ᠯᠢᠶᠠᠩᠴᠧᠩ ᠰᠢᠶᠠᠨ ᠪᠠᠶᠠᠷ ᠤᠨ ᠡᠳᠦᠷ ᠢ ᠪᠡᠯᠭᠡᠯᠡᠬᠦ ᠰᠤᠶᠤᠯ ᠤᠨ ᠠᠵᠢᠯᠯᠠᠭ᠎ᠠ ᠶᠢ ᠪᠦᠬᠦ ᠬᠦᠴᠦᠨ ᠢᠶᠠᠷ ᠦᠷᠨᠢᠭᠦᠯᠵᠦ᠂ ᠭᠦᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠵᠠᠢ
ᠨᠡᠶᠢᠲᠡᠯᠡᠭᠰᠡᠨ ᠴᠠᠭ᠄
2019-07-16
     ᠯᠢᠶᠠᠩᠴᠧᠩ ᠰᠢᠶᠠᠨ ᠤ ᠠᠷᠠᠳ ᠤᠯᠠᠨ ᠤ ᠪᠠᠶᠠᠷ ᠤᠨ ᠡᠳᠦᠷ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠵᠤ᠂ ᠲᠤᠰ ᠰᠢᠶᠠᠨ ᠤ ᠰᠤᠶᠤᠯ ᠵᠤᠭᠠᠴᠠᠯ ᠤᠨ ᠬᠦᠴᠦᠷᠬᠡᠭ ᠰᠢᠶᠠᠨ ᠤ ᠪᠦᠳᠦᠭᠡᠨ ᠪᠠᠶᠢᠭᠤᠯᠤᠯᠳᠠ ᠶᠢᠨ ᠠᠯᠬᠤᠭ᠎ᠠ ᠶᠢ ᠲᠦᠯᠬᠢᠨ ᠠᠬᠢᠭᠤᠯᠬᠤ ᠶᠢᠨ ᠲᠤᠰᠠᠳᠠ᠂ ᠴᠠᠭᠠᠨ ᠰᠠᠷ᠎ᠠ᠂ ᠦᠯᠵᠡᠶᠢᠳᠤ ᠡᠳᠦᠷ ᠤᠨ ᠬᠤᠭᠤᠴᠠᠭᠠᠨ ᠳᠤ ᠯᠢᠶᠠᠩᠴᠧᠩ ᠰᠢᠶᠠᠨ ᠡᠯᠪᠡᠭ ᠪᠠᠶᠠᠯᠢᠭ ᠠᠭᠤᠯᠭ᠎ᠠ ᠪᠦᠬᠦᠢ ᠤᠯᠠᠨ ᠲᠦᠮᠡᠨᠴᠢ ᠤᠳᠬ᠎ᠠ ᠤᠷᠠᠯᠢᠭ ᠤᠨ ᠠᠵᠢᠯᠯᠠᠭ᠎ᠠ ᠦᠷᠨᠢᠭᠦᠯᠵᠦ ᠪᠤᠢ᠃ ᠵᠢᠱᠢᠶᠡᠯᠡᠪᠡᠯ  ᠂ ᠠᠩᠬᠠᠳᠤᠭᠠᠷ ᠬᠤᠭᠤᠴᠠᠭᠠᠨ ᠤ ︽ ᠲᠠᠭ᠎ᠠ ᠶᠢᠨ ᠨᠠᠭᠤᠷ ᠤᠨ ᠬᠠᠪᠤᠷ︾ ᠴᠠᠭᠠᠨ ᠰᠠᠷ᠎ᠠ ᠶᠢᠨ ᠦᠳᠡᠰᠢᠯᠡᠭᠡ᠂ ᠴᠠᠭᠠᠨ ᠰᠠᠷ᠎ᠠ ᠶᠢᠨ ᠠᠷᠪᠠᠨ ᠳᠠᠪᠤᠨ ᠤ ᠦᠯᠵᠡᠶᠢᠳᠤ ᠡᠳᠦᠷ ᠤᠨ ᠤᠯᠠᠨ ᠲᠦᠮᠡᠨᠴᠢ ᠰᠤᠶᠤᠯ ᠤᠨ ᠬᠦᠳᠡᠯᠭᠡᠭᠡᠨ᠂ ᠦᠩᠭᠡᠳᠦ ᠳ᠋ᠧᠩ ᠤᠨ ᠴᠤᠭᠯᠠᠭᠠᠨ᠂ ᠶᠠᠩᠭᠠᠷ ᠪᠦᠵᠢᠭ ᠤᠨ ᠲᠤᠭᠯᠠᠯᠳᠠ᠂ ᠤᠳᠬ᠎ᠠ  ᠤᠷᠠᠯᠢᠭ ᠤᠨ ᠬᠠᠮᠳᠤᠷᠠᠭᠰᠠᠨ ᠲᠤᠭᠯᠠᠯᠳᠠ᠂ ᠠᠭᠤᠳᠠᠮ ᠲᠠᠯᠠᠪᠠᠢ ᠶᠢᠨ ᠪᠦᠵᠢᠭ ᠤᠨ ᠤᠷᠤᠯᠳᠤᠭᠠᠨ᠂ ᠠᠷᠠᠳ ᠤᠨ ᠤᠷᠠᠯᠢᠭ ᠤᠨ ᠪᠦᠳᠦᠭᠡᠯ ᠤᠨ ᠦᠵᠡᠭᠦᠯᠦᠯᠭᠡ᠂ ᠪᠦᠬᠦ ᠠᠷᠠᠳ ᠤᠨ ᠴᠡᠴᠡᠷᠯᠢᠭ ᠢᠶᠠᠷ ᠵᠤᠭᠠᠴᠠᠬᠤ ᠵᠡᠷᠭᠡ ᠠᠷᠪᠠᠨ ᠨᠢᠭᠡᠨ ᠶᠡᠭᠡ ᠲᠦᠷᠦᠯ ᠤᠨ ᠠᠵᠢᠯᠯᠠᠭ᠎ᠠ ᠦᠷᠨᠢᠭᠦᠯᠵᠠᠢ᠃ ᠡᠭᠦᠨ ᠳᠤ ᠪᠠᠰᠠ ᠲᠠᠭ᠎ᠠ ᠶᠢᠨ ᠨᠠᠭᠤᠷ ᠤᠨ ᠰᠤᠶᠤᠯ ᠤᠷᠠᠯᠢᠭ ᠤᠨ ᠪᠠᠶᠠᠷ᠂ ᠵᠢᠯ ᠪᠦᠷᠢ ᠨᠢᠭᠡ ᠤᠳᠠᠭ᠎ᠠ ᠶᠢᠨ ᠮᠤᠩᠭᠤᠯᠴᠤᠳ ᠤᠨ ᠤᠪᠤᠭᠠᠨ ᠲᠠᠬᠢᠯᠭ᠎ᠠ᠂ ᠨᠢᠭᠡ ᠬᠤᠶᠠᠳᠤᠭᠠᠷ ᠬᠤᠭᠤᠴᠠᠭᠠᠨ ᠤ ᠪᠦᠬᠦ ᠠᠷᠠᠳ ᠤᠨ ᠪᠡᠶ᠎ᠡ ᠴᠠᠬᠢᠷᠠᠭᠵᠢᠭᠤᠯᠬᠤ ᠬᠦᠳᠡᠯᠭᠡᠭᠡᠨ  ᠵᠡᠷᠭᠡ ᠠᠵᠢᠯᠯᠠᠭ᠎ᠠ ᠶᠢ ᠵᠠᠯᠭᠠᠪᠠᠷ ᠦᠷᠨᠢᠭᠦᠯᠵᠠᠢ᠃ 2017 ᠤᠨ ᠤ8 ᠰᠠᠷ᠎ᠠ ᠳᠤ᠂ ᠠᠩᠬᠠᠳᠤᠭᠠᠷ ᠬᠤᠭᠤᠴᠠᠭᠠᠨ ᠤ ︽ ᠲᠠᠭ᠎ᠠ ᠶᠢᠨ ᠨᠠᠭᠤᠷ ᠤᠨ ᠵᠤᠨ︾ ᠬᠤᠸᠠᠷ ᠴᠡᠴᠡᠭ ᠤᠨ ᠨᠠᠶᠢᠷ ᠪᠤᠯᠤᠨ‌ᠠᠩᠬᠠᠳᠤᠭᠠᠷ ᠬᠤᠭᠤᠴᠠᠭᠠᠨ ᠤ ︽ᠲᠠᠭ᠎ᠠ ᠶᠢᠨ ᠨᠠᠭᠤᠷ ᠤᠨ ᠵᠤᠨ︾ ᠠᠭᠤᠳᠠᠮ ᠲᠠᠯᠠᠪᠠᠢ ᠶᠢᠨ ᠰᠤᠶᠤᠯ ᠤᠨ ᠨᠠᠶᠢᠷ ᠵᠡᠷᠭᠡ ᠠᠵᠢᠯᠯᠠᠭ᠎ᠠ ᠶᠢ ᠦᠷᠨᠢᠭᠦᠯᠦᠭᠰᠡᠨ ᠪᠠᠶᠢᠨ᠎ᠠ᠃ ᠡᠭᠦᠨ ᠤ ᠲᠠᠷᠠᠭ᠎ᠠ ᠪᠠᠷ ︽ᠲᠠᠭ᠎ᠠ ᠶᠢᠨ ᠨᠠᠭᠤᠷ ‍ᠤᠨ‌ᠡᠪᠤᠯ︾ ᠭᠡᠬᠦ ᠠᠩᠬᠠᠳᠤᠭᠠᠷ ᠬᠤᠭᠤᠴᠠᠭᠠᠨ ᠤ ᠮᠦᠰᠦ ᠴᠠᠰᠤᠨ ᠤ ᠰᠤᠶᠤᠯ ᠤᠨ ᠨᠠᠶᠢᠷ ᠢ ᠡᠷᠬᠢᠯᠡᠪᠡ᠃ ᠮᠠᠨ ᠤ ᠰᠢᠶᠠᠨ ᠠᠯᠢ ᠤᠯᠠᠨ ᠪᠠᠶᠠᠷ ᠤᠨ ᠡᠳᠦᠷ ᠤᠨ ᠠᠵᠢᠯᠯᠠᠭ᠎ᠠ ᠶᠢ ᠦᠷᠨᠢᠭᠦᠯᠬᠦ ᠪᠠᠷ ᠲᠠᠮᠵᠢᠨ᠂ ᠭᠦᠨ ᠵᠤᠵᠠᠭᠠᠨ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠤᠯᠭᠠᠵᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备19002733号-2