨ᠎ᠠ᠃ ᠳᠠᠷᠠᠭ᠎ᠠ ᠪᠠᠷ ᠨᠢ ᠡᠯ᠎ᠡ ᠦᠨᠳᠦᠰᠦᠨ ᠱᠠᠲᠤᠨ ᠤ ᠲᠣᠪᠴᠢᠶ᠎ᠠ | ᠭᠠᠶᠢᠯᠢ ᠬᠥᠩᠭᠡᠯᠡᠬᠦ ᠠᠵᠢᠯ ᠤᠨ ᠤᠳᠤᠷᠢᠳᠬᠤ ᠲᠤᠭᠤᠶᠢᠯᠠᠩ ᠢ ᠵᠠᠯᠭᠠᠭ᠎ᠠ ᠪᠠᠷ ᠪᠠᠶᠢᠭᠤᠯᠵᠤ᠂ ᠪᠦᠬᠦ ᠰᠢᠰᠲ᠋ᠧᠮ ᠤᠨ | ᠭᠠᠶᠢᠯᠢ ᠬᠥᠩᠭᠡᠯᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠪᠠ | ᠃ | ᠬᠤᠶᠠᠳᠤᠭᠠᠷ ᠲᠤ᠂ ᠲᠣᠭᠲᠠᠴᠠ ᠪᠠ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠢᠭᠡ ᠳᠤ | ᠠᠵᠢᠯ ᠤᠨ ᠲᠥᠰᠦᠯ ᠢᠶᠠᠨ ᠴᠠᠭ ᠲᠤᠬᠠᠶ ᠳᠤᠨᠢ ᠲᠣᠭᠲᠠᠭᠠᠬᠤ ᠬᠡᠷᠡᠭᠲᠡᠶ᠃ ᠲᠥᠰᠦᠯ ᠳᠤ ᠤᠶᠢᠷ᠎ᠠ ᠶᠢᠨ | ᠬᠤᠭᠤᠴᠠᠭᠠᠨ ᠤ ᠭᠠᠶᠢᠯᠢ ᠶᠢ ᠬᠥᠩᠭᠡᠯᠡᠬᠦ ᠭᠤᠤᠯᠳᠠᠯᠭ᠎ᠠ ᠲᠠᠢ ᠠᠵᠢᠯ ᠢ ᠲᠣᠳᠣᠷᠬᠠᠶᠢᠯᠠᠵᠤ᠂ ᠬᠠᠤᠯᠢ ᠳᠦᠷᠢᠮ ᠤᠨ | ᠰᠠᠯᠠᠭ᠎ᠠ᠂ ᠲᠠᠲᠠᠪᠤᠷᠢᠯᠠᠬᠤ ᠬᠠᠮᠢᠶᠠᠷᠬᠤ ᠰᠠᠯᠠᠭ᠎ᠠ᠂ ᠣᠷᠣᠯᠭ᠎ᠠ ᠶᠢᠨ ᠲᠣᠭᠠᠴᠠᠭ᠎ᠠ ᠬᠢᠬᠦ ᠰᠠᠯᠠᠭ᠎ᠠ ᠲᠤᠰ ᠲᠤᠰ | ᠲᠦᠷᠦᠭᠦᠯᠡᠨ᠂ ᠲᠥᠷᠦ ᠶᠢᠨ ᠪᠣᠳᠣᠯᠭ᠎ᠠ ᠶᠢ ᠬᠡᠷᠡᠭᠵᠢᠭᠦᠯᠬᠦ ᠲᠤᠭᠤᠶᠢᠯᠠᠩ᠂ ᠲᠠᠲᠠᠪᠤᠷᠢᠯᠠᠬᠤ ᠬᠠᠮᠢᠶᠠᠷᠬᠤ | ᠲᠤᠭᠤᠶᠢᠯᠠᠩ᠂ ᠲᠤᠭ᠎ᠠ ᠪᠦᠷᠢᠳᠬᠡᠯ ᠤᠨ ᠲᠣᠭᠠᠴᠠᠭ᠎ᠠ ᠬᠢᠬᠦ ᠲᠤᠭᠤᠶᠢᠯᠠᠩ ᠵᠢᠴᠢ ᠱᠠᠯᠠᠪᠳᠠᠭᠤᠯᠤᠨ ᠪᠠᠶᠢᠴᠠᠭᠠᠬᠤ | ᠳᠣᠲᠣᠭᠠᠳᠤ ᠬᠢᠨᠠᠨ ᠪᠠᠶᠢᠴᠠᠭᠠᠬᠤ ᠰᠠᠯᠠᠭ᠎ᠠ ᠪᠠᠷ ᠲᠦᠷᠦᠭᠦᠯᠡᠭᠦᠯᠦᠭᠰᠡᠨ ᠱᠠᠯᠠᠪᠳᠠᠭᠤᠯᠤᠨ ᠪᠠᠶᠢᠴᠠᠭᠠᠵᠤ | ᠱᠠᠯᠠᠪᠳᠠᠭᠤᠯᠤᠨ ᠰᠢᠢᠳᠪᠤᠷᠢᠯᠡᠬᠦ ᠲᠤᠭᠤᠶᠢᠯᠠᠩ ᠢ ᠪᠠᠶᠢᠭᠤᠯᠤᠭᠰᠠᠨ ᠤ ᠬᠠᠮᠲᠤ ᠡᠯ᠎ᠡ ᠲᠤᠭᠤᠶᠢᠯᠠᠩ ᠤᠨ ᠠᠵᠢᠯ ᠤᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠬᠤᠶᠠᠷ ᠲᠤ ︽ᠳᠥᠷᠪᠡ ᠶᠢ ᠮᠡᠳᠡᠭᠦᠯᠬᠦ︾ ᠲᠣᠭᠲᠠᠴᠠ ᠶᠢ | ᠪᠠᠶᠢᠭᠤᠯᠤᠨ ᠪᠦᠷᠢᠨᠰᠢᠭᠦᠯᠦᠨ᠎ᠡ᠃ ᠭᠠᠶᠢᠯᠢ ᠬᠥᠩᠭᠡᠯᠡᠬᠦ ᠠᠯᠪᠠᠨ ᠭᠡᠷ ᠨᠢ 2 ᠲᠤᠰᠬᠠᠶ ᠲᠤᠰᠢᠶᠠᠯᠲᠤ ᠠᠵᠢᠯᠲᠠᠨ | ᠲᠣᠬᠢᠷᠠᠭᠤᠯᠵᠤ ᠡᠳᠦᠷ ᠤᠨ ᠰᠣᠨᠢᠨ᠂ ᠲᠤᠰᠬᠠᠶ ᠮᠡᠳᠡᠭᠦᠯᠦᠯᠲᠡ᠂ ︽ᠳᠥᠷᠪᠡᠨ ᠰᠣᠨᠢᠨ︾ ᠤ ᠨᠠᠶᠢᠷᠠᠭᠤᠯᠤᠨ | ᠲᠠᠷᠬᠠᠭᠠᠬᠤ ᠠᠵᠢᠯ ᠢ ᠬᠠᠷᠢᠭᠤᠴᠠᠭᠤᠯᠵᠤ᠂ ᠭᠠᠶᠢᠯᠢ ᠬᠥᠩᠭᠡᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ | ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠦᠨ᠎ᠡ᠃ ᠭᠤᠷᠪᠠ ᠳᠤ ᠲᠥᠪᠯᠡᠷᠡᠭᠦᠯᠦᠨ ᠠᠵᠢᠯᠯᠠᠬᠤ ᠶᠢ | ᠥᠷᠨᠢᠭᠦᠯᠦᠨ᠎ᠡ᠃ ᠭᠠᠶᠢᠯᠢ ᠬᠥᠩᠭᠡᠯᠡᠬᠦ ᠲᠤᠭ᠎ᠠ ᠪᠠᠷᠢᠮᠲᠠ ᠶᠢᠨ ᠲᠣᠭᠠᠴᠠᠭ᠎ᠠ ᠬᠢᠬᠦ ᠵᠥᠪ ᠣᠨᠣᠪᠴᠢᠲᠠᠢ ᠪᠠᠶᠢᠬᠤ ᠶᠢ | ᠪᠠᠲᠤᠯᠠᠬᠤ ᠶᠢᠨ ᠲᠥᠯᠥᠭᠡ᠂ ᠭᠠᠶᠢᠯᠢ ᠬᠥᠩᠭᠡᠯᠡᠬᠦ ᠠᠯᠪᠠᠨ ᠭᠡᠷ 3 ᠠᠵᠢᠯᠲᠠᠨ ᠢ ᠲᠣᠬᠢᠷᠠᠭᠤᠯᠵᠤ᠂ ᠭᠠᠶᠢᠯᠢ | ᠬᠥᠩᠭᠡᠯᠡᠬᠦ ᠲᠣᠭᠠᠴᠠᠭ᠎ᠠ ᠬᠢᠬᠦ ᠵᠡᠷᠭᠡ ᠪᠣᠳᠠᠲᠠᠢ ᠠᠵᠢᠯ ᠢ ᠬᠠᠷᠢᠭᠤᠴᠠᠭᠤᠯᠵᠤ᠂ ᠭᠠᠶᠢᠯᠢ ᠬᠥᠩᠭᠡᠯᠡᠬᠦ ᠠᠵᠢᠯ ᠤᠨ | ᠤᠷᠤᠭᠰᠢᠲᠠᠢ ᠶᠠᠪᠤᠭᠳᠠᠬᠤ ᠶᠢ ᠪᠦᠬᠦ ᠬᠦᠴᠦᠨ ᠢᠶᠠᠷ ᠪᠠᠲᠤᠯᠠᠪᠠ᠃ ᠡᠭᠦᠨ ᠠᠴᠠ ᠭᠠᠳᠠᠨ᠎ᠠ᠂ ᠭᠠᠶᠢᠯᠢ ᠶᠢ ᠬᠥᠩᠭᠡᠯᠡᠬᠦ | ᠠᠵᠢᠯ ᠢ ᠥᠷᠨᠢᠭᠦᠯᠬᠦ ᠶᠠᠪᠤᠴᠠ ᠳᠤ ᠲᠤᠯᠭᠠᠷᠠᠵᠤ ᠮᠡᠳᠡᠬᠦ ᠬᠦᠴᠢᠷᠳᠡᠯ ᠳᠤ ᠴᠢᠭᠯᠡᠭᠦᠯᠦᠨ᠂ ᠠᠰᠠᠭᠤᠳᠠᠯ ᠢ ᠬᠠᠷᠢᠭᠤ | ᠲᠤᠰᠬᠠᠬᠤ ᠲᠣᠭᠲᠠᠴᠠ ᠶᠢ ᠪᠠᠶᠢᠭᠤᠯᠵᠤ᠂ ᠨᠢᠭᠡ ᠠᠵᠢᠯᠲᠠᠨ ᠲᠣᠬᠢᠷᠠᠭᠤᠯᠵᠤ ᠠᠰᠠᠭᠤᠳᠠᠯ᠂ ᠰᠠᠨᠠᠭᠤᠯᠭ᠎ᠠ ᠶᠢ | ᠲᠤᠰᠬᠠᠶᠢᠯᠠᠨ ᠬᠠᠷᠢᠭᠤᠴᠠᠭᠤᠯᠬᠤ ᠶᠢᠨ ᠬᠠᠮᠲᠤ ᠴᠤᠭᠯᠠᠭᠤᠯᠵᠤ ᠣᠯᠤᠭᠰᠠᠨ ᠠᠰᠠᠭᠤᠳᠠᠯ ᠢ ᠴᠠᠭ ᠲᠤᠬᠠᠶ ᠳᠤᠨᠢ ᠱᠠᠲᠤ | ᠬᠤᠪᠢᠶᠠᠨ᠂ ᠳᠡᠭᠡᠭᠰᠢ ᠮᠡᠳᠡᠭᠦᠯᠵᠦ ᠰᠢᠢᠳᠪᠤᠷᠢᠯᠡᠨ᠎ᠡ᠃ ᠳᠥᠷᠪᠡ ᠳᠤ ᠭᠠᠶᠢᠯᠢ ᠭᠦᠢᠴᠡᠳᠭᠡᠬᠦ ᠴᠣᠩᠬᠤ ᠶᠢ | ᠰᠢᠯᠢᠳᠡᠭᠵᠢᠭᠦᠯᠦᠨ᠎ᠡ᠃ ᠪᠥᠬᠦ ᠬᠤᠲᠠ ᠶᠢᠨ ᠪᠣᠶ ᠪᠦᠬᠦᠢ ᠭᠠᠶᠢᠯᠢ ᠲᠤᠰᠢᠶᠠᠬᠤ ᠤᠶᠢᠯᠡᠴᠢᠯᠡᠭᠡᠨ ᠤ ᠲᠢᠩᠬᠢᠮ ᠳᠤ | ᠴᠥᠮ ᠭᠠᠶᠢᠯᠢ ᠬᠥᠩᠭᠡᠯᠡᠬᠦ ᠵᠥᠪᠯᠡᠯᠭᠡ ᠥᠭᠬᠦ ᠪᠠ ᠬᠠᠪᠰᠤᠷᠤᠨ ᠵᠢᠯᠣᠭᠤᠳᠬᠤ ᠲᠤᠰᠬᠠᠶ ᠠᠵᠢᠯ ᠤᠨ ᠪᠠᠶᠢᠷᠢ ᠪᠠ | ᠭᠠᠶᠢᠯᠢ ᠬᠥᠩᠭᠡᠯᠡᠬᠦ ᠲᠤᠰᠬᠠᠶ ᠴᠣᠩᠬᠤ ᠲᠣᠬᠢᠷᠠᠭᠤᠯᠤᠭᠰᠠᠨ ᠪᠥᠭᠡᠳ ᠮᠡᠳᠡᠭᠦᠯᠬᠦ ᠬᠤᠭᠤᠴᠠᠭᠠᠨ ᠳᠤ ᠭᠠᠶᠢᠯᠢ | ᠭᠦᠢᠴᠡᠳᠭᠡᠬᠦ ᠤᠶᠢᠯᠡᠴᠢᠯᠡᠭᠡᠨ ᠤ ᠲᠢᠩᠬᠢᠮ ᠤᠨ ᠤᠳᠤᠷᠢᠳᠬᠤ ᠵᠢᠵᠢᠭᠦᠷ ᠤᠨ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠴᠠᠭ ᠲᠤᠬᠠᠶ ᠳᠤᠨᠢ ᠰᠢᠢᠳᠪᠤᠷᠢᠯᠡᠬᠦ ᠶᠢ ᠦᠨᠡᠨ ᠬᠦ | ᠪᠠᠲᠤᠯᠠᠪᠠ᠃ ᠲᠠᠪᠤ ᠳᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠣᠯᠤᠨ ᠶᠠᠷᠢᠶ᠎ᠠ ᠬᠡᠯᠡᠯᠴᠡᠭᠡᠨ ᠤ | ᠪᠠᠶᠢᠳᠠᠯ ᠢ ᠰᠡᠷᠭᠡᠶᠢᠯᠡᠬᠦ ᠪᠡᠯᠡᠳᠬᠡᠯ ᠲᠥᠰᠦᠯ ᠢ ᠪᠠᠶᠢᠭᠤᠯᠬᠤ ᠬᠡᠷᠡᠭᠲᠡᠶ᠃ ᠭᠠᠶᠢᠯᠢ ᠶᠢ ᠬᠥᠩᠭᠡᠯᠡᠬᠦ ᠶᠢ | ᠬᠡᠷᠡᠭᠵᠢᠭᠦᠯᠦᠭᠰᠡᠨ ᠬᠤᠭᠤᠴᠠᠭᠠᠨ ᠳᠤ ᠭᠠᠷᠴᠤ ᠮᠡᠳᠡᠬᠦ ᠭᠡᠨᠡᠳᠲᠡ ᠶᠢᠨ ᠪᠠᠶᠢᠳᠠᠯ ᠳᠤ ᠴᠢᠭᠯᠡᠭᠦᠯᠦᠨ᠂ ᠪᠦᠬᠦ | ᠬᠤᠲᠠ ᠶᠢᠨ ᠪᠣᠢ ᠪᠦᠬᠦᠢ ᠭᠠᠶᠢᠯᠢ ᠲᠤᠰᠢᠶᠠᠬᠤ ᠦᠢᠯᠡᠴᠢᠯᠡᠭᠡᠨ ᠤ ᠲᠢᠩᠬᠢᠮ ᠴᠥᠮ ᠬᠠᠨᠳᠤᠯᠭᠠᠲᠤ ᠴᠢᠨᠠᠷᠲᠠᠢ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠶᠠᠷᠢᠶ᠎ᠠ ᠬᠡᠯᠡᠯᠴᠡᠭᠡ ᠶᠢ ᠰᠡᠷᠭᠡᠶᠢᠯᠡᠬᠦ ᠪᠡᠯᠡᠳᠬᠡᠯ ᠲᠥᠰᠦᠯ ᠢ | ᠪᠠᠶᠢᠭᠤᠯᠵᠤ᠂ ᠭᠡᠨᠡᠳᠲᠡ ᠶᠢᠨ ᠪᠠᠶᠢᠳᠠᠯ ᠭᠠᠷᠤᠭᠰᠠᠨ ᠦᠶ᠎ᠡ ᠳᠤ ᠡᠮᠬᠢ ᠵᠢᠷᠤᠮ ᠲᠠᠢ ᠠᠷᠭᠠᠴᠠᠬᠤ ᠳᠤ ᠳᠥᠭᠦᠮ | ᠦᠵᠡᠭᠦᠯᠦᠨ᠎ᠡ᠃ | ᠭᠤᠷᠪᠠᠳᠤᠭᠠᠷ ᠲᠤ᠂ ᠤᠬᠠᠭᠤᠯᠭ᠎ᠠ ᠬᠢᠵᠦ ᠬᠠᠪᠰᠤᠷᠤᠨ ᠵᠢᠯᠣᠭᠤᠳᠴᠤ ᠪᠣᠯᠪᠠᠰᠤᠷᠠᠭᠤᠯᠬᠤ ᠠᠵᠢᠯ ᠢ ᠶᠡᠬᠡᠪᠡᠷ | ᠥᠷᠨᠢᠭᠦᠯᠬᠦ ᠬᠡᠷᠡᠭᠲᠡᠶ᠃ ᠭᠠᠶᠢᠯᠢ ᠬᠥᠩᠭᠡᠯᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠤᠬᠠᠭᠤᠯᠵᠤ᠂ ᠰᠠᠶᠢᠲᠤᠷ | ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠲᠣᠪᠴᠢᠶ᠎ᠠ ᠣᠯᠠᠨ ᠵᠤᠶᠢᠯ ᠤᠨ ᠠᠷᠭ᠎ᠠ ᠬᠡᠮᠵᠢᠶ᠎ᠡ ᠠᠪᠴᠤ | ᠤᠬᠠᠭᠤᠯᠤᠨ ᠬᠠᠪᠰᠤᠷᠤᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠭᠠᠶᠢᠯᠢ | ᠲᠤᠰᠢᠶᠠᠭᠴᠢ ᠳᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢᠨ ᠵᠤᠶᠢᠯ ᠵᠤᠷᠪᠤᠰ ᠢ ᠭᠦᠢᠴᠡᠳᠣᠶᠢᠯᠠᠭᠠᠭᠤᠯᠵᠤ | ᠂ ᠭᠤᠶᠤᠴᠢᠯᠠᠨ ᠮᠡᠳᠡᠭᠦᠯᠬᠦ ᠠᠷᠭ᠎ᠠ ᠶᠢ ᠡᠵᠡᠮᠰᠢᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠢ ᠪᠥᠬᠦ ᠲᠠᠯ᠎ᠠ ᠪᠠᠷ | ᠡᠳ᠋ᠯᠡᠭᠦᠯᠪᠡ᠃ ᠨᠢᠭᠡ ᠳᠤ ᠪᠣᠯᠪᠠᠰᠤᠷᠠᠭᠤᠯᠤᠯ ᠤᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠭᠠᠶᠢᠯᠢ | ᠲᠤᠰᠢᠶᠠᠭᠴᠢ ᠶᠢᠨ ᠰᠤᠷᠭᠠᠭᠤᠯᠢ᠂ ᠲᠤᠰᠬᠠᠶ ᠰᠡᠳᠦᠪᠲᠦ ᠬᠠᠪᠰᠤᠷᠤᠨ ᠵᠢᠯᠣᠭᠤᠳᠬᠤ ᠪᠣᠯᠪᠠᠰᠤᠷᠠᠯ ᠤᠨ ᠠᠩᠭᠢ᠂ | ᠫᠡᠷᠧᠲ ᠤᠨ ᠪᠣᠯᠪᠠᠰᠤᠷᠠᠯ᠂ ᠵᠢᠷᠭᠢᠶ᠎ᠡ ᠬᠦᠷᠭᠡᠬᠦ ᠵᠡᠷᠭᠡ ᠣᠯᠠᠨ ᠵᠤᠶᠢᠯ ᠤᠨ ᠠᠷᠭ᠎ᠠ ᠬᠡᠯᠪᠡᠷᠢ ᠪᠠᠷ ᠭᠠᠶᠢᠯᠢ | ᠲᠤᠰᠢᠶᠠᠭᠴᠢ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠯ ᠬᠦᠷᠲᠡᠭᠡᠨ᠎ᠡ᠃ ᠬᠤᠶᠠᠷ ᠲᠤ | ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠤᠯᠠᠭᠠᠨᠴᠠᠪ ᠤᠨ ᠡᠳᠦᠷ ᠤᠨ ᠰᠣᠨᠢᠨ᠂ ᠤᠯᠠᠭᠠᠨᠴᠠᠪ ᠤᠨ | ᠰᠣᠨᠢᠨ ᠮᠡᠳᠡᠭᠡᠨ ᠤ ᠰᠦᠯᠵᠢᠶ᠎ᠡ ᠵᠡᠷᠭᠡ ᠭᠤᠤᠯ ᠪᠣᠯᠬᠤ ᠰᠣᠨᠢᠨ ᠮᠡᠳᠡᠭᠡᠨ ᠤ ᠵᠠᠭᠤᠴᠢᠯᠠᠭᠤᠷ ᠲᠤ ᠭᠠᠶᠢᠯᠢ ᠶᠢ | ᠬᠥᠩᠭᠡᠯᠡᠬᠦ ᠰᠣᠨᠢᠨ ᠮᠡᠳᠡᠭᠡᠨ ᠤ ᠤᠬᠠᠭᠤᠯᠭ᠎ᠠ ᠶᠢᠨ ᠡᠬᠡ ᠨᠣᠣᠷᠠᠭ ᠢ ᠣᠯᠠᠨ ᠨᠡᠶᠢᠲᠡᠯᠡᠭᠰᠡᠨ ᠪᠥᠭᠡᠳ ᠪᠦᠬᠦ | ᠬᠤᠲᠠ ᠶᠢᠨ ᠪᠣᠶ ᠪᠦᠬᠦᠢ ᠭᠠᠶᠢᠯᠢ ᠲᠤᠰᠢᠶᠠᠬᠤ ᠲᠢᠩᠬᠢᠮ ᠳᠤ ᠭᠠᠶᠢᠯᠢ ᠶᠢ ᠬᠥᠩᠭᠡᠯᠡᠬᠦ ᠤᠬᠠᠭᠤᠯᠭ᠎ᠠ ᠶᠢᠨ ᠵᠢᠷᠤᠭ | ᠨᠠᠭᠠᠵᠤ᠂ ᠡᠯᠧᠺᠲᠷᠣᠨ ᠳᠡᠯᠭᠡᠴᠡ ᠳᠡᠭᠡᠷ᠎ᠡ ᠭᠠᠶᠢᠯᠢ ᠶᠢ ᠬᠥᠩᠭᠡᠯᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ ᠠᠯᠪᠠᠨ | ᠵᠠᠷ ᠢ ᠣᠷᠴᠢᠯᠳᠤᠭᠤᠯᠤᠨ ᠨᠡᠪᠲᠡᠷᠡᠭᠦᠯᠪᠡ᠃ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ᠂ ︽ | ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ︾ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ᠭᠠᠶᠢᠯᠢ ᠶᠢ | ᠬᠥᠩᠭᠡᠯᠡᠬᠦ ᠲᠥᠷᠥ ᠶᠢᠨ ᠪᠣᠳᠣᠯᠭ᠎ᠠ ᠵᠢᠴᠢ ᠠᠭᠤᠯᠭ᠎ᠠ ᠶᠢ ᠴᠠᠭ ᠲᠤᠬᠠᠶ ᠳᠤᠨᠢ ᠨᠡᠶᠢᠲᠡᠯᠡᠪᠡ᠃ | ᠳᠥᠷᠪᠡᠳᠦᠭᠡᠷ ᠲᠤ᠂ ᠭᠠᠶᠢᠯᠢ ᠶᠢ ᠬᠥᠩᠭᠡᠯᠡᠬᠦ ᠲᠣᠭᠠᠴᠠᠭ᠎ᠠ ᠬᠢᠵᠦ ᠤᠷᠢᠳᠴᠢᠯᠠᠨ ᠵᠢᠱᠢᠬᠦ ᠠᠵᠢᠯ ᠢ ᠰᠠᠶᠢᠲᠤᠷ | ᠬᠢᠬᠦ ᠬᠡᠷᠡᠭᠲᠡᠶ᠃ ᠬᠠᠷᠢᠶ᠎ᠠ ᠣᠷᠣᠨ ᠳᠠᠬᠢ ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠲᠠ ᠶᠢᠨ ᠪᠠᠶᠢᠳᠠᠯ ᠢ | ᠲᠣᠳᠣᠷᠬᠠᠶ ᠪᠣᠯᠭᠠᠪᠠ᠃ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠭᠠᠶᠢᠯᠢ ᠲᠤᠰᠢᠶᠠᠭᠴᠢ ᠪᠠ ᠥᠷᠲᠡᠭ | ᠨᠡᠮᠡᠭᠳᠡᠯ ᠤᠨᠭᠠᠶᠢᠯᠢ ᠲᠤᠰᠢᠶᠠᠭᠴᠢ ᠲᠣᠰ ᠲᠣᠰ ᠬᠡᠳᠦᠶ ᠡᠷᠦᠬᠡ ᠪᠠᠶᠢᠬᠤ ᠪᠣᠶ᠂ ᠡᠭᠦᠨ ᠳᠤ ᠥᠷᠲᠡᠭ ᠨᠡᠮᠡᠭᠳᠡᠯ | ᠤᠨ ᠭᠠᠶᠢᠯᠢ ᠶᠢᠨ ᠭᠠᠶᠢᠯᠢ ᠲᠤᠰᠢᠶᠠᠭᠴᠢ ᠨᠢ ᠬᠢᠴᠢᠶᠡᠯ ᠲᠠᠲᠠᠪᠤᠷᠢᠯᠠᠬᠤ ᠪᠡᠶᠡᠴᠢ ᠴᠣᠭᠴᠠ ᠶᠢᠨ ᠳᠠᠩᠰᠠᠯᠠᠯ ᠤᠨ | ᠲᠥᠷᠥᠯ ᠬᠡᠯᠪᠡᠷᠢ ᠪᠠᠷ ᠬᠤᠪᠢᠶᠠᠷᠢᠯᠠᠨ᠎ᠠ᠄ ᠨᠢᠭᠡᠴᠡ ᠶᠢᠨ ᠭᠠᠶᠢᠯᠢ ᠲᠤᠰᠢᠶᠠᠭᠴᠢ ᠪᠠ ᠬᠤᠪᠢ ᠶᠢᠨ ᠤᠶᠢᠯᠡᠳᠪᠤᠷᠢ | ᠬᠤᠳᠠᠯᠳᠤᠭᠠᠨ ᠤ ᠡᠷᠦᠬᠡ ᠲᠣᠰ ᠲᠣᠰ ᠬᠡᠳᠦᠶ ᠡᠷᠦᠬᠡ ᠪᠠᠶᠢᠬᠤ ᠪᠣᠶ᠃ ᠪᠣᠳᠠᠲᠤ ᠪᠠᠶᠢᠳᠠᠯ ᠢ ᠦᠨᠳᠦᠰᠦᠯᠡᠨ᠂ | ᠰᠢᠨ᠎ᠡ ᠲᠥᠷᠥ ᠶᠢᠨ ᠪᠣᠳᠣᠯᠭ᠎ᠠ ᠶᠢᠨ ᠶᠣᠰᠣᠭᠠᠷ ᠬᠠᠰᠤᠵᠤ ᠬᠡᠯᠲᠦᠷᠢᠭᠦᠯᠦᠭᠰᠡᠨ ᠪᠠᠶᠢᠳᠠᠯ ᠢ ᠲᠥᠰᠦᠭᠡᠯᠡᠵᠦ᠂ ᠰᠡᠳᠬᠢᠯ | ᠰᠠᠨᠠᠭ᠎ᠠ ᠪᠠᠨ ᠲᠣᠭᠠᠴᠢᠨ᠂ ᠳᠠᠷᠠᠭ᠎ᠠ ᠠᠯᠬᠤᠮ ᠤᠨ ᠠᠵᠢᠯ ᠤᠨ ᠪᠠᠶᠢᠷᠢᠯᠠᠭᠤᠯᠤᠯᠲᠠ ᠶᠢ ᠥᠷᠨᠢᠭᠦᠯᠬᠦ ᠳᠤ ᠳᠥᠭᠦᠮ | ᠪᠣᠯᠭᠠᠬᠤ ᠬᠡᠷᠡᠭᠲᠡᠶ᠃ | ᠬᠥᠲᠥᠯᠥᠭᠴᠢ᠄ ᠵᠠ ᠂ ᠸᠠᠩ ᠲᠣᠪᠴᠢᠶᠠᠨ ᠳᠠᠷᠤᠭ᠎ᠠ ᠶᠢᠨ ᠢᠷᠠᠭᠤ ᠠᠯᠳᠠᠷ ᠲᠤ ᠲᠠᠯᠠᠷᠬᠠᠵᠤ ᠪᠠᠶᠢᠨ᠎ᠠ︕ | ᠮᠠᠨ ᠤ ᠲᠣᠰ ᠬᠤᠭᠤᠴᠠᠭᠠᠨ ᠤ ᠠᠵᠢᠯ ᠠᠳᠡ ᠬᠦᠷᠦᠭᠡᠳ ᠲᠡᠭᠦᠰᠦᠯ᠎ᠡ᠂ ᠰᠦᠯᠵᠢᠶᠡᠨ ᠠᠨᠳᠠ ᠨᠠᠷ ᠲᠠᠭᠠᠨ | ᠲᠠᠯᠠᠷᠬᠠᠵᠤ ᠪᠠᠶᠢᠨ᠎ᠠ᠂ ᠲᠠᠷᠠᠭᠠᠴᠢ ᠶᠢᠨ ᠬᠤᠭᠤᠴᠠᠭᠠᠨ ᠳᠤ ᠪᠠᠶᠠᠷᠲᠠᠶ ᠵᠣᠯᠭᠠᠶ᠎ᠠ︕ | | |